3 ᠳ᠋ᠤᠭᠠᠷ ᠰᠠᠷ᠎ᠠ ᠶᠢᠨ 13 ᠤ ᠡᠳᠦᠷ ᠪᠣᠯᠲᠠᠯ᠎ᠠ᠂ ᠪᠥᠬᠦ ᠣᠷᠣᠨ ᠳᠤ S29 ᠬᠥᠬᠡᠬᠤᠲᠠ ᠠᠴᠠ ᠯᠢᠶᠠᠩᠴᠧᠩ | ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ ᠵᠡᠷᠭᠡ ᠦᠷᠭᠦᠯᠵᠢᠯᠡᠨ ᠪᠠᠶᠢᠭᠤᠯᠬᠤ 34 ᠭᠤᠤᠯᠳᠠᠯᠭ᠎ᠠ ᠲᠠᠢ ᠵᠠᠰᠠᠮᠠᠯ | ᠵᠠᠮ ᠤᠨ ᠲᠥᠷᠥᠯ ᠵᠦᠶᠯ ᠢ ᠵᠣᠬᠢᠶᠠᠨ ᠪᠠᠶᠢᠭᠤᠯᠤᠨ ᠲᠠᠯᠠᠪᠠᠶ ᠳᠤ ᠣᠷᠣᠭᠤᠯᠵᠤ᠂ ᠲᠠᠯᠠᠪᠠᠶ ᠳᠤ ᠣᠷᠣᠭᠤᠯᠤᠭᠰᠠᠨ | ᠨᠣᠷᠮ᠎ᠠ ᠨᠢ 100% ᠳᠤ ᠬᠦᠷᠴᠦ᠂ S43 ᠬᠥᠬᠡᠬᠤᠲᠠ ᠨᠢᠰᠬᠡᠯ ᠤᠨ ᠪᠠᠭᠤᠳᠠᠯ ᠤᠨ ᠳᠡᠭᠡᠳᠦ ᠬᠤᠷᠳᠤ ᠶᠢᠨ | ᠵᠠᠰᠠᠮᠠᠯ ᠵᠠᠮ᠂ G5511 ᠵᠢᠨᠢᠩ ᠠᠴᠠ ᠠᠷᠤᠨ ᠬᠦᠷᠬᠦ ᠬᠤᠯᠪᠣᠭᠠᠨ ᠤ ᠱᠤᠭᠤᠮ ᠤᠨ ᠴᠠᠪᠢᠨᠲᠠᠯ᠎ᠠ ᠠᠴᠠ ᠱᠤᠭᠤᠲᠤ | ᠬᠥᠷᠬᠦ᠂ 110 ᠤᠯᠤᠰ ᠤᠨ ᠵᠠᠮ ᠤᠨ ᠬᠤᠶᠠᠷ ᠮᠣᠳᠣ ᠠᠴᠠ ᠳ᠋ᠧᠩᠺᠸᠤ ᠬᠥᠷᠬᠦ ᠵᠡᠷᠭᠡ 13 ᠲᠥᠷᠥᠯ ᠵᠦᠶᠯ ᠠᠵᠢᠯ | ᠢᠶᠠᠨ ᠰᠡᠷᠭᠦᠭᠡᠪᠡ᠃ | | | | G110 ᠱᠤᠭᠤᠮ ᠤᠨ ᠪᠢᠴᠢᠭᠡᠴᠢ ᠠᠴᠠ ᠰᠢᠷᠡᠭᠡᠴᠢ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ | ᠲᠥᠷᠥᠯ ᠵᠦᠶᠯ ᠠᠵᠢᠯ ᠢᠶᠠᠨ ᠰᠡᠷᠭᠦᠭᠡᠪᠡ᠃ | ᠵᠢᠯ ᠤᠨ ᠡᠬᠢᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠤᠭᠰᠠᠨ ᠪᠠᠶᠢᠨ᠎ᠠ᠃ ᠠᠬᠢᠭᠤᠯᠬᠤ ᠡᠭᠦᠷᠭᠡ ᠶᠢᠨ ᠨᠠᠷᠢᠨ ᠳᠠᠩᠰᠠ ᠶᠢ ᠲᠣᠭᠲᠠᠭᠠᠪᠠ᠃ ᠪᠦᠬᠦ ᠵᠢᠯ | ᠤᠨ ᠵᠠᠮ ᠬᠠᠷᠢᠯᠴᠠᠭᠠᠨ ᠤ ᠰᠠᠭᠤᠷᠢ ᠲᠦᠭᠦᠭᠡᠷᠣᠮᠵᠢ ᠶᠢᠨ ᠭᠤᠣᠯᠳᠠᠯᠭ᠎ᠠ ᠲᠠᠢ ᠲᠥᠰᠦᠪᠯᠡᠨ ᠬᠡᠷᠡᠭᠵᠢᠭᠦᠯᠦᠭᠰᠡᠨ 4 | ᠶᠡᠭᠡ ᠪᠠᠷᠢᠯᠭ᠎ᠠ ᠪᠣᠯᠤᠨ ᠴᠢᠬᠤᠯᠠ ᠶᠡᠭᠡ ᠲᠥᠷᠥᠯ ᠵᠦᠢᠯ ᠤᠨ ᠨᠥᠭᠡᠴᠡ ᠳᠤ ᠴᠢᠭᠯᠡᠭᠦᠯᠦᠨ᠂ ᠲᠦᠯᠬᠢᠨ ᠠᠬᠢᠭᠤᠯᠬᠤ | ᠲᠥᠯᠥᠪᠯᠡᠭᠡ ᠶᠢ ᠰᠠᠷ᠎ᠠ ᠰᠠᠷ᠎ᠠ ᠪᠠᠷ ᠲᠣᠳᠣᠷᠬᠠᠶᠢᠯᠠᠵᠤ᠂ ᠬᠠᠷᠢᠭᠤᠴᠠᠯᠭ᠎ᠠ ᠡᠭᠦᠷᠭᠡᠯᠡᠭᠴᠢ ᠶᠢ ᠲᠣᠭᠲᠠᠭᠠᠨ᠂ | ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠵᠠᠳᠠᠯᠵᠤ᠂ ᠵᠣᠬᠢᠴᠠᠩᠭᠤᠶ ᠰᠢᠶᠳᠪᠦᠷᠢᠯᠡᠬᠦ ᠲᠥᠰᠦᠯ | ᠳᠤᠷᠠᠳᠴᠤ᠂ ᠲᠥᠷᠥᠯ ᠵᠦᠢᠯ ᠢ ᠲᠥᠯᠥᠪᠯᠡᠭᠡ ᠶᠣᠰᠣ ᠪᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠪᠠ᠃ | ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠪᠡ᠃ | ︽ᠪᠠᠷᠢᠯᠭ᠎ᠠ ᠡᠪᠦᠯ ᠵᠣᠭᠰᠣᠭᠰᠠᠨ ᠴᠤ ᠬᠥᠮᠦᠨ ᠨᠢ ᠠᠮᠠᠷᠠᠬᠤ ᠦᠭᠡᠶ︾ ᠶᠢ ᠪᠡᠶᠡᠯᠡᠭᠦᠯᠵᠦ᠂ ᠡᠪᠦᠯ ᠤᠨ ᠤᠯᠠᠷᠢᠯ ᠤᠨ | ᠴᠠᠭ ᠢ ᠰᠠᠶᠢᠲᠤᠷ ᠠᠰᠢᠭᠯᠠᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠷᠳᠠᠮ ᠤᠨ ᠡᠪᠬᠡᠮᠡᠯ | ᠪᠠᠶᠢᠭᠤᠯᠬᠤ᠂ ᠡᠪᠦᠯ ᠤᠨ ᠤᠯᠠᠷᠢᠯ ᠳᠤ ᠮᠠᠲ᠋ᠧᠷᠢᠶᠠᠯ ᠪᠡᠯᠡᠳᠬᠡᠬᠦ ᠵᠡᠷᠭᠡ ᠠᠵᠢᠯ ᠢ ᠥᠷᠨᠢᠭᠦᠯᠵᠦ᠂ ᠨᠥᠬᠦᠴᠡᠯ ᠲᠠᠢ | ᠭᠠᠵᠠᠷ ᠣᠷᠣᠨ ᠤ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠡᠪᠦᠯ ᠤᠨ ᠤᠯᠠᠷᠢᠯ ᠤᠨ | ᠪᠠᠷᠢᠯᠭ᠎ᠠ ᠶᠢᠨ ᠠᠵᠢᠯ ᠥᠷᠨᠢᠭᠦᠯᠬᠦ ᠶᠢ ᠵᠣᠷᠢᠭᠵᠢᠭᠤᠯᠤᠨ᠂ ᠨᠥᠬᠦᠴᠡᠯ ᠪᠦᠷᠢᠯᠳᠦᠭᠦᠯᠦᠭᠰᠡᠨ ᠲᠥᠷᠥᠯ ᠵᠦᠢᠯ ᠤᠨ | ︽ᠬᠠᠪᠤᠷ ᠡᠬᠢᠯᠡᠮᠡᠭᠴᠡ ᠠᠵᠢᠯ ᠡᠬᠢᠯᠡᠭᠦᠯᠬᠦ︾ ᠶᠢ ᠦᠨᠡᠨ ᠬᠦ ᠪᠠᠲᠤᠯᠠᠪᠠ᠃ ᠰᠢᠨ᠎ᠡ ᠪᠠᠷ ᠠᠵᠢᠯ ᠡᠬᠢᠯᠡᠭᠦᠯᠬᠦ | ᠲᠥᠷᠥᠯ ᠵᠦᠢᠯ ᠤᠨ ᠵᠢᠯ ᠤᠨ ᠳᠣᠲᠣᠷ᠎ᠠ ᠠᠵᠢᠯ ᠡᠬᠢᠯᠡᠭᠦᠯᠬᠦ ᠶᠢ ᠠᠬᠢᠭᠤᠯᠪᠠ᠃ ᠠᠵᠢᠯ ᠲᠥᠷᠥᠯ ᠤᠨ ᠬᠢᠨᠠᠨ | ᠪᠠᠶᠢᠴᠠᠭᠠᠯᠲᠠ ᠳᠤ ︽ᠬᠤᠶᠠᠷ ᠬᠢᠨᠠᠯᠲᠠ ᠶᠢ ᠨᠢᠭᠡᠳᠭᠡᠬᠦ︾ ᠠᠷᠭ᠎ᠠ ᠮᠠᠶ᠋ᠢᠭ ᠢᠶᠠᠷ ᠠᠬᠢᠭᠤᠯᠵᠤ᠂ ᠡᠮᠦᠨᠡᠬᠢ | ᠬᠤᠭᠤᠴᠠᠭᠠᠨ ᠤ ᠠᠵᠢᠯ ᠳᠤ ︽ᠭᠤᠷᠪᠠ ᠶᠢ ᠰᠣᠯᠪᠢᠴᠠᠭᠤᠯᠵᠤ ᠨᠢᠭᠡ ᠶᠢ ᠤᠷᠢᠳᠴᠢᠯᠠᠭᠤᠯᠬᠤ ︾ ᠠᠷᠭ᠎ᠠ | ᠮᠠᠶ᠋ᠢᠭ ᠢᠶᠠᠷ ᠠᠬᠢᠭᠤᠯᠪᠠ᠂ ᠲᠤᠬᠠᠶᠢᠯᠠᠪᠠᠯ ᠪᠠᠷᠢᠯᠭ᠎ᠠ ᠶᠢᠨ ᠪᠣᠯᠣᠮᠵᠢᠲᠤ ᠴᠢᠨᠠᠷ ᠤᠨ ᠬᠢᠨᠠᠨ ᠪᠠᠶᠢᠴᠠᠭᠠᠯᠲᠠ ᠬᠢᠭᠡᠳ | ᠬᠡᠷᠡᠭᠯᠡᠬᠦ ᠭᠠᠵᠠᠷ ᠢ ᠤᠷᠢᠳᠴᠢᠯᠠᠨ ᠬᠢᠨᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠶᠢ ᠰᠣᠯᠪᠢᠴᠠᠭᠤᠯᠤᠨ ᠠᠬᠢᠭᠤᠯᠬᠤ᠂ | ᠠᠩᠬ᠎ᠠ ᠲᠥᠯᠥᠪᠯᠡᠬᠦ ᠶᠢ ᠬᠢᠨᠠᠨ ᠪᠠᠶᠢᠴᠠᠭᠠᠬᠤ ᠬᠢᠭᠡᠳ ᠪᠠᠷᠢᠯᠭ᠎ᠠ ᠶᠢᠨ ᠪᠣᠯᠣᠮᠵᠢᠲᠤ ᠴᠢᠨᠠᠷ ᠢ ᠮᠡᠳᠡᠭᠦᠯᠦᠨ | ᠵᠥᠪᠰᠢᠶᠡᠷᠡᠭᠦᠯᠬᠦ ᠶᠢ ᠰᠣᠯᠪᠢᠴᠠᠭᠤᠯᠤᠨ ᠠᠬᠢᠭᠤᠯᠵᠤ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠶᠢ ᠵᠥᠪᠳᠡᠯᠴᠡᠬᠦ | ᠬᠢᠭᠡᠳ ᠬᠡᠷᠡᠭᠯᠡᠬᠦ ᠭᠠᠵᠠᠷ ᠢ ᠮᠡᠳᠡᠭᠦᠯᠦᠨ ᠵᠥᠪᠰᠢᠶᠡᠷᠡᠭᠦᠯᠬᠦ ᠶᠢ ᠰᠣᠯᠪᠢᠴᠠᠭᠤᠯᠤᠨ ᠶᠠᠪᠤᠭᠳᠠᠭᠤᠯᠵᠤ᠂ ᠵᠠᠮ ᠱᠤᠭᠤᠮ | ᠪᠠ ᠮᠡᠷᠭᠡᠵᠢᠯ ᠤᠨ ᠲᠥᠰᠦᠯ ᠨᠢ ᠲᠣᠳᠣᠷᠬᠠᠶ ᠪᠣᠯᠣᠭᠰᠠᠨ ᠲᠥᠷᠥᠯ ᠵᠦᠶᠯ ᠳᠤ ᠬᠡᠷᠡᠭᠯᠡᠬᠦ ᠭᠠᠵᠠᠷ ᠤᠨ ᠡᠪᠬᠡᠮᠡᠯ | ᠪᠠᠶᠢᠭᠤᠯᠬᠤ ᠠᠵᠢᠯ ᠢ ᠤᠷᠢᠳᠴᠢᠯᠠᠨ ᠡᠬᠢᠯᠡᠭᠦᠯᠵᠦ᠂ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ | ᠭᠦᠶᠴᠡᠳᠬᠡᠬᠦ ᠴᠠᠭ ᠬᠤᠭᠤᠴᠠᠭ᠎ᠠ ᠶᠢ ᠪᠤᠭᠤᠨᠢᠰᠬᠠᠵᠠᠢ᠃ ᠠᠶᠢᠮᠠᠭ ᠬᠤᠲᠠ ᠶᠢᠨ ᠲᠥᠪ ᠤᠨ ᠪᠡᠯᠡ ᠮᠥᠩᠭᠦ ᠶᠢᠨ | ᠳᠡᠮᠵᠢᠯᠭᠡ ᠲᠠᠢ ᠲᠥᠷᠥᠯ ᠵᠦᠢᠯ ᠳᠤ ᠤᠷᠢᠳ ᠢᠶᠠᠷ ᠬᠢᠵᠦ ᠳᠠᠷᠠᠭ᠎ᠠ ᠨᠢ ᠨᠥᠬᠦᠪᠥᠷᠢᠯᠡᠬᠦ ᠶᠢ ᠵᠣᠷᠢᠭᠵᠢᠭᠤᠯᠤᠨ᠂ | ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠵᠦ ᠪᠣᠯᠬᠤ ᠶᠢ ᠨᠢ | ᠴᠢᠳᠠᠬᠤ ᠶᠢᠨ ᠳᠣᠲᠣᠷ᠎ᠠ ᠡᠬᠢᠯᠡᠭᠦᠯᠬᠦ ᠪᠠᠷ ᠢᠲᠡᠪᠬᠢᠲᠡᠢ ᠴᠢᠷᠮᠠᠶᠢᠪᠠ᠃ | | | | G5511 ᠡᠷᠢᠶᠡᠨ ᠠᠴᠠ ᠭᠤᠸᠠᠩᠵᠧᠦ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ | ᠠᠷᠤᠨ ᠬᠦᠷᠬᠦ ᠬᠤᠯᠪᠣᠭᠠᠨ ᠤ ᠱᠤᠭᠤᠮ ᠤᠨ ᠠᠨ ᠶᠧ ᠠᠴᠠ ᠭᠦᠩᠵᠦ ᠶᠢᠨ ᠳᠠᠯᠠᠩ ᠬᠥᠷᠬᠦ ᠬᠡᠰᠡᠭ ᠤᠨ ᠮᠢᠩᠭᠠᠨᠲᠤ | ᠲᠣᠰᠣ ᠨᠡᠮᠡᠬᠦ ᠥᠷᠲᠡᠭᠡ ᠶᠢᠨ ᠬᠢᠨᠠᠨ ᠡᠵᠡᠮᠳᠡᠬᠦ ᠲᠥᠬᠦᠭᠡᠷᠦᠮᠵᠢ ᠶᠢ ᠴᠡᠭᠴᠡᠯᠡᠨ ᠰᠠᠶᠢᠵᠢᠷᠠᠭᠤᠯᠪᠠ᠃ | ᠣᠶᠢᠯᠠᠭᠠᠭᠰᠠᠨ ᠢᠶᠠᠷ᠂ ᠡᠨᠡ ᠵᠢᠯ ᠪᠥᠬᠦ ᠣᠷᠣᠨ ᠳᠤ ᠭᠤᠤᠯᠳᠠᠯᠭ᠎ᠠ ᠲᠠᠢ ᠵᠠᠰᠠᠮᠠᠯ ᠵᠠᠮ ᠤᠨ 52 ᠲᠥᠷᠥᠯ | ᠵᠦᠶᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠢ᠂ ᠡᠭᠦᠨ ᠳᠤ ᠦᠷᠭᠦᠯᠵᠢᠯᠡᠨ ᠪᠠᠶᠢᠭᠤᠯᠬᠤ ᠲᠥᠷᠥᠯ ᠵᠦᠶᠯ 34 | ᠪᠠᠶᠢᠵᠤ᠂ ᠰᠢᠨ᠎ᠡ ᠪᠠᠷ ᠠᠵᠢᠯ ᠡᠬᠢᠯᠡᠭᠦᠯᠬᠦ ᠪᠠᠷ ᠲᠥᠯᠥᠪᠯᠡᠵᠦ ᠪᠠᠶᠢᠭ᠎ᠠ ᠲᠥᠷᠥᠯ ᠵᠦᠶᠯ 18 ᠪᠣᠶ᠃ | ᠡᠬᠡ ᠪᠢᠴᠢᠭ᠄ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ |