3 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ | ᠳᠠᠷᠤᠭ᠎ᠠ ᠭᠤᠤ ᠱᠢ ᠴᠢᠨ 2025 ᠣᠨ ᠤ ᠲᠢᠩᠬᠢᠮ ᠤᠨ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ | ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠵᠢᠴᠢ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠠᠶᠤᠯᠭᠦᠶ ᠦᠶᠯᠡᠳᠪᠦᠷᠢᠯᠡᠯ ᠤᠨ ᠸᠢᠳᠢᠣ᠋ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠠᠶᠤᠯᠭᠦᠶ ᠦᠶᠯᠡᠳᠪᠦᠷᠢᠯᠡᠯ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ | ᠸᠢᠳᠢᠣ᠋ ᠬᠤᠷᠠᠯ ᠤᠨ ᠵᠣᠷᠢᠭ ᠰᠠᠨᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠶᠤᠯᠭᠦᠶ ᠦᠶᠯᠡᠳᠪᠦᠷᠢᠯᠡᠯ | ᠤᠨ ᠵᠥᠪᠯᠡᠯ ᠤᠨ ᠪᠥᠬᠦᠳᠡ ᠬᠤᠷᠠᠯ ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠶ ᠦᠶᠯᠡᠳᠪᠦᠷᠢᠯᠡᠯ ᠤᠨ | ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ | ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠶᠤᠯᠭᠦᠶ | ᠦᠶᠯᠡᠳᠪᠦᠷᠢᠯᠡᠯ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠠᠶᠤᠯᠭᠦᠶ ᠦᠶᠯᠡᠳᠪᠦᠷᠢᠯᠡᠯ ᠤᠨ ᠪᠠᠶᠢᠳᠠᠯ ᠢ ᠵᠠᠳᠠᠯᠵᠤ ᠰᠤᠳᠤᠯᠤᠨ ᠮᠠᠭᠠᠳᠯᠠᠵᠤ᠂ 2025 ᠣᠨ ᠤ ᠬᠤᠶᠠᠳᠤᠭᠠᠷ | ᠤᠯᠠᠷᠢᠯ ᠤᠨ ᠠᠶᠤᠯᠭᠦᠶ ᠦᠶᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ | | | | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠶᠤᠯᠭᠦᠢ | ᠦᠢᠯᠡᠳᠪᠦᠷᠢᠯᠡᠯ ᠢ ᠵᠠᠮ ᠬᠠᠷᠢᠯᠴᠠᠭ᠎ᠠ ᠲᠡᠭᠡᠭᠡᠪᠦᠷᠢ ᠶᠢᠨ ᠡᠯ᠎ᠡ ᠵᠦᠢᠯ ᠤᠨ ᠠᠵᠢᠯ ᠤᠨ ᠤᠷᠢᠲᠠᠯ ᠪᠣᠯᠭᠠᠵᠤ᠂ | ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠤᠶᠠᠳᠤᠭᠠᠷ ᠤᠯᠠᠷᠢᠯ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠢ ᠰᠡᠷᠭᠡᠭ ᠢᠶᠠᠷ ᠲᠠᠨᠢᠵᠤ᠂ ᠵᠠᠳᠠᠯᠤᠨ | ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠬᠠᠪᠤᠷ ᠤᠨ ᠬᠠᠶᠢᠯᠠᠯ᠂ ᠬᠠᠪᠤᠷ ᠤᠨ ᠬᠦᠶᠲᠡᠨ᠂ ᠬᠠᠪᠤᠷ ᠤᠨ | ᠲᠠᠷᠢᠶᠠᠯᠠᠭ᠎ᠠ᠂ ᠬᠠᠪᠤᠷ ᠤᠨ ᠤᠰᠤᠯᠠᠯᠲᠠ᠂ ᠰᠠᠯᠬᠢ ᠰᠢᠭᠤᠷᠭ᠎ᠠ ᠵᠡᠷᠭᠡ ᠵᠠᠮ ᠬᠠᠷᠢᠯᠴᠠᠭ᠎ᠠ ᠲᠡᠭᠡᠭᠡᠪᠦᠷᠢ ᠳᠤ | ᠠᠪᠴᠢᠷᠠᠭᠰᠠᠨ ᠠᠶᠤᠯ ᠲᠦᠭᠰᠢᠭᠦᠷᠢ ᠪᠣᠯᠤᠨ ᠨᠥᠯᠥᠭᠡ ᠳᠤ ᠴᠢᠭᠯᠡᠭᠦᠯᠦᠨ ᠬᠠᠷᠠᠭᠠᠯᠵᠠᠭᠰᠠᠨ ᠴᠢᠨᠠᠷᠲᠠᠶ ᠰᠡᠷᠭᠡᠶᠢᠯᠡᠨ | ᠡᠵᠡᠮᠳᠡᠬᠦ ᠰᠢᠰᠲ᠋ᠧᠮ ᠢ ᠪᠠᠶᠢᠭᠤᠯᠬᠤ ᠬᠡᠷᠡᠭᠲᠡᠶ᠃ ᠠᠶᠤᠯ ᠲᠦᠭᠰᠢᠭᠦᠷᠢ ᠭᠡᠮ ᠰᠣᠭᠤᠭ ᠢ ᠵᠠᠰᠠᠬᠤ ᠠᠵᠢᠯ ᠢ ᠴᠢᠩᠭ᠎ᠠ | ᠠᠳᠬᠤᠵᠤ᠂ ᠬᠦᠨᠳᠦ ᠣᠨᠴᠠ ᠶᠡᠭᠡ ᠠᠳᠡᠯ ᠢ ᠡᠷᠡᠰ ᠬᠤᠷᠢᠭᠯᠠᠵᠤ᠂ ᠠᠵᠢᠯ ᠲᠦᠷᠦᠯ ᠤᠨ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | | | | ᠬᠤᠷᠠᠯ ᠠᠴᠠ᠂ ᠬᠤᠶᠠᠳᠤᠭᠠᠷ ᠤᠯᠠᠷᠢᠯ ᠤᠨ ᠵᠠᠰᠠᠮᠠᠯ ᠵᠠᠮ ᠤᠨ ᠡᠵᠡᠩᠨᠡᠯᠲᠡ ᠶᠢᠨ ᠬᠦᠷᠢᠶᠡᠨ ᠳᠤ ᠳᠡᠭᠡᠳᠤ | ᠬᠤᠷᠳᠤ ᠶᠢᠨ ᠵᠠᠰᠠᠮᠠᠯ ᠵᠠᠮ ᠤᠨ ᠦᠶᠡᠷ ᠢ ᠰᠡᠷᠭᠡᠶᠢᠯᠡᠬᠦ ᠬᠠᠮᠢᠶᠠᠷᠤᠯᠲᠠ᠂ ᠵᠠᠰᠠᠮᠠᠯ ᠵᠠᠮ ᠤᠨ ᠠᠮᠤᠷ ᠲᠦᠪᠰᠢᠨ ᠤ | ᠬᠠᠷᠢᠮᠠᠬᠠᠢ ᠴᠢᠨᠠᠷ ᠢ ᠳᠡᠭᠡᠭᠰᠢᠯᠡᠭᠦᠯᠬᠦ᠂ ᠵᠠᠰᠠᠮᠠᠯ ᠵᠠᠮ ᠤᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠥᠪᠰᠢᠨ | ᠢ ᠳᠡᠭᠡᠭᠰᠢᠯᠡᠭᠦᠯᠬᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ᠂ | ᠬᠤᠷᠳᠤᠴᠠ ᠬᠢᠵᠠᠭᠠᠷᠯᠠᠬᠤ ᠶᠢ ᠲᠣᠬᠢᠷᠠᠭᠤᠯᠤᠭᠰᠠᠨ ᠵᠠᠮ ᠤᠨ ᠬᠡᠰᠡᠭ ᠪᠠ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ | ᠠᠮᠤᠷ ᠲᠦᠪᠰᠢᠨ ᠤ ᠬᠠᠮᠢᠶᠠᠷᠤᠯᠲᠠ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ | ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠬᠦᠷᠢᠶ᠎ᠡ ᠴᠠᠷᠠᠭ᠎ᠠ ᠳᠤ ᠠᠵᠢᠯ ᠢᠶᠠᠨ ᠡᠬᠢᠯᠡᠭᠦᠯᠵᠦ ᠰᠡᠷᠭᠦᠭᠡᠬᠦ ᠲᠥᠷᠥᠯ ᠵᠦᠶᠯ ᠤᠨ ᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ᠂ ᠲᠠᠯᠠᠪᠠᠶ ᠳᠤ ᠣᠷᠣᠬᠤ ᠬᠥᠮᠦᠰ ᠤᠨ ᠠᠮᠤᠷ ᠲᠦᠪᠰᠢᠨ ᠤ ᠬᠥᠮᠦᠵᠢᠯ | ᠪᠣᠯᠪᠠᠰᠤᠷᠠᠭᠤᠯᠤᠯ᠂ ᠪᠥᠲᠥᠭᠡᠨ ᠪᠠᠶᠢᠭᠤᠯᠵᠤ ᠪᠠᠷᠢᠯᠭ᠎ᠠ ᠪᠠᠷᠢᠬᠤ ᠬᠦᠷᠢᠶᠡᠨ ᠤ ᠲᠤᠰᠬᠠᠶ ᠠᠵᠢᠯᠯᠠᠭ᠎ᠠ᠂ ᠠᠮᠤᠷ | ᠠᠮᠤᠭᠤᠯᠠᠩ ᠪᠠᠷᠢᠯᠭ᠎ᠠ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ | ᠬᠢᠬᠦ ᠬᠡᠷᠡᠭᠲᠡᠶ᠃ ᠵᠠᠮ ᠲᠡᠭᠡᠭᠡᠪᠦᠷᠢ ᠶᠢᠨ ᠬᠦᠷᠢᠶ᠎ᠡ ᠴᠠᠷᠠᠭ᠎ᠠ ᠳᠤ ᠬᠠᠭᠤᠴᠢᠷᠠᠭᠰᠠᠨ ᠠᠶᠠᠨᠴᠢᠳ ᠤᠨ ᠮᠠᠰᠢᠨ ᠲᠡᠷᠭᠡ | ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ︽ᠡᠷᠬᠢᠨ ᠬᠠᠷᠠᠬᠤ︾᠂ ︽ᠡᠵᠡᠩᠨᠡᠯᠲᠡ ᠶᠢᠨ ᠴᠢᠨᠠᠷᠲᠠᠢ ᠮᠠᠰᠢᠨ | ᠲᠡᠷᠭᠡ ᠪᠠᠨ ᠡᠵᠡᠩᠨᠡᠯᠲᠡ ᠶᠢᠨ ᠪᠤᠰᠤ ᠴᠢᠨᠠᠷᠲᠠᠢ ᠪᠣᠯᠭᠠᠭᠰᠠᠨ︾ ᠠᠶᠠᠨᠴᠢᠳ ᠤᠨ ᠮᠠᠰᠢᠨ ᠲᠡᠷᠭᠡ ᠶᠢ ᠲᠤᠰᠬᠠᠶ | ᠴᠡᠭᠴᠡᠯᠡᠨ ᠵᠠᠰᠠᠬᠤ᠂ 800 ᠺᠢᠯᠣᠮᠧᠲᠷ ᠠᠴᠠ ᠳᠡᠭᠡᠭᠰᠢᠬᠢ ᠬᠤᠯᠠ ᠵᠠᠮ ᠤᠨ ᠠᠶᠠᠨᠴᠢᠳ ᠤᠨ ᠵᠥᠭᠡᠭᠡᠪᠦᠷᠢ ᠶᠢᠨ | ᠡᠭᠡᠯᠵᠢ ᠶᠢᠨ ᠱᠤᠭᠤᠮ ᠤᠨ ᠠᠮᠤᠷ ᠲᠦᠪᠰᠢᠨ ᠤ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ᠂ | ᠠᠶᠤᠯᠲᠠᠶ ᠪᠣᠳᠠᠰ ᠤᠨ ᠲᠡᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ᠂ | ︽ᠬᠤᠶᠠᠷ ᠠᠶᠠᠨᠴᠢᠳ ᠤᠨ ᠵᠥᠭᠡᠭᠡᠪᠦᠷᠢ ᠪᠠ ᠨᠢᠭᠡ ᠠᠶᠤᠯᠲᠠᠢ ᠪᠤᠳᠠᠰ ᠤᠨ ᠲᠡᠭᠡᠭᠡᠪᠦᠷᠢ︾ ᠶᠢᠨ ᠲᠡᠷᠭᠡ ᠬᠥᠰᠬᠡ ᠶᠢ | ᠬᠥᠳᠡᠯᠦᠩᠭᠦᠶ ᠪᠠᠷ ᠬᠢᠨᠠᠨ ᠬᠠᠮᠢᠶᠠᠷᠬᠤ᠂ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠭᠡ | ᠵᠠᠩᠭᠢ ᠶᠢ ᠬᠠᠮᠲᠤ ᠪᠠᠷ ᠭᠥᠷᠳᠡᠵᠦ ᠬᠠᠮᠲᠤ ᠪᠠᠷ ᠵᠠᠰᠠᠬᠤ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠠᠯ᠎ᠠ ᠪᠠᠷ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ | ᠰᠢᠭᠤᠳ ᠬᠥᠷᠬᠦ ︽ᠳᠠᠭᠤᠳᠠᠯᠲᠠ︾ ᠶᠢᠨ ᠲᠣᠭᠲᠠᠴᠠ ᠶᠢ ᠪᠦᠷᠢᠨᠰᠢᠭᠦᠯᠵᠦ᠂ ᠮᠠᠭᠤ ᠴᠠᠭ ᠠᠭᠤᠷ ᠤᠨ ᠶᠠᠪᠤᠴᠠ ᠳᠤ | ᠴᠢᠭᠯᠡᠭᠦᠯᠦᠨ᠂ ᠤᠷᠢᠳᠴᠢᠯᠠᠨ ᠰᠤᠳᠤᠯᠤᠨ ᠮᠠᠭᠠᠳᠯᠠᠵᠤ᠂ ᠲᠤᠶᠢᠯ ᠤᠨ ᠣᠨᠣᠪᠴᠢᠲᠠᠶ ᠪᠠᠷ ᠤᠷᠢᠳᠴᠢᠯᠠᠨ | ᠰᠡᠷᠡᠮᠵᠢᠯᠡᠭᠦᠯᠵᠦ᠂ ᠴᠠᠭ ᠲᠤᠬᠠᠶ ᠳᠤ ᠨᠢ ᠴᠤᠤᠷᠢᠶᠠᠲᠤᠨ ᠳᠠᠭᠠᠵᠤ᠂ ᠵᠠᠮ ᠬᠠᠷᠢᠯᠴᠠᠭᠠᠨ ᠤ ᠪᠠᠴᠢᠮ ᠪᠠᠶᠢᠳᠠᠯ ᠢ | ᠠᠷᠭᠠᠴᠠᠭᠠᠨ ᠰᠢᠶᠳᠪᠦᠷᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠦᠶᠡᠷ ᠤᠨ ᠬᠤᠭᠤᠴᠠᠭ᠎ᠠ ᠵᠣᠨ ᠤ | ᠠᠮᠠᠷᠠᠯᠲᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠬᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠰᠠᠶᠢᠲᠤᠷ ᠬᠢᠵᠦ᠂ ᠡᠯ᠎ᠡ ᠱᠠᠲᠤ ᠡᠯ᠎ᠡ | ᠨᠢᠭᠡᠴᠢ ᠶᠢᠨ ᠭᠤᠤᠯ ᠤᠳᠤᠷᠢᠳᠤᠯᠭ᠎ᠠ ᠡᠮᠦᠨ᠎ᠡ ᠹᠷᠣᠨᠲ ᠲᠤ ᠬᠦᠷᠦᠨ ᠵᠢᠯᠣᠭᠤᠳᠴᠤ᠂ ᠪᠡᠶ᠎ᠡ ᠪᠠᠷ ᠢᠶᠠᠨ | ᠲᠣᠬᠢᠷᠠᠭᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠣᠯᠪᠠᠰᠤᠷᠠᠯ ᠢ ᠦᠨᠡᠨ ᠬᠦ ᠰᠠᠶᠢᠲᠤᠷ ᠬᠢᠵᠦ᠂ ᠠᠵᠢᠯ | ᠡᠷᠬᠢᠯᠡᠭᠴᠢᠳ ᠤᠨ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | | ᠡᠬᠡ ᠪᠢᠴᠢᠭ᠄ ᠲᠢᠩᠬᠢᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ |