ᠠᠶᠠᠨᠴᠢᠳ ᠤᠨ ᠵᠥᠭᠡᠭᠡᠪᠦᠷᠢ ᠶᠢᠨ ᠬᠠᠮᠢᠶᠠᠷᠤᠯᠲᠠ᠄ ᠭᠤᠷᠪᠠᠳᠤᠭᠠᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ ᠠᠶᠠᠨᠴᠢᠳ ᠤᠨ ᠵᠥᠭᠡᠭᠡᠪᠦᠷᠢ ᠶᠢᠨ ᠡᠵᠡᠩᠨᠡᠭᠴᠢ ᠶᠢᠨ ᠦᠮᠴᠢᠯᠡᠬᠦ ᠠᠶᠠᠨᠴᠢᠳ ᠤᠨ ᠮᠠᠰᠢᠨ ᠲᠡᠷᠭᠡ ᠶᠢᠨ ᠲᠤᠭ᠎ᠠ ᠬᠡᠮᠵᠢᠶ᠎ᠡ ᠶᠢᠨ ᠱᠠᠭᠠᠷᠳᠠᠯᠭ᠎ᠠ ᠨᠢ ᠶᠠᠭᠤ ᠪᠤᠢ︖
ᠨᠡᠶᠢᠲᠡᠯᠡᠭᠰᠡᠨ ᠴᠠᠭ᠄
2025/3/17
     ︽ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠵᠢᠴᠢ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2020 ᠣᠨ ᠤ 17 ᠳ᠋ᠤᠭᠠᠷ ᠲᠣᠭᠠᠲᠤ︶ ᠤᠨ ᠠᠷᠪᠠᠨ ᠨᠢᠭᠡᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠡᠵᠡᠩᠨᠡᠬᠦ ᠪᠠᠷ ᠭᠤᠶᠤᠴᠢᠯᠠᠬᠤ ᠳᠤ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ ︵ᠨᠢᠭᠡ︶ ᠲᠡᠭᠦᠨ ᠤ ᠡᠵᠡᠩᠨᠡᠬᠦ ᠲᠤᠬᠠᠶᠢᠯᠠᠭᠰᠠᠨ ᠠᠵᠢᠯ ᠲᠠᠢ ᠪᠠᠨ ᠵᠣᠬᠢᠴᠠᠭᠰᠠᠨ ᠪᠥᠭᠡᠳ ᠪᠠᠶᠢᠴᠠᠭᠠᠨ ᠬᠡᠮᠵᠢᠭᠡᠳ ᠬᠢᠷᠢ ᠲᠡᠩᠴᠡᠭᠰᠡᠨ ᠠᠶᠠᠨᠴᠢᠳ ᠤᠨ ᠮᠠᠰᠢᠨ ᠲᠡᠷᠭᠡ ᠲᠠᠢ ᠪᠠᠶᠢᠬᠤ ᠬᠡᠷᠡᠭᠲᠡᠶ᠄ 1. ᠠᠶᠠᠨᠴᠢᠳ ᠤᠨ ᠮᠠᠰᠢᠨ ᠲᠡᠷᠭᠡ  ᠶᠢᠨ ᠮᠡᠷᠭᠡᠵᠢᠯ ᠤᠨ ᠱᠠᠭᠠᠷᠳᠠᠯᠭ᠎ᠠ ᠨᠢ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠷᠭᠡᠵᠢᠯ ᠤᠨ ᠬᠠᠮᠢᠶᠠᠷᠤᠯᠲᠠ  ᠶᠢᠨ ᠲᠣᠭᠲᠠᠭᠠᠯ︾ ᠤᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ 2. ᠠᠶᠠᠨᠴᠢᠳ ᠤᠨ ᠮᠠᠰᠢᠨ ᠲᠡᠷᠭᠡ ᠶᠢᠨ ᠳᠦᠷᠦᠯ ᠬᠡᠯᠪᠡᠷᠢ ᠳᠡᠰ ᠤᠨ ᠱᠠᠭᠠᠷᠳᠠᠯᠭ᠎ᠠ᠄ ᠨᠢᠭᠡᠳᠦᠭᠡᠷ ᠳᠦᠷᠦᠯ᠂ ᠬᠤᠶᠠᠳᠤᠭᠠᠷ ᠳᠦᠷᠦᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠪᠠ ᠲᠡᠷᠭᠡ ᠳᠠᠭᠠᠭᠠᠴᠢᠯᠠᠭᠰᠠᠨ ᠠᠶᠠᠨᠴᠢᠳ ᠤᠨ ᠮᠠᠰᠢᠨ ᠲᠡᠷᠭᠡ ᠶᠢᠨ ᠳᠦᠷᠦᠯ ᠬᠡᠯᠪᠡᠷᠢ ᠳᠡᠰ ᠨᠢ ᠳᠤᠮᠳᠠ ᠵᠡᠷᠭᠡ ᠠᠴᠠ ᠳᠡᠭᠡᠭᠰᠢ ᠬᠦᠷᠦᠭᠰᠡᠨ ᠪᠠᠶᠢᠬᠤ ᠬᠡᠷᠡᠭᠲᠡᠢ᠃ 3. ᠠᠶᠠᠨᠴᠢᠳ ᠤᠨ ᠮᠠᠰᠢᠨ ᠲᠡᠷᠭᠡᠨ ᠤ ᠲᠤᠭ᠎ᠠ ᠬᠡᠮᠵᠢᠶ᠎ᠡ ᠶᠢᠨ ᠱᠠᠭᠠᠷᠳᠠᠯᠭ᠎ᠠ᠄  ︵1︶ ᠨᠢᠭᠡᠳᠦᠭᠡᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ ᠠᠶᠠᠨᠴᠢᠳ ᠤᠨ ᠵᠥᠭᠡᠭᠡᠪᠦᠷᠢ ᠶᠢᠨ ᠡᠵᠡᠩᠨᠡᠭᠴᠢ ᠥᠪᠡᠷ ᠲᠤ ᠪᠠᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 100 ᠲᠡᠷᠭᠡ  ᠠᠴᠠ ᠳᠡᠭᠡᠭᠰᠢ ᠪᠠᠶᠢᠵᠤ᠂ ᠡᠭᠦᠨ ᠳᠤ ᠳᠡᠭᠡᠳᠦ ᠵᠡᠷᠭᠡ ᠶᠢᠨ ᠠᠶᠠᠨᠴᠢᠳ ᠤᠨ ᠮᠠᠰᠢᠨ ᠲᠡᠷᠭᠡ 30 ᠠᠴᠠ ᠳᠡᠭᠡᠭᠰᠢ ᠪᠠᠶᠢᠬᠤ ᠬᠡᠷᠡᠭᠲᠡᠶ︔ ᠡᠰᠡᠬᠦᠯ᠎ᠡ ᠥᠪᠡᠷ ᠲᠤ ᠪᠠᠨ ᠳᠡᠭᠡᠳᠤ ᠵᠡᠷᠭᠡ ᠶᠢᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 40 ᠠᠴᠠ ᠳᠡᠭᠡᠭᠰᠢ ᠪᠠᠶᠢᠬᠤ ᠬᠡᠷᠡᠭᠲᠡᠶ︔  ︵2︶ ᠬᠤᠶᠠᠳᠤᠭᠠᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ ᠠᠶᠠᠨᠴᠢᠳ ᠤᠨ ᠵᠥᠭᠡᠭᠡᠪᠦᠷᠢ ᠶᠢᠨ ᠡᠵᠡᠩᠨᠡᠭᠴᠢ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 50 ᠠᠴᠠ ᠳᠡᠭᠡᠭᠰᠢ ᠪᠠᠶᠢᠵᠤ᠂ ᠡᠭᠦᠨ ᠳᠤ ᠳᠤᠮᠳᠠ ᠳᠡᠭᠡᠳᠦ ᠵᠡᠷᠭᠡ ᠶᠢᠨ ᠠᠶᠠᠨᠴᠢᠳ ᠤᠨ ᠮᠠᠰᠢᠨ ᠲᠡᠷᠭᠡ 15 ᠠᠴᠠ ᠳᠡᠭᠡᠭᠰᠢ ᠪᠠᠶᠢᠬᠤ ᠬᠡᠷᠡᠭᠲᠡᠶ︔ ᠡᠰᠡᠬᠦᠯ᠎ᠡ ᠥᠪᠡᠷ ᠲᠤ ᠪᠠᠨ ᠳᠡᠭᠡᠳᠤ ᠵᠡᠷᠭᠡ ᠶᠢᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 20 ᠠᠴᠠ ᠳᠡᠭᠡᠭᠰᠢ ᠪᠠᠶᠢᠬᠤ ᠬᠡᠷᠡᠭᠲᠡᠶ︔         ︵3︶ ᠭᠤᠷᠪᠠᠳᠤᠭᠠᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ ᠠᠶᠠᠨᠴᠢᠳ ᠤᠨ ᠵᠥᠭᠡᠭᠡᠪᠦᠷᠢ ᠶᠢᠨ ᠡᠵᠡᠩᠨᠡᠭᠴᠢ ᠥᠪᠡᠷ ᠲᠤ ᠪᠠᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 10 ᠠᠴᠠ ᠳᠡᠭᠡᠭᠰᠢ ᠪᠠᠶᠢᠬᠤ ᠬᠡᠷᠡᠭᠲᠡᠶ︔ ︵4︶ ᠳᠥᠷᠪᠡᠳᠦᠭᠡᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠡᠵᠡᠩᠨᠡᠬᠦ ᠠᠶᠠᠨᠴᠢᠳ ᠤᠨ ᠵᠥᠭᠡᠭᠡᠪᠦᠷᠢ ᠡᠵᠡᠩᠨᠡᠭᠴᠢ ᠥᠪᠡᠷ ᠲᠤ ᠪᠠᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 1 ᠠᠴᠠ ᠳᠡᠭᠡᠭᠰᠢ ᠪᠠᠶᠢᠬᠤ ᠬᠡᠷᠡᠭᠲᠡᠶ︔ ︵5︶ ᠮᠤᠵᠢ ᠶᠢᠨ ᠬᠤᠭᠤᠷᠣᠨᠳᠣ ᠲᠡᠷᠭᠡ ᠳᠠᠭᠠᠭᠠᠴᠢᠯᠠᠭᠰᠠᠨ ᠠᠶᠠᠨᠴᠢᠳ ᠤᠨ ᠵᠥᠭᠡᠭᠡᠪᠦᠷᠢ ᠡᠵᠡᠩᠨᠡᠬᠦ ᠡᠵᠡᠩᠨᠡᠭᠴᠢ ᠳᠤᠮᠳᠠ ᠳᠡᠭᠡᠳᠦ ᠲᠠᠰ ᠤᠨ ᠠᠶᠠᠨᠴᠢᠳ ᠤᠨ ᠮᠠᠰᠢᠨ ᠲᠡᠷᠭᠡ 20 ᠠᠴᠠ ᠳᠡᠭᠡᠭᠰᠢ ᠪᠠᠶᠢᠬᠤ ᠬᠡᠷᠡᠭᠲᠡᠶ︔ ︵6︶ ᠮᠤᠵᠢ ᠶᠢᠨ ᠳᠣᠲᠣᠷᠠᠬᠢ ᠲᠡᠷᠭᠡ ᠳᠠᠭᠠᠭᠠᠴᠢᠯᠠᠭᠰᠠᠨ ᠠᠶᠠᠨᠴᠢᠳ ᠤᠨ ᠵᠥᠭᠡᠭᠡᠪᠦᠷᠢ ᠡᠵᠡᠩᠨᠡᠬᠦ ᠡᠵᠡᠩᠨᠡᠭᠴᠢ ᠥᠪᠡᠷ ᠲᠤ ᠪᠠᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ 10 ᠠᠴᠠ ᠳᠡᠭᠡᠭᠰᠢ ᠪᠠᠶᠢᠬᠤ ᠬᠡᠷᠡᠭᠲᠡᠢ᠃ ︵ᠬᠤᠶᠠᠷ︶ ᠠᠶᠠᠨᠴᠢᠳ ᠤᠨ ᠵᠥᠭᠡᠭᠡᠪᠦᠷᠢ ᠡᠵᠡᠩᠨᠡᠬᠦ ᠵᠢᠯᠣᠭᠤᠴᠢ ᠨᠢ ︽ᠵᠠᠮ ᠲᠡᠭᠡᠭᠡᠪᠦᠷᠢ ᠶᠢᠨ ᠠᠵᠢᠯ ᠡᠷᠭᠢᠯᠡᠭᠰᠡᠳ ᠤᠨ ᠬᠠᠮᠢᠶᠠᠷᠤᠯᠲᠠ ᠶᠢᠨ ᠲᠣᠭᠲᠠᠭᠠᠯ︾ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ︵ᠭᠤᠷᠪᠠ︶ ᠠᠶᠤᠯᠭᠦᠢ ᠦᠢᠯᠡᠳᠪᠦᠷᠢᠯᠡᠯ ᠤᠨ ᠪᠦᠷᠢᠨ ᠲᠡᠭᠦᠯᠳᠡᠷ ᠬᠠᠮᠢᠶᠠᠷᠤᠯᠲᠠ ᠶᠢᠨ ᠲᠥᠷᠢᠮ ᠲᠠᠢ ᠪᠠᠶᠢᠬᠤ᠂ ᠡᠭᠦᠨ ᠳᠤ ᠠᠶᠤᠯᠭᠦᠢ ᠦᠢᠯᠡᠳᠪᠦᠷᠢᠯᠡᠯ ᠤᠨ ᠠᠵᠢᠯᠯᠠᠬᠤ ᠲᠥᠷᠢᠮ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ᠂ ᠵᠢᠯᠣᠭᠤᠴᠢ ᠪᠠ ᠲᠡᠷᠭᠡ ᠬᠥᠰᠬᠡ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠥᠷᠢᠮ ᠪᠠᠭᠲᠠᠨ᠎ᠠ᠃  ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠡᠵᠡᠩᠨᠡᠬᠦ ᠪᠠᠷ ᠭᠤᠶᠤᠴᠢᠯᠠᠬᠤ ᠳᠤ᠂ ᠪᠠᠰᠠ ᠲᠣᠳᠣᠷᠬᠠᠶ ᠵᠠᠮ ᠱᠤᠭᠤᠮ ᠪᠣᠯᠤᠨ ᠥᠷᠲᠡᠭᠡ ᠴᠡᠭ ᠤᠨ ᠲᠥᠰᠦᠯ ᠲᠠᠢ ᠪᠠᠶᠢᠬᠤ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号