ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ | ᠦᠳᠡ ᠶᠢᠨ ᠬᠤᠶᠢᠨ᠎ᠠ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ | ᠭᠠᠵᠠᠷ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ | ᠬᠢᠪᠡ ᠃ | ᠰᠢ ᠶᠢᠨ ᠫᠢᠩ᠂ ᠸᠢᠶᠧᠳ᠋ᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠂ ᠶᠡᠷᠦᠩᠬᠡᠢ ᠱᠦᠵᠢ | ᠰᠦ᠋ ᠯᠢᠨ ᠲᠠᠢ ᠠᠩᠬᠠᠨ ᠤ ᠡᠭᠡᠯᠵᠢ ᠶᠢᠨ ᠬᠠᠷᠢᠯᠴᠠᠨ ᠠᠶᠢᠯᠴᠢᠯᠠᠯᠲᠠ ᠪᠠᠨ ᠪᠡᠶᠡᠯᠡᠭᠦᠯᠦᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ ᠃ | ᠡᠨᠡ ᠵᠢᠯ ᠪᠣᠯ ᠸᠢᠶᠧᠳ᠋ᠨᠠᠮ ᠤᠨ ᠡᠪ ᠬᠠᠮᠲᠤ ᠨᠠᠮ ᠪᠠᠶᠢᠭᠤᠯᠤᠭᠳᠠᠭᠰᠠᠨ 95 ᠵᠢᠯ ᠤᠨ ᠤᠢ ᠂ ᠸᠢᠶᠧᠳ᠋ᠨᠠᠮ ᠤᠨ ᠤᠯᠤᠰ | ᠪᠠᠶᠢᠭᠤᠯᠤᠭᠳᠠᠭᠰᠠᠨ 80 ᠵᠢᠯ ᠤᠨ ᠤᠢ ᠪᠣᠯᠣᠨ ᠡᠮᠦᠨᠡᠲᠦ ᠸᠢᠶᠧᠳ᠋ᠨᠠᠮ ᠴᠢᠯᠦᠭᠡᠯᠡᠭᠳᠡᠭᠰᠡᠨ 50 ᠵᠢᠯ ᠤᠨ ᠤᠢ ᠪᠣᠯᠣᠨ᠎ᠠ ᠂ | ᠪᠢ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠡᠮᠦᠨ᠎ᠡ ᠠᠴᠠ | ᠸᠢᠶᠧᠳ᠋ᠨᠠᠮ ᠤᠨ ᠲᠠᠯ᠎ᠠ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ | ᠸᠢᠶᠧᠳ᠋ᠨᠠᠮ ᠤᠨ ᠬᠢᠨ ᠤ ᠲᠣᠰ ᠤᠯᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ | ᠰᠠᠶᠢᠲᠤᠷ ᠵᠠᠮᠨᠠᠵᠤ ᠂ 2026 ᠣᠨ ᠳᠤ ᠸᠢᠶᠧᠳ᠋ᠨᠠᠮ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠢᠶᠠᠨ | ᠢᠯᠠᠯᠲᠠ ᠲᠠᠢ ᠬᠤᠷᠠᠯᠳᠤᠭᠤᠯᠵᠤ ᠂ ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ ︽ᠬᠤᠣᠰ ᠵᠠᠭᠤᠨ ᠵᠢᠯ ︾ ᠤᠨ | ᠲᠡᠮᠡᠴᠡᠬᠦ ᠬᠠᠷᠠᠯᠲᠠ ᠲᠡᠶᠢᠰᠢ ᠲᠠᠰᠤᠷᠠᠯᠲᠠ ᠦᠭᠡᠢ ᠤᠷᠤᠭᠰᠢᠯᠠᠬᠤ ᠶᠢ ᠲᠡᠮᠵᠢᠨ᠎ᠡ ᠭᠡᠵᠦ ᠵᠢᠭᠠᠵᠤ ᠭᠠᠷᠭᠠᠪᠠ ᠃ | | | | 4 ᠰᠠᠷ᠎ᠠ ᠶᠢᠨ 14 ᠤ ᠦᠳᠡ ᠶᠢᠨ ᠬᠤᠶᠢᠨ᠎ᠠ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠰᠠᠭᠤᠭ᠎ᠠ ᠭᠠᠵᠠᠷ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ | ᠬᠡᠯᠡᠯᠴᠡᠭᠡ ᠬᠢᠪᠡ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢ ᠶᠢᠨ ᠫᠢᠩ᠂ ᠡᠨᠡ ᠵᠢᠯ ᠪᠣᠯ ᠳᠤᠮᠳᠠᠳᠤ ᠸᠢᠶᠧᠳ᠋ᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ | ᠤᠢ ᠵᠢᠴᠢ ︽ᠳᠤᠮᠳᠠᠳᠤ ᠸᠢᠶᠧᠳ᠋ᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠪᠣᠯᠣᠨ᠎ᠠ ᠃ 75 ᠵᠢᠯ ᠤᠨ | ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠬᠤᠶᠠᠷ ᠲᠠᠯ᠎ᠠ ᠪᠠᠷ ᠢᠶᠠᠨ ᠤᠯᠤᠰ ᠤᠨ ᠲᠤᠰᠠᠭᠠᠷ ᠲᠣᠭᠲᠠᠨᠢᠯ | ᠪᠣᠯᠣᠨ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ ᠲᠡᠮᠡᠴᠡᠯ ᠳᠤᠮᠳᠠ ᠬᠠᠷᠢᠯᠴᠠᠨ ᠲᠡᠮᠵᠢᠵᠤ ᠂ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠳᠤᠮᠳᠠ ᠭᠠᠷ ᠬᠤᠯᠪᠣᠨ ᠬᠠᠮᠲᠤ ᠪᠠᠷ ᠤᠷᠤᠭᠰᠢᠯᠠᠵᠤ ᠂ ᠲᠤᠰ | ᠲᠤᠰ ᠤᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠡᠷᠡᠮᠡᠬᠡᠶᠢᠯᠡᠨ ᠤᠷᠤᠭᠰᠢᠯᠠᠵᠤ ᠂ ᠨᠡᠶᠢᠭᠡᠮ ᠵᠢᠷᠤᠮᠲᠤ | ᠤᠯᠤᠰ ᠤᠨ ᠪᠦᠯᠬᠦᠮᠳᠡᠨ ᠬᠠᠮᠲᠤᠷᠠᠯᠴᠠᠬᠤ ᠬᠡᠪ ᠳᠠᠭᠤᠷᠢᠶᠠᠯ ᠪᠣᠯᠪᠠ ᠃ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ | ᠪᠠᠶᠢᠳᠠᠯ ᠤᠨ ᠡᠮᠦᠨ᠎ᠡ ᠳᠤᠮᠳᠠᠳᠤ ᠸᠢᠶᠧᠳ᠋ᠨᠠᠮ ᠬᠤᠶᠠᠷ ᠤᠯᠤᠰ ᠡᠩᠬᠡ ᠲᠠᠶᠢᠪᠤᠩ ᠬᠥᠭᠵᠢᠯᠲᠡ ᠶᠢ ᠪᠠᠷᠢᠮᠲᠠᠯᠠᠵᠤ ᠂ ᠨᠥᠭᠦᠷᠰᠡᠭ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠳᠡᠯᠡᠬᠡᠢ ᠳ᠋ᠠᠬᠢᠨ ᠳᠤ ᠡᠷᠬᠢᠮ ᠨᠠᠨᠳᠢᠨ ᠲᠣᠭᠲᠠᠪᠤᠷᠢᠲᠤ ᠴᠢᠨᠠᠷ ᠪᠠ ᠲᠣᠬᠲᠠᠭᠠᠯᠲᠤ | ᠴᠢᠨᠠᠷ ᠢ ᠨᠡᠮᠡᠷᠢᠯᠡᠪᠡ ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠂ ᠬᠤᠶᠠᠷ ᠲᠠᠯ᠎ᠠ ᠪᠠᠷ ᠢᠶᠠᠨ ᠤᠷᠢᠳᠤᠬᠢ ᠶᠢ | ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠂ ᠭᠠᠷ ᠬᠤᠯᠪᠣᠨ ᠤᠷᠤᠭᠰᠢᠯᠠᠵᠤ ᠂ ︽ᠸᠢᠶᠧᠳ᠋ᠨᠠᠮ ᠳᠤᠮᠳᠠᠳᠤ ᠶᠢᠨ ᠨᠥᠬᠦᠷᠯᠡᠯ | ᠭᠦᠨ ᠵᠤᠵᠠᠭᠠᠨ ᠂ ᠨᠥᠬᠦᠷ ᠪᠥᠭᠡᠳ ᠠᠬ᠎ᠠ ᠳᠡᠭᠦᠦ ︾ ᠶᠢᠨ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ ᠂ ᠤᠯᠤᠰ | ᠲᠦᠷᠦ ᠶᠢᠨ ᠢᠲᠡᠭᠡᠯᠴᠡᠭᠡ ᠨᠡᠩ ᠥᠨᠳᠥᠷ ᠂ ᠠᠮᠤᠷ ᠲᠦᠪᠰᠢᠨ ᠤ ᠬᠠᠮᠲᠤᠷᠠᠯᠴᠠᠭ᠎ᠠ ᠨᠡᠩ ᠪᠣᠳᠠᠲᠠᠢ ᠂ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠨᠡᠩ ᠭᠦᠨᠵᠡᠭᠡᠢ ᠂ ᠠᠷᠠᠳ ᠤᠨ ᠰᠠᠨᠠᠭᠠᠨ ᠤ ᠰᠠᠭᠤᠷᠢ ᠨᠡᠩ ᠪᠠᠲᠤ ᠂ ᠤᠯᠠᠨ ᠲᠠᠯ᠎ᠠ ᠶᠢᠨ | ᠵᠣᠬᠢᠴᠠᠭᠤᠯᠭ᠎ᠠ ᠬᠠᠮᠵᠢᠯᠴᠠᠭ᠎ᠠ ᠨᠡᠩ ᠴᠢᠩᠭ᠎ᠠ ᠂ ᠵᠥᠷᠢᠯᠳᠦᠭᠡᠨ ᠢ ᠬᠠᠮᠢᠶᠠᠷᠤᠨ ᠡᠵᠡᠮᠳᠡᠵᠦ ᠰᠢᠢᠳᠪᠦᠷᠢᠯᠡᠬᠦ ᠪᠠᠷ ᠨᠡᠩ ᠰᠠᠶᠢᠨ | ︽ᠵᠢᠷᠭᠤᠭᠠᠨ ᠨᠡᠩ ᠪᠠᠶᠢᠬᠤ ︾ ᠶᠡᠷᠦᠩᠬᠡᠢ ᠬᠠᠷᠠᠯᠲᠠ ᠶᠣᠰᠣᠭᠠᠷ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠶᠢ ᠴᠢᠨᠠᠷ ᠰᠠᠶᠢᠲᠠᠢ ᠠᠬᠢᠭᠤᠯᠵᠤ ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠵᠤ ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠦᠶ᠎ᠡ ᠭᠡᠵᠦ ᠴᠢᠬᠤᠯᠠᠴᠢᠯᠠᠪᠠ ᠃ | | | | 4 ᠰᠠᠷ᠎ᠠ ᠶᠢᠨ 14 ᠤ ᠦᠳᠡ ᠶᠢᠨ ᠬᠤᠶᠢᠨ᠎ᠠ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠰᠠᠭᠤᠭ᠎ᠠ ᠭᠠᠵᠠᠷ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ | ᠬᠡᠯᠡᠯᠴᠡᠭᠡ ᠬᠢᠪᠡ ᠃ ᠵᠢᠷᠤᠭ ᠪᠣᠯ ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠨᠠᠮ ᠤᠨ ᠶᠡᠷᠦᠩᠬᠡᠢ ᠱᠦᠵᠢ ᠳᠤᠮᠳᠠᠳᠤ | ᠸᠢᠶᠧᠳ᠋ᠨᠠᠮ ᠬᠤᠶᠠᠷ ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ 45 ᠬᠤᠪᠢ ᠪᠢᠴᠢᠭ ᠤᠨ | ᠦᠵᠡᠭᠦᠯᠭᠡ ᠶᠢ ᠬᠠᠮᠲᠤ ᠪᠠᠷ ᠭᠡᠷᠡᠴᠢᠯᠡᠵᠦ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠴᠢᠬᠤᠯᠠ | ᠳᠡᠯᠡᠬᠡᠢ ᠶᠢᠨ ᠠᠴᠢ ᠬᠤᠯᠪᠣᠭᠳᠠᠯ ᠲᠠᠢ ᠶᠤᠮ ᠃ ᠬᠤᠶᠠᠷ ᠤᠯᠤᠰ ᠭᠠᠷ ᠬᠤᠯᠪᠣᠨ ᠡᠩᠬᠡ ᠲᠠᠶᠢᠪᠤᠩ ᠬᠥᠭᠵᠢᠯᠲᠡ ᠶᠢᠨ | ᠵᠠᠮ ᠢᠶᠠᠷ ᠵᠠᠮᠨᠠᠵᠤ ᠂ 15 ᠳ᠋ᠦᠩᠰᠢᠭᠤᠷ ᠭᠠᠷᠤᠢ ᠬᠥᠮᠥᠨ ᠠᠮᠠ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠨᠢ | ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠦᠴᠦᠲᠡᠢ ᠬᠠᠮᠠᠭᠠᠯᠠᠵᠤ ᠂ ᠬᠠᠮᠲᠤ ᠶᠢᠨ | ᠬᠥᠭᠵᠢᠯᠲᠡ ᠶᠢ ᠠᠬᠢᠭᠤᠯᠬᠤ ᠪᠣᠯᠣᠨ᠎ᠠ ᠃ ᠬᠤᠶᠠᠷ ᠤᠯᠤᠰ ᠢᠶᠠᠷ ᠢᠶᠠᠨ ᠴᠥᠮ ᠭᠠᠳᠠᠭᠠᠳᠤ ᠨᠡᠭᠡᠭᠡᠯᠲᠡ ᠬᠢᠬᠦ ᠶᠢ ᠪᠠᠷᠢᠮᠲᠠᠯᠠᠵᠤ ᠂ | ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ | ᠨᠡᠪᠲᠡᠷᠡᠬᠦ ᠶᠢ ᠬᠠᠮᠠᠭᠠᠯᠠᠬᠤ ᠂ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ ᠃ | ᠵᠢᠵᠢᠭ ᠣᠩᠭᠤᠴᠠ ᠪᠢᠴᠢᠬᠠᠨ ᠵᠠᠪᠢ ᠲᠤᠬᠰᠢᠨ ᠳᠠᠪᠠᠯᠭᠠᠨ ᠰᠢᠷᠦᠭᠦᠨ ᠳᠣᠯᠭᠢᠶᠠᠨ ᠢ ᠳᠠᠭᠠᠭᠠᠵᠤ ᠳᠡᠶᠢᠯᠭᠦ ᠦᠭᠡᠢ ᠂ | ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠪᠠᠯ ᠰᠠᠶ᠋ᠢ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ ᠃ ᠳᠤᠮᠳᠠᠳᠤ ᠤᠯᠤᠰ | ᠪᠣᠯᠣᠨ ᠸᠢᠶᠧᠳ᠋ᠨᠠᠮ ᠪᠣᠯ ᠴᠥᠮ ᠠᠵᠤ ᠠᠬᠤᠢ ᠶᠢᠨ ᠳᠡᠯᠡᠬᠡᠶᠢᠵᠢᠯᠲᠡ ᠶᠢᠨ ᠠᠰᠢᠭ ᠢ ᠭᠦᠷᠳᠡᠭᠴᠢ ᠮᠥᠨ ᠂ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠴᠢᠩᠭᠠᠳᠬᠠᠵᠤ ᠂ ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ ᠬᠠᠮᠲᠤ ᠪᠠᠷ | ᠡᠰᠡᠷᠭᠦᠴᠡᠵᠦ ᠂ ᠪᠦᠬᠦ ᠪᠥᠮᠪᠥᠷᠴᠡᠭ ᠤᠨ ᠴᠢᠯᠦᠭᠡᠲᠦ ᠠᠷᠠᠯᠵᠢᠶᠠᠨ ᠤ ᠪᠠᠶᠢᠭᠤᠯᠤᠯ ᠪᠣᠯᠣᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠶ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ ᠲᠤᠬᠠᠢ ᠵᠢᠷᠭᠤᠭᠠᠨ ᠠᠷᠭ᠎ᠠ ᠬᠡᠮᠵᠢᠶ᠎ᠡ ᠳᠤᠷᠠᠳᠪᠠ ᠃ | ᠨᠢᠭᠡ ᠳᠤ ᠨᠡᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠦᠶ᠎ᠡ ᠃ | ᠬᠤᠶᠠᠷ ᠨᠠᠮ ᠬᠤᠶᠠᠷ ᠤᠯᠤᠰ ᠤᠨ ᠤᠳᠤᠷᠢᠳᠬᠤ ᠬᠥᠮᠥᠰ ᠲᠦᠷᠦᠯ ᠰᠠᠳᠤᠨ ᠢᠶᠠᠨ ᠡᠷᠭᠢᠵᠦ ᠦᠵᠡᠬᠦ ᠲᠠᠢ ᠠᠳᠠᠯᠢ ᠪᠠᠷ | ᠦᠷᠭᠦᠯᠵᠢ ᠶᠠᠪᠤᠯᠴᠠᠵᠤ ᠂ ᠢᠯᠡᠭᠦᠬᠡᠨ ᠣᠯᠣᠯᠴᠠᠶ᠎ᠠ ᠃ ᠬᠤᠶᠠᠷ ᠲᠠᠯ᠎ᠠ ᠪᠠᠷ ᠢᠶᠠᠨ ᠨᠠᠮ ᠤᠨ ᠬᠤᠭᠤᠷᠣᠨᠳᠦᠭᠢ ᠂ ᠬᠠᠤᠯᠢ | ᠲᠣᠭᠲᠠᠭᠠᠬᠤ ᠪᠠᠶᠢᠭᠤᠯᠤᠮᠵᠢ ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠵᠡᠷᠭᠡ ᠵᠠᠮ ᠰᠤᠪᠠᠭ ᠤᠨ | ᠦᠢᠯᠡᠳᠦᠯ ᠢ ᠰᠠᠶᠢᠲᠤᠷ ᠪᠠᠳᠠᠷᠠᠭᠤᠯᠵᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ | ᠭᠦᠨᠵᠡᠭᠡᠶᠢᠷᠡᠭᠦᠯᠵᠦ ᠂ ᠤᠯᠤᠰ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠬᠢ ᠨᠠᠮ ᠤᠨ ᠤᠳᠤᠷᠢᠳᠬᠤ ᠲᠦᠪᠰᠢᠨ ᠢ | ᠳᠡᠭᠡᠭᠰᠢᠯᠡᠭᠦᠯᠦᠶ᠎ᠡ ᠃ | ᠬᠤᠶᠠᠷ ᠲᠤ ᠨᠡᠩ ᠪᠠᠲᠤ ᠪᠠᠬᠢ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠶ᠎ᠠ ᠃ ᠬᠤᠶᠠᠷ ᠤᠯᠤᠰ ᠤᠨ ᠭᠠᠳᠠᠭᠠᠳᠤ | ᠬᠠᠷᠢᠯᠴᠠᠭ᠎ᠠ ᠂ ᠤᠯᠤᠰ ᠤᠨ ᠪᠠᠲᠤᠯᠠᠨ ᠬᠠᠮᠠᠭᠠᠯᠠᠯᠲᠠ ᠂ ᠳᠣᠲᠣᠭᠠᠳᠤ ᠶᠢ ᠬᠠᠮᠠᠭᠠᠯᠠᠬᠤ ︽3+3 ︾ ᠶᠢᠨ ᠪᠠᠶᠢᠯᠳᠤᠬᠤ | ᠪᠣᠳᠣᠯᠭ᠎ᠠ ᠶᠢᠨ ᠶᠠᠷᠢᠯᠴᠠᠭᠠᠨ ᠤ ᠲᠣᠭᠲᠠᠴᠠ ᠶᠢ ᠰᠠᠶᠢᠳ ᠤᠨ ᠲᠡᠰ ᠢᠶᠠᠷ ᠲᠣᠭᠲᠠᠭᠠᠵᠤ ᠂ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭ᠎ᠠ ᠪᠠᠨ ᠨᠡᠮᠡᠭᠳᠡᠭᠦᠯᠦᠶ᠎ᠡ ᠃ ᠰᠡᠷᠭᠡᠶᠢᠯᠡᠨ ᠬᠠᠮᠠᠭᠠᠯᠠᠬᠤ ᠠᠵᠢᠯ ᠪᠠ ᠬᠠᠤᠯᠢ ᠬᠡᠷᠡᠭᠵᠢᠭᠦᠯᠬᠦ ᠠᠮᠤᠷ ᠲᠦᠪᠰᠢᠨ ᠤ | ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠰᠦᠯᠵᠢᠶᠡᠨ ᠳᠡᠭᠡᠷ᠎ᠡ ᠵᠣᠭᠤᠰ ᠮᠥᠷᠦ᠋ᠢᠴᠡᠬᠦ | ᠴᠠᠭᠢᠯᠭᠠᠨ ᠴᠢᠮᠡᠭᠡ ᠬᠤᠯᠪᠣᠭᠠᠨ ᠤ ᠮᠡᠬᠡᠯᠡᠯ ᠵᠡᠷᠭᠡ ᠬᠢᠯᠢ ᠠᠯᠤᠰᠯᠠᠭᠰᠠᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ ᠂ | ᠬᠤᠶᠠᠷ ᠲᠠᠯᠠᠲᠤ ᠪᠠ ᠤᠯᠠᠨ ᠲᠠᠯᠠᠲᠤ ᠢᠯᠠᠩᠭᠤᠶ᠎ᠠ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠬᠠᠮᠲᠤᠷᠠᠯᠴᠠᠭᠠᠨ ᠤ | ᠪᠦᠳᠦᠭᠦᠪᠴᠢ ᠵᠥᠪᠯᠡᠯᠴᠡᠭᠡᠷ ᠳᠣᠲᠣᠷᠠᠬᠢ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠮᠲᠤᠷᠠᠯᠴᠠᠭ᠎ᠠ ᠶᠢ ᠴᠢᠩᠭᠠᠳᠬᠠᠵᠤ ᠂ | ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠭᠠᠵᠠᠷ ᠣᠷᠣᠨ ᠤ ᠠᠮᠤᠷ ᠲᠦᠪᠰᠢᠨ | ᠲᠣᠭᠲᠠᠭᠤᠨ ᠢ ᠬᠠᠮᠠᠭᠠᠯᠠᠶ᠎ᠠ ᠃ | ᠭᠤᠷᠪᠠ ᠳᠤ ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠶ᠎ᠡ ᠃ ᠳᠤᠮᠳᠠᠳᠤ | ᠤᠯᠤᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠣᠨ ᠸᠢᠶᠧᠳ᠋ᠨᠠᠮ ᠤᠨ ᠰᠢᠨ᠎ᠡ ᠭᠡᠯᠪᠡᠷᠢ ᠶᠢᠨ | ᠦᠢᠯᠡᠳᠪᠦᠷᠢᠯᠡᠯ ᠤᠨ ᠬᠦᠴᠦᠨ ᠤ ᠲᠦᠷᠭᠡᠨ ᠪᠦᠷᠢᠯᠳᠦᠬᠦ ᠴᠢᠬᠤᠯᠠ ᠶᠡᠭᠡ ᠠᠵᠠ ᠲᠣᠭᠢᠶᠠᠯ ᠢ ᠡᠵᠡᠮᠳᠡᠵᠦ ᠂ ᠬᠤᠶᠠᠷ | ᠤᠯᠤᠰ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠦᠶ᠎ᠡ ᠃ | ᠬᠤᠶᠠᠷ ᠲᠠᠯ᠎ᠠ ᠶᠢᠨ ᠪᠠᠷᠢᠮᠵᠢᠶᠠᠲᠤ ᠵᠢᠮᠳᠦ ᠲᠡᠮᠦᠷ ᠵᠠᠮ ᠂ ᠲᠦᠷᠭᠡᠨ ᠤ ᠵᠠᠰᠠᠮᠠᠯ ᠵᠠᠮ ᠂ ᠣᠶᠤᠨᠲᠤ ᠬᠢᠯᠢ ᠶᠢᠨ ᠪᠣᠭᠤᠮᠲᠠ ᠶᠢ | ᠪᠦᠬᠦ ᠲᠠᠯ᠎ᠠ ᠪᠠᠷ ᠬᠤᠯᠪᠣᠨ ᠨᠡᠪᠲᠡᠷᠡᠭᠦᠯᠬᠦ ᠶᠢ ᠡᠷᠲᠡᠬᠡᠨ ᠪᠡᠶᠡᠯᠡᠭᠦᠯᠦᠶ᠎ᠡ ᠃ ᠵᠣᠬᠢᠶᠠᠮᠠᠯ ᠤᠶᠤᠨ ᠴᠢᠳᠠᠪᠤᠷᠢ ᠂ ᠪᠠᠷᠠᠭᠠᠨ ᠤ | ᠰᠦᠯᠵᠢᠶ᠎ᠡ ᠵᠡᠷᠭᠡ ᠳᠡᠭᠡᠳᠦ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠤᠶ᠎ᠠ ᠃ ᠳᠤᠮᠳᠠᠳᠤ ᠤᠯᠤᠰ ᠤᠨ ᠭᠡᠳᠦ ᠶᠡᠭᠡ | ᠬᠡᠪᠴᠢᠶᠡᠨ ᠤ ᠵᠠᠬ᠎ᠠ ᠳᠡᠯᠭᠡᠭᠦᠷ ᠢᠮᠠᠭᠲᠠ ᠸᠢᠶᠧᠳ᠋ᠨᠠᠮ ᠳᠤ ᠨᠡᠭᠡᠭᠡᠯᠲᠡ ᠬᠢᠵᠦ ᠂ ᠸᠢᠶᠧᠳ᠋ᠨᠠᠮ ᠤᠨ ᠨᠡᠩ ᠤᠯᠠᠨ ᠰᠢᠯᠢᠳᠡᠭ | ᠦᠢᠯᠡᠳᠬᠦᠨ ᠢ ᠳᠤᠮᠳᠠᠳᠤ ᠤᠯᠤᠰ ᠲᠤ ᠭᠠᠷᠭᠠᠬᠤ ᠶᠢ ᠪᠠᠶᠠᠷᠯᠠᠨ ᠤᠭᠲᠤᠵᠤ ᠪᠠᠶᠢᠨ᠎ᠠ ᠃ ᠳᠤᠮᠳᠠᠳᠤ ᠶᠢᠨ ᠲᠠᠯ᠎ᠠ ᠶᠢᠨ ᠬᠢᠨ | ᠳᠤᠮᠳᠠᠳᠤ ᠤᠯᠤᠰ ᠤᠨ ᠠᠵᠤ ᠠᠬᠤᠶᠢᠯᠠᠯ ᠤᠨ ᠸᠢᠶᠧᠳ᠋ᠨᠠᠮ ᠳᠤ ᠬᠦᠷᠴᠦ ᠪᠡᠯᠡ ᠣᠷᠣᠭᠤᠯᠬᠤ ᠶᠢ ᠵᠣᠷᠢᠭᠵᠢᠭᠤᠯᠵᠤ ᠂ | ᠸᠢᠶᠧᠳ᠋ᠨᠠᠮ ᠤᠨ ᠲᠠᠯ᠎ᠠ ᠶᠢᠨ ᠬᠢᠨ ᠨᠡᠩ ᠡᠷᠬᠡ ᠲᠡᠭᠰᠢ ᠨᠥᠭᠦᠷᠰᠡᠭ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ | ᠪᠤᠯᠭᠠᠬᠤ ᠶᠢ ᠬᠦᠰᠡᠵᠦ ᠪᠠᠶᠢᠨ᠎ᠠ ᠃ | ᠳᠥᠷᠪᠡ ᠳᠤ ᠨᠡᠩ ᠥᠷᠭᠡᠨ ᠳᠡᠯᠭᠡᠷ ᠠᠷᠠᠳ ᠤᠨ ᠰᠠᠨᠠᠭ᠎ᠠ ᠶᠢᠨ ᠬᠤᠯᠪᠣᠭᠠᠰᠤ ᠶᠢ ᠪᠠᠲᠤ ᠴᠢᠩᠭᠠᠯᠠᠶ᠎ᠠ ᠃ ᠡᠨᠡ ᠵᠢᠯ ᠤᠨ | ︽ᠳᠤᠮᠳᠠᠳᠤ ᠸᠢᠶᠧᠳ᠋ᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠢᠶᠠᠷ ᠠᠵᠠ ᠲᠣᠭᠢᠶᠠᠯ ᠪᠤᠯᠭᠠᠵᠤ ᠂ ᠤᠯᠠᠨ | ᠲᠦᠮᠡᠨ ᠲᠠᠢ ᠣᠶᠢᠷᠠᠲᠤᠭᠰᠠᠨ ᠂ ᠠᠷᠠᠳ ᠤᠨ ᠰᠡᠳᠬᠢᠯ ᠢ ᠣᠯᠣᠭᠰᠠᠨ ᠨᠡᠩ ᠤᠯᠠᠨ ᠨᠥᠭᠦᠷᠰᠡᠭ ᠠᠵᠢᠯᠯᠠᠭ᠎ᠠ ᠶᠢ ᠡᠷᠭᠢᠯᠡᠵᠦ ᠂ | ᠵᠢᠭᠤᠯᠴᠢᠯᠠᠯ ᠂ ᠰᠣᠶᠣᠯ ᠂ ᠵᠠᠭᠤᠴᠢᠯᠠᠭᠤᠷ ᠂ ᠡᠷᠡᠭᠦᠯ ᠬᠠᠮᠠᠭᠠᠯᠠᠯ ᠵᠡᠷᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠶ᠎ᠠ ᠃ | ᠬᠤᠪᠢᠰᠬᠠᠯᠲᠤ ᠰᠣᠶᠣᠯ ᠤᠨ ᠡᠬᠢ ᠪᠠᠶᠠᠯᠢᠭ ᠢ ᠦᠷᠭᠦᠯᠵᠢᠯᠡᠨ ᠭᠦᠨ ᠠᠭᠤᠳᠠᠯᠤᠨ ᠂ ᠨᠥᠭᠦᠷᠰᠡᠭ ᠦᠯᠢᠭᠡᠷ ᠢ ᠰᠠᠶᠢᠲᠤᠷ | ᠶᠠᠷᠢᠵᠤ ᠂ ᠬᠤᠶᠢᠰᠢᠳᠠ ᠶᠢᠨ 3 ᠵᠢᠯ ᠳᠤ ᠸᠢᠶᠧᠳ᠋ᠨᠠᠮ ᠤᠨ ᠵᠠᠯᠠᠭᠤᠴᠤᠳ ᠢ ᠤᠷᠢᠵᠤ ᠳᠤᠮᠳᠠᠳᠤ ᠤᠯᠤᠰ ᠲᠤ ᠣᠴᠢᠭᠤᠯᠤᠨ | ︽ᠬᠤᠪᠢᠰᠬᠠᠯ ᠤᠨ ᠰᠤᠳᠤᠯᠭᠠᠨ ᠤ ᠠᠶᠠᠯᠠᠯ ︾ ᠢ ᠥᠷᠨᠢᠭᠦᠯᠵᠦ ᠂ ᠬᠤᠶᠠᠷ ᠤᠯᠤᠰ ᠤᠨ ᠠᠷᠠᠳ ᠲᠦᠮᠡᠨ ᠢᠯᠠᠩᠭᠤᠶ᠎ᠠ | ᠵᠠᠯᠠᠭᠤ ᠨᠢᠭᠡ ᠦᠶ᠎ᠡ ᠶᠢᠨ ᠬᠢᠨ ᠳᠤ ᠬᠤᠪᠢᠰᠬᠠᠯ ᠤᠨ ᠲᠦᠷᠦ ᠭᠦᠷᠦᠨ ᠢ ᠭᠢᠯᠪᠠᠷ ᠪᠤᠰᠤ ᠪᠠᠷ ᠣᠯᠵᠤ ᠢᠷᠡᠭᠰᠡᠨ ᠂ ᠬᠤᠶᠠᠷ | ᠤᠯᠤᠰ ᠤᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭ᠎ᠠ ᠡᠷᠬᠢᠮ ᠨᠠᠨᠳᠢᠨ ᠭᠡᠳᠡᠭ ᠢ ᠣᠶᠢᠯᠠᠭᠠᠭᠤᠯᠵᠤ ᠂ ᠳᠤᠮᠳᠠᠳᠤ | ᠸᠢᠶᠧᠳ᠋ᠨᠠᠮ ᠤᠨ ᠬᠠᠷᠢᠯᠴᠠᠭᠠᠨ ᠤ ᠬᠥᠭᠵᠢᠯᠲᠡ ᠪᠣᠯᠣᠨ ᠥᠪᠡᠷ ᠥᠪᠡᠷ ᠤᠨ ᠤᠯᠤᠰ ᠤᠨ ᠪᠦᠲᠦᠭᠡᠨ ᠪᠠᠶᠢᠭᠤᠯᠤᠯᠲᠠ ᠳᠤ ᠨᠡᠩ | ᠤᠯᠠᠨ ᠵᠠᠯᠠᠭᠤ ᠬᠦᠴᠦᠨ ᠢ ᠬᠥᠮᠥᠵᠢᠭᠦᠯᠵᠦ ᠥᠭᠭᠦᠶ᠎ᠡ ᠃ | ᠲᠠᠪᠤ ᠳᠤ ᠨᠡᠩ ᠨᠢᠭᠲᠠ ᠤᠯᠠᠨ ᠲᠠᠯᠠᠲᠤ ᠬᠠᠮᠵᠢᠯᠴᠠᠭ᠎ᠠ ᠶᠢ ᠥᠷᠨᠢᠭᠦᠯᠦᠶ᠎ᠡ ᠃ ᠳᠡᠯᠡᠬᠡᠢ ᠶᠢᠨ ᠬᠤᠶᠠᠳᠤᠭᠠᠷ ᠶᠡᠭᠡ | ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠵᠤ ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ | ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ | ᠤᠯᠠᠨ ᠲᠦᠢᠯᠵᠢᠯᠲᠡ ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ ᠂ | ᠭᠤᠷᠪᠠᠨ ᠶᠡᠭᠡ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢᠨ ᠪᠦᠳᠦᠭᠦᠪᠴᠢ ᠵᠥᠪᠯᠡᠯᠴᠡᠭᠡᠷ ᠤᠨ ᠳᠣᠲᠣᠷᠠᠬᠢ | ᠬᠠᠮᠲᠤᠷᠠᠯᠴᠠᠭ᠎ᠠ ᠶᠢ ᠴᠢᠩᠭᠠᠳᠬᠠᠶ᠎ᠠ ᠃ ᠳᠤᠮᠳᠠᠳᠤ ᠤᠯᠤᠰ ᠳᠣᠲᠣᠨᠣ ᠦᠨᠡᠨᠴᠢ ᠠᠰᠢᠭ ᠬᠦᠷᠲᠡᠭᠡᠬᠦ ᠪᠠᠭᠲᠠᠭᠠᠮᠵᠢᠲᠠᠢ ᠪᠠᠶᠢᠬᠤ | ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ | ᠴᠢᠭᠯᠡᠯᠲᠡ ᠶᠢ ᠪᠠᠷᠢᠮᠲᠠᠯᠠᠵᠤ ᠂ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠷ᠎ᠡ ᠪᠦᠲᠦᠭᠡᠯ ᠢ ᠬᠥᠷᠰᠢ | ᠵᠡᠷᠭᠡᠯᠡᠳᠡᠭᠡ ᠳᠡᠭᠡᠨ ᠨᠡᠩ ᠢᠯᠡᠭᠦᠦ ᠬᠦᠷᠲᠡᠭᠡᠨ᠎ᠡ ᠃ | ᠵᠢᠷᠭᠤᠭ᠎ᠠ ᠳᠤ ᠂ ᠳᠠᠯᠠᠢ ᠳᠡᠭᠡᠷᠡᠬᠢ ᠨᠡᠩ ᠰᠠᠶᠢᠨ ᠬᠤᠷᠰᠢᠯᠴᠠᠭ᠎ᠠ ᠶᠢ ᠪᠡᠶᠡᠯᠡᠭᠦᠯᠦᠶ᠎ᠡ ᠃ ᠬᠤᠶᠠᠷ ᠤᠯᠤᠰ ᠤᠨ | ᠤᠳᠤᠷᠢᠳᠬᠤ ᠬᠥᠮᠥᠰ ᠤᠨ ᠬᠠᠮᠲᠤ ᠶᠢᠨ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠳᠠᠯᠠᠢ ᠳᠡᠭᠡᠷᠡᠬᠢ | ᠠᠰᠠᠭᠤᠳᠠᠯ ᠢ ᠵᠣᠬᠢᠰᠲᠠᠢ ᠰᠢᠢᠳᠪᠦᠷᠢᠯᠡᠵᠦ ᠂ ᠳᠠᠯᠠᠢ ᠳᠡᠭᠡᠷᠡᠬᠢ ᠬᠠᠮᠲᠤᠷᠠᠯᠴᠠᠭ᠎ᠠ ᠶᠢ ᠥᠷᠭᠡᠳᠬᠡᠵᠦ ᠂ ᠬᠠᠮᠲᠤ ᠪᠠᠷ ᠨᠡᠭᠡᠭᠡᠨ | ᠬᠥᠭᠵᠢᠭᠦᠯᠬᠦ ᠶᠢ ᠵᠣᠷᠢᠭ ᠰᠢᠭᠤᠳᠤᠨ ᠡᠬᠢᠯᠡᠭᠦᠯᠵᠦ ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ ︾ ᠶᠢ | ᠲᠦᠷᠭᠡᠬᠡᠨ ᠲᠣᠬᠢᠷᠠᠯᠴᠠᠬᠤ ᠶᠢ ᠠᠬᠢᠭᠤᠯᠤᠶ᠎ᠠ ᠃ | ᠰᠦ᠋ ᠯᠢᠨ ᠠᠴᠠ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠬᠤᠶᠠᠷ ᠤᠯᠤᠰ ᠤᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢᠨ ᠲᠠᠰᠢᠷᠠᠮ ᠢᠶᠠᠷ ᠸᠢᠶᠧᠳ᠋ᠨᠠᠮ ᠳᠤ ᠲᠥᠷᠥ ᠶᠢᠨ ᠶᠠᠪᠤᠳᠠᠯ ᠤᠨ | ᠠᠶᠢᠯᠴᠢᠯᠠᠯᠲᠠ ᠬᠢᠭᠰᠡᠨ ᠢ ᠬᠠᠯᠠᠭᠤᠨ ᠢᠶᠠᠷ ᠤᠭᠲᠤᠪᠠ ᠃ ᠰᠦ᠋ ᠯᠢᠨ ᠂ ᠶᠡᠷᠦᠩᠬᠡᠢ ᠱᠦᠵᠢ ᠰᠢ ᠶᠢᠨ ᠫᠢᠩ ᠪᠣᠯ ᠳᠤᠮᠳᠠᠳᠤ | ᠤᠯᠤᠰ ᠤᠨ ᠠᠷᠠᠳ ᠲᠦᠮᠡᠨ ᠤ ᠭᠠᠷᠮᠠᠭᠠᠢ ᠤᠳᠤᠷᠢᠳᠤᠭᠴᠢ ᠮᠥᠨ ᠂ ᠪᠠᠰᠠ ᠴᠤ ᠸᠢᠶᠧᠳ᠋ᠨᠠᠮ ᠤᠨ ᠠᠷᠠᠳ ᠲᠦᠮᠡᠨ ᠤ ᠠᠭᠤᠤ | ᠶᠡᠭᠡ ᠨᠠᠶᠢᠵᠠ ᠮᠥᠨ ᠃ ᠶᠡᠷᠦᠩᠬᠡᠢ ᠱᠦᠵᠢ ᠰᠢ ᠶᠢᠨ ᠫᠢᠩ ᠡᠨᠡ ᠵᠢᠯ ᠤᠨ ᠠᠩᠬᠠᠳᠠᠭᠴᠢ ᠭᠠᠳᠠᠭᠠᠳᠤ ᠤᠯᠤᠰ ᠲᠠᠬᠢ | ᠠᠶᠢᠯᠴᠢᠯᠠᠯᠲᠠ ᠳᠠᠭᠠᠨ ᠸᠢᠶᠧᠳ᠋ᠨᠠᠮ ᠳᠤ ᠢᠷᠡᠭᠰᠡᠨ ᠨᠢ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠶᠢ ᠴᠢᠬᠤᠯᠠᠴᠢᠯᠠᠨ ᠦᠵᠡᠵᠦ | ᠪᠠᠶᠢᠬᠤ ᠪᠠ ᠸᠢᠶᠧᠳ᠋ᠨᠠᠮ ᠢ ᠲᠡᠮᠵᠢᠵᠥ ᠪᠠᠶᠢᠬᠤ ᠶᠢ ᠭᠦᠢᠴᠡᠳ ᠢᠯᠡᠷᠡᠭᠦᠯᠪᠡ ᠃ ᠲᠤᠰ ᠤᠳᠠᠭ᠎ᠠ ᠶᠢᠨ ᠠᠶᠢᠯᠴᠢᠯᠠᠯᠲᠠ ᠨᠢ | ᠯᠠᠪᠲᠠᠢ ᠬᠤᠶᠠᠷ ᠨᠠᠮ ᠬᠤᠶᠠᠷ ᠤᠯᠤᠰ ᠤᠨ ᠨᠥᠭᠦᠷᠰᠡᠭ ᠶᠠᠪᠤᠯᠴᠠᠭ᠎ᠠ ᠶᠢᠨ ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ | ᠪᠣᠯᠵᠤ ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠠᠬᠢᠴᠠ ᠲᠠᠢ ᠪᠤᠯᠬᠤ ᠶᠢ ᠠᠬᠢᠭᠤᠯᠬᠤ ᠪᠣᠯᠣᠨ᠎ᠠ ᠭᠡᠵᠦ ᠢᠯᠡᠳᠬᠡᠪᠡ ᠃ | ᠰᠦ᠋ ᠯᠢᠨ ᠂ ᠶᠡᠷᠦᠩᠬᠡᠢ ᠱᠦᠵᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠦᠬᠦ ᠲᠠᠯ᠎ᠠ ᠪᠠᠷ ᠠᠬᠢᠵᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠦᠷᠭᠡᠨ | ᠬᠥᠭᠵᠢᠵᠦ ᠂ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠲᠠᠰᠤᠷᠠᠯᠲᠠ ᠦᠭᠡᠢ ᠳᠡᠭᠡᠭᠰᠢᠯᠡᠪᠡ ᠂ | ᠸᠢᠶᠧᠳ᠋ᠨᠠᠮ ᠤᠨ ᠬᠢᠨ ᠡᠭᠦᠨ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ ᠂ ᠳᠤᠮᠳᠠᠳᠤ ᠤᠯᠤᠰ ᠤᠨ ᠣᠷᠳᠣ | ᠬᠤᠭᠤᠴᠠᠭᠠᠨ ᠤ ᠲᠤᠷᠰᠢ ᠸᠢᠶᠧᠳ᠋ᠨᠠᠮ ᠳᠤ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ | ᠪᠠᠶᠢᠨ᠎ᠠ ᠭᠡᠵᠦ ᠢᠯᠡᠳᠬᠡᠪᠡ ᠃ | ᠰᠦ᠋ ᠯᠢᠨ ᠂ ᠸᠢᠶᠧᠳ᠋ᠨᠠᠮ ᠪᠣᠯᠣᠨ ᠳᠤᠮᠳᠠᠳᠤ ᠤᠯᠤᠰ ᠪᠣᠯ ᠪᠦᠷ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ | ᠵᠢᠷᠤᠮᠲᠤ ᠤᠯᠤᠰ ᠪᠣᠯᠣᠨ᠎ᠠ ᠂ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠪᠣᠯ ᠸᠢᠶᠧᠳ᠋ᠨᠠᠮ ᠤᠨ | ᠪᠤᠰᠤᠳᠴᠢ ᠱᠠᠭᠠᠷᠳᠠᠯᠭ᠎ᠠ ᠮᠥᠨ ᠂ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠴᠢᠬᠤᠯᠠ ᠰᠣᠩᠭᠤᠯᠲᠠ ᠮᠥᠨ ᠃ | ᠸᠢᠶᠧᠳ᠋ᠨᠠᠮ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠳᠤᠮᠳᠠᠳᠤ | ᠤᠯᠤᠰ ᠤᠨ ᠨᠢᠭᠡᠳᠦᠯ ᠤᠨ ᠶᠡᠭᠡ ᠦᠢᠯᠡᠰ ᠢᠶᠠᠨ ᠪᠡᠶᠡᠯᠡᠭᠦᠯᠬᠦ ᠶᠢ ᠳᠡᠮᠵᠢᠵᠦ ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ ︾ | ᠶᠠᠮᠠᠷᠪᠠ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠨ᠎ᠡ ᠃ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠶᠢᠨ | ᠲᠠᠰᠤᠷᠠᠯᠳᠡ ᠦᠭᠡᠢ ᠬᠥᠭᠵᠢᠬᠦ ᠶᠢ ᠠᠬᠢᠭᠤᠯᠬᠤ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ | ᠲᠤᠰᠠ ᠲᠠᠢ ᠨᠡᠶᠢᠴᠡᠵᠦ ᠂ ᠴᠠᠭ ᠦᠶ᠎ᠡ ᠶᠢᠨ ᠤᠷᠤᠰᠬᠠᠯ ᠲᠠᠢ ᠨᠡᠶᠢᠴᠡᠨ᠎ᠡ ᠃ ᠸᠢᠶᠧᠳ᠋ᠨᠠᠮ ᠤᠨ ᠬᠢᠨ ᠳᠤᠮᠳᠠᠳᠤ ᠤᠯᠤᠰ ᠯᠤᠭ᠎ᠠ | ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ ᠂ ᠲᠦᠷᠦ ᠶᠢ ᠵᠠᠰᠠᠵᠤ | ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠤ | ᠬᠠᠮᠵᠢᠯᠴᠠᠭ᠎ᠠ ᠪᠠᠨ ᠴᠢᠩᠭᠠᠳᠬᠠᠵᠤ ᠂ ᠤᠯᠤᠰ ᠲᠦᠷᠦ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ ᠪᠠᠲᠤᠳᠬᠠᠬᠤ ︔ | ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠦᠪᠰᠢᠨ ᠢ ᠳᠡᠭᠡᠭᠰᠢᠯᠡᠭᠦᠯᠵᠦ ᠂ ᠠᠵᠤ ᠠᠬᠤᠢ ᠠᠷᠠᠯᠵᠢᠶ᠎ᠠ ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠂ ᠰᠠᠭᠤᠷᠢ ᠲᠥᠬᠦᠭᠡᠷᠦᠮᠵᠢ ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ | ᠬᠠᠮᠲᠤᠷᠠᠯᠴᠠᠭᠠᠨ ᠤ ᠨᠡᠩ ᠤᠯᠠᠨ ᠭᠢᠯᠠᠰ ᠴᠡᠭ ᠢ ᠪᠤᠢ ᠪᠤᠯᠭᠠᠬᠤ ︔ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠵᠤ ᠂ | ᠣᠷᠣᠨ ᠨᠤᠲᠤᠭ ᠂ ᠵᠠᠯᠠᠭᠤᠴᠤᠳ ᠤᠨ ᠶᠠᠪᠤᠯᠴᠠᠭ᠎ᠠ ᠶᠢ ᠠᠬᠢᠭᠤᠯᠵᠤ ᠂ ᠵᠢᠭᠤᠯᠴᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ ᠂ | ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠃ | ᠸᠢᠶᠧᠳ᠋ᠨᠠᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠪᠣᠯᠣᠨ ᠭᠤᠷᠪᠠᠨ ᠶᠡᠭᠡ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢ | ᠲᠡᠮᠵᠢᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠬᠥᠷᠰᠢ ᠵᠡᠷᠭᠡᠯᠡᠳᠡᠭᠡ ᠶᠢᠨ ᠠᠵᠢᠯ ᠤᠨ | ᠬᠤᠷᠠᠯ ᠠᠴᠠ ᠬᠥᠷᠰᠢ ᠵᠡᠷᠭᠡᠯᠡᠳᠡᠭᠡ ᠤᠯᠤᠰ ᠯᠤᠭ᠎ᠠ ︽ᠲᠠᠪᠤᠨ ᠶᠡᠭᠡ ᠭᠡᠷ ᠣᠷᠣᠨ ︾ ᠢ ᠪᠦᠲᠦᠭᠡᠨ ᠪᠠᠶᠢᠭᠤᠯᠬᠤ ᠠᠯᠤᠰ ᠤᠨ | ᠲᠥᠰᠥᠪ ᠪᠠ ᠡᠶᠡᠯᠳᠡᠭ ᠬᠥᠷᠰᠢ ᠠᠮᠤᠷ ᠲᠣᠭᠲᠠᠭᠤᠨ ᠬᠥᠷᠰᠢ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ ᠴᠢᠭᠯᠡᠯᠲᠡ ᠶᠢ | ᠪᠠᠷᠢᠮᠲᠠᠯᠠᠬᠤ ᠪᠠᠷ ᠲᠣᠭᠲᠠᠭᠰᠠᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ ᠃ ᠸᠢᠶᠧᠳ᠋ᠨᠠᠮ ᠤᠨ ᠬᠢᠨ | ᠳᠤᠷᠠᠲᠠᠶ᠎ᠠ ᠳᠤᠮᠳᠠᠳᠤ ᠤᠯᠤᠰ ᠯᠤᠭ᠎ᠠ ᠵᠣᠬᠢᠴᠠᠭᠤᠯᠭ᠎ᠠ ᠪᠣᠯᠣᠨ ᠬᠠᠮᠵᠢᠯᠴᠠᠭ᠎ᠠ ᠪᠠᠨ ᠴᠢᠩᠭᠠᠳᠬᠠᠵᠤ ᠂ ᠤᠯᠠᠨ ᠲᠠᠯᠠᠲᠤ | ᠦᠵᠡᠯ ᠢ ᠪᠠᠷᠢᠮᠲᠠᠯᠠᠵᠤ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠲᠤ ᠰᠠᠬᠢᠵᠤ ᠂ ᠤᠯᠠᠨ ᠤᠯᠤᠰ ᠤᠨ | ᠠᠷᠠᠯᠵᠢᠶᠠᠨ ᠤ ᠳᠦᠷᠢᠮ ᠢ ᠬᠠᠮᠠᠭᠠᠯᠠᠵᠤ ᠂ ᠬᠤᠶᠠᠷ ᠲᠠᠯ᠎ᠠ ᠶᠢᠨ ᠲᠣᠭᠲᠠᠭᠰᠠᠨ ᠬᠡᠯᠡᠯᠴᠡᠭᠡᠷ ᠢ ᠵᠢᠷᠤᠮᠯᠠᠵᠤ ᠂ ᠬᠠᠮᠲᠤ ᠪᠠᠷ | ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠮᠥᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠳᠤ ᠨᠡᠩ ᠶᠡᠭᠡ ᠬᠤᠪᠢ | ᠨᠡᠮᠡᠷᠢ ᠦᠵᠡᠭᠦᠯᠦᠨ᠎ᠡ ᠃ ᠸᠢᠶᠧᠳ᠋ᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠲᠠᠯᠠᠢ ᠳᠡᠭᠡᠷᠡᠬᠢ ᠵᠥᠷᠢᠯᠳᠦᠭᠡᠨ ᠢᠶᠠᠨ | ᠵᠣᠬᠢᠰᠲᠠᠢ ᠰᠢᠢᠳᠪᠦᠷᠢᠯᠡᠵᠦ ᠂ ᠲᠠᠯᠠᠢ ᠳᠡᠭᠡᠷᠡᠬᠢ ᠲᠣᠭᠲᠠᠭᠤᠨ ᠢ ᠬᠠᠮᠠᠭᠠᠯᠠᠨ᠎ᠠ ᠭᠡᠵᠦ ᠢᠯᠡᠳᠬᠡᠪᠡ ᠃ | ᠬᠡᠯᠡᠯᠴᠡᠭᠡ ᠬᠢᠬᠦ ᠠᠴᠠ ᠡᠮᠦᠨ᠎ᠡ ᠂ ᠰᠦ᠋ ᠯᠢᠨ ᠰᠢ ᠶᠢᠨ ᠫᠢᠩ ᠢ ᠤᠷᠢᠵᠤ ᠪᠠᠭ᠎ᠠ ᠬᠡᠪᠴᠢᠶᠡᠨ ᠤ ᠴᠠᠶᠢᠯᠠᠯᠭ᠎ᠠ ᠬᠢᠪᠡ ᠃ | ᠬᠤᠶᠠᠷ ᠨᠠᠮ ᠤᠨ ᠶᠡᠷᠦᠩᠬᠡᠢ ᠱᠦᠵᠢ ᠨᠠᠮ ᠢ ᠵᠠᠰᠠᠬᠤ ᠲᠦᠷᠦ ᠶᠢ ᠵᠠᠰᠠᠬᠤ ᠣᠶᠢᠯᠠᠭᠠᠭᠳᠠᠬᠤᠨ ᠤ ᠲᠤᠬᠠᠢ ᠰᠠᠨᠠᠯ ᠢᠶᠠᠨ | ᠰᠣᠯᠢᠯᠴᠠᠪᠠ ᠃ ᠰᠢ ᠶᠢᠨ ᠫᠢᠩ᠂ ᠨᠠᠮ ᠤᠨ ᠪᠠᠶᠢᠭᠤᠯᠤᠯᠲᠠ ᠨᠢ ᠨᠠᠮ ᠪᠣᠯᠣᠨ ᠤᠯᠤᠰ ᠤᠨ ᠢᠷᠡᠭᠡᠳᠦᠢ ᠬᠤᠪᠢ ᠵᠠᠶᠠᠭ᠎ᠠ ᠲᠠᠢ | ᠬᠤᠯᠪᠣᠭᠳᠠᠵᠤ ᠂ ᠨᠠᠮ ᠤᠨ ᠰᠤᠷᠲᠠᠯ ᠨᠢ ᠬᠥᠮᠥᠨ ᠤ ᠰᠡᠳᠬᠢᠯ ᠤᠨ ᠬᠦᠷᠢᠶᠡᠯᠡᠬᠦ ᠪᠠ ᠡᠰᠡᠷᠭᠦᠴᠡᠬᠦ ᠲᠠᠢ ᠬᠤᠯᠪᠣᠭᠳᠠᠨ᠎ᠠ ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠡᠨᠡ ᠵᠢᠯ ᠪᠦᠬᠦ ᠨᠠᠮ ᠢᠶᠠᠷ ᠢᠶᠠᠨ ᠲᠥᠪ ᠶᠢᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠂ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ | ᠪᠠᠲᠤᠯᠠᠭ᠎ᠠ ᠬᠠᠩᠭᠠᠬᠤ ᠪᠠᠷ ᠲᠣᠭᠲᠠᠪᠠ ᠃ ᠬᠤᠶᠠᠷ ᠨᠠᠮ ᠤᠨ ᠶᠡᠷᠦᠩᠬᠡᠢ ᠱᠦᠵᠢ ᠰᠣᠯᠢᠯᠴᠠᠭ᠎ᠠ ᠪᠠᠨ ᠴᠢᠩᠭᠠᠳᠬᠠᠵᠤ | ᠬᠠᠷᠢᠯᠴᠠᠨ ᠲᠣᠯᠢ ᠪᠤᠯᠭᠠᠬᠤ ᠂ ᠨᠡᠶᠢᠭᠡᠮ ᠵᠢᠷᠤᠮ ᠤᠨ ᠵᠠᠮ ᠢᠶᠠᠷ ᠬᠠᠮᠲᠤ ᠪᠠᠷ ᠰᠠᠶᠢᠲᠤᠷ ᠵᠠᠮᠨᠠᠬᠤ ᠪᠠᠷ ᠰᠠᠨᠠᠯ ᠨᠢᠭᠡᠲᠡᠢ | ᠵᠥᠪᠰᠢᠶᠡᠷᠡᠪᠡ ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠂ ᠬᠤᠶᠠᠷ ᠨᠠᠮ ᠤᠨ ᠶᠡᠷᠦᠩᠬᠡᠢ ᠱᠦᠵᠢ ᠳᠤᠮᠳᠠᠳᠤ ᠸᠢᠶᠧᠳ᠋ᠨᠠᠮ ᠬᠤᠶᠠᠷ | ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ 45 ᠬᠤᠪᠢ ᠪᠢᠴᠢᠭ ᠤᠨ ᠦᠵᠡᠭᠦᠯᠭᠡ ᠶᠢ | ᠬᠠᠮᠲᠤ ᠪᠠᠷ ᠭᠡᠷᠡᠴᠢᠯᠡᠵᠦ ᠂ ᠬᠤᠯᠪᠣᠯᠳᠤᠨ ᠨᠡᠪᠲᠡᠷᠡᠯᠴᠡᠬᠦ ᠂ ᠵᠣᠬᠢᠶᠠᠮᠠᠯ ᠤᠶᠤᠨ ᠴᠢᠳᠠᠪᠤᠷᠢ ᠂ ᠪᠣᠭᠤᠮᠲᠠ ᠶᠢᠨ ᠰᠢᠯᠭᠠᠨ | ᠪᠠᠶᠢᠴᠠᠭᠠᠬᠤ ᠬᠢᠵᠢᠭ ᠢ ᠪᠠᠶᠢᠴᠠᠭᠠᠬᠤ ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠂ ᠰᠣᠶᠣᠯ ᠪᠠ ᠪᠡᠶ᠎ᠡ ᠶᠢᠨ ᠲᠠᠮᠢᠷ ᠂ | ᠠᠷᠠᠳ ᠤᠨ ᠠᠮᠢᠳᠤᠷᠠᠯ ᠂ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠂ ᠵᠠᠭᠤᠴᠢᠯᠠᠭᠤᠷ ᠵᠡᠷᠭᠡ | ᠬᠦᠷᠢᠶ᠎ᠡ ᠴᠠᠷᠠᠭ᠎ᠠ ᠶᠢ ᠬᠠᠮᠤᠷᠴᠠᠢ ᠃ | ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ | ᠨᠡᠶᠢᠭᠡᠮ ᠵᠢᠷᠤᠮᠲᠤ ᠸᠢᠶᠧᠳ᠋ᠨᠠᠮ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ | ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠬᠤ ᠲᠤᠬᠠᠢ ᠬᠠᠮᠲᠤᠷᠠᠭᠰᠠᠨ | ᠢᠯᠡᠷᠬᠡᠶᠢᠯᠡᠯᠲᠡ ︾ ᠶᠢ ᠨᠡᠶᠢᠲᠡᠯᠡᠪᠡ ᠃ | ᠲᠤᠰ ᠣᠷᠣᠢ ᠂ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠂ | ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠬᠠᠮᠲᠤ ᠪᠠᠷ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ ᠃ | ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ ᠂ ᠱᠦᠵᠢ | ᠨᠠᠷ ᠤᠨ ᠭᠠᠵᠠᠷ ᠤᠨ ᠱᠦᠵᠢ ᠵᠡᠷᠭᠡ ᠤᠳᠤᠷᠢᠳᠬᠤ ᠨᠥᠬᠦᠳ ᠪᠠᠷ᠎ᠠ ᠪᠣᠯᠵᠤ ᠣᠷᠣᠯᠴᠠᠪᠠ ᠃ | ᠼᠠᠢ ᠴᠢ ᠂ ᠸᠠᠩ ᠢ ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃ |