ᠭᠤᠤ ᠱᠢ ᠴᠢᠨ ᠥᠪᠡᠷ ᠤᠨ ᠪᠠᠶᠢᠭ᠎ᠠ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ  ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/3/21
    3 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠡᠩ  ᠤᠨ ᠨᠠᠮ ᠤᠨ ᠭᠡᠰᠢᠭᠦᠨ ᠤ ᠬᠤᠪᠢ ᠪᠠᠷ ᠥᠪᠡᠷ ᠤᠨ ᠪᠠᠶᠢᠭ᠎ᠠ ᠲᠢᠩᠬᠢᠮ ᠤᠨ ᠠᠯᠪᠠᠨ ᠬᠡᠷ ᠤᠨ ᠨᠠᠮ ᠤᠨ ᠡᠭᠦᠷ ᠲᠤ ᠬᠦᠷᠴᠦ᠂ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠤᠨ ᠬᠤᠷᠢᠶ᠎ᠠ ᠶᠢ ᠲᠥᠯᠥᠭᠡᠯᠡᠨ ᠬᠠᠷᠭᠤᠭᠤᠯᠤᠨ ᠪᠠᠶᠢᠴᠠᠭᠠᠪᠠ᠃ ᠲᠠᠷᠠᠭ᠎ᠠ ᠨᠢ᠂ ᠨᠠᠮ ᠤᠨ ᠡᠭᠦᠷ ᠤᠨ ᠨᠠᠮ ᠤᠨ ᠭᠡᠰᠢᠭᠦᠨ ᠦᠵᠡᠯ ᠰᠠᠨᠠᠭ᠎ᠠ᠂ ᠠᠵᠢᠯ᠂ ᠰᠤᠷᠲᠠᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃
20250321-3.jpg
    ᠭᠤᠤ ᠱᠢ ᠴᠢᠨ᠂ ᠨᠠᠮ ᠤᠨ ᠲᠦᠷᠢᠮ ᠤᠨ ᠱᠠᠭᠠᠷᠳᠠᠯᠭ᠎ᠠ ᠶᠣᠰᠣ ᠪᠠᠷ᠂ ᠤᠯᠠᠨ ᠢᠶᠠᠷ ᠢᠶᠠᠨ ᠠᠰᠠᠭᠤᠳᠠᠯ ᠢ ᠪᠠᠶᠢᠴᠠᠭᠠᠨ  ᠳᠡᠯᠭᠡᠵᠦ᠂ ᠰᠢᠯᠲᠠᠭᠠᠨ ᠢ ᠨᠢ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠵᠦ᠂ ᠴᠡᠭᠴᠡᠯᠡᠨ ᠰᠠᠶᠢᠵᠢᠷᠠᠭᠤᠯᠬᠤ ᠴᠢᠭᠯᠡᠯ ᠢ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠱᠢᠭᠰᠡᠨ ᠬᠠᠷᠠᠯᠲᠠ ᠳᠤ ᠪᠠᠨ ᠬᠦᠷᠪᠡ᠃ ᠲᠡᠷᠡ᠂ ᠠᠯᠪᠠᠨ ᠬᠡᠷ ᠤᠨ ᠠᠵᠢᠯ ᠢ ᠰᠠᠶᠢᠲᠤᠷ ᠬᠢᠬᠦ ᠳᠤ᠂ ᠶᠡᠷᠦᠩᠬᠡᠶ ᠱᠦᠵᠢ ᠰᠢ ᠶᠢᠨ ᠫᠢᠩ ᠠᠴᠠ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠨᠠᠮ ᠳᠤ ᠪᠠᠨ ᠬᠠᠷᠢᠴᠠᠯᠠᠰᠢ ᠥᠬᠡᠶ ᠦᠨᠡᠨᠴᠢ ᠰᠢᠳᠤᠷᠭᠤ ᠪᠠᠶᠢᠬᠤ ᠶᠢ ᠲᠠᠯ᠎ᠠ ᠪᠣᠯᠭᠠᠨ ᠳᠤ ᠢᠯᠡᠷᠡᠭᠦᠯᠵᠦ᠂ ᠦᠭᠡ ᠶᠠᠷᠢᠶ᠎ᠠ ᠦᠶᠯᠡ ᠠᠵᠢᠯᠯᠠᠭ᠎ᠠ ᠪᠣᠯᠭᠠᠨ ᠢ ᠪᠣᠳᠠᠲᠠᠶ ᠠᠵᠢᠯ ᠳᠤ ᠪᠠᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠵᠣᠷᠢᠯᠲᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠠᠷᠠᠳ ᠤᠯᠠᠨ ᠤ ᠪᠤᠳᠤᠵᠤ ᠬᠦᠰᠡᠵᠦ ᠪᠠᠶᠢᠭ᠎ᠠ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠤᠯᠠᠨ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠨ᠂ ᠳᠡᠭᠡᠷᠡᠬᠢ ᠶᠢ ᠵᠠᠯᠭᠠᠮᠵᠢᠯᠠᠨ ᠳᠣᠷᠣᠭᠰᠢ ᠤᠯᠠᠮᠵᠢᠯᠠᠬᠤ᠂ ᠵᠡᠭᠦᠨᠰᠢ ᠪᠠᠷᠠᠭᠤᠨᠰᠢ ᠶᠢ ᠵᠣᠬᠢᠴᠠᠭᠤᠯᠬᠤ ᠵᠠᠩᠭᠢᠯᠠᠭ᠎ᠠ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ︔ ᠴᠢᠭᠯᠡᠯ ᠪᠠ ᠭᠤᠣᠯᠳᠠᠯᠭ᠎ᠠ  ᠪᠠᠨ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ︽12566︾ ᠠᠵᠢᠯ ᠤᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠱᠠᠯᠠᠪᠳᠠᠭᠤᠯᠤᠨ ᠬᠢᠯᠭᠡᠵᠦ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠰᠠᠶᠢᠨ ᠵᠥᠪᠯᠡᠭᠴᠢ ᠲᠤᠰᠠᠯᠠᠭᠴᠢ ᠪᠤᠯᠵᠤ᠂ ᠳᠠᠩᠰᠠ ᠲᠤᠰᠢᠶᠠᠵᠤ ᠬᠠᠭᠤᠳᠠᠰᠤ ᠲᠤᠰᠢᠶᠠᠬᠤ ᠶᠢ ᠠᠬᠢᠭᠤᠯᠬᠤ ᠬᠡᠷᠡᠭᠲᠡᠢ︔ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠶᠣᠰᠣ ᠳᠦᠷᠢᠮ ᠤᠨ ᠤᠬᠠᠮᠰᠠᠷ ᠢ ᠪᠤᠢ ᠪᠣᠯᠭᠠᠵᠤ᠂ ᠵᠣᠷᠢᠭᠲᠠᠢ  ᠪᠠᠷ ᠰᠢᠨ᠎ᠡ ᠶᠢ ᠡᠭᠦᠳᠬᠦ ᠡᠷᠴᠢ ᠵᠣᠷᠢᠭ ᠢᠶᠠᠨ ᠪᠠᠲᠤᠯᠠᠵᠤ᠂ ᠳᠠᠪᠲᠠᠨ ᠪᠣᠯᠪᠠᠰᠤᠷᠠᠭᠤᠯᠤᠯᠲᠠ ᠳᠤᠮᠳᠠ ᠴᠢᠳᠠᠪᠤᠷᠢ ᠪᠠᠨ ᠴᠢᠩᠭᠠᠳᠬᠠᠵᠤ᠂ ︽ᠭᠤᠷᠪᠠ ᠳᠤ ᠦᠢᠯᠡᠴᠢᠯᠡᠬᠦ︾ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃     ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠢᠶᠠᠨ ᠶᠠ ᠯᠢ ᠣᠷᠣᠯᠴᠠᠪᠠ᠃ ᠲᠢᠩᠬᠢᠮ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠭᠤᠷᠪᠠᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃                                                          ᠡᠬᠡ ᠪᠢᠴᠢᠭ᠄ ᠲᠢᠩᠬᠢᠮ ᠤᠨ ᠠᠯᠪᠠᠨ ᠭᠡᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号