ᠮᠠᠨ ᠤ ᠣᠷᠣᠨ ᠤ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠭᠰᠡᠨ ᠨᠡᠶᠢᠲᠡᠯᠢᠭ ᠬᠡᠷᠡᠭ  ᠤᠨ ᠵᠢᠱᠢᠶ᠎ᠡ ᠰᠣᠩᠭᠤᠭᠳᠠᠪᠠ
ᠨᠡᠶᠢᠲᠡᠯᠡᠭᠰᠡᠨ ᠴᠠᠭ᠄
2025/3/24
    3 ᠳ᠋ᠤᠭᠠᠷ ᠰᠠᠷ᠎ᠠ ᠶᠢᠨ 17 ᠤ ᠡᠳᠦᠷ᠂ ᠪᠥᠬᠦ ᠤᠯᠤᠰ ᠤᠨ ᠭᠤᠷᠪᠠᠳᠤᠭᠠᠷ ᠪᠦᠯᠦᠭ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃ ᠮᠠᠨ ᠤ ᠣᠷᠣᠨ ᠤ ︽ᠲᠥᠷᠥ ᠶᠢᠨ ᠪᠣᠳᠣᠯᠭ᠎ᠠ ᠬᠢᠭᠡᠳ ᠵᠠᠬ᠎ᠠ ᠳᠡᠯᠭᠡᠭᠦᠷ ᠤᠨ ︿ᠵᠣᠬᠢᠴᠠᠯᠳᠤᠨ ᠬᠦᠩ ᠠᠶᠠᠰ ᠨᠡᠶᠢᠯᠡᠬᠦ﹀ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠵᠤ ᠵᠠᠮ ᠬᠠᠷᠢᠯᠴᠠᠭ᠎ᠠ ᠪᠠᠷᠠᠭᠠᠨ ᠤ  ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠬᠤ︾ ᠨᠢ ᠠᠮᠵᠢᠯᠲᠠ ᠲᠠᠢ ᠰᠤᠩᠭᠤᠭᠳᠠᠪᠠ᠃     2024 ᠣᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠵᠤ᠂ ᠨᠢᠭᠡᠨᠲᠡ ᠪᠠᠶᠢᠭ᠎ᠠ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ ᠶᠢᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠳᠠᠮᠵᠢᠭᠤᠯᠤᠨ᠂ ᠰᠢᠨ᠎ᠡ ᠴᠢᠨᠠᠷ ᠪᠦᠬᠦᠢ ᠦᠶᠯᠡᠳᠪᠦᠷᠢᠯᠡᠯ ᠤᠨ ᠬᠦᠴᠦᠨ  ᠤ ᠪᠠᠷᠠᠭᠠᠨ ᠤ ᠭᠦᠶᠯᠭᠡᠭᠡ ᠶᠢᠨ ᠠᠵᠤ ᠠᠬᠤᠶᠢᠯᠠᠯ ᠢ ᠬᠥᠭᠵᠢᠭᠦᠯᠵᠦ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ ᠶᠢ ᠵᠣᠬᠢᠶᠠᠨ ᠪᠠᠶᠢᠭᠤᠯᠵᠤ᠂ ᠬᠠᠩᠭᠠᠯᠭ᠎ᠠ ᠶᠢᠨ ᠬᠡᠯᠬᠢᠶ᠎ᠡ ᠶᠢᠨ ᠡᠬᠢᠨ ᠤ ᠪᠠ ᠡᠴᠦᠰ ᠤᠨ ᠠᠭᠤᠰᠤᠯᠴᠠᠭᠰᠠᠨ ᠬᠡᠯᠪᠡᠷᠢ ᠶᠢᠨ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ ᠶᠢᠨ ᠠᠵᠤ ᠠᠬᠤᠶᠢᠯᠠᠯ ᠢ ᠪᠣᠶᠢᠵᠢᠭᠤᠯᠵᠤ᠂ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ ᠶᠢᠨ ᠬᠥᠭᠵᠢᠯᠲᠡ ᠶᠢᠨ ᠵᠠᠭᠪᠤᠷ ᠲᠤ ᠰᠢᠨ᠎ᠡ ᠶᠢ ᠡᠭᠦᠳᠴᠦ᠂ ᠲᠣᠭᠠᠴᠢᠯᠠᠯᠲᠠ ᠶᠢᠨ ᠬᠦᠴᠦᠨ ᠴᠢᠳᠠᠯ ᠣᠯᠭᠤᠬᠤ ᠰᠢᠨ᠎ᠡ ᠠᠷᠭ᠎ᠠ ᠵᠠᠮ ᠢ ᠰᠦᠪᠡᠭᠴᠢᠯᠡᠨ᠂ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠠᠬᠢᠭᠤᠯᠪᠠ᠃      ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢᠨ ᠲᠠᠯ᠎ᠠ ᠶᠢᠨ ᠦᠵᠦ ᠲᠥᠯᠥᠪᠯᠡᠭᠡ ᠶᠢ ᠴᠢᠩᠭᠠᠳᠬᠠᠬᠤ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠲᠥᠷᠥ ᠶᠢᠨ ᠪᠣᠳᠣᠯᠭ᠎ᠠ ᠬᠢᠭᠡᠳ ᠵᠠᠬ᠎ᠠ ᠳᠡᠯᠭᠡᠭᠦᠷ ᠤᠨ ︽ᠵᠣᠬᠢᠴᠠᠯᠳᠤᠨ ᠬᠦᠩ ᠠᠶᠠᠰ ᠨᠡᠶᠢᠯᠡᠬᠦ︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠦᠯ ᠢ ᠲᠣᠭᠲᠠᠭᠠᠵᠤ᠂ ᠣᠲᠣ ᠶᠢᠨ ᠪᠠᠶᠢᠭ᠎ᠠ ᠪᠠᠷᠠᠭᠠᠨ ᠤ  ᠭᠦᠢᠯᠭᠡᠭᠡ ᠶᠢᠨ ᠠᠵᠤ ᠠᠬᠤᠶᠢᠯᠠᠯ ᠢ ᠬᠦᠴᠦᠷᠬᠡᠭᠵᠢᠭᠦᠯᠬᠦ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ ᠶᠢ ᠵᠣᠬᠢᠶᠠᠨ ᠪᠠᠶᠢᠭᠤᠯᠬᠤ᠂ ᠰᠢᠨ᠎ᠡ ᠴᠢᠨᠠᠷ ᠪᠦᠬᠦᠢ ᠦᠶᠯᠡᠳᠪᠦᠷᠢᠯᠡᠯ  ᠤᠨ ᠬᠦᠴᠦᠨ ᠤ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠬᠥᠭᠵᠢᠭᠦᠯᠬᠦ ᠪᠠ ᠬᠠᠩᠭᠠᠯᠭ᠎ᠠ ᠶᠢᠨ ᠬᠡᠯᠬᠢᠶ᠎ᠡ ᠶᠢᠨ ᠡᠬᠢᠨ ᠤ ᠡᠴᠦᠰ ᠤᠨ ᠠᠭᠤᠰᠤᠯᠴᠠᠭᠰᠠᠨ ᠬᠡᠯᠪᠡᠷᠢ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠪᠣᠶᠢᠵᠢᠭᠤᠯᠬᠤ ᠳᠥᠷᠪᠡᠨ ᠠᠷᠭ᠎ᠠ ᠵᠠᠮ ᠤᠨ ᠲᠣᠭᠤᠷᠢᠨ ᠳᠤ 30 ᠵᠤᠷᠪᠤᠰ ᠪᠣᠳᠠᠲᠠᠶ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠣᠯᠠᠨ ᠲᠠᠯ᠎ᠠ ᠠᠴᠠ ᠬᠦᠭᠵᠢᠭᠡᠪᠡ᠃ ᠣᠳᠣᠬᠠᠨ ᠪᠣᠯᠲᠠᠯ᠎ᠠ᠂ ᠨᠢᠭᠡᠨᠲᠡ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ᠂ ᠰᠢᠦᠳᠠᠨ ᠤ ᠠᠵᠤ ᠠᠬᠤᠶᠢᠯᠠᠯ ᠢ 91 ᠬᠦᠮᠦᠷᠭᠡ ᠳᠤ ᠣᠷᠣᠭᠤᠯᠵᠤ᠂ ᠦᠶᠯᠡᠳᠬᠦᠨ ᠤ ᠥᠷᠲᠡᠭ ᠨᠢ 5 ᠳ᠋ᠦᠩᠰᠢᠭᠤᠷ ᠲᠥᠭᠦᠷᠢᠭ ᠢ ᠳᠠᠪᠠᠭᠰᠠᠨ ᠳᠠᠭᠠᠭᠤᠯᠤᠭᠴᠢ ᠠᠵᠤ ᠠᠬᠤᠶᠢᠯᠠᠯ ᠢ 20 ᠪᠣᠶᠢᠵᠢᠭᠤᠯᠪᠠ᠃     ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠬᠤ    ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠲᠦᠭᠦᠭᠡᠷᠤᠮᠵᠢ ᠶᠢᠨ ᠲᠤᠰᠬᠠᠶ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠬᠡᠷᠡᠭᠯᠡᠬᠦ ᠭᠠᠵᠠᠷ ᠤᠨ ᠬᠡᠪᠴᠢᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠬᠦᠴᠦᠯᠡᠴᠡ ᠲᠠᠢ ᠲᠣᠬᠢᠷᠠᠯᠴᠠᠬᠤ ᠶᠢ ᠪᠠᠲᠤᠯᠠᠪᠠ᠃ ᠮᠠᠨᠵᠤᠤᠷ᠂ ᠭᠠᠭᠴᠠᠮᠤᠳᠤ ᠭᠤᠤᠯᠳᠠᠯᠭ᠎ᠠ ᠲᠠᠢ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠶᠢᠯᠠᠯ ᠤᠨ ᠤᠷᠲᠤᠳᠬᠠᠨ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠬᠡᠷᠡᠭᠯᠡᠬᠦ ᠲᠡᠮᠦᠷ ᠵᠠᠮ ᠤᠨ ᠲᠤᠰᠬᠠᠶ ᠱᠤᠭᠤᠮ ᠢ ᠠᠮᠢᠯᠠᠭᠤᠯᠬᠤ ᠶᠢ ᠳᠡᠮᠵᠢᠵᠦ᠂ ᠵᠠᠩᠭᠢᠯᠠᠭ᠎ᠠ ᠶᠢᠨ ᠲᠠᠯᠠᠪᠤᠷ ᠥᠷᠲᠡᠭᠡ ᠶᠢ ︽ᠬᠥᠷᠰᠢᠯᠡᠭᠰᠡᠨ ᠴᠦ ᠵᠠᠯᠭᠠᠯᠳᠤᠬᠤ        ᠦᠭᠡᠢ︾ ᠵᠡᠷᠭᠡ ᠠᠰᠠᠭᠤᠳᠠᠯ ᠢ ᠰᠢᠶᠳᠪᠦᠷᠢᠯᠡᠨ᠎ᠡ᠃ ᠨᠢᠭᠡ ᠪᠦᠯᠦᠭ ᠠᠵᠤ ᠦᠶᠯᠡᠰ ᠤᠨ ᠵᠠᠮ ᠪᠠ ᠬᠦᠷᠢᠶᠡᠯᠡᠩ ᠲᠣᠭᠤᠷᠢᠭ ᠲᠤ ᠨᠡᠪᠲᠡᠷᠡᠬᠦ ᠵᠠᠰᠠᠮᠠᠯ ᠵᠠᠮ ᠢ ᠪᠥᠲᠥᠭᠡᠨ ᠪᠠᠶᠢᠭᠤᠯᠵᠤ᠂ ᠵᠠᠰᠠᠮᠠᠯ ᠵᠠᠮ᠂ ᠲᠡᠮᠦᠷ ᠵᠠᠮ ᠤᠨ ︽ᠡᠴᠦᠰ  ᠤᠨ ᠨᠢᠭᠡ ᠺᠢᠯᠣᠮᠧᠲᠷ︾ ᠪᠠ ᠪᠣᠭᠤᠮᠢ ᠵᠠᠮ ᠤᠨ ᠬᠡᠰᠡᠭ ᠢ ᠨᠡᠪᠲᠡᠷᠡᠭᠦᠯᠦᠨ᠎ᠡ᠃ ᠬᠤᠯᠠ ᠵᠠᠢ ᠶᠢᠨ ᠰᠢᠨ᠎ᠡ ᠡᠨᠧᠷᠭᠢ  ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠵᠢᠱᠢᠶ᠎ᠡ ᠦᠵᠡᠭᠦᠯᠬᠦ ᠨᠡᠪᠲᠡᠷᠡᠯ ᠵᠠᠮ ᠵᠢᠴᠢ ᠡᠳᠦᠶ ᠲᠡᠳᠦᠶ ᠠᠭᠤᠷᠬᠠᠢ ᠶᠢᠨ ᠣᠷᠣᠨ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠲᠤ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠵᠦ ᠰᠣᠯᠢᠬᠤ ᠲᠦᠭᠦᠭᠡᠷᠤᠮᠵᠢ ᠶᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠥᠪᠡᠷ ᠤᠨ ᠥᠷᠲᠡᠭ ᠢ ᠪᠠᠭᠤᠷᠠᠭᠤᠯᠬᠤ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃     ᠲᠥᠷᠥ ᠶᠢᠨ ᠪᠣᠳᠣᠯᠭ᠎ᠠ ᠶᠢᠨ ᠦᠶᠯᠡᠳᠦᠯ ᠢ ᠭᠦᠶᠴᠡᠳ ᠪᠠᠳᠠᠷᠠᠭᠤᠯᠬᠤ    ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ ᠰᠢᠯᠭᠠᠨ ᠬᠢᠨᠠᠬᠤ ᠪᠠᠷᠢᠮᠵᠢᠶ᠎ᠠ ᠶᠢ ᠲᠣᠭᠲᠠᠭᠠᠵᠤ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠᠷ ᠥᠨᠳᠥᠷ᠂ ᠵᠠᠬ᠎ᠠ ᠳᠡᠯᠭᠡᠭᠦᠷ  ᠤᠨ ᠥᠷᠢᠰᠦᠯᠳᠦᠬᠦ ᠬᠦᠴᠦᠨ ᠢᠶᠠᠷ ᠴᠢᠩᠭ᠎ᠠ᠂ ᠪᠣᠳᠠᠲᠤ ᠴᠣᠭᠴᠠ ᠶᠢᠨ ᠠᠵᠤ ᠠᠬᠤᠢ ᠶᠢᠨ ᠲᠤᠯᠭᠠᠭᠤᠷᠢᠯᠠᠨ ᠪᠠᠲᠤᠯᠠᠬᠤ ᠦᠶᠯᠡᠳᠦᠯ ᠢᠶᠠᠷ ᠢᠯᠡᠷᠬᠡᠶ ᠲᠣᠮᠣ ᠬᠡᠯᠪᠡᠷᠢ ᠶᠢᠨ ᠳᠠᠭᠠᠭᠤᠯᠤᠭᠴᠢ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠨᠠᠩ ᠣᠯᠠᠨ ᠨᠡᠶᠢᠭᠡᠮ ᠤᠨ ᠬᠥᠷᠥᠩᠭᠡ ᠶᠢ ᠲᠡᠳᠡᠨ ᠣᠷᠣᠯᠴᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠣᠲᠣᠭᠠᠳᠤ ᠶᠢᠨ ᠠᠮᠢᠵᠢᠷᠠᠯ ᠤᠨ ᠬᠦᠴᠦᠨ  ᠢ ᠤᠯᠠᠮ ᠨᠢᠭᠡ ᠠᠯᠬᠤᠮ ᠬᠥᠭᠵᠢᠭᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号