ᠬᠢᠷᠢ ᠬᠡᠮ ᠤᠨ ᠰᠢᠯᠭᠠᠯᠲᠠ᠄ ᠵᠠᠮ ᠤᠨ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠪᠣᠯᠪᠠᠰᠤᠷᠠᠯ ᠤᠨ ᠰᠤᠷᠭᠠᠭᠴᠢ ᠨᠢ ᠶᠠᠮᠠᠷ ᠶᠠᠮᠠᠷ ᠨᠥᠬᠦᠴᠡᠯ ᠳᠤ ᠨᠡᠶᠢᠴᠡᠬᠦ ᠬᠡᠷᠡᠭᠲᠡᠶ ᠪᠤᠢ︖
ᠨᠡᠶᠢᠲᠡᠯᠡᠭᠰᠡᠨ ᠴᠠᠭ᠄
2025/3/5
   ︽ᠵᠠᠮ ᠲᠡᠭᠡᠭᠡᠪᠦᠷᠢ ᠶᠢᠨ ᠠᠵᠢᠯ ᠡᠷᠭᠢᠯᠡᠭᠰᠡᠳ ᠤᠨ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2016 ᠣᠨ ᠤ 81 ᠳ᠋ᠦ᠋ᠭᠡᠷ ᠲᠣᠭᠠᠲᠤ︶ ᠤᠨ ᠠᠷᠪᠠᠨ ᠳᠥᠷᠪᠡᠳᠦᠭᠡᠷ ᠵᠦᠶᠯ  ᠤᠨ ᠲᠣᠭᠲᠠᠭᠠᠯ ᠢ ᠦᠨᠳᠦᠰᠦᠯᠡᠪᠡᠯ᠄ ᠮᠠᠰᠢᠨ ᠲᠡᠷᠭᠡ ᠵᠢᠯᠣᠭᠤᠳᠬᠤ ᠪᠣᠯᠪᠠᠰᠤᠷᠠᠯ ᠤᠨ ᠰᠤᠷᠭᠠᠭᠴᠢ ᠨᠢ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ ︵ᠨᠢᠭᠡ︶ ᠣᠨᠣᠯ ᠤᠨ ᠰᠤᠷᠭᠠᠭᠴᠢ 1. ᠬᠠᠷᠠᠭᠠᠯᠵᠠᠭᠰᠠᠨ ᠮᠠᠰᠢᠨ ᠲᠡᠷᠭᠡ ᠵᠢᠯᠣᠭᠤᠳᠬᠤ ᠦᠨᠡᠮᠯᠡᠯ ᠣᠯᠵᠤ᠂ 2 ᠵᠢᠯ ᠠᠴᠠ ᠳᠡᠭᠡᠭᠰᠢ ᠠᠮᠤᠷ ᠲᠦᠪᠰᠢᠨ ᠢᠶᠠᠷ ᠵᠢᠯᠣᠭᠤᠳᠤᠭᠰᠠᠨ ᠥᠩᠭᠡᠷᠡᠯᠲᠡ ᠲᠠᠢ ᠪᠠᠶᠢᠬᠤ︔ 2. ᠮᠠᠰᠢᠨ ᠲᠡᠷᠭᠡ ᠵᠢᠴᠢ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠤᠶᠤ ᠮᠠᠰᠢᠨ ᠲᠡᠷᠭᠡ ᠵᠢᠴᠢ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠳᠤᠮᠳᠠ ᠳᠡᠰ ᠠᠴᠠ ᠳᠡᠭᠡᠭᠰᠢ ᠮᠡᠷᠭᠡᠵᠢᠯ ᠤᠨ ᠴᠣᠯᠠ ᠲᠠᠢ ᠪᠠᠶᠢᠬᠤ︔ 3. ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠲᠣᠭᠲᠠᠭᠠᠯ᠂ ᠵᠢᠯᠣᠭᠤᠳᠬᠤ ᠣᠨᠣᠯ᠂ ᠮᠠᠰᠢᠨ ᠲᠡᠷᠭᠡᠨ ᠤ ᠪᠦᠲᠦᠴᠡ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠳᠬᠢᠴᠡ ᠵᠦᠶ᠂ ᠪᠠᠶᠢᠩᠭᠤ ᠬᠡᠷᠡᠭᠯᠡᠳᠡᠭ ᠰᠢᠷᠬᠠᠲᠤᠭᠰᠠᠳ  ᠢ ᠲᠦᠷᠭᠡᠨ ᠠᠪᠤᠷᠠᠬᠤ ᠠᠷᠭ᠎ᠠ ᠵᠡᠷᠭᠡ ᠠᠮᠤᠷ ᠲᠦᠪᠰᠢᠨ ᠢᠶᠠᠷ ᠵᠢᠯᠣᠭᠤᠳᠬᠤ ᠮᠡᠳᠡᠯᠭᠡ ᠶᠢ ᠡᠵᠡᠮᠰᠢᠵᠦ᠂ ᠲᠡᠷᠭᠡ ᠬᠥᠰᠬᠡ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠡᠨᠧᠷᠭᠢ ᠶᠢ ᠠᠷᠪᠢᠯᠠᠬᠤ ᠬᠤᠯᠪᠣᠭᠳᠠᠯ ᠪᠦᠬᠦᠢ ᠮᠡᠳᠡᠯᠭᠡ ᠶᠢ ᠣᠶᠢᠯᠠᠭᠠᠵᠤ᠂ ᠰᠤᠷᠭᠠᠨ ᠬᠥᠮᠦᠵᠢᠭᠦᠯᠬᠦ ᠤᠬᠠᠭᠠᠨ᠂ ᠰᠤᠷᠭᠠᠨ ᠬᠥᠮᠦᠵᠢᠯ ᠤᠨ ᠰᠡᠳᠬᠢᠴᠡ ᠵᠦᠶ ᠶᠢᠨ ᠦᠨᠳᠦᠰᠦᠨ ᠵᠢᠭᠠᠨ ᠰᠤᠷᠭᠠᠬᠤ ᠮᠡᠳᠡᠯᠭᠡ ᠶᠢ ᠣᠶᠢᠯᠠᠭᠠᠵᠤ᠂ ᠵᠢᠭᠠᠬᠤ ᠲᠥᠰᠦᠯ ᠨᠠᠶᠢᠷᠠᠭᠤᠯᠤᠨ ᠪᠢᠴᠢᠬᠦ᠂ ᠵᠢᠷᠤᠮᠵᠢᠯ ᠲᠠᠢ ᠲᠠᠶᠢᠯᠪᠤᠷᠢᠯᠠᠬᠤ ᠬᠢᠴᠢᠶᠡᠯᠯᠡᠬᠦ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠶ᠃ ︵ᠬᠤᠶᠠᠷ︶ ᠵᠢᠯᠣᠭᠤᠴᠢ ᠶᠢ ᠰᠤᠷᠭᠠᠭᠴᠢ 1. ᠬᠠᠷᠠᠭᠠᠯᠵᠠᠭᠰᠠᠨ ᠲᠡᠷᠭᠡ ᠵᠢᠯᠣᠭᠤᠳᠬᠤ ᠦᠨᠡᠮᠯᠡᠯ ᠣᠯᠵᠤ᠂ ᠠᠮᠤᠷ ᠲᠦᠪᠰᠢᠨ ᠢᠶᠠᠷ ᠵᠢᠯᠣᠭᠤᠳᠤᠭᠰᠠᠨ ᠥᠩᠭᠡᠷᠡᠯᠲᠡ ᠪᠠ ᠬᠠᠷᠠᠭᠠᠯᠵᠠᠭᠰᠠᠨ ᠲᠡᠷᠭᠡᠨ ᠤ ᠬᠡᠯᠪᠡᠷᠢ ᠶᠢ ᠵᠢᠯᠣᠭᠤᠳᠤᠭᠰᠠᠨ ᠥᠩᠭᠡᠷᠡᠯᠲᠡ ᠲᠠᠢ ᠪᠠᠶᠢᠬᠤ ᠱᠠᠭᠠᠷᠳᠠᠯᠭ᠎ᠠ ᠳᠤ ᠨᠡᠶᠢᠴᠡᠬᠦ︔ 2. ᠪᠦᠬᠦᠯᠢ 60 ᠨᠠᠰᠤᠨ ᠠᠴᠠ ᠬᠡᠲᠦᠷᠡᠭᠰᠡᠨ ᠦᠭᠡᠢ ᠪᠠᠶᠢᠬᠤ︔ 3. ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠲᠣᠭᠲᠠᠭᠠᠯ᠂ ᠵᠢᠯᠣᠭᠤᠳᠬᠤ ᠣᠨᠣᠯ᠂ ᠮᠠᠰᠢᠨ ᠲᠡᠷᠭᠡᠨ ᠤ ᠪᠦᠲᠦᠴᠡ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠳᠬᠢᠴᠡ ᠵᠦᠶ ᠪᠣᠯᠤᠨ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠬᠤ ᠦᠨᠳᠦᠰᠦᠨ ᠮᠡᠳᠡᠯᠭᠡ ᠶᠢ ᠡᠵᠡᠮᠰᠢᠵᠦ᠂ ᠲᠡᠷᠭᠡ ᠬᠥᠰᠬᠡ ᠶᠢ ᠬᠠᠮᠠᠭᠠᠯᠠᠬᠤ ᠪᠠ ᠪᠠᠶᠢᠩᠭᠤ ᠲᠣᠬᠢᠶᠠᠯᠳᠤᠳᠠᠭ ᠰᠠᠭᠠᠳ ᠤᠨ ᠣᠨᠣᠰᠢᠯᠠᠯᠲᠠ᠂ ᠲᠡᠷᠭᠡ ᠬᠥᠰᠬᠡ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠡᠨᠧᠷᠭᠢ ᠶᠢ ᠠᠷᠪᠢᠯᠠᠬᠤ ᠬᠤᠯᠪᠣᠭᠳᠠᠯ ᠪᠦᠬᠦᠢ ᠮᠡᠳᠡᠯᠭᠡ ᠶᠢ ᠰᠠᠶᠢᠨ ᠮᠡᠳᠡᠵᠦ᠂ ᠵᠢᠯᠣᠭᠤᠳᠬᠤ ᠠᠷᠭ᠎ᠠ ᠶᠢᠨ ᠲᠠᠶᠢᠯᠤᠮᠵᠢ ᠂ ᠵᠢᠯᠣᠭᠤᠳᠬᠤ ᠦᠢᠯᠡ ᠬᠦᠳᠡᠯᠦᠯ ᠢ ᠵᠢᠱᠢᠶ᠎ᠡ ᠦᠵᠡᠭᠦᠯᠬᠦ᠂ ᠵᠢᠯᠣᠭᠤᠳᠬᠤ ᠶᠢ ᠵᠢᠭᠠᠨ ᠰᠤᠷᠭᠠᠬᠤ ᠴᠢᠳᠠᠪᠤᠷᠢ ᠶᠢ ᠪᠦᠷᠢᠳᠦᠭᠦᠯᠬᠦ ᠬᠡᠷᠡᠭᠲᠡᠶ᠃ ︵ᠭᠤᠷᠪᠠ︶ ᠵᠠᠮ ᠤᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠪᠣᠯᠪᠠᠰᠤᠷᠠᠯ ᠤᠨ ᠰᠤᠷᠭᠠᠭᠴᠢ 1. ᠮᠠᠰᠢᠨ ᠲᠡᠷᠭᠡ ᠵᠢᠴᠢ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠤᠶᠤ ᠮᠠᠰᠢᠨ ᠲᠡᠷᠭᠡ ᠵᠢᠴᠢ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠳᠡᠭᠡᠳᠦ ᠲᠡᠰ ᠠᠴᠠ ᠳᠡᠭᠡᠭᠰᠢ ᠮᠡᠷᠭᠡᠵᠢᠯ  ᠤᠨ ᠴᠣᠯᠠ ᠲᠠᠢ ᠪᠠᠶᠢᠬᠤ︔ 2. ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠠᠤᠯᠢ ᠲᠣᠭᠲᠠᠭᠠᠯ᠂ ᠪᠠᠷᠠᠭ᠎ᠠ ᠶᠢᠨ ᠲᠡᠭᠡᠭᠡᠪᠦᠷᠢ ᠶᠢᠨ ᠬᠠᠤᠯᠢ ᠲᠣᠭᠲᠠᠭᠠᠯ ᠵᠢᠴᠢ ᠮᠠᠰᠢᠨ ᠲᠡᠷᠭᠡ ᠰᠡᠯᠪᠢᠨ ᠵᠠᠰᠠᠬᠤ᠂ ᠪᠠᠷᠠᠭ᠎ᠠ ᠠᠴᠢᠶᠠᠯᠠᠨ ᠪᠠᠭᠤᠯᠭᠠᠵᠤ ᠬᠠᠳᠠᠭᠠᠯᠠᠨ ᠬᠠᠮᠢᠶᠠᠷᠬᠤ ᠪᠠ ᠠᠶᠠᠨᠴᠢᠳ ᠢ ᠲᠦᠷᠭᠡᠨ ᠠᠪᠤᠷᠠᠬᠤ ᠵᠡᠷᠭᠡ ᠬᠤᠯᠪᠣᠭᠳᠠᠯ ᠪᠦᠬᠦᠢ ᠮᠡᠳᠡᠯᠭᠡ ᠶᠢ ᠡᠵᠡᠮᠰᠢᠵᠦ᠂ ᠬᠠᠷᠠᠭᠠᠯᠵᠠᠭᠰᠠᠨ ᠬᠢᠴᠢᠶᠡᠯᠯᠡᠬᠦ ᠴᠢᠳᠠᠪᠤᠷᠢᠲᠠᠢ ᠪᠠᠶᠢᠬᠤ︔ 3. 2 ᠵᠢᠯ ᠠᠴᠠ ᠳᠡᠭᠡᠭᠰᠢ ᠡᠩ ᠤᠨ ᠮᠠᠰᠢᠨ ᠲᠡᠷᠭᠡᠨ ᠤ ᠵᠢᠯᠣᠭᠤᠴᠢ ᠶᠢ ᠪᠣᠯᠪᠠᠰᠤᠷᠠᠭᠤᠯᠤᠭᠰᠠᠨ ᠵᠢᠭᠠᠨ ᠰᠤᠷᠭᠠᠯᠲᠠ ᠶᠢᠨ ᠥᠩᠭᠡᠷᠡᠯᠲᠡ ᠲᠠᠢ ᠪᠥᠭᠡᠳ ᠣᠶᠢᠷ᠎ᠠ ᠶᠢᠨ 2 ᠵᠢᠯ ᠳᠤ ᠵᠢᠭᠠᠨ ᠰᠤᠷᠭᠠᠯᠲᠠ ᠶᠢᠨ ᠮᠠᠭᠤ ᠲᠡᠮᠳᠡᠭᠯᠡᠯ ᠥᠬᠡᠶ᠃ ︵ᠳᠥᠷᠪᠡ︶ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠪᠣᠯᠪᠠᠰᠤᠷᠠᠯ ᠤᠨ ᠰᠤᠷᠭᠠᠭᠴᠢ 1. ᠬᠢᠮᠢ ᠶᠢᠨ ᠠᠵᠤ ᠦᠶᠯᠡᠳᠪᠦᠷᠢ ᠵᠢᠴᠢ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ  ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠤᠶᠤ ᠬᠢᠮᠢ ᠶᠢᠨ ᠠᠵᠤ ᠦᠶᠯᠡᠳᠪᠦᠷᠢ ᠵᠢᠴᠢ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠳᠡᠭᠡᠳᠦ ᠳᠡᠰ ᠤᠨ ᠮᠡᠷᠭᠡᠵᠢᠯ ᠤᠨ ᠴᠣᠯᠠ ᠠᠴᠠ ᠳᠡᠭᠡᠭᠰᠢ ᠮᠡᠷᠭᠡᠵᠢᠯ ᠤᠨ ᠴᠣᠯᠠ ᠲᠠᠢ ᠪᠠᠶᠢᠬᠤ︔ 2. ᠠᠶᠤᠯᠲᠠᠢ ᠪᠠᠷᠠᠭᠠᠨ ᠤ ᠲᠡᠭᠡᠭᠡᠪᠦᠷᠢ ᠶᠢᠨ ᠬᠠᠤᠯᠢ ᠲᠣᠭᠲᠠᠭᠠᠯ᠂ ᠠᠶᠤᠯᠲᠠᠢ ᠬᠢᠮᠢ ᠶᠢᠨ ᠦᠢᠯᠡᠳᠬᠦᠨ ᠤ ᠣᠨᠴᠠᠯᠢᠭ᠂ ᠪᠣᠭᠤᠳᠠᠯᠯᠠᠬᠤ ᠰᠠᠪᠠ ᠬᠡᠷᠡᠭᠯᠡᠬᠦ ᠠᠷᠭ᠎ᠠ᠂ ᠡᠷᠬᠢᠯᠡᠭᠰᠡᠨ ᠠᠵᠢᠯ ᠤᠨ ᠠᠶᠦᠯᠬᠦᠢ ᠶᠢᠨ ᠰᠡᠷᠭᠡᠶᠢᠯᠡᠯᠲᠡ ᠪᠣᠯᠤᠨ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠵᠡᠷᠭᠡ ᠮᠡᠳᠡᠯᠭᠡ ᠶᠢ ᠡᠵᠡᠮᠰᠢᠵᠦ᠂ ᠬᠠᠷᠠᠭᠠᠯᠵᠠᠭᠰᠠᠨ ᠬᠢᠴᠢᠶᠡᠯᠯᠡᠬᠦ ᠴᠢᠳᠠᠪᠤᠷᠢᠲᠠᠢ ᠪᠠᠶᠢᠬᠤ︔ 3. ᠬᠢᠮᠢ ᠶᠢᠨ ᠠᠵᠤ ᠦᠶᠯᠡᠳᠪᠦᠷᠢ ᠵᠢᠴᠢ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠵᠢᠭᠠᠨ ᠰᠤᠷᠭᠠᠯᠲᠠ ᠶᠢᠨ ᠥᠩᠭᠡᠷᠡᠯᠲᠡ ᠲᠠᠢ ᠮᠥᠷᠲᠡᠭᠡᠨ ᠣᠶᠢᠷ᠎ᠠ ᠶᠢᠨ 2 ᠵᠢᠯ ᠳᠤ ᠵᠢᠭᠠᠨ ᠰᠤᠷᠭᠠᠯᠲᠠ ᠶᠢᠨ ᠮᠠᠭᠤ ᠲᠡᠮᠳᠡᠭᠯᠡᠯ ᠥᠬᠡᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号