ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ ᠬᠤᠶᠠᠷ ᠰᠠᠯᠠᠭ᠎ᠠ ᠮᠥᠴᠢᠷ ᠠᠴᠠ ᠠᠷᠭ᠎ᠠ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2025/3/26
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾           ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃     ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠶᠮᠠᠳᠤᠭᠠᠷ ᠪᠥᠬᠦᠳᠡ ᠬᠤᠷᠠᠯ ᠠᠴᠠ ᠵᠠᠰᠠᠮᠠᠯ ᠵᠠᠮ ᠢ ᠱᠠᠲᠤ ᠬᠤᠪᠢᠶᠠᠨ ᠬᠠᠮᠢᠶᠠᠷᠴᠤ ᠠᠷᠠᠴᠢᠯᠠᠨ ᠬᠠᠮᠠᠭᠠᠯᠠᠬᠤ ᠰᠢᠰᠲ᠋ᠧᠮᠵᠢ ᠶᠢ ᠰᠢᠯᠢᠳᠡᠭᠵᠢᠭᠦᠯᠬᠦ ᠲᠤᠬᠠᠶ ᠪᠠᠶᠢᠷᠢᠯᠠᠭᠤᠯᠪᠠ᠃ ᠲᠣᠰ ᠤᠳᠠᠭ᠎ᠠ ᠨᠡᠶᠢᠲᠡᠯᠡᠭᠰᠡᠨ           ︽ᠠᠷᠭ᠎ᠠ︾ ᠳᠤ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ  ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠵᠠᠷᠤᠯᠭ᠎ᠠ ᠶᠢᠨ ᠬᠡᠪᠴᠢᠶ᠎ᠡ᠂ ᠬᠤᠪᠢᠶᠠᠷᠢᠯᠠᠬᠤ ᠠᠷᠭ᠎ᠠ ᠮᠠᠶ᠋ᠢᠭ᠂ ᠪᠠᠯᠠ ᠮᠥᠩᠭᠦ ᠶᠢ ᠬᠢᠨᠠᠨ ᠬᠠᠷᠭᠤᠭᠤᠯᠵᠤ ᠪᠠᠭᠤᠯᠭᠠᠬᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ  ᠳᠤ ᠬᠢᠨᠠᠯᠲᠠ ᠲᠠᠯᠪᠢᠬᠤ ᠲᠤᠬᠠᠶ ᠲᠣᠭᠲᠠᠭᠠᠯ ᠭᠠᠷᠭᠠᠵᠤ᠂ ᠥᠪᠥᠷ ᠮᠣᠩᠭᠤᠯ ᠤᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠵᠦ᠂ ᠬᠠᠮᠢᠶᠠᠷᠤᠯᠲᠠ ᠶᠢᠨ ᠣᠶᠢᠯᠠᠭᠠᠭᠳᠠᠬᠤᠨ᠂ ᠬᠤᠪᠢᠶᠠᠷᠢᠯᠠᠬᠤ ᠪᠠᠷᠢᠮᠵᠢᠶ᠎ᠠ ᠪᠠ ᠠᠮᠵᠢᠯᠲᠠ ᠪᠦᠲᠦᠮᠵᠢ ᠶᠢᠨ ᠦᠨᠡᠯᠡᠯᠲᠡ ᠵᠡᠷᠭᠡ ᠭᠤᠷᠪᠠᠨ ᠲᠠᠯ᠎ᠠ  ᠠᠴᠠ ᠵᠠᠰᠠᠮᠠᠯ ᠵᠠᠮ ᠢ ᠱᠠᠲᠤ ᠬᠤᠪᠢᠶᠠᠨ ᠬᠠᠮᠢᠶᠠᠷᠴᠤ ᠠᠷᠠᠴᠢᠯᠠᠨ ᠬᠠᠮᠠᠭᠠᠯᠠᠬᠤ ᠰᠢᠰᠲ᠋ᠧᠮᠵᠢ ᠶᠢᠨ ᠥᠭᠡᠷᠡᠴᠢᠯᠡᠯᠲᠡ  ᠶᠢᠨ ᠱᠠᠭᠠᠷᠳᠠᠯᠭ᠎ᠠ ᠶᠢ ᠰᠢᠯᠢᠳᠡᠭᠵᠢᠭᠦᠯᠬᠦ ᠶᠢ ᠨᠠᠶᠢᠳᠠᠪᠤᠷᠢᠵᠢᠭᠤᠯᠤᠨ᠎ᠠ᠃     ︽ᠠᠷᠭ᠎ᠠ︾ ᠨᠢ ︽ᠪᠠᠶᠢᠭᠤᠯᠵᠤ ᠠᠷᠠᠴᠢᠯᠠᠨ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ︾ ᠴᠢᠨᠠᠷ ᠰᠠᠶᠢᠲᠠᠶ ᠬᠥᠭᠵᠢᠯᠲᠡ ᠶᠢᠨ ᠣᠶᠢᠯᠠᠭᠠᠭᠳᠠᠬᠤᠨ ᠢ ᠪᠣᠶ ᠪᠣᠯᠭᠠᠬᠤ ᠶᠢ ᠠᠬᠢᠭᠤᠯᠵᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ︔ ᠡᠷᠴᠢᠮᠵᠢᠭᠦᠯᠦᠨ ᠠᠷᠪᠢᠯᠠᠬᠤ ᠣᠶᠢᠯᠠᠭᠠᠭᠳᠠᠬᠤᠨ ᠢ ᠲᠤᠭᠤᠰᠢᠯᠠᠭᠤᠯᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠪᠡᠯᠡ ᠮᠥᠩᠭᠦ ᠶᠢ ᠠᠷᠪᠢᠯᠠᠨ ᠭᠠᠮᠨᠠᠬᠤ ᠶᠢ ᠵᠣᠷᠢᠭᠵᠢᠭᠤᠯᠵᠤ᠂ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃     ︽ᠠᠷᠭ᠎ᠠ︾ ᠨᠢ ᠬᠥᠳᠡᠭᠡ ᠲᠣᠰᠬᠤᠨ ᠤ ᠵᠠᠰᠠᠮᠠᠯ ᠵᠠᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ᠂ ᠬᠢᠯᠢ ᠳᠠᠭᠠᠤ ᠬᠤᠰᠢᠭᠤ ᠰᠢᠶᠠᠨ ᠤ ᠨᠥᠬᠦᠪᠥᠷᠢ ᠶᠢᠨ ᠪᠠᠷᠢᠮᠵᠢᠶ᠎ᠠ ᠶᠢ 10% ᠪᠠᠷ ᠳᠡᠭᠡᠭᠰᠢᠯᠡᠭᠦᠯᠵᠦ᠂ ᠣᠷᠣᠨ ᠨᠤᠲᠤᠭ ᠤᠨ ᠡᠳ᠋ ᠤᠨ ᠵᠠᠰᠠᠭ ᠤᠨ ᠳᠠᠷᠤᠯᠲᠠ ᠶᠢ ᠤᠯᠠᠮ ᠨᠢᠭᠡ ᠠᠯᠬᠤᠮ ᠬᠦᠩᠭᠡᠷᠡᠭᠦᠯᠦᠨ᠎ᠡ︔ ᠤᠯᠤᠰ ᠪᠠ ᠮᠤᠵᠢ  ᠶᠢᠨ ᠭᠤᠤᠯ ᠱᠤᠭᠤᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠵᠦ᠂ ︽ᠰᠠᠭᠤᠷᠢ ᠲᠤᠭ᠎ᠠ + ᠨᠡᠮᠡᠭᠳᠡᠯ ᠤᠨ ᠬᠡᠮᠵᠢᠶ᠎ᠡ︾ ᠶᠢᠨ ᠠᠷᠭ᠎ᠠ ᠮᠠᠶ᠋ᠢᠭ ᠢ ︽ᠵᠠᠷᠤᠳᠠᠯ ᠤᠨ ᠭᠦᠶᠴᠡᠳᠬᠡᠯ ᠲᠤᠭ᠎ᠠ × ᠵᠠᠮ ᠤᠨ ᠣᠷᠳᠣ︾ ᠪᠠᠷ ᠪᠤᠳᠤᠬᠤ ᠠᠷᠭ᠎ᠠ ᠮᠠᠶ᠋ᠢᠭ ᠪᠣᠯᠭᠠᠨ ᠬᠤᠪᠢᠷᠠᠭᠤᠯᠵᠤ᠂ ᠪᠠᠯᠠ ᠮᠥᠩᠭᠦ ᠶᠢᠨ ᠬᠡᠪᠴᠢᠶ᠎ᠡ ᠶᠢ ᠵᠠᠰᠠᠮᠠᠯ ᠵᠠᠮ ᠤᠨ ᠵᠠᠮ ᠤᠨ ᠣᠷᠳᠣ ᠲᠠᠢ ᠲᠣᠬᠢᠷᠠᠯᠴᠠᠭᠤᠯᠪᠠ᠃     ᠡᠭᠦᠨ ᠠᠴᠠ ᠭᠠᠳᠠᠨ᠎ᠠ᠂ ︽ᠠᠷᠭ᠎ᠠ︾ ᠳᠤ ᠪᠠᠰᠠ ᠠᠷᠠᠴᠢᠯᠠᠨ ᠬᠠᠮᠠᠭᠠᠯᠠᠬᠤ ᠠᠵᠢᠯ ᠤᠨ ᠠᠮᠵᠢᠯᠲᠠ ᠪᠦᠲᠦᠮᠵᠢ  ᠶᠢᠨ ᠦᠨᠡᠯᠡᠯᠲᠡ ᠶᠢ ᠪᠠᠯᠠ ᠮᠥᠩᠭᠦ ᠶᠢᠨ ᠬᠤᠪᠢᠶᠠᠷᠢᠯᠠᠯᠲᠠ ᠲᠠᠢ ᠬᠤᠯᠪᠣᠭᠳᠠᠭᠤᠯᠵᠤ᠂ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ︽ᠠᠵᠢᠯ ᠤᠨ ᠠᠮᠵᠢᠯᠲᠠ ᠪᠦᠲᠦᠮᠵᠢ ᠶᠢᠨ ᠤᠳᠤᠷᠢᠳᠤᠮᠵᠢ︾ ᠶᠢ ᠴᠢᠬᠤᠯᠠᠴᠢᠯᠠᠵᠤ᠂ ᠰᠠᠶᠢᠨ ᠢ ᠨᠢ ᠱᠠᠩᠨᠠᠵᠤ ᠮᠠᠭᠤ ᠶᠢ ᠨᠢ ᠲᠣᠷᠭᠠᠬᠤ ᠶᠢ ᠭᠦᠶᠴᠡᠳ ᠢᠯᠡᠷᠡᠭᠦᠯᠪᠡ︔ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠦᠷ᠎ᠡ ᠪᠦᠲᠦᠮᠵᠢ ᠶᠢ ᠪᠠᠯᠠ ᠮᠥᠩᠭᠦ ᠶᠢᠨ ᠬᠤᠪᠢᠶᠠᠷᠢᠯᠠᠯᠲᠠ ᠯᠤᠭ᠎ᠠ ᠬᠤᠯᠪᠣᠭᠳᠠᠭᠤᠯᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠬᠢᠨᠠᠨ ᠬᠠᠮᠢᠶᠠᠷᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠪᠠᠨ ᠴᠢᠩᠭᠠᠷᠠᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号