2025 ᠣᠨ ᠤ ᠨᠢᠭᠡᠳᠦᠭᠡᠷ ᠪᠦᠯᠦᠭ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠢ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2025/3/25
   ᠣᠶᠢᠷ᠎ᠠ ᠳᠤ᠂ ᠮᠠᠨ ᠤ ᠲᠢᠩᠬᠢᠮ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ᠶᠢ ᠵᠣᠬᠢᠶᠠᠨ ᠪᠠᠶᠢᠭᠤᠯᠵᠤ᠂ ᠬᠥᠬᠡᠬᠤᠲᠠ ᠶᠢᠨ ᠯᠦ ᠶᠦᠩ ᠵᠠᠰᠠᠮᠠᠯ ᠵᠠᠮ ᠤᠨ ᠪᠠᠷᠢᠯᠭ᠎ᠠ ᠶᠢᠨ ᠪᠠᠶᠢᠴᠠᠭᠠᠨ ᠬᠡᠮᠵᠢᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 7 ᠪᠠᠶᠢᠭᠤᠯᠤᠮᠵᠢ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠢᠷᠢ ᠬᠡᠮ ᠤᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ᠨᠢ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2023 ᠣᠨ ᠤ 9 ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ  ᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ᠢᠶᠠᠷ ᠳᠠᠮᠵᠢᠭᠤᠯᠤᠨ ᠲᠤᠰ ᠲᠤᠰ 3 ᠲᠤᠰᠬᠠᠶ ᠮᠡᠷᠭᠡᠵᠢᠯᠲᠡᠨ ᠢ ᠰᠣᠩᠭᠤᠵᠤ 7 ᠪᠠᠶᠢᠴᠠᠭᠠᠨ ᠬᠡᠮᠵᠢᠬᠦ ᠪᠠᠶᠢᠭᠤᠯᠤᠮᠵᠢ ᠶᠢ ᠲᠤᠬᠠᠶ ᠶᠢᠨ ᠭᠠᠵᠠᠷ ᠲᠤ ᠨᠢ ᠬᠢᠨᠠᠨ ᠲᠣᠭᠲᠠᠭᠠᠪᠠ ᠃ ᠡᠳᠦᠭᠡ ᠶᠡᠷᠦᠩᠬᠡᠶᠢᠯᠡᠨ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠨ᠎ᠡ          ︵ᠳᠠᠭᠠᠯᠳᠤᠭᠤᠯᠤᠯ ᠳᠤ ᠦᠵᠡ︶᠃     ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠠᠴᠠ ᠵᠠᠷᠯᠠᠨ ᠨᠡᠶᠢᠲᠡᠯᠡᠭᠰᠡᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠭᠡᠮ ᠢ ᠬᠢᠨᠠᠨ ᠲᠣᠭᠲᠠᠭᠠᠭᠰᠠᠨ ᠦᠷ᠎ᠡ ᠳ᠋ᠦᠩ ᠳᠤ ᠣᠨᠳᠣᠤ ᠰᠠᠨᠠᠯ ᠲᠠᠢ ᠪᠣᠯ᠂ ᠪᠢᠴᠢᠭ ᠤᠨ ᠬᠡᠯᠪᠡᠷᠢ ᠪᠠᠷ ᠢᠯᠡᠴᠢᠯᠡᠨ ᠮᠡᠳᠡᠭᠦᠯᠬᠦ ᠪᠤᠶᠤ ᠭᠤᠮᠣᠳᠠᠯ ᠢᠶᠠᠨ ᠲᠣᠭᠠᠴᠠᠵᠤ ᠪᠣᠯᠣᠨ᠎ᠠ᠃ ᠨᠢᠭᠡᠴᠢ ᠶᠢᠨ ᠬᠢᠨ ᠢᠯᠡᠴᠢᠯᠡᠨ ᠮᠡᠳᠡᠭᠦᠯᠬᠦ ᠳᠤ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠢᠯᠡᠴᠢᠯᠡᠨ ᠮᠡᠳᠡᠭᠦᠯᠬᠦ ᠳᠤ ᠦᠨᠡᠨ ᠪᠣᠳᠠᠲᠠᠶ ᠣᠪᠣᠭ ᠨᠡᠷ᠎ᠡ ᠪᠠ ᠬᠠᠷᠢᠯᠴᠠᠬᠤ ᠤᠲᠠᠰᠤ ᠪᠠᠨ ᠪᠢᠴᠢᠵᠦ᠂ ᠢᠯᠡᠴᠢᠯᠡᠨ ᠮᠡᠳᠡᠭᠦᠯᠬᠦ ᠳᠤ ᠨᠠᠷᠢᠨ ᠲᠣᠳᠣᠷᠬᠠᠶ ᠭᠡᠷᠡᠴᠢᠯᠡᠬᠦ ᠮᠠᠲ᠋ᠧᠷᠢᠶᠠᠯ ᠳᠠᠭᠠᠯᠳᠤᠭᠤᠯᠵᠤ᠂ ᠬᠢᠨᠠᠨ ᠪᠠᠶᠢᠴᠠᠭᠠᠬᠤ ᠳᠤ ᠳᠥᠭᠦᠮ ᠪᠠᠶᠢᠯᠭᠠᠨ᠎ᠠ᠃ ᠨᠡᠷ᠎ᠡ ᠪᠤᠷᠤᠭᠤᠯᠠᠭᠰᠠᠨ ᠣᠨᠳᠣᠣ ᠰᠠᠨᠠᠯ ᠪᠠ ᠵᠠᠷᠯᠠᠨ ᠨᠡᠶᠢᠲᠡᠯᠡᠬᠦ ᠬᠤᠭᠤᠴᠠᠭ᠎ᠠ ᠠᠴᠠ ᠬᠡᠲᠦᠷᠡᠭᠰᠡᠨ ᠣᠨᠳᠣᠣ ᠰᠠᠨᠠᠯ ᠪᠦᠬᠦᠨ ᠢ ᠴᠥᠮ ᠬᠦᠯᠢᠶᠡᠨ ᠠᠪᠴᠤ ᠰᠢᠢᠳᠪᠦᠷᠢᠯᠡᠬᠦ ᠦᠭᠡᠢ᠃ ᠵᠠᠷᠯᠠᠨ ᠨᠡᠶᠢᠲᠡᠯᠡᠬᠦ ᠬᠤᠭᠤᠴᠠᠭ᠎ᠠ  ᠨᠢ 2025 ᠣᠨ ᠤ 3 ᠳ᠋ᠤᠭᠠᠷ ᠰᠠᠷ᠎ᠠ ᠶᠢᠨ 21 ᠤ ᠡᠳᠦᠷ ᠠᠴᠠ 2025 ᠣᠨ ᠤ 3 ᠳ᠋ᠤᠭᠠᠷ ᠰᠠᠷ᠎ᠠ ᠶᠢᠨ 31  ᠤ ᠡᠳᠦᠷ ᠪᠣᠯᠲᠠᠯ᠎ᠠ᠃      ᠬᠠᠷᠢᠯᠴᠠᠬᠤ ᠬᠥᠮᠦᠨ᠄ ᠸᠠᠩ ᠹᠠᠩ   ᠹᠠᠨ ᠢᠦᠢ ᠬᠤᠤ      ᠬᠠᠷᠢᠯᠴᠠᠬᠤ ᠤᠲᠠᠰᠤ᠄ 0471 - 6969040   0471 - 6551886      ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ      ᠰᠢᠦᠳᠠᠨ ᠳ᠋ᠤᠭᠠᠷ᠄ 010050      ᠳᠠᠭᠠᠯᠳᠤᠭᠤᠯᠤᠯ᠄ 2025 ᠣᠨ ᠤ ᠨᠢᠭᠡᠳᠦᠭᠡᠷ ᠪᠦᠯᠦᠭ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ  ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠲᠣᠭᠲᠠᠭᠠᠭᠰᠠᠨ ᠦᠷ᠎ᠡ ᠳ᠋ᠦᠩ . pdf          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                   2025 ᠣᠨ ᠤ 3 ᠳ᠋ᠤᠭᠠᠷ ᠰᠠᠷ᠎ᠠ ᠶᠢᠨ 21 ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号