3 ᠳ᠋ᠤᠭᠠᠷ ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠶ ᠱᠦᠵᠢ ᠰᠢ | ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ | ᠬᠢᠨᠠᠮᠠᠭᠠᠶ ᠰᠤᠷᠤᠯᠴᠠᠨ ᠣᠶᠢᠯᠠᠭᠠᠵᠤ᠂ ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ | ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠬᠤᠷᠠᠯ ᠢ ᠡᠷᠭᠢᠯᠡᠪᠡ᠃ | | | | ᠨᠣᠮ ᠤᠩᠰᠢᠬᠤ ᠠᠩᠭᠢ ᠶᠢ ᠪᠢᠴᠢᠭ ᠮᠠᠲ᠋ᠧᠷᠢᠶᠠᠯ ᠢ ᠤᠯᠠᠮᠵᠢᠯᠠᠬᠤ᠂ ᠲᠤᠰᠬᠠᠶ ᠰᠡᠳᠦᠪ ᠢᠶᠠᠷ ᠬᠠᠪᠰᠤᠷᠤᠨ | ᠵᠢᠯᠣᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ | ᠲᠢᠩᠬᠢᠮ ᠤᠨ ᠳᠡᠰ ᠤᠨ ᠤᠳᠤᠷᠢᠳᠬᠤ ᠺᠠᠳ᠋ᠷ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠪᠠ︔ ᠥᠪᠥᠷ | ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠪᠠᠭᠰᠢ ︽ᠲᠥᠪ ᠤᠨ | ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠰᠠᠬᠢᠯᠭ᠎ᠠ ᠪᠠᠲᠤ ᠬᠠᠤᠯᠢ | ᠴᠠᠭᠠᠵᠠ ᠶᠢᠨ ᠤᠬᠠᠮᠰᠠᠷ ᠢᠶᠠᠨ ᠴᠢᠩᠭᠠᠳᠬᠠᠵᠤ ᠬᠠᠤᠯᠢ ᠲᠣᠭᠲᠠᠭᠠᠯ ᠶᠤᠰᠤ ᠪᠠᠷ ᠲᠤᠰᠢᠶᠠᠯ ᠬᠠᠷᠢᠭᠤᠴᠠᠯᠭ᠎ᠠ ᠪᠠᠨ | ᠭᠦᠶᠴᠡᠳᠬᠡᠶᠡ︾ ᠭᠡᠬᠦ ᠭᠤᠤᠯ ᠰᠡᠳᠦᠪ ᠤᠨ ᠲᠣᠭᠤᠷᠢᠨ ᠳᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ | ᠬᠢᠪᠠ︔ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠭᠤᠷᠢᠨ ᠪᠠᠶᠢᠴᠠᠭᠠᠭᠴᠢ᠂ | ᠶᠡᠷᠦᠩᠬᠡᠶ ᠢᠨᠵᠧᠨᠧᠷ᠂ ᠲᠢᠩᠬᠢᠮ ᠤᠨ ᠪᠠᠶᠢᠭᠤᠯᠭ᠎ᠠ ᠶᠢᠨ ᠺᠠᠳ᠋ᠷ᠂ ᠲᠢᠩᠬᠢᠮ ᠤᠨ ᠰᠢᠭᠤᠳ ᠬᠠᠷᠢᠶ᠎ᠠ ᠨᠢᠭᠡᠴᠢ ᠶᠢᠨ | ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ ︵ᠲᠤᠰᠢᠶᠠᠯ ᠤᠨ ᠲᠠᠰ ᠪᠠᠭᠲᠠᠨ᠎ᠠ︶ ᠲᠥᠪᠯᠡᠷᠡᠭᠦᠯᠦᠨ ᠥᠪᠡᠰᠦᠪᠡᠨ | ᠰᠤᠷᠤᠯᠴᠠᠵᠤ᠂ ᠵᠢᠭᠠᠨ ᠲᠣᠭᠲᠠᠭᠠᠭᠰᠠᠨ ᠨᠣᠮ ᠤᠨ ᠭᠠᠷᠴᠠᠭ ᠢ ᠬᠢᠨᠠᠮᠠᠭᠠᠶ ᠰᠤᠳᠤᠯᠤᠨ ᠤᠩᠰᠢᠪᠠ᠃ | ᠣᠯᠠᠨ ᠢᠶᠠᠷ ᠢᠶᠠᠨ᠂ ᠲᠥᠪᠯᠡᠷᠡᠭᠦᠯᠦᠨ ᠰᠤᠷᠤᠯᠴᠠᠬᠤ ᠪᠠᠷ ᠳᠡᠮᠵᠢᠨ᠂ ᠶᠡᠷᠦᠩᠬᠡᠶ ᠱᠦᠵᠢ ᠰᠢ ᠶᠢᠨ ᠫᠢᠩ ᠤᠨ | ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠳᠤ ᠨᠠᠩ ᠭᠦᠨᠵᠡᠭᠡᠶ | ᠣᠶᠢᠯᠠᠭᠠᠯᠲᠠ ᠲᠠᠢ ᠪᠣᠯᠵᠣ᠂ ᠲᠥᠪ ᠤᠨ ᠨᠠᠶᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠶᠯᠡ | ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠪᠠ᠃ ᠲᠠᠷᠠᠭᠠᠴᠢ ᠶᠢᠨ ᠠᠯᠬᠤᠮ ᠳᠤ᠂ | ︽ᠰᠤᠷᠤᠯᠴᠠᠵᠤ ᠪᠠᠶᠢᠴᠠᠭᠠᠵᠤ ᠵᠠᠯᠠᠷᠠᠭᠤᠯᠬᠤ︾ ᠡᠯ᠎ᠡ ᠵᠦᠶᠯ ᠤᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ | ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠦᠨᠡᠨ ᠬᠦ ᠲᠤᠰᠢᠶᠠᠯ | ᠬᠠᠷᠢᠭᠤᠴᠠᠯᠭ᠎ᠠ ᠳᠤ ᠪᠠᠨ ᠠᠭᠤᠰᠬᠠᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ | ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃ | |