︽ᠵᠢᠷᠭᠤᠭᠠᠨ ᠢᠨᠵᠧᠨᠧᠷᠢᠩ︾᠎ ᠢ ᠬᠡᠷᠡᠭᠵᠢᠭᠦᠯᠦᠨ᠎ᠡ — ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠎ ᠳᠠᠬᠢ ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠢᠩᠭᠢᠵᠦ ᠬᠢᠨ᠎ᠠ
ᠨᠡᠶᠢᠲᠡᠯᠡᠭᠰᠡᠨ ᠴᠠᠭ᠄
2025/3/27
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠯᠢ ᠣᠯᠠᠨ ᠠᠷᠭ᠎ᠠ ᠬᠡᠮᠵᠢᠶ᠎ᠡ ᠠᠪᠴᠤ᠂ ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠶᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠭᠦᠨᠵᠡᠭᠡᠶ ᠠᠬᠢᠭᠤᠯᠪᠠ᠃      ᠬᠠᠤᠯᠢᠵᠢᠭᠤᠯᠤᠯᠲᠠ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ    >> ᠢᠲᠡᠭᠡᠮᠵᠢ ᠶᠢᠨ ᠪᠠᠶᠢᠭᠤᠯᠤᠯᠲᠠ ᠶᠢ ︽ᠠᠷᠪᠠᠨ ᠲᠠᠪᠤᠳᠤᠭᠠᠷ ᠲᠠᠪᠤᠨ ᠵᠢᠯ︾᠎ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠯᠥᠪᠵᠢᠭᠦᠯᠭᠡ ᠳᠤ ᠭᠦᠨᠵᠡᠭᠡᠢ ᠠᠭᠤᠰᠬᠠᠨ ᠣᠷᠣᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠶᠢᠨ ᠠᠵᠢᠯ ᠢ ᠰᠢᠰᠲ᠋ᠧᠮ ᠲᠠᠢ ᠪᠠᠷ ᠲᠥᠯᠥᠪᠯᠡᠬᠦ ᠶᠢ ᠲᠦᠯᠬᠢᠨ ᠠᠬᠢᠭᠤᠯᠤᠨ᠎ᠠ᠃      >> ᠨᠢᠭᠡᠳᠦᠯᠲᠡᠢ ᠪᠥᠭᠡᠳ ᠨᠡᠭᠡᠭᠡᠯᠲᠡᠲᠡᠢ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠤᠨ᠎ᠠ᠃      >> ᠢᠲᠡᠭᠡᠮᠵᠢ ᠶᠢᠨ ᠰᠠᠭᠤᠷᠢ ᠲᠦᠷᠢᠮ ᠢ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠬᠤ ᠠᠵᠢᠯ ᠢ ᠡᠮᠬᠢ ᠵᠢᠷᠤᠮ ᠲᠠᠢ ᠥᠷᠨᠢᠭᠦᠯᠦᠨ᠎ᠡ᠃      ᠭᠤᠤᠯᠳᠠᠯᠭ᠎ᠠ ᠲᠠᠢ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ     >> ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠲᠠᠢ ᠵᠣᠯᠭᠠᠯᠳᠤᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      >> ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃     >> ᠵᠠᠰᠠᠭ ᠤᠨ ᠣᠷᠳᠣᠨ ᠤ ᠥᠷᠢ ᠥᠭᠴᠡᠭᠡ ᠶᠢ ᠢᠯᠭᠠᠷᠠᠭᠤᠯᠤᠨ ᠳᠥᠯᠥᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠦᠷᠢᠨ ᠪᠥᠷᠬᠦᠭᠦᠯᠬᠦ ᠶᠢ ᠦᠨᠡᠨ ᠬᠦ ᠪᠠᠲᠤᠯᠠᠵᠤ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠶᠴᠡᠳᠬᠡᠬᠦ︾᠎ ᠶᠢ ᠦᠷᠭᠦᠯᠵᠢᠯᠡᠨ ᠲᠡᠭᠦᠯᠳᠡᠷᠵᠢᠭᠦᠯᠵᠦ᠂ ︽ᠪᠥᠬᠦ ᠣᠷᠣᠨ ᠳᠤ ᠨᠡᠶᠢᠳᠡᠮ ᠭᠦᠶᠴᠡᠳᠬᠡᠬᠦ︾ ᠵᠦᠶᠯᠡᠰ ᠤᠨ ᠬᠡᠪᠴᠢᠶ᠎ᠡ ᠶᠢ ᠥᠷᠭᠡᠳᠬᠡᠨ᠎ᠡ᠃      ᠢᠲᠡᠭᠡᠮᠵᠢ ᠶᠢᠨ ᠲᠣᠭᠠᠴᠢᠯᠠᠭᠰᠠᠨ ᠪᠠᠶᠢᠭᠤᠯᠤᠯᠲᠠ ᠶᠢᠨ ᠲᠠᠯ᠎ᠠ ᠪᠠᠷ     >> ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠎ ᠶᠢᠨ ᠮᠡᠳᠡᠭᠡ ᠵᠠᠩᠭᠢ ᠶᠢᠨ ᠦᠶᠯᠡᠴᠢᠯᠡᠭᠡᠨ ᠤ ᠰᠢᠰᠲ᠋ᠧᠮ ᠤᠨ ᠲᠣᠭᠠᠴᠢᠯᠠᠯᠲᠠ ᠶᠢᠨ ᠬᠢᠷᠢ ᠬᠡᠮᠵᠢᠶ᠎ᠡ ᠶᠢ ᠳᠡᠰ ᠳᠡᠪᠰᠢᠭᠦᠯᠵᠦ᠂ ᠲᠤᠭ᠎ᠠ ᠪᠠᠷᠢᠮᠲᠠ ᠶᠢᠨ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠲᠡᠷᠡᠯᠴᠡᠬᠦ ᠶᠢ ᠠᠯᠬᠤᠮ ᠠᠯᠬᠤᠮ ᠎ ᠢᠶᠠᠷ ᠪᠡᠶᠡᠯᠡᠭᠦᠯᠦᠨ᠎ᠡ᠃    >> ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ᠂ ᠪᠦᠷᠢᠨ ᠪᠦᠲᠦᠨ᠂ ᠣᠨᠣᠪᠴᠢᠲᠠᠶ ᠴᠤᠭᠯᠠᠭᠤᠯᠤᠨ ᠨᠡᠶᠢᠯᠡᠭᠦᠯᠵᠦ᠂ ᠠᠵᠤ ᠠᠬᠤᠶᠢᠯᠠᠯ ᠪᠣᠯᠤᠨ ᠠᠵᠢᠯ ᠡᠷᠭᠢᠯᠡᠭᠰᠡᠳ ᠤᠨ ︽ᠨᠢᠭᠡ ᠡᠷᠦᠬᠡ ᠶᠢᠨ ᠮᠠᠶ᠋ᠢᠭ︾᠎ ᠤᠨ ᠢᠲᠡᠭᠡᠮᠵᠢ ᠶᠢᠨ ᠲᠠᠩᠰᠠ ᠡᠪᠬᠡᠮᠡᠯ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃      >> ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ︽ᠠᠷᠪᠠ ᠶᠢ ᠢᠯᠡ ᠨᠡᠶᠢᠲᠡᠯᠡᠬᠦ︾᠎ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠲᠢᠩᠬᠢᠮ ᠤᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ 10 ᠲᠥᠷᠥᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢ ᠪᠦᠬᠦᠨ ᠢ ᠰᠦᠯᠵᠢᠶᠡᠨ ᠳᠡᠭᠡᠷ᠎ᠡ ᠢᠯᠡ ᠪᠣᠯᠭᠠᠬᠤ ᠪᠠ ᠮᠡᠳᠡᠭᠦᠯᠦᠨ ᠬᠦᠷᠭᠡᠨ᠎ᠡ᠃     ᠪᠥᠬᠦ ᠶᠠᠪᠤᠴᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠬᠦ ᠲᠠᠯ᠎ᠠ ᠪᠠᠷ    >> ᠡᠵᠡᠩᠨᠡᠯᠲᠡ ᠶᠢᠨ ᠪᠡᠶᠡᠴᠢ ᠴᠣᠭᠴᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂           ︽ᠮᠡᠳᠡᠭᠳᠡᠵᠦ ᠠᠮᠠᠯᠳᠠᠬᠤ + ᠳᠤᠲᠠᠭᠳᠠᠯ ᠲᠠᠢ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠠᠭᠪᠤᠷ ᠢ ᠰᠦᠪᠡᠭᠴᠢᠯᠡᠨ ᠬᠡᠷᠡᠭᠵᠢᠭᠦᠯᠦᠨ᠎ᠡ᠃      >> ᠠᠵᠢᠯ ᠲᠥᠷᠥᠯ ᠤᠨ ᠢᠲᠡᠭᠡᠮᠵᠢ ᠶᠢᠨ ᠦᠨᠡᠯᠡᠯᠲᠡ ᠶᠢ ᠵᠢᠷᠤᠮᠵᠢᠭᠤᠯᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠲᠣᠮᠣ ᠵᠦᠢᠯ ᠤᠨ ᠲᠡᠭᠡᠭᠡᠪᠦᠷᠢ ᠵᠡᠷᠭᠡ ᠣᠯᠠᠨ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠬᠠᠤᠯᠢ ᠶᠣᠰᠣ ᠪᠠᠷ ᠥᠷᠨᠢᠭᠦᠯᠵᠦ᠂ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠨ᠎ᠡ᠃     >> ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠬᠡᠷᠡᠭᠵᠢᠭᠦᠯᠦᠯᠲᠡ ᠶᠢ ᠲᠣᠬᠢᠷᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃      >> ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠲᠥᠷᠥᠯ ᠵᠦᠶᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤᠮᠳᠠ᠂ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠭᠤᠤᠯ ᠴᠣᠭᠴᠠ ᠨᠢ ᠬᠠᠤᠯᠢ ᠶᠣᠰᠣ ᠪᠠᠷ ᠬᠠᠷᠠᠭᠠᠯᠵᠠᠯ ᠭᠥᠷᠳᠡᠨ᠎ᠡ᠃     >> ᠨᠠᠷᠢᠯᠢᠭ ᠣᠨᠣᠴᠠᠲᠠᠢ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ᠂ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ︽ᠢᠲᠡᠭᠡᠮᠵᠢ +︾ ᠤᠷᠮᠠᠰᠢᠭᠤᠯᠬᠤ ᠠᠬᠤᠢ ᠲᠠᠯᠠᠪᠤᠷ ᠢ ᠥᠷᠭᠡᠳᠬᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号