ᠨᠢᠭᠡ᠂ ᠲᠣᠭᠲᠠᠭᠠᠭᠰᠠᠨ ᠠᠬᠤᠶ ᠪᠠᠶᠢᠳᠠᠯ | 2005 ᠣᠨ ᠠᠴᠠ ᠨᠠᠭᠠᠰᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠳᠠᠷᠤᠮᠠᠯᠯᠠᠨ ᠲᠠᠷᠬᠠᠭᠠᠭᠰᠠᠨ | ᠪᠥᠭᠡᠳ ᠵᠠᠰᠠᠪᠤᠷᠢ ᠣᠷᠣᠭᠤᠯᠤᠭᠰᠠᠨ ︽ᠵᠠᠮ ᠤᠨ ᠠᠶᠠᠨᠴᠢᠳ ᠤᠨ ᠵᠥᠭᠡᠭᠡᠪᠦᠷᠢ ᠵᠢᠴᠢ ᠠᠶᠠᠨᠴᠢᠳ ᠤᠨ ᠲᠡᠭᠡᠭᠡᠪᠦᠷᠢ | ᠶᠢᠨ ᠥᠷᠲᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠳᠤ᠄ ︽ᠤᠯᠤᠰ ᠠᠴᠠ ᠵᠠᠮ ᠤᠨ ᠠᠶᠠᠨᠴᠢᠳ ᠤᠨ | ᠵᠥᠭᠡᠭᠡᠪᠦᠷᠢ ᠶᠢᠨ ᠠᠵᠤ ᠠᠬᠤᠶᠢᠯᠠᠯ ᠤᠨ ᠶᠠᠰᠤ ᠴᠢᠨᠠᠷ ᠤᠨ ᠢᠲᠡᠭᠡᠯ ᠬᠦᠨᠳᠦ ᠶᠢ ᠰᠢᠯᠭᠠᠨ ᠬᠢᠨᠠᠬᠤ ᠳᠦᠷᠢᠮ ᠢ | ᠬᠡᠷᠡᠭᠵᠢᠭᠦᠯᠦᠨ᠎ᠡ︾ ᠭᠡᠵᠦ ᠲᠣᠳᠣᠷᠬᠠᠢ ᠳᠤᠷᠠᠳᠪᠠ᠃ 2008 ᠣᠨ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠠᠮᠤᠨ ᠤ ︽ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠶᠠᠰᠤ ᠴᠢᠨᠠᠷ ᠤᠨ ᠢᠲᠡᠭᠡᠯ ᠬᠦᠨᠳᠦ ᠶᠢ ᠰᠢᠯᠭᠠᠨ ᠬᠢᠨᠠᠬᠤ | ᠠᠷᠭ᠎ᠠ ︵ᠲᠤᠷᠰᠢᠨ ᠬᠡᠷᠡᠭᠵᠢᠭᠦᠯᠬᠦ︶︾ ︵2006 ᠣᠨ︶ ᠵᠡᠷᠭᠡ ᠲᠣᠭᠲᠠᠭᠠᠯ ᠢ ᠦᠨᠳᠦᠰᠦᠯᠡᠨ᠂ ᠮᠠᠨ ᠤ | ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ | ᠶᠠᠰᠤ ᠴᠢᠨᠠᠷ ᠤᠨ ᠢᠲᠡᠭᠡᠯ ᠬᠦᠨᠳᠦ ᠶᠢ ᠰᠢᠯᠭᠠᠨ ᠬᠢᠨᠠᠬᠤ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ | ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠭᠰᠠᠨ ᠪᠥᠭᠡᠳ 2013 ᠣᠨ ᠳᠤ ᠵᠠᠰᠠᠪᠤᠷᠢ ᠣᠷᠣᠭᠤᠯᠵᠤ᠂ ᠡᠯ᠎ᠡ | ᠭᠠᠵᠠᠷ ᠢ ᠵᠢᠯᠣᠭᠤᠳᠤᠨ ᠬᠠᠷᠢᠶ᠎ᠠ ᠣᠷᠣᠨ ᠤ ᠪᠠᠨ ᠳᠣᠲᠣᠷᠠᠬᠢ ᠵᠠᠮ ᠲᠡᠭᠡᠭᠡᠪᠦᠷᠢ ᠶᠢᠨ ᠠᠵᠤ ᠠᠬᠤᠶᠢᠯᠠᠯ ᠳᠤ ᠶᠠᠰᠤ | ᠴᠢᠨᠠᠷ ᠤᠨ ᠢᠲᠡᠭᠡᠯ ᠬᠦᠨᠳᠦ ᠶᠢ ᠰᠢᠯᠭᠠᠨ ᠬᠢᠨᠠᠬᠤ ᠶᠢ ᠥᠷᠨᠢᠭᠦᠯᠵᠦ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ | ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠪᠠ᠃ | ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ᠂ ᠪᠠᠶᠢᠭᠤᠯᠤᠮᠵᠢ ᠶᠢᠨ ᠥᠭᠡᠷᠡᠴᠢᠯᠡᠯᠲᠡ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ᠂ | ᠠᠵᠢᠯ ᠦᠶᠯᠡᠰ ᠤᠨ ᠨᠢᠭᠡᠴᠢ ᠶᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠵᠡᠷᠭᠡ ᠠᠵᠢᠯ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ᠂ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠬᠦ ᠪᠠ ᠲᠡᠭᠦᠯᠳᠡᠷᠵᠢᠭᠦᠯᠬᠦ | ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠠᠮᠢᠶ᠎ᠠ ᠪᠥᠬᠦᠶ ᠲᠦᠷᠢᠮ ᠲᠣᠭᠲᠠᠭᠠᠯ ᠢ ᠵᠠᠯᠭᠠᠭ᠎ᠠ ᠪᠠᠷ | ᠨᠡᠶᠢᠲᠡᠯᠡᠬᠦ ᠪᠠ ᠵᠠᠰᠠᠪᠤᠷᠢ ᠣᠷᠣᠭᠤᠯᠬᠤ ᠶᠢ ᠳᠠᠭᠠᠯᠳᠤᠨ᠂ ᠤᠤᠯ ᠤᠨ ᠢᠲᠡᠭᠡᠯ ᠬᠦᠨᠳᠦ ᠶᠢ ᠰᠢᠯᠭᠠᠨ ᠬᠢᠨᠠᠬᠤ ᠶᠢ | ᠬᠡᠷᠡᠭᠵᠢᠭᠦᠯᠬᠦ ᠨᠠᠷᠢᠨ ᠲᠦᠷᠢᠮ ᠤᠨ ᠬᠡᠰᠡᠭ ᠵᠦᠶᠯ ᠵᠤᠷᠪᠤᠰ ᠨᠢ ᠳᠡᠭᠡᠳᠦ ᠪᠠᠶᠢᠷᠢ ᠶᠢᠨ ᠬᠠᠤᠯᠢ ᠲᠠᠢ ᠨᠢᠭᠡᠳᠦᠯ ᠥᠬᠡᠶ᠂ | ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠲᠠᠢ ᠵᠣᠬᠢᠴᠠᠯᠳᠤᠬᠤ ᠥᠬᠡᠶ᠂ ᠵᠢᠯᠣᠭᠤᠳᠴᠤ ᠰᠢᠯᠭᠠᠨ ᠬᠢᠨᠠᠬᠤ ᠠᠵᠢᠯ | ᠳᠤ ᠳᠤᠲᠠᠭᠤᠳᠠᠯ ᠣᠷᠣᠰᠢᠵᠤ ᠪᠠᠶᠢᠨ᠎ᠠ᠃ ᠰᠢᠨ᠎ᠡ ᠬᠤᠪᠢᠷᠠᠯᠲᠠ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ᠂ ᠪᠥᠬᠦ | ᠣᠷᠣᠨ ᠤ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠠᠵᠤ ᠠᠬᠤᠶᠢᠯᠠᠯ ᠤᠨ ᠶᠠᠰᠤ ᠴᠢᠨᠠᠷ ᠤᠨ ᠢᠲᠡᠭᠡᠯ ᠬᠦᠨᠳᠦ | ᠶᠢ ᠰᠢᠯᠭᠠᠨ ᠬᠢᠨᠠᠬᠤ ᠪᠠ ᠦᠨᠡᠨᠴᠢ ᠢᠲᠡᠭᠡᠮᠵᠢ ᠶᠢ ᠦᠨᠡᠯᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ | ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠬᠦ ᠶᠢ ᠠᠬᠢᠭᠤᠯᠬᠤ ᠶᠢᠨ ᠲᠥᠯᠥᠭᠡ᠂ ᠮᠠᠨ ᠤ ᠣᠷᠣᠨ ᠤ ᠵᠠᠮ ᠤᠨ ᠠᠶᠠᠨᠴᠢᠳ ᠤᠨ ᠵᠥᠭᠡᠭᠡᠪᠦᠷᠢ ᠶᠢᠨ | ᠠᠵᠤ ᠠᠬᠤᠶᠢᠯᠠᠯ ᠤᠨ ᠶᠠᠰᠤ ᠴᠢᠨᠠᠷ ᠤᠨ ᠢᠲᠡᠭᠡᠯ ᠬᠦᠨᠳᠦ ᠶᠢ ᠰᠢᠯᠭᠠᠨ ᠬᠢᠨᠠᠬᠤ ᠠᠷᠭ᠎ᠠ ᠶᠢ ᠲᠣᠭᠲᠠᠭᠠᠨ | ᠲᠠᠷᠬᠠᠭᠠᠬᠤ ᠴᠢᠬᠤᠯᠠᠲᠠᠢ ᠪᠣᠯᠵᠠᠢ᠃ | ᠬᠤᠶᠠᠷ᠂ ᠲᠣᠭᠲᠠᠭᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠭᠦᠢ ᠦᠶᠯᠡᠳᠪᠦᠷᠢᠯᠡᠯ ᠤᠨ ᠬᠠᠤᠯᠢ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠲᠦᠷᠢᠮ︾᠂ ︽ᠵᠠᠮ ᠤᠨ | ᠠᠶᠠᠨᠴᠢᠳ ᠤᠨ ᠵᠥᠭᠡᠭᠡᠪᠦᠷᠢ ᠵᠢᠴᠢ ᠠᠶᠠᠨᠴᠢᠳ ᠤᠨ ᠵᠥᠭᠡᠭᠡᠪᠦᠷᠢ ᠶᠢᠨ ᠥᠷᠲᠡᠭᠡᠨ ᠤ ᠬᠠᠮᠢᠶᠠᠷᠤᠯᠲᠠ ᠶᠢᠨ | ᠲᠣᠭᠲᠠᠭᠠᠯ︾᠂ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢᠨ | ᠠᠷᠭ᠎ᠠ︾᠂ ︽ᠵᠠᠮ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠬᠤᠲᠠ ᠶᠢᠨ ᠠᠶᠠᠨᠴᠢᠳ ᠤᠨ ᠵᠥᠭᠡᠭᠡᠪᠦᠷᠢ ᠶᠢᠨ | ᠠᠵᠤ ᠠᠬᠤᠶᠢᠯᠠᠯ ᠤᠨ ᠠᠶᠦᠯᠬᠦᠢ ᠦᠶᠯᠡᠳᠪᠦᠷᠢᠯᠡᠯ ᠤᠨ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ | ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾᠂ ︽ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠠᠵᠤ | ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠮ ᠲᠡᠭᠡᠭᠡᠪᠦᠷᠢ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠥᠬᠦᠶ | ᠲᠣᠭᠲᠠᠭᠠᠯ ᠢ ᠦᠨᠳᠦᠰᠦᠯᠡᠨ᠂ ᠣᠶᠢᠷ᠎ᠠ ᠶᠢᠨ ᠵᠢᠯ ᠤᠳ ᠲᠤ ᠭᠤᠸᠠᠩᠳᠦ᠋ᠩ ᠮᠤᠵᠢ᠂ ᠯᠢᠶᠣᠤᠨᠢᠩ ᠮᠣᠵᠢ᠂ | ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠵᠡᠷᠭᠡ ᠮᠤᠵᠢ ᠶᠢᠨ ᠨᠡᠶᠢᠲᠡᠯᠡᠭᠰᠡᠨ ᠵᠠᠮ | ᠲᠡᠭᠡᠭᠡᠪᠦᠷᠢ ᠶᠢᠨ ᠠᠵᠤ ᠠᠬᠤᠶᠢᠯᠠᠯ ᠤᠨ ᠶᠠᠰᠤ ᠴᠢᠨᠠᠷ ᠤᠨ ᠢᠲᠡᠭᠡᠯ ᠬᠦᠨᠳᠦ ᠶᠢ ᠰᠢᠯᠭᠠᠨ ᠬᠢᠨᠠᠭᠰᠠᠨ ᠪᠢᠴᠢᠭ | ᠮᠠᠲ᠋ᠧᠷᠢᠶᠠᠯ ᠢᠶᠠᠷ ᠯᠠᠪᠯᠠᠯᠲᠠ ᠪᠣᠯᠭᠠᠵᠤ᠂ ᠮᠠᠨ ᠤ ᠣᠷᠣᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ | ᠠᠬᠤᠶᠢᠯᠠᠯ ᠤᠨ ᠶᠠᠰᠤ ᠴᠢᠨᠠᠷ ᠤᠨ ᠢᠲᠡᠭᠡᠯ ᠬᠦᠨᠳᠦ ᠶᠢ ᠰᠢᠯᠭᠠᠨ ᠬᠢᠨᠠᠬᠤ ᠠᠷᠭ᠎ᠠ︾ ︽ᠳᠣᠷᠣᠭᠰᠢ ︽ᠰᠢᠯᠭᠠᠨ | ᠬᠢᠨᠠᠬᠤ ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠃ | ᠭᠤᠷᠪᠠ᠂ ᠭᠤᠣᠯ ᠠᠭᠤᠯᠭ᠎ᠠ | ︽ᠰᠢᠯᠭᠠᠨ ᠬᠢᠨᠠᠬᠤ ᠠᠷᠭ᠎ᠠ︾ ᠨᠢ ᠨᠡᠶᠢᠳᠡ ᠲᠠᠪᠤᠨ ᠪᠦᠯᠦᠭ ᠬᠤᠷᠢᠨ ᠵᠢᠷᠭᠤᠭᠠᠨ ᠵᠦᠢᠯ ᠲᠠᠢ᠃ | ᠨᠢᠭᠡᠳᠦᠭᠡᠷ ᠪᠦᠯᠦᠭ ᠶᠡᠷᠦᠩᠬᠡᠶ ᠳᠦᠷᠢᠮ᠃ ᠭᠤᠤᠯᠳᠠᠭᠤ ᠰᠢᠯᠭᠠᠨ ᠬᠢᠨᠠᠬᠤ ᠠᠷᠭ᠎ᠠ ᠶᠢᠨ ᠲᠥᠷᠥ ᠶᠢᠨ | ᠪᠣᠳᠣᠯᠭ᠎ᠠ ᠶᠢᠨ ᠦᠨᠳᠦᠰᠦᠯᠡᠯ᠂ ᠳᠣᠭᠢᠷᠠᠬᠤ ᠬᠡᠪᠴᠢᠶ᠎ᠡ᠂ ᠰᠢᠯᠭᠠᠨ ᠬᠢᠨᠠᠬᠤ ᠠᠵᠢᠯ ᠤᠨ ᠵᠠᠷᠴᠢᠮ᠂ ᠰᠢᠯᠭᠠᠨ ᠬᠢᠨᠠᠬᠤ | ᠠᠵᠢᠯ ᠤᠨ ᠵᠣᠷᠢᠯᠭ᠎ᠠ ᠵᠢᠴᠢ ᠰᠢᠯᠭᠠᠨ ᠬᠢᠨᠠᠬᠤ ᠠᠵᠢᠯ ᠢ ᠬᠡᠷᠡᠭᠵᠢᠭᠦᠯᠬᠦ ᠭᠤᠤᠯ ᠴᠣᠭᠴᠠ ᠵᠢᠴᠢ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠪᠣᠯᠤᠨ᠎ᠠ᠃ | ᠬᠤᠶᠠᠳᠤᠭᠠᠷ ᠪᠦᠯᠦᠭ ᠦᠨᠡᠯᠡᠬᠦ ᠭᠦᠶᠴᠡᠳᠬᠡᠯ ᠲᠤᠭ᠎ᠠ ᠵᠢᠴᠢ ᠳᠡᠰ ᠬᠤᠪᠢᠶᠠᠷᠢᠯᠠᠬᠤ᠃ ᠰᠢᠯᠭᠠᠨ ᠬᠢᠨᠠᠬᠤ ᠳᠡᠰ | ᠢ ᠰᠢᠯᠢᠳᠡᠭ᠂ ᠬᠢᠷᠢ ᠲᠡᠩᠴᠡᠭᠰᠡᠨ᠂ ᠦᠨᠳᠦᠰᠦᠨ ᠳᠤ ᠪᠠᠨ ᠬᠢᠷᠢ ᠲᠡᠩᠴᠡᠭᠰᠡᠨ ᠪᠠ ᠬᠢᠷᠢ ᠲᠡᠩᠴᠡᠭᠰᠡᠨ ᠦᠭᠡᠶ ᠭᠡᠵᠦ | ᠳᠥᠷᠪᠡᠨ ᠳᠡᠰ ᠬᠤᠪᠢᠶᠠᠵᠤ᠂ ᠰᠢᠯᠭᠠᠨ ᠬᠢᠨᠠᠬᠤ ᠳᠤ ᠬᠤᠪᠢ ᠪᠣᠳᠣᠬᠤ ᠳᠦᠷᠢᠮ ᠢ ᠬᠡᠷᠡᠭᠵᠢᠭᠦᠯᠵᠦ᠂ ᠰᠢᠯᠭᠠᠨ | ᠬᠢᠨᠠᠬᠤ ᠶᠡᠷᠦᠩᠬᠡᠶ ᠬᠤᠪᠢ ᠨᠢ 1000 ᠬᠤᠪᠢ ᠪᠠᠶᠢᠵᠤ᠂ ᠠᠰ ᠲᠤ ᠨᠢ 100 ᠬᠤᠪᠢ ᠲᠣᠬᠢᠷᠠᠭᠤᠯᠵᠤ ᠬᠤᠪᠢ | ᠨᠡᠮᠡᠬᠦ ᠵᠦᠢᠯ ᠪᠣᠯᠭᠠᠨ᠎ᠠ᠃ ᠡᠭᠦᠨ ᠤ ᠬᠠᠮᠲᠤ᠂ ᠰᠢᠯᠭᠠᠨ ᠬᠢᠨᠠᠬᠤ ᠲᠠᠰ ᠢ ᠰᠢᠯᠢᠳᠡᠭ᠂ ᠬᠢᠷᠢ ᠲᠡᠩᠴᠡᠭᠰᠡᠨ᠂ | ᠦᠨᠳᠦᠰᠦᠨ ᠳᠤ ᠪᠠᠨ ᠬᠢᠷᠢ ᠲᠡᠩᠴᠡᠭᠰᠡᠨ ᠬᠡᠷᠡᠭᠴᠡᠭᠡ ᠶᠢ ᠵᠡᠷᠭᠡ ᠪᠠᠷ ᠬᠠᠩᠭᠠᠬᠤ ᠬᠡᠳᠦᠨ ᠨᠥᠬᠦᠴᠡᠯ ᠵᠢᠴᠢ ᠰᠢᠯᠭᠠᠨ | ᠬᠢᠨᠠᠬᠤ ᠲᠠᠰ ᠢ B ᠲᠠᠰ ᠢᠶᠠᠷ ᠲᠣᠭᠲᠠᠭᠠᠬᠤ ᠬᠡᠳᠦᠨ ᠪᠠᠶᠢᠳᠠᠯ ᠢ ᠲᠣᠭᠲᠠᠭᠠᠵᠠᠶ᠃ | ᠭᠤᠷᠪᠠᠳᠤᠭᠠᠷ ᠪᠦᠯᠦᠭ ᠵᠣᠬᠢᠶᠠᠨ ᠪᠠᠶᠢᠭᠤᠯᠵᠤ ᠬᠡᠷᠡᠭᠵᠢᠭᠦᠯᠬᠦ᠃ ᠰᠢᠯᠭᠠᠨ ᠬᠢᠨᠠᠬᠤ ᠦᠶᠡᠯᠡᠯ ᠪᠠ ᠰᠢᠯᠭᠠᠨ | ᠬᠢᠨᠠᠬᠤ ᠲᠠᠰ ᠳᠠᠷᠠᠭᠠᠯᠠᠯ ᠤᠨ ᠲᠣᠬᠢᠷᠠᠭᠤᠯᠤᠯᠲᠠ ᠶᠢ ᠲᠣᠳᠣᠷᠬᠠᠶᠢᠯᠠᠵᠤ᠂ ᠰᠢᠯᠭᠠᠨ ᠬᠢᠨᠠᠬᠤ ᠠᠵᠢᠯ ᠢ ᠵᠢᠯ ᠪᠦᠷᠢ | ᠨᠢᠭᠡ ᠤᠳᠠᠭ᠎ᠠ ᠬᠢᠵᠦ᠂ ᠠᠶᠢᠮᠠᠭ ᠬᠤᠲᠠ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠳ ᠰᠢᠯᠭᠠᠨ ᠬᠢᠨᠠᠬᠤ ᠳᠤᠭᠤᠶᠢᠯᠠᠩ ᠪᠦᠷᠢᠯᠳᠦᠭᠦᠯᠵᠦ ᠰᠢᠯᠭᠠᠨ ᠬᠢᠨᠠᠬᠤ ᠠᠵᠢᠯ ᠢ | ᠥᠷᠨᠢᠭᠦᠯᠦᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠦᠶᠯᠡᠴᠢᠯᠡᠭᠡᠨ ᠤ ᠰᠢᠰᠲ᠋ᠧᠮ ᠢ ᠭᠦᠶᠴᠡᠳ ᠠᠰᠢᠭᠯᠠᠨ ᠰᠢᠯᠭᠠᠨ ᠬᠢᠨᠠᠬᠤ ᠶᠢ ᠥᠷᠨᠢᠭᠦᠯᠵᠦ᠂ ᠮᠡᠳᠡᠭᠡ | ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠲᠤᠭ᠎ᠠ ᠪᠠᠷᠢᠮᠲᠠ ᠶᠢ ᠴᠤᠭᠯᠠᠭᠤᠯᠤᠨ ᠨᠡᠶᠢᠯᠡᠭᠦᠯᠵᠦ᠂ ᠬᠠᠮᠲᠤ ᠪᠠᠷ | ᠭᠥᠷᠳᠡᠬᠦ ᠶᠢ ᠴᠢᠩᠭᠠᠳᠬᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠱᠠᠭᠠᠷᠳᠠᠯᠭ᠎ᠠ ᠶᠣᠰᠣ ᠪᠠᠷ ᠵᠠᠷᠯᠠᠨ ᠨᠡᠶᠢᠲᠡᠯᠡᠨ᠎ᠡ | ᠃ | ᠳᠥᠷᠪᠡᠳᠦᠭᠡᠷ ᠪᠦᠯᠦᠭ ᠦᠷ᠎ᠡ ᠳ᠋ᠦᠩ ᠤᠨ ᠬᠡᠷᠡᠭᠯᠡᠯᠲᠡ᠃ ᠶᠠᠰᠤ ᠴᠢᠨᠠᠷ ᠤᠨ ᠢᠲᠡᠭᠡᠯ ᠬᠦᠨᠳᠦ ᠶᠢ ᠰᠢᠯᠭᠠᠨ | ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠪᠠᠶᠢᠴᠠᠭᠠᠬᠤ ᠠᠷᠭ᠎ᠠ ᠮᠠᠶ᠋ᠢᠭ | ᠪᠠ ᠳᠠᠪᠲᠠᠮᠵᠢ ᠤᠳᠠᠭ᠎ᠠ ᠶᠢ ᠰᠢᠯᠢᠳᠡᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠮ ᠲᠡᠭᠡᠭᠡᠪᠦᠷᠢ ᠶᠢᠨ | ᠠᠵᠤ ᠠᠬᠤᠶᠢᠯᠠᠯ ᠳᠤ ᠵᠦᠷᠢᠶᠡᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠰᠢᠯᠭᠠᠨ ᠬᠢᠨᠠᠬᠤ ᠳᠡᠰ ᠨᠢ | ᠰᠢᠯᠢᠳᠡᠭ ᠳᠡᠰ ᠲᠤ ᠬᠦᠷᠦᠭᠰᠡᠨ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠠᠵᠤ ᠠᠬᠤᠶᠢᠯᠠᠯ ᠳᠤ ᠪᠣᠯ | ᠲᠡᠭᠡᠭᠡᠪᠦᠷᠢ ᠶᠢᠨ ᠬᠦᠴᠦᠨ ᠢ ᠬᠥᠭᠵᠢᠭᠦᠯᠬᠦ᠂ ᠬᠥᠬᠢᠭᠦᠯᠦᠨ ᠱᠠᠩᠨᠠᠬᠤ᠂ ᠲᠡᠷᠢᠭᠦᠨ ᠤ ᠪᠠ ᠰᠢᠯᠢᠳᠡᠭ ᠢ | ᠰᠢᠯᠭᠠᠷᠠᠭᠤᠯᠬᠤ᠂ ᠲᠦᠷᠦᠯ ᠲᠡᠮᠳᠡᠭ ᠢ ᠡᠭᠦᠳᠦᠨ ᠪᠠᠶᠢᠭᠤᠯᠬᠤ᠂ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ | ᠣᠷᠣᠯᠴᠠᠬᠤ ᠳᠤ ᠡᠩ ᠲᠡᠷᠢᠭᠦᠨ ᠳᠤ ᠪᠤᠳᠤᠯᠬᠢᠯᠠᠨ᠎ᠠ︔ ᠰᠢᠯᠭᠠᠨ ᠬᠢᠨᠠᠬᠤ ᠳᠡᠰ ᠨᠢ ᠬᠢᠷᠢ ᠲᠡᠩᠴᠡᠭᠰᠡᠨ ᠦᠭᠡᠶ ᠶᠢ | ᠨᠢ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠵᠠᠷᠯᠢᠭᠳᠠᠵᠤ ᠪᠠᠶᠢᠭᠠᠳ ᠴᠡᠭᠴᠡᠯᠡᠨ | ᠰᠠᠶᠢᠵᠢᠷᠠᠭᠤᠯᠤᠨ᠎ᠠ᠃ ᠴᠡᠭᠴᠡᠯᠡᠨ ᠰᠠᠶᠢᠵᠢᠷᠠᠭᠤᠯᠤᠭᠰᠠᠨ ᠨᠢ ᠬᠢᠷᠢ ᠲᠡᠩᠴᠡᠬᠦ ᠥᠬᠡᠶ ᠪᠥᠭᠡᠳ ᠠᠶᠦᠯᠭᠦᠢ | ᠦᠶᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠡᠳᠦᠶ ᠪᠠᠶᠢᠪᠠᠯ᠂ ᠬᠠᠤᠯᠢ ᠶᠣᠰᠣ ᠪᠠᠷ ᠬᠠᠷᠠᠭᠠᠯᠵᠠᠭᠰᠠᠨ | ᠵᠥᠪᠰᠢᠶᠡᠷᠡᠯ ᠢ ᠨᠢ ᠬᠤᠷᠢᠶᠠᠨ ᠠᠪᠴᠤ ᠬᠦᠴᠦᠨ ᠥᠬᠡᠶ ᠪᠣᠯᠭᠠᠨ᠎ᠠ᠃ | ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ᠃ |