ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠴᠠᠷᠠᠭᠠᠨ ᠳᠠᠬᠢ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠵᠦ᠂ ᠠᠯᠢ ᠣᠯᠠᠨ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠪᠠ᠃ | ᠠᠵᠤ ᠠᠬᠤᠶᠢᠯᠠᠯ ᠳᠤ ᠬᠤᠯᠪᠣᠭᠳᠠᠭᠰᠠᠨ ᠵᠦᠶᠯᠡᠰ ᠢ ᠬᠢᠨᠠᠨ ᠵᠥᠪᠰᠢᠶᠡᠷᠡᠬᠦ ᠶᠢ ᠰᠢᠯᠢᠳᠡᠭᠵᠢᠭᠦᠯᠬᠦ ᠲᠠᠯ᠎ᠠ ᠪᠠᠷ᠂ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠢᠨᠠᠨ ᠵᠥᠪᠰᠢᠶᠡᠷᠡᠬᠦ ᠲᠠᠰ | ᠳᠠᠷᠠᠭᠠᠯᠠᠯ ᠢ ᠰᠢᠯᠢᠳᠡᠭᠵᠢᠭᠦᠯᠦᠨ ᠨᠡᠶᠢᠯᠡᠭᠦᠯᠵᠦ᠂ ᠠᠮᠠᠯᠠᠯᠲᠠ ᠶᠢ ᠮᠡᠳᠡᠭᠳᠡᠬᠦ᠂ ᠳᠤᠲᠠᠭᠳᠠᠯ ᠢ ᠠᠭᠤᠴᠢᠯᠠᠨ ᠭᠥᠯᠢᠶᠡᠨ | ᠠᠪᠴᠤ ᠰᠢᠶᠳᠪᠦᠷᠢᠯᠡᠬᠦ ᠶᠢ ᠳᠡᠯᠭᠡᠷᠡᠭᠦᠯᠵᠦ᠂ ︽ᠨᠢᠭᠡ ᠶᠠᠪᠤᠳᠠᠯ︾ ᠢ ᠭᠦᠶᠴᠡᠳᠬᠡᠬᠦ ᠬᠦᠴᠦᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠨᠠᠨ ᠵᠥᠪᠰᠢᠶᠡᠷᠡᠬᠦ | ᠲᠤᠯᠭᠠᠭᠤᠷᠢᠯᠠᠬᠤ ᠴᠢᠨᠠᠷᠲᠠᠶ ᠴᠢᠬᠤᠯᠠ ᠨᠥᠬᠦᠴᠡᠯ ᠢ ᠢᠯᠭᠠᠷᠠᠭᠤᠯᠤᠨ ᠵᠢᠷᠤᠮᠵᠢᠭᠤᠯᠵᠤ᠂ ᠪᠥᠬᠦ ᠣᠷᠣᠨ ᠤ ᠨᠡᠶᠢᠳᠡᠮ | ᠭᠦᠶᠴᠡᠳᠬᠡᠬᠦ ᠵᠦᠶᠯᠡᠰ ᠢ ᠰᠢᠨ᠎ᠡ ᠪᠠᠷ ᠨᠡᠮᠡᠭᠳᠡᠭᠦᠯᠦᠨ᠂ ᠣᠨᠳᠣᠤ ᠭᠠᠵᠠᠷ ᠲᠤ ᠵᠥᠷᠢᠶ᠎ᠡ ᠥᠬᠡᠶ ᠭᠥᠯᠢᠶᠡᠨ ᠠᠪᠴᠤ | ᠰᠢᠶᠳᠪᠦᠷᠢᠯᠡᠬᠦ ᠶᠢ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ | ᠤ ᠵᠦᠶᠯᠡᠰ ᠢ ᠰᠦᠯᠵᠢᠶ᠎ᠡ ᠪᠠᠷ ᠭᠦᠶᠴᠡᠳᠬᠡᠬᠦ ᠨᠣᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ | ᠠᠵᠢᠯ ᠶᠠᠪᠤᠳᠠᠯ ᠭᠦᠶᠴᠡᠳᠬᠡᠬᠦ ᠶᠢ ᠨᠠᠩ ᠳᠥᠭᠦᠮ ᠳᠥᠲᠡ ᠥᠨᠳᠥᠷ ᠪᠦᠲᠦᠮᠵᠢᠲᠡᠶ ᠪᠣᠯᠭᠠᠨ᠎ᠠ᠃ | ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ ᠨᠠᠮᠳᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠥᠷᠢ ᠥᠭᠴᠡᠭᠡ ᠶᠢ ᠳᠥᠯᠥᠬᠦ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠦᠷᠢᠶᠡᠨ ᠤ ᠠᠵᠤ ᠠᠬᠤᠶᠢᠯᠠᠯ ᠤᠨ ᠳᠠᠩᠰᠠᠨ ᠳᠠᠬᠢ ᠵᠣᠭᠤᠰ ᠥᠷᠢᠲᠦᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ | ᠤᠶᠢᠯᠠᠭᠠᠨ ᠵᠢᠭᠰᠠᠭᠠᠵᠤ᠂ ᠬᠠᠷᠢᠭᠤᠴᠠᠯᠭᠠᠲᠤ ᠨᠢᠭᠡᠴᠢ ᠶᠢ ᠰᠢᠮᠳᠠᠭᠤᠯᠵᠤ ᠪᠠᠶᠢᠭᠠᠳ ᠴᠠᠭ ᠲᠤᠬᠠᠶ ᠳᠤ ᠨᠢ ᠴᠡᠭᠴᠡᠯᠡᠨ | ᠰᠠᠶᠢᠵᠢᠷᠠᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠠᠵᠤ ᠠᠬᠤᠶᠢᠯᠠᠯ ᠤᠨ | ᠲᠣᠭᠲᠠᠭᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠲᠥᠰᠦᠯ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠷᠢᠰᠦᠯᠳᠦᠬᠦ | ᠬᠦᠴᠦᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠵᠦᠢᠯ ᠤᠨ ᠰᠢᠨ᠎ᠡ ᠶᠢ ᠡᠭᠦᠳᠬᠦ ᠠᠷᠭ᠎ᠠ | ᠬᠡᠮᠵᠢᠶ᠎ᠡ ᠶᠢ ᠳᠤᠷᠠᠳᠴᠠᠢ᠃ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠵᠤ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠳᠠᠭᠠᠭᠤᠯᠤᠭᠴᠢ ᠠᠵᠤ | ᠠᠬᠤᠶᠢᠯᠠᠯ ᠢ ᠪᠣᠶᠢᠵᠢᠭᠤᠯᠤᠨ᠎ᠠ︔ ︽ᠢᠨᠲ᠋ᠧᠷ ᠰᠦᠯᠵᠢᠶ᠎ᠡ +︾ ᠰᠢᠨ᠎ᠡ ᠡᠵᠡᠩᠨᠡᠯᠲᠡ ᠶᠢᠨ ᠬᠡᠯᠪᠡᠷᠢ ᠶᠢᠨ | ᠬᠥᠭᠵᠢᠯᠲᠡ ᠶᠢ ᠲᠡᠳᠬᠦᠨ ᠳᠠᠮᠵᠢᠵᠤ᠂ ᠠᠵᠤ ᠦᠢᠯᠡᠰ ᠤᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠤᠨ᠎ᠠ︔ | ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠬᠥᠭᠵᠢᠭᠦᠯᠦᠨ᠂ ᠠᠷᠠᠳ ᠤᠨ ᠪᠡᠯᠡ ᠣᠷᠣᠭᠤᠯᠤᠯᠲᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠵᠥᠷᠢᠶᠡᠲᠦ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ︔ ᠪᠦᠭᠡᠮ ᠪᠠᠷᠠᠭ᠎ᠠ ᠪᠠ ᠳᠤᠮᠳᠠ ᠬᠤᠯᠠ ᠵᠠᠮ ᠤᠨ ᠪᠠᠷᠠᠭ᠎ᠠ ᠲᠡᠭᠡᠭᠡᠪᠦᠷᠢ ᠶᠢᠨ ︽ᠵᠠᠰᠠᠮᠠᠯ | ᠵᠠᠮ ᠢᠶᠠᠷ ᠲᠡᠭᠡᠭᠡᠪᠦᠷᠢᠯᠡᠬᠦ ᠶᠢ ᠲᠡᠮᠦᠷ ᠵᠠᠮ ᠢᠶᠠᠷ ᠲᠡᠭᠡᠭᠡᠪᠦᠷᠢᠯᠡᠬᠦ ᠪᠣᠯᠭᠠᠨ ᠬᠤᠪᠢᠷᠠᠭᠤᠯᠬᠤ︾ ᠶᠢ ᠲᠦᠷᠭᠡᠳᠬᠡᠵᠦ᠂ | ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠵᠡᠷᠭᠡ ᠶᠢ ᠪᠠᠭᠲᠠᠨ᠎ᠠ᠃ | ᠡᠷᠬᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠬᠦᠷᠢᠶ᠎ᠡ ᠴᠠᠷᠠᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠬᠠᠮᠢᠶ᠎ᠠ ᠪᠥᠬᠦᠶ ᠨᠠᠷᠢᠨ | ᠲᠦᠷᠢᠮ ᠳᠤ ᠵᠠᠰᠠᠪᠤᠷᠢ ᠣᠷᠣᠭᠤᠯᠤᠨ᠂ ᠵᠦᠶ ᠵᠣᠬᠢᠰ ᠥᠬᠡᠶ ᠨᠥᠬᠦᠴᠡᠯ ᠳᠣᠭᠢᠷᠠᠭᠤᠯᠵᠤ ᠠᠵᠤ ᠠᠬᠤᠶᠢᠯᠠᠯ ᠤᠨ | ᠣᠷᠣᠯᠴᠠᠬᠤ ᠶᠢ ᠬᠢᠵᠠᠭᠠᠷᠯᠠᠬᠤ ᠶᠢ ᠰᠡᠷᠭᠡᠶᠢᠯᠡᠪᠡ᠃ ᠡᠭᠦᠨ ᠤ ᠬᠠᠮᠲᠤ᠂ ᠳᠠᠭᠠᠭᠠᠴᠢᠯᠠᠯᠲᠠ ᠬᠦᠯᠢᠶᠡᠭᠰᠡᠨ ᠤ | ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠭᠠᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ᠃ ᠡᠭᠦᠨ | ᠠᠴᠠ ᠭᠠᠳᠠᠨ᠎ᠠ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠨᠠᠯᠲᠠ ᠬᠠᠮᠢᠶᠠᠷᠤᠯᠲᠠ ᠶᠢᠨ ᠵᠦᠶᠯᠡᠰ ᠢ ᠡᠮᠬᠢᠯᠡᠨ | ᠵᠢᠷᠤᠮᠵᠢᠭᠤᠯᠵᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠲᠠᠪᠴᠠᠩ ᠤᠨ ᠬᠠᠮᠢᠶᠠᠷᠤᠯᠲᠠ ᠳᠤ | ᠣᠷᠣᠭᠤᠯᠤᠨ᠂ ᠵᠠᠰᠠᠭ ᠵᠠᠬᠢᠷᠭᠠᠨ ᠤ ᠪᠠᠶᠢᠴᠠᠭᠠᠯᠲᠠ ᠪᠠ ᠰᠦᠶᠳᠬᠡᠯ ᠬᠤᠷᠢᠶᠠᠬᠤ ᠶᠢ ᠵᠢᠷᠤᠮᠵᠢᠭᠤᠯᠵᠤ᠂ ᠲᠣᠭᠲᠠᠭᠠᠯ | ᠠᠴᠠ ᠵᠥᠷᠢᠴᠡᠨ ᠰᠦᠶᠳᠬᠡᠯ ᠬᠤᠷᠢᠶᠠᠭᠰᠠᠨ ᠦᠶᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠵᠦ᠂ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠤ | ᠠᠬᠤᠶᠢᠯᠠᠯ ᠳᠤ ᠨᠠᠩ ᠲᠥᠪ ᠭᠤᠤᠯᠴᠢ᠂ ᠢᠯᠡ ᠲᠣᠳᠣ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠵᠤ | ᠥᠭᠭᠦᠨ᠎ᠡ᠃ | ᠠᠵᠤ ᠠᠬᠤᠶᠢᠯᠠᠯ ᠤᠨ ︽ᠪᠠᠴᠢᠮᠳᠠᠬᠤ ᠲᠦᠪᠡᠭᠳᠡᠬᠦ ᠵᠣᠪᠠᠨᠢᠬᠤ ᠬᠦᠰᠡᠬᠦ︾ ᠳᠤ ᠠᠩᠬᠠᠷᠤᠯ ᠢᠶᠠᠨ | ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ 12345᠂ | 12328 ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠤ ᠠᠬᠤᠶᠢᠯᠠᠯ | ᠤᠨ ᠲᠤᠰᠬᠠᠶ ᠰᠠᠭᠤᠳᠠᠯ ᠤᠨ ᠦᠶᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ | ᠲᠥᠷᠥ ᠶᠢᠨ ᠪᠣᠳᠣᠯᠭ᠎ᠠ ᠶᠢᠨ ᠬᠠᠷᠢᠭᠤᠯᠲᠠ ᠶᠢᠨ ᠲᠤᠰᠬᠠᠶ ᠲᠤᠰᠢᠶᠠᠯᠲᠠᠨ ᠤ ᠡᠩᠨᠡᠭᠡ ᠶᠢ ᠵᠣᠬᠢᠶᠠᠨ ᠪᠠᠶᠢᠭᠤᠯᠵᠤ᠂ | ᠠᠵᠤ ᠠᠬᠤᠶᠢᠯᠠᠯ ᠳᠤ ᠲᠤᠶᠢᠯ ᠤᠨ ᠣᠨᠣᠪᠴᠢᠲᠠᠶ ᠲᠥᠷᠥ ᠶᠢᠨ ᠪᠣᠳᠣᠯᠭ᠎ᠠ ᠶᠢᠨ ᠬᠠᠷᠢᠭᠤᠯᠲᠠ ᠬᠠᠩᠭᠠᠨ᠎ᠠ᠃ ᠡᠭᠦᠨ | ᠤ ᠬᠠᠮᠲᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠨᠠᠨ ᠵᠥᠪᠰᠢᠶᠡᠷᠡᠬᠦ ᠬᠠᠪᠰᠤᠷᠤᠨ ᠭᠦᠶᠴᠡᠳᠬᠡᠬᠦ ᠣᠷᠣᠯᠠᠨ | ᠭᠦᠶᠴᠡᠳᠬᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠳᠤ ᠬᠢᠨᠠᠨ ᠵᠥᠪᠰᠢᠶᠡᠷᠡᠬᠦ ᠵᠦᠶᠯᠡᠰ ᠢ ᠬᠠᠪᠰᠤᠷᠤᠨ | ᠭᠦᠶᠴᠡᠳᠬᠡᠬᠦ ᠣᠷᠣᠯᠠᠨ ᠭᠦᠶᠴᠡᠳᠬᠡᠬᠦ ᠦᠶᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠠᠵᠢᠯ ᠶᠠᠪᠤᠳᠠᠯ | ᠭᠦᠶᠴᠡᠳᠬᠡᠬᠦ ᠶᠠᠪᠤᠴᠠ ᠳᠤ ᠲᠤᠯᠭᠠᠷᠠᠭᠰᠠᠨ ᠪᠣᠳᠠᠲᠠᠶ ᠠᠰᠠᠭᠤᠳᠠᠯ ᠢ ᠦᠨᠡᠨ ᠬᠦ ᠰᠢᠶᠳᠪᠦᠷᠢᠯᠡᠵᠦ᠂ ᠠᠵᠤ ᠠᠬᠤᠶᠢᠯᠠᠯ | ᠤᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ |