ᠣᠶᠢᠷ᠎ᠠ ᠶᠢᠨ ᠡᠳᠦᠷ ᠤᠳ ᠲᠤ᠂ ᠬᠥᠯᠥᠨ ᠪᠤᠶᠢᠷ ᠬᠤᠲᠠ ᠶᠢᠨ ᠵᠠᠰᠠᠮᠠᠯ ᠵᠠᠮ ᠤᠨ ᠨᠡᠪᠲᠡᠷᠡᠬᠦ ᠰᠦᠢᠳᠭᠡᠯ | ᠲᠠᠲᠠᠪᠤᠷᠢᠯᠠᠬᠤ ᠲᠥᠪ ᠤᠨ ᠰᠢᠩ ᠯᠦᠩ ᠰᠦᠶ᠋ᠳᠬᠡᠯ ᠬᠤᠷᠢᠶᠠᠬᠤ ᠥᠷᠲᠡᠭᠡ ᠬᠠᠪᠤᠷ ᠤᠨ ᠲᠠᠷᠢᠶᠠᠯᠠᠭ᠎ᠠ ᠶᠢᠨ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠰᠠᠶᠢᠲᠤᠷ ᠬᠢᠵᠦ᠂ | ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠡᠳ᠋ ᠪᠣᠳᠠᠰ ᠤᠨ ᠲᠡᠭᠡᠭᠡᠪᠦᠷᠢ ᠶᠢᠨ ᠠᠮᠤᠷ | ᠲᠦᠪᠰᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠪᠠ᠃ | ᠬᠠᠷᠢᠭᠤᠴᠠᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠲᠤᠰᠬᠠᠶ ᠰᠡᠳᠦᠪᠲᠦ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠥᠷᠲᠡᠭᠡ | ᠲᠣᠭᠤᠷᠢᠭ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠢ ᠪᠠᠶᠢᠷᠢᠯᠠᠭᠤᠯᠵᠤ᠂ ᠪᠥᠬᠦ ᠬᠥᠮᠦᠰ ᠢ | ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠲᠡᠷᠭᠡ | ᠬᠥᠰᠬᠡ ᠳᠤ ᠠᠮᠤᠷ ᠲᠦᠪᠰᠢᠨ᠂ ᠲᠦᠷᠭᠡᠨ ᠨᠡᠪᠲᠡᠷᠡᠬᠦ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ | ᠱᠠᠭᠠᠷᠳᠠᠪᠠ᠃ | ᠵᠠᠰᠠᠯᠲᠠ ᠶᠢ ᠨᠠᠷᠢᠯᠢᠭᠵᠢᠭᠤᠯᠵᠤ᠂ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠲᠣᠭᠤᠷᠢᠭ ᠵᠠᠮ ᠤᠨ | ᠬᠤᠷᠠᠭᠰᠠᠨ ᠴᠠᠰᠤ᠂ ᠮᠦᠰᠦ ᠶᠢ ᠴᠡᠪᠡᠷᠯᠡᠵᠦ᠂ ᠵᠠᠮ ᠨᠡᠪᠲᠡᠷᠡᠯᠭᠡ ᠶᠢᠨ ᠣᠷᠴᠢᠨ ᠲᠣᠭᠤᠷᠢᠨ ᠢ ᠭᠤᠶᠣᠯᠠᠵᠤ᠂ | ᠰᠠᠭᠠᠳ ᠦᠭᠡᠢ ᠨᠡᠪᠲᠡᠷᠡᠬᠦ᠂ ᠴᠡᠪᠡᠷ ᠴᠡᠮᠴᠡᠭᠡᠷ ᠨᠡᠪᠲᠡᠷᠡᠬᠦ ᠣᠷᠴᠢᠨ ᠲᠣᠭᠤᠷᠢᠨ ᠢᠶᠠᠷ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠳᠤ ᠬᠦᠴᠦᠨ ᠨᠡᠮᠡᠷᠢᠯᠡᠪᠡ᠃ | ᠦᠢᠯᠡᠴᠢᠯᠡᠭᠡ ᠶᠢ ᠰᠢᠯᠢᠳᠡᠭᠵᠢᠭᠦᠯᠵᠦ᠂ ᠳᠦᠷᠢ ᠲᠥᠷᠬᠦ ᠶᠢ ᠪᠤᠢ ᠪᠣᠯᠭᠠᠨ᠎ᠠ᠃ ᠲᠣᠰ ᠥᠷᠲᠡᠭᠡᠨ ᠤ ᠵᠠᠯᠠᠭᠤ | ᠰᠠᠶᠢᠨ ᠳᠤᠷᠠᠴᠤᠳ ᠬᠥᠳᠡᠭᠡ ᠲᠣᠰᠬᠤᠨ ᠳᠤ ᠬᠦᠷᠴᠦ᠂ ᠣᠯᠠᠨ ᠲᠦᠮᠡᠨ ᠳᠤ ᠵᠠᠮ ᠬᠠᠷᠢᠯᠴᠠᠭᠠᠨ ᠤ ᠵᠦᠭᠯᠡᠭᠦᠷ | ᠲᠠᠷᠬᠠᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠤᠬᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ | ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠠᠮᠤᠷ ᠲᠦᠪᠰᠢᠨ | ᠲᠣᠭᠲᠠᠭᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠪᠠ᠃ ᠥᠷᠲᠡᠭᠡᠨ ᠤ ᠲᠣᠭᠤᠷᠢᠭ ᠲᠤ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠭᠠᠷᠭᠠᠵᠤ᠂ ᠵᠢᠯᠣᠭᠤᠴᠢ ᠠᠶᠠᠨᠴᠦᠳ ᠲᠤ 24 | ᠴᠠᠭ ᠤᠨ ᠬᠠᠯᠠᠭᠤᠨ ᠤᠰᠤ᠂ ᠳᠥᠭᠦᠮ ᠳᠥᠲᠡ ᠰᠡᠯᠪᠢᠨ ᠵᠠᠰᠠᠬᠤ ᠪᠠᠭᠠᠵᠢ ᠵᠡᠷᠭᠡ ᠶᠢ ᠬᠠᠩᠭᠠᠵᠤ᠂ ᠣᠯᠠᠨ | ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠦᠮᠧᠲᠷ︾ ᠢ ᠨᠡᠪᠲᠡᠷᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ | ᠡᠳ᠋ ᠪᠣᠳᠠᠰ ᠢ ᠰᠠᠭᠠᠳ ᠥᠬᠡᠶ ᠲᠡᠭᠡᠭᠡᠪᠦᠷᠢᠯᠡᠬᠦ ᠳᠤ ᠦᠢᠯᠡᠴᠢᠯᠡᠭᠡᠨ ᠤ ᠪᠠᠲᠤᠯᠠᠭ᠎ᠠ ᠬᠠᠩᠭᠠᠪᠠ᠃ | ︵ᠰᠢᠶᠦ᠋ᠩ ᠶᠠᠨ ᠨᠠᠨ︶ | |