︽ᠵᠢᠷᠭᠤᠭᠠᠨ ᠠᠵᠢᠯᠯᠠᠭ᠎ᠠ︾᠎ ᠶᠢ ᠨᠠᠶᠢᠳᠠᠪᠤᠷᠢᠵᠢᠭᠤᠯᠤᠨ᠎ᠠ — ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠴᠠᠷᠠᠭᠠᠨ ᠳᠠᠬᠢ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠢᠩᠭᠢᠵᠦ ᠬᠢᠨ᠎ᠡ
ᠨᠡᠶᠢᠲᠡᠯᠡᠭᠰᠡᠨ ᠴᠠᠭ᠄
2025/3/24
ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠴᠠᠷᠠᠭᠠᠨ ᠳᠠᠬᠢ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠵᠦ᠂ ᠠᠯᠢ ᠣᠯᠠᠨ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃     ᠠᠵᠤ ᠠᠬᠤᠶᠢᠯᠠᠯ ᠳᠤ ᠬᠤᠯᠪᠣᠭᠳᠠᠭᠰᠠᠨ ᠵᠦᠶᠯᠡᠰ ᠢ ᠬᠢᠨᠠᠨ ᠵᠥᠪᠰᠢᠶᠡᠷᠡᠬᠦ ᠶᠢ ᠰᠢᠯᠢᠳᠡᠭᠵᠢᠭᠦᠯᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠰᠢᠯᠢᠳᠡᠭᠵᠢᠭᠦᠯᠦᠨ ᠨᠡᠶᠢᠯᠡᠭᠦᠯᠵᠦ᠂ ᠠᠮᠠᠯᠠᠯᠲᠠ ᠶᠢ ᠮᠡᠳᠡᠭᠳᠡᠬᠦ᠂ ᠳᠤᠲᠠᠭᠳᠠᠯ ᠢ ᠠᠭᠤᠴᠢᠯᠠᠨ ᠭᠥᠯᠢᠶᠡᠨ ᠠᠪᠴᠤ ᠰᠢᠶᠳᠪᠦᠷᠢᠯᠡᠬᠦ ᠶᠢ ᠳᠡᠯᠭᠡᠷᠡᠭᠦᠯᠵᠦ᠂ ︽ᠨᠢᠭᠡ ᠶᠠᠪᠤᠳᠠᠯ︾᠎ ᠢ ᠭᠦᠶᠴᠡᠳᠬᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠨᠠᠨ ᠵᠥᠪᠰᠢᠶᠡᠷᠡᠬᠦ ᠲᠤᠯᠭᠠᠭᠤᠷᠢᠯᠠᠬᠤ ᠴᠢᠨᠠᠷᠲᠠᠶ ᠴᠢᠬᠤᠯᠠ ᠨᠥᠬᠦᠴᠡᠯ ᠢ ᠢᠯᠭᠠᠷᠠᠭᠤᠯᠤᠨ ᠵᠢᠷᠤᠮᠵᠢᠭᠤᠯᠵᠤ᠂ ᠪᠥᠬᠦ ᠣᠷᠣᠨ ᠤ ᠨᠡᠶᠢᠳᠡᠮ ᠭᠦᠶᠴᠡᠳᠬᠡᠬᠦ ᠵᠦᠶᠯᠡᠰ ᠢ ᠰᠢᠨ᠎ᠡ ᠪᠠᠷ ᠨᠡᠮᠡᠭᠳᠡᠭᠦᠯᠦᠨ᠂ ᠣᠨᠳᠣᠤ ᠭᠠᠵᠠᠷ ᠲᠤ ᠵᠥᠷᠢᠶ᠎ᠡ ᠥᠬᠡᠶ ᠭᠥᠯᠢᠶᠡᠨ ᠠᠪᠴᠤ ᠰᠢᠶᠳᠪᠦᠷᠢᠯᠡᠬᠦ ᠶᠢ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠎ ᠤ ᠵᠦᠶᠯᠡᠰ ᠢ ᠰᠦᠯᠵᠢᠶ᠎ᠡ ᠪᠠᠷ ᠭᠦᠶᠴᠡᠳᠬᠡᠬᠦ ᠨᠣᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠶᠴᠡᠳᠬᠡᠬᠦ ᠶᠢ ᠨᠠᠩ ᠳᠥᠭᠦᠮ ᠳᠥᠲᠡ ᠥᠨᠳᠥᠷ ᠪᠦᠲᠦᠮᠵᠢᠲᠡᠶ ᠪᠣᠯᠭᠠᠨ᠎ᠠ᠃     ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ ᠨᠠᠮᠳᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠥᠷᠢ ᠥᠭᠴᠡᠭᠡ ᠶᠢ ᠳᠥᠯᠥᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠠᠵᠤ ᠠᠬᠤᠶᠢᠯᠠᠯ ᠤᠨ ᠳᠠᠩᠰᠠᠨ ᠳᠠᠬᠢ ᠵᠣᠭᠤᠰ ᠥᠷᠢᠲᠦᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠬᠠᠷᠢᠭᠤᠴᠠᠯᠭᠠᠲᠤ ᠨᠢᠭᠡᠴᠢ ᠶᠢ ᠰᠢᠮᠳᠠᠭᠤᠯᠵᠤ ᠪᠠᠶᠢᠭᠠᠳ ᠴᠠᠭ ᠲᠤᠬᠠᠶ ᠳᠤ ᠨᠢ ᠴᠡᠭᠴᠡᠯᠡᠨ ᠰᠠᠶᠢᠵᠢᠷᠠᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠠᠵᠤ ᠠᠬᠤᠶᠢᠯᠠᠯ ᠤᠨ ᠲᠣᠭᠲᠠᠭᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃      ᠲᠥᠰᠦᠯ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠵᠦᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠳᠤᠷᠠᠳᠴᠠᠢ᠃ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ᠎ᠠ︔ ︽ᠢᠨᠲ᠋ᠧᠷ ᠰᠦᠯᠵᠢᠶ᠎ᠡ +︾ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠲᠡᠳᠬᠦᠨ ᠳᠠᠮᠵᠢᠵᠤ᠂ ᠠᠵᠤ ᠦᠢᠯᠡᠰ ᠤᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠤᠨ᠎ᠠ︔ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠬᠥᠭᠵᠢᠭᠦᠯᠦᠨ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠥᠷᠢᠶᠡᠲᠦ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ︔ ᠪᠦᠭᠡᠮ ᠪᠠᠷᠠᠭ᠎ᠠ ᠪᠠ ᠳᠤᠮᠳᠠ ᠬᠤᠯᠠ ᠵᠠᠮ ᠤᠨ ᠪᠠᠷᠠᠭ᠎ᠠ ᠲᠡᠭᠡᠭᠡᠪᠦᠷᠢ ᠶᠢᠨ ︽ᠵᠠᠰᠠᠮᠠᠯ ᠵᠠᠮ ᠢᠶᠠᠷ ᠲᠡᠭᠡᠭᠡᠪᠦᠷᠢᠯᠡᠬᠦ ᠶᠢ ᠲᠡᠮᠦᠷ ᠵᠠᠮ ᠢᠶᠠᠷ ᠲᠡᠭᠡᠭᠡᠪᠦᠷᠢᠯᠡᠬᠦ ᠪᠣᠯᠭᠠᠨ ᠬᠤᠪᠢᠷᠠᠭᠤᠯᠬᠤ︾᠎ ᠶᠢ ᠲᠦᠷᠭᠡᠳᠬᠡᠵᠦ᠂ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠵᠡᠷᠭᠡ ᠶᠢ ᠪᠠᠭᠲᠠᠨ᠎ᠠ᠃     ᠡᠷᠬᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠴᠠᠷᠠᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠬᠠᠮᠢᠶ᠎ᠠ ᠪᠥᠬᠦᠶ ᠨᠠᠷᠢᠨ ᠲᠦᠷᠢᠮ ᠳᠤ ᠵᠠᠰᠠᠪᠤᠷᠢ ᠣᠷᠣᠭᠤᠯᠤᠨ᠂ ᠵᠦᠶ ᠵᠣᠬᠢᠰ ᠥᠬᠡᠶ ᠨᠥᠬᠦᠴᠡᠯ ᠳᠣᠭᠢᠷᠠᠭᠤᠯᠵᠤ ᠠᠵᠤ ᠠᠬᠤᠶᠢᠯᠠᠯ ᠤᠨ ᠣᠷᠣᠯᠴᠠᠬᠤ ᠶᠢ ᠬᠢᠵᠠᠭᠠᠷᠯᠠᠬᠤ ᠶᠢ ᠰᠡᠷᠭᠡᠶᠢᠯᠡᠪᠡ᠃ ᠡᠭᠦᠨ ᠤ ᠬᠠᠮᠲᠤ᠂ ᠳᠠᠭᠠᠭᠠᠴᠢᠯᠠᠯᠲᠠ ᠬᠦᠯᠢᠶᠡᠭᠰᠡᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠭᠠᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ᠃ ᠡᠭᠦᠨ ᠎ ᠠᠴᠠ ᠭᠠᠳᠠᠨ᠎ᠠ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠨᠠᠯᠲᠠ ᠬᠠᠮᠢᠶᠠᠷᠤᠯᠲᠠ ᠶᠢᠨ ᠵᠦᠶᠯᠡᠰ ᠢ ᠡᠮᠬᠢᠯᠡᠨ ᠵᠢᠷᠤᠮᠵᠢᠭᠤᠯᠵᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾᠎ ᠶᠢᠨ ᠲᠠᠪᠴᠠᠩ ᠤᠨ ᠬᠠᠮᠢᠶᠠᠷᠤᠯᠲᠠ ᠳᠤ ᠣᠷᠣᠭᠤᠯᠤᠨ᠂ ᠵᠠᠰᠠᠭ ᠵᠠᠬᠢᠷᠭᠠᠨ ᠤ ᠪᠠᠶᠢᠴᠠᠭᠠᠯᠲᠠ ᠪᠠ ᠰᠦᠶᠳᠬᠡᠯ ᠬᠤᠷᠢᠶᠠᠬᠤ ᠶᠢ ᠵᠢᠷᠤᠮᠵᠢᠭᠤᠯᠵᠤ᠂ ᠲᠣᠭᠲᠠᠭᠠᠯ ᠎ ᠠᠴᠠ ᠵᠥᠷᠢᠴᠡᠨ ᠰᠦᠶᠳᠬᠡᠯ ᠬᠤᠷᠢᠶᠠᠭᠰᠠᠨ ᠦᠶᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠵᠦ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠳᠤ ᠨᠠᠩ ᠲᠥᠪ ᠭᠤᠤᠯᠴᠢ᠂ ᠢᠯᠡ ᠲᠣᠳᠣ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃     ᠠᠵᠤ ᠠᠬᠤᠶᠢᠯᠠᠯ ᠤᠨ ︽ᠪᠠᠴᠢᠮᠳᠠᠬᠤ ᠲᠦᠪᠡᠭᠳᠡᠬᠦ ᠵᠣᠪᠠᠨᠢᠬᠤ ᠬᠦᠰᠡᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ 12345᠂ 12328 ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠤ ᠠᠬᠤᠶᠢᠯᠠᠯ ᠎ ᠤᠨ ᠲᠤᠰᠬᠠᠶ ᠰᠠᠭᠤᠳᠠᠯ ᠤᠨ ᠦᠶᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠬᠠᠷᠢᠭᠤᠯᠲᠠ ᠶᠢᠨ ᠲᠤᠰᠬᠠᠶ ᠲᠤᠰᠢᠶᠠᠯᠲᠠᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠳᠤ ᠲᠤᠶᠢᠯ ᠤᠨ ᠣᠨᠣᠪᠴᠢᠲᠠᠶ ᠲᠥᠷᠥ ᠶᠢᠨ ᠪᠣᠳᠣᠯᠭ᠎ᠠ ᠶᠢᠨ ᠬᠠᠷᠢᠭᠤᠯᠲᠠ ᠬᠠᠩᠭᠠᠨ᠎ᠠ᠃ ᠡᠭᠦᠨ ᠎ ᠤ ᠬᠠᠮᠲᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠨᠠᠨ ᠵᠥᠪᠰᠢᠶᠡᠷᠡᠬᠦ ᠬᠠᠪᠰᠤᠷᠤᠨ ᠭᠦᠶᠴᠡᠳᠬᠡᠬᠦ ᠣᠷᠣᠯᠠᠨ ᠭᠦᠶᠴᠡᠳᠬᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠳᠤ ᠬᠢᠨᠠᠨ ᠵᠥᠪᠰᠢᠶᠡᠷᠡᠬᠦ ᠵᠦᠶᠯᠡᠰ ᠢ ᠬᠠᠪᠰᠤᠷᠤᠨ ᠭᠦᠶᠴᠡᠳᠬᠡᠬᠦ ᠣᠷᠣᠯᠠᠨ ᠭᠦᠶᠴᠡᠳᠬᠡᠬᠦ ᠦᠶᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠶᠴᠡᠳᠬᠡᠬᠦ ᠶᠠᠪᠤᠴᠠ ᠳᠤ ᠲᠤᠯᠭᠠᠷᠠᠭᠰᠠᠨ ᠪᠣᠳᠠᠲᠠᠶ ᠠᠰᠠᠭᠤᠳᠠᠯ ᠢ ᠦᠨᠡᠨ ᠬᠦ ᠰᠢᠶᠳᠪᠦᠷᠢᠯᠡᠵᠦ᠂ ᠠᠵᠤ ᠠᠬᠤᠶᠢᠯᠠᠯ ᠎ ᠤᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号