ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ ᠬᠤᠶᠠᠷ ᠰᠠᠯᠠᠭ᠎ᠠ ᠮᠥᠴᠢᠷ ᠠᠴᠠ ᠠᠷᠭ᠎ᠠ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2025/3/26
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾           ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠵᠤ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃     ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠶᠮᠠᠳᠤᠭᠠᠷ ᠪᠥᠬᠦᠳᠡ ᠬᠤᠷᠠᠯ ᠠᠴᠠ ᠵᠠᠰᠠᠮᠠᠯ ᠵᠠᠮ ᠢ ᠱᠠᠲᠤ ᠬᠤᠪᠢᠶᠠᠨ ᠬᠠᠮᠢᠶᠠᠷᠴᠤ ᠠᠷᠠᠴᠢᠯᠠᠨ ᠬᠠᠮᠠᠭᠠᠯᠠᠬᠤ ᠰᠢᠰᠲ᠋ᠧᠮᠵᠢ ᠶᠢ ᠰᠢᠯᠢᠳᠡᠭᠵᠢᠭᠦᠯᠬᠦ ᠲᠤᠬᠠᠶ ᠪᠠᠶᠢᠷᠢᠯᠠᠭᠤᠯᠪᠠ᠃ ᠲᠣᠰ ᠤᠳᠠᠭ᠎ᠠ ᠨᠡᠶᠢᠲᠡᠯᠡᠭᠰᠡᠨ           ︽ᠠᠷᠭ᠎ᠠ︾᠎ ᠳᠤ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠎ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠵᠠᠷᠤᠯᠭ᠎ᠠ ᠶᠢᠨ ᠬᠡᠪᠴᠢᠶ᠎ᠡ᠂ ᠬᠤᠪᠢᠶᠠᠷᠢᠯᠠᠬᠤ ᠠᠷᠭ᠎ᠠ ᠮᠠᠶ᠋ᠢᠭ᠂ ᠪᠠᠯᠠ ᠮᠥᠩᠭᠦ ᠶᠢ ᠬᠢᠨᠠᠨ ᠬᠠᠷᠭᠤᠭᠤᠯᠵᠤ ᠪᠠᠭᠤᠯᠭᠠᠬᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠎ ᠳᠤ ᠬᠢᠨᠠᠯᠲᠠ ᠲᠠᠯᠪᠢᠬᠤ ᠲᠤᠬᠠᠶ ᠲᠣᠭᠲᠠᠭᠠᠯ ᠭᠠᠷᠭᠠᠵᠤ᠂ ᠥᠪᠥᠷ ᠮᠣᠩᠭᠤᠯ ᠤᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠵᠦ᠂ ᠬᠠᠮᠢᠶᠠᠷᠤᠯᠲᠠ ᠶᠢᠨ ᠣᠶᠢᠯᠠᠭᠠᠭᠳᠠᠬᠤᠨ᠂ ᠬᠤᠪᠢᠶᠠᠷᠢᠯᠠᠬᠤ ᠪᠠᠷᠢᠮᠵᠢᠶ᠎ᠠ ᠪᠠ ᠠᠮᠵᠢᠯᠲᠠ ᠪᠦᠲᠦᠮᠵᠢ ᠶᠢᠨ ᠦᠨᠡᠯᠡᠯᠲᠡ ᠵᠡᠷᠭᠡ ᠭᠤᠷᠪᠠᠨ ᠲᠠᠯ᠎ᠠ ᠎ ᠠᠴᠠ ᠵᠠᠰᠠᠮᠠᠯ ᠵᠠᠮ ᠢ ᠱᠠᠲᠤ ᠬᠤᠪᠢᠶᠠᠨ ᠬᠠᠮᠢᠶᠠᠷᠴᠤ ᠠᠷᠠᠴᠢᠯᠠᠨ ᠬᠠᠮᠠᠭᠠᠯᠠᠬᠤ ᠰᠢᠰᠲ᠋ᠧᠮᠵᠢ ᠶᠢᠨ ᠥᠭᠡᠷᠡᠴᠢᠯᠡᠯᠲᠡ ᠎ ᠶᠢᠨ ᠱᠠᠭᠠᠷᠳᠠᠯᠭ᠎ᠠ ᠶᠢ ᠰᠢᠯᠢᠳᠡᠭᠵᠢᠭᠦᠯᠬᠦ ᠶᠢ ᠨᠠᠶᠢᠳᠠᠪᠤᠷᠢᠵᠢᠭᠤᠯᠤᠨ᠎ᠠ᠃     ︽ᠠᠷᠭ᠎ᠠ︾᠎ ᠨᠢ ︽ᠪᠠᠶᠢᠭᠤᠯᠵᠤ ᠠᠷᠠᠴᠢᠯᠠᠨ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ︾ ᠴᠢᠨᠠᠷ ᠰᠠᠶᠢᠲᠠᠶ ᠬᠥᠭᠵᠢᠯᠲᠡ ᠶᠢᠨ ᠣᠶᠢᠯᠠᠭᠠᠭᠳᠠᠬᠤᠨ ᠢ ᠪᠣᠶ ᠪᠣᠯᠭᠠᠬᠤ ᠶᠢ ᠠᠬᠢᠭᠤᠯᠵᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ︔ ᠡᠷᠴᠢᠮᠵᠢᠭᠦᠯᠦᠨ ᠠᠷᠪᠢᠯᠠᠬᠤ ᠣᠶᠢᠯᠠᠭᠠᠭᠳᠠᠬᠤᠨ ᠢ ᠲᠤᠭᠤᠰᠢᠯᠠᠭᠤᠯᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠪᠡᠯᠡ ᠮᠥᠩᠭᠦ ᠶᠢ ᠠᠷᠪᠢᠯᠠᠨ ᠭᠠᠮᠨᠠᠬᠤ ᠶᠢ ᠵᠣᠷᠢᠭᠵᠢᠭᠤᠯᠵᠤ᠂ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃     ︽ᠠᠷᠭ᠎ᠠ︾᠎ ᠨᠢ ᠬᠥᠳᠡᠭᠡ ᠲᠣᠰᠬᠤᠨ ᠤ ᠵᠠᠰᠠᠮᠠᠯ ᠵᠠᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ᠂ ᠬᠢᠯᠢ ᠳᠠᠭᠠᠤ ᠬᠤᠰᠢᠭᠤ ᠰᠢᠶᠠᠨ ᠤ ᠨᠥᠬᠦᠪᠥᠷᠢ ᠶᠢᠨ ᠪᠠᠷᠢᠮᠵᠢᠶ᠎ᠠ ᠶᠢ 10%᠎ ᠪᠠᠷ ᠳᠡᠭᠡᠭᠰᠢᠯᠡᠭᠦᠯᠵᠦ᠂ ᠣᠷᠣᠨ ᠨᠤᠲᠤᠭ ᠤᠨ ᠡᠳ᠋ ᠤᠨ ᠵᠠᠰᠠᠭ ᠤᠨ ᠳᠠᠷᠤᠯᠲᠠ ᠶᠢ ᠤᠯᠠᠮ ᠨᠢᠭᠡ ᠠᠯᠬᠤᠮ ᠬᠦᠩᠭᠡᠷᠡᠭᠦᠯᠦᠨ᠎ᠡ︔ ᠤᠯᠤᠰ ᠪᠠ ᠮᠤᠵᠢ ᠎ ᠶᠢᠨ ᠭᠤᠤᠯ ᠱᠤᠭᠤᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠵᠦ᠂ ︽ᠰᠠᠭᠤᠷᠢ ᠲᠤᠭ᠎ᠠ + ᠨᠡᠮᠡᠭᠳᠡᠯ ᠤᠨ ᠬᠡᠮᠵᠢᠶ᠎ᠡ︾᠎ ᠶᠢᠨ ᠠᠷᠭ᠎ᠠ ᠮᠠᠶ᠋ᠢᠭ ᠢ ︽ᠵᠠᠷᠤᠳᠠᠯ ᠤᠨ ᠭᠦᠶᠴᠡᠳᠬᠡᠯ ᠲᠤᠭ᠎ᠠ × ᠵᠠᠮ ᠤᠨ ᠣᠷᠳᠣ︾᠎ ᠪᠠᠷ ᠪᠤᠳᠤᠬᠤ ᠠᠷᠭ᠎ᠠ ᠮᠠᠶ᠋ᠢᠭ ᠪᠣᠯᠭᠠᠨ ᠬᠤᠪᠢᠷᠠᠭᠤᠯᠵᠤ᠂ ᠪᠠᠯᠠ ᠮᠥᠩᠭᠦ ᠶᠢᠨ ᠬᠡᠪᠴᠢᠶ᠎ᠡ ᠶᠢ ᠵᠠᠰᠠᠮᠠᠯ ᠵᠠᠮ ᠤᠨ ᠵᠠᠮ ᠤᠨ ᠣᠷᠳᠣ ᠲᠠᠢ ᠲᠣᠬᠢᠷᠠᠯᠴᠠᠭᠤᠯᠪᠠ᠃     ᠡᠭᠦᠨ ᠠᠴᠠ ᠭᠠᠳᠠᠨ᠎ᠠ᠂ ︽ᠠᠷᠭ᠎ᠠ︾᠎ ᠳᠤ ᠪᠠᠰᠠ ᠠᠷᠠᠴᠢᠯᠠᠨ ᠬᠠᠮᠠᠭᠠᠯᠠᠬᠤ ᠠᠵᠢᠯ ᠤᠨ ᠠᠮᠵᠢᠯᠲᠠ ᠪᠦᠲᠦᠮᠵᠢ ᠎ ᠶᠢᠨ ᠦᠨᠡᠯᠡᠯᠲᠡ ᠶᠢ ᠪᠠᠯᠠ ᠮᠥᠩᠭᠦ ᠶᠢᠨ ᠬᠤᠪᠢᠶᠠᠷᠢᠯᠠᠯᠲᠠ ᠲᠠᠢ ᠬᠤᠯᠪᠣᠭᠳᠠᠭᠤᠯᠵᠤ᠂ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ︽ᠠᠵᠢᠯ ᠤᠨ ᠠᠮᠵᠢᠯᠲᠠ ᠪᠦᠲᠦᠮᠵᠢ ᠶᠢᠨ ᠤᠳᠤᠷᠢᠳᠤᠮᠵᠢ︾᠎ ᠶᠢ ᠴᠢᠬᠤᠯᠠᠴᠢᠯᠠᠵᠤ᠂ ᠰᠠᠶᠢᠨ ᠢ ᠨᠢ ᠱᠠᠩᠨᠠᠵᠤ ᠮᠠᠭᠤ ᠶᠢ ᠨᠢ ᠲᠣᠷᠭᠠᠬᠤ ᠶᠢ ᠭᠦᠶᠴᠡᠳ ᠢᠯᠡᠷᠡᠭᠦᠯᠪᠡ︔ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠦᠷ᠎ᠡ ᠪᠦᠲᠦᠮᠵᠢ ᠶᠢ ᠪᠠᠯᠠ ᠮᠥᠩᠭᠦ ᠶᠢᠨ ᠬᠤᠪᠢᠶᠠᠷᠢᠯᠠᠯᠲᠠ ᠯᠤᠭ᠎ᠠ ᠬᠤᠯᠪᠣᠭᠳᠠᠭᠤᠯᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠬᠢᠨᠠᠨ ᠬᠠᠮᠢᠶᠠᠷᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠪᠠᠨ ᠴᠢᠩᠭᠠᠷᠠᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号