3 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ 2025 ᠣᠨ ᠤ 13 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ | ᠬᠤᠷᠠᠯᠳᠤᠭᠤᠯᠵᠤ᠂ ︽ᠪᠥᠬᠦ ᠨᠠᠮ ᠤᠨ ᠬᠡᠪᠴᠢᠶᠡᠨ ᠳᠤ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ︽ᠪᠦᠬᠦ ᠣᠷᠣᠨ | ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ | ᠬᠡᠷᠡᠭᠵᠢᠭᠦᠯᠬᠦ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ︽ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ | ᠲᠥᠰᠦᠯ︾ ᠢ ᠰᠤᠳᠤᠯᠤᠨ ᠬᠢᠨᠠᠨ ᠲᠣᠭᠲᠠᠭᠠᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢᠨ ᠪᠦᠬᠦ ᠲᠠᠯ᠎ᠠ ᠠᠴᠠ ᠡᠭᠦᠰᠴᠦ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠮᠥᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ | ᠪᠦᠲᠦᠮᠵᠢᠲᠡᠢ ᠪᠣᠯᠭᠠᠬᠤ ᠪᠣᠳᠠᠲᠠᠢ ᠠᠷᠭ᠎ᠠ ᠬᠡᠮᠵᠢᠶ᠎ᠡ ᠮᠥᠨ᠃ ᠶᠡᠷᠦᠩᠬᠡᠢ ᠱᠦᠵᠢ ᠰᠢ ᠶᠢᠨ ᠫᠢᠩ ᠡᠨᠡ ᠤᠳᠠᠭ᠎ᠠ ᠶᠢᠨ | ᠰᠤᠷᠤᠯᠴᠠᠯᠭ᠎ᠠ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠡᠷ ᠤᠨ ᠪᠡᠶ᠎ᠡ ᠪᠠᠷ ᠢᠶᠠᠨ ᠭᠤᠣᠯ ᠰᠡᠳᠦᠪ | ᠢ ᠲᠥᠯᠥᠪᠵᠢᠭᠦᠯᠦᠨ ᠲᠣᠭᠲᠠᠭᠠᠵᠤ᠂ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭᠴᠦ᠂ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠦᠵᠡᠯ ᠰᠠᠨᠠᠭ᠎ᠠ ᠪᠠᠨ ᠨᠢᠭᠡᠳᠬᠡᠵᠦ᠂ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ | ᠬᠥᠮᠦᠵᠢᠯ ᠥᠷᠨᠢᠭᠦᠯᠬᠦ ᠶᠢ ᠦᠨᠡᠨ ᠬᠦ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢᠨ ᠪᠣᠳᠠᠲᠠᠶ ᠦᠶᠯᠡᠳᠦᠯᠭᠡ ᠪᠣᠯᠭᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠰᠢᠨ᠎ᠡ ᠴᠠᠭ | ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢ ᠦᠶᠯᠡᠳᠦᠯᠭᠡᠵᠢᠭᠦᠯᠬᠦ ᠠᠰᠢᠭᠲᠠᠶ ᠠᠵᠠ ᠲᠣᠬᠢᠶᠠᠯ ᠪᠣᠯᠭᠠᠵᠤ᠂ | ᠲᠡᠷᠡ ᠶᠣᠰᠣ ᠪᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠨᠢᠭᠡ ᠳᠤ᠂ | ᠬᠠᠷᠠᠯᠲᠠ ᠪᠠᠨ ᠴᠢᠩᠭ᠎ᠠ ᠡᠵᠡᠮᠳᠡᠨ᠂ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠡᠯ᠎ᠡ | ᠵᠦᠶᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠬᠤᠶᠠᠷ ᠲᠤ᠂ | ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠵᠤ᠂ ᠵᠣᠷᠢᠭᠲᠠᠶ ᠪᠠᠷ ᠦᠶᠯᠡᠳᠦᠯᠭᠡᠵᠢᠭᠦᠯᠵᠦ᠂ ᠲᠢᠩᠬᠢᠮ ᠤᠨ ᠣᠨ ᠤ | ᠡᠯ᠎ᠡ ᠵᠦᠶᠯ ᠤᠨ ᠠᠵᠢᠯ ᠤᠨ ᠡᠭᠦᠷᠭᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ | ᠭᠤᠷᠪᠠ ᠳᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠬᠡᠷᠡᠭᠵᠢᠭᠦᠯᠵᠦ᠂ ᠲᠢᠩᠬᠢᠮ ᠤᠨ ᠰᠢᠭᠤᠳ | ᠬᠠᠷᠢᠶ᠎ᠠ ᠰᠢᠰᠲ᠋ᠧᠮ ᠤᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ | ᠬᠡᠷᠡᠭᠲᠡᠶ ᠭᠡᠵᠦ ᠴᠢᠬᠤᠯᠠᠴᠢᠯᠠᠪᠠ᠃ |