︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠨ᠎ᠡ — ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ  ᠳᠠᠬᠢ ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠢᠩᠭᠢᠵᠦ ᠬᠢᠨ᠎ᠠ
ᠨᠡᠶᠢᠲᠡᠯᠡᠭᠰᠡᠨ ᠴᠠᠭ᠄
2025/3/27
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠯᠢ ᠣᠯᠠᠨ ᠠᠷᠭ᠎ᠠ ᠬᠡᠮᠵᠢᠶ᠎ᠡ ᠠᠪᠴᠤ᠂ ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠶᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠭᠦᠨᠵᠡᠭᠡᠶ ᠠᠬᠢᠭᠤᠯᠪᠠ᠃      ᠬᠠᠤᠯᠢᠵᠢᠭᠤᠯᠤᠯᠲᠠ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ    >> ᠢᠲᠡᠭᠡᠮᠵᠢ ᠶᠢᠨ ᠪᠠᠶᠢᠭᠤᠯᠤᠯᠲᠠ ᠶᠢ ︽ᠠᠷᠪᠠᠨ ᠲᠠᠪᠤᠳᠤᠭᠠᠷ ᠲᠠᠪᠤᠨ ᠵᠢᠯ︾ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠯᠥᠪᠵᠢᠭᠦᠯᠭᠡ ᠳᠤ ᠭᠦᠨᠵᠡᠭᠡᠢ ᠠᠭᠤᠰᠬᠠᠨ ᠣᠷᠣᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠶᠢᠨ ᠠᠵᠢᠯ ᠢ ᠰᠢᠰᠲ᠋ᠧᠮ ᠲᠠᠢ ᠪᠠᠷ ᠲᠥᠯᠥᠪᠯᠡᠬᠦ ᠶᠢ ᠲᠦᠯᠬᠢᠨ ᠠᠬᠢᠭᠤᠯᠤᠨ᠎ᠠ᠃      >> ᠨᠢᠭᠡᠳᠦᠯᠲᠡᠢ ᠪᠥᠭᠡᠳ ᠨᠡᠭᠡᠭᠡᠯᠲᠡᠲᠡᠢ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠤᠨ᠎ᠠ᠃      >> ᠢᠲᠡᠭᠡᠮᠵᠢ ᠶᠢᠨ ᠰᠠᠭᠤᠷᠢ ᠲᠦᠷᠢᠮ ᠢ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠬᠤ ᠠᠵᠢᠯ ᠢ ᠡᠮᠬᠢ ᠵᠢᠷᠤᠮ ᠲᠠᠢ ᠥᠷᠨᠢᠭᠦᠯᠦᠨ᠎ᠡ᠃      ᠭᠤᠤᠯᠳᠠᠯᠭ᠎ᠠ ᠲᠠᠢ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ     >> ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠲᠠᠢ ᠵᠣᠯᠭᠠᠯᠳᠤᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      >> ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃     >> ᠵᠠᠰᠠᠭ ᠤᠨ ᠣᠷᠳᠣᠨ ᠤ ᠥᠷᠢ ᠥᠭᠴᠡᠭᠡ ᠶᠢ ᠢᠯᠭᠠᠷᠠᠭᠤᠯᠤᠨ ᠳᠥᠯᠥᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠦᠷᠢᠨ ᠪᠥᠷᠬᠦᠭᠦᠯᠬᠦ ᠶᠢ ᠦᠨᠡᠨ ᠬᠦ ᠪᠠᠲᠤᠯᠠᠵᠤ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠶᠴᠡᠳᠬᠡᠬᠦ︾ ᠶᠢ ᠦᠷᠭᠦᠯᠵᠢᠯᠡᠨ ᠲᠡᠭᠦᠯᠳᠡᠷᠵᠢᠭᠦᠯᠵᠦ᠂ ︽ᠪᠥᠬᠦ ᠣᠷᠣᠨ ᠳᠤ ᠨᠡᠶᠢᠳᠡᠮ ᠭᠦᠶᠴᠡᠳᠬᠡᠬᠦ︾ ᠵᠦᠶᠯᠡᠰ ᠤᠨ ᠬᠡᠪᠴᠢᠶ᠎ᠡ ᠶᠢ ᠥᠷᠭᠡᠳᠬᠡᠨ᠎ᠡ᠃      ᠢᠲᠡᠭᠡᠮᠵᠢ ᠶᠢᠨ ᠲᠣᠭᠠᠴᠢᠯᠠᠭᠰᠠᠨ ᠪᠠᠶᠢᠭᠤᠯᠤᠯᠲᠠ ᠶᠢᠨ ᠲᠠᠯ᠎ᠠ ᠪᠠᠷ     >> ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ  ᠶᠢᠨ ᠮᠡᠳᠡᠭᠡ ᠵᠠᠩᠭᠢ ᠶᠢᠨ ᠦᠶᠯᠡᠴᠢᠯᠡᠭᠡᠨ ᠤ ᠰᠢᠰᠲ᠋ᠧᠮ ᠤᠨ ᠲᠣᠭᠠᠴᠢᠯᠠᠯᠲᠠ ᠶᠢᠨ ᠬᠢᠷᠢ ᠬᠡᠮᠵᠢᠶ᠎ᠡ ᠶᠢ ᠳᠡᠰ ᠳᠡᠪᠰᠢᠭᠦᠯᠵᠦ᠂ ᠲᠤᠭ᠎ᠠ ᠪᠠᠷᠢᠮᠲᠠ ᠶᠢᠨ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠲᠡᠷᠡᠯᠴᠡᠬᠦ ᠶᠢ ᠠᠯᠬᠤᠮ ᠠᠯᠬᠤᠮ  ᠢᠶᠠᠷ ᠪᠡᠶᠡᠯᠡᠭᠦᠯᠦᠨ᠎ᠡ᠃    >> ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ᠂ ᠪᠦᠷᠢᠨ ᠪᠦᠲᠦᠨ᠂ ᠣᠨᠣᠪᠴᠢᠲᠠᠶ ᠴᠤᠭᠯᠠᠭᠤᠯᠤᠨ ᠨᠡᠶᠢᠯᠡᠭᠦᠯᠵᠦ᠂ ᠠᠵᠤ ᠠᠬᠤᠶᠢᠯᠠᠯ ᠪᠣᠯᠤᠨ ᠠᠵᠢᠯ ᠡᠷᠭᠢᠯᠡᠭᠰᠡᠳ ᠤᠨ ︽ᠨᠢᠭᠡ ᠡᠷᠦᠬᠡ ᠶᠢᠨ ᠮᠠᠶ᠋ᠢᠭ︾ ᠤᠨ ᠢᠲᠡᠭᠡᠮᠵᠢ ᠶᠢᠨ ᠲᠠᠩᠰᠠ ᠡᠪᠬᠡᠮᠡᠯ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃      >> ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ︽ᠠᠷᠪᠠ ᠶᠢ ᠢᠯᠡ ᠨᠡᠶᠢᠲᠡᠯᠡᠬᠦ︾ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠲᠢᠩᠬᠢᠮ ᠤᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ 10 ᠲᠥᠷᠥᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢ ᠪᠦᠬᠦᠨ ᠢ ᠰᠦᠯᠵᠢᠶᠡᠨ ᠳᠡᠭᠡᠷ᠎ᠡ ᠢᠯᠡ ᠪᠣᠯᠭᠠᠬᠤ ᠪᠠ ᠮᠡᠳᠡᠭᠦᠯᠦᠨ ᠬᠦᠷᠭᠡᠨ᠎ᠡ᠃     ᠪᠥᠬᠦ ᠶᠠᠪᠤᠴᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠬᠦ ᠲᠠᠯ᠎ᠠ ᠪᠠᠷ    >> ᠡᠵᠡᠩᠨᠡᠯᠲᠡ ᠶᠢᠨ ᠪᠡᠶᠡᠴᠢ ᠴᠣᠭᠴᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂           ︽ᠮᠡᠳᠡᠭᠳᠡᠵᠦ ᠠᠮᠠᠯᠳᠠᠬᠤ + ᠳᠤᠲᠠᠭᠳᠠᠯ ᠲᠠᠢ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠠᠭᠪᠤᠷ ᠢ ᠰᠦᠪᠡᠭᠴᠢᠯᠡᠨ ᠬᠡᠷᠡᠭᠵᠢᠭᠦᠯᠦᠨ᠎ᠡ᠃      >> ᠠᠵᠢᠯ ᠲᠥᠷᠥᠯ ᠤᠨ ᠢᠲᠡᠭᠡᠮᠵᠢ ᠶᠢᠨ ᠦᠨᠡᠯᠡᠯᠲᠡ ᠶᠢ ᠵᠢᠷᠤᠮᠵᠢᠭᠤᠯᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠲᠣᠮᠣ ᠵᠦᠢᠯ ᠤᠨ ᠲᠡᠭᠡᠭᠡᠪᠦᠷᠢ ᠵᠡᠷᠭᠡ ᠣᠯᠠᠨ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠬᠠᠤᠯᠢ ᠶᠣᠰᠣ ᠪᠠᠷ ᠥᠷᠨᠢᠭᠦᠯᠵᠦ᠂ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠨ᠎ᠡ᠃     >> ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠬᠡᠷᠡᠭᠵᠢᠭᠦᠯᠦᠯᠲᠡ ᠶᠢ ᠲᠣᠬᠢᠷᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃      >> ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠲᠥᠷᠥᠯ ᠵᠦᠶᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤᠮᠳᠠ᠂ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠭᠤᠤᠯ ᠴᠣᠭᠴᠠ ᠨᠢ ᠬᠠᠤᠯᠢ ᠶᠣᠰᠣ ᠪᠠᠷ ᠬᠠᠷᠠᠭᠠᠯᠵᠠᠯ ᠭᠥᠷᠳᠡᠨ᠎ᠡ᠃     >> ᠨᠠᠷᠢᠯᠢᠭ ᠣᠨᠣᠴᠠᠲᠠᠢ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ᠂ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ︽ᠢᠲᠡᠭᠡᠮᠵᠢ +︾ ᠤᠷᠮᠠᠰᠢᠭᠤᠯᠬᠤ ᠠᠬᠤᠢ ᠲᠠᠯᠠᠪᠤᠷ ᠢ ᠥᠷᠭᠡᠳᠬᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号