︽ᠵᠢᠷᠭᠤᠭᠠᠨ ᠠᠵᠢᠯᠯᠠᠭ᠎ᠠ︾᠎ ᠶᠢ ᠨᠠᠶᠢᠳᠠᠪᠤᠷᠢᠵᠢᠭᠤᠯᠤᠨ᠎ᠠ — ︽ᠭᠤᠷᠪᠠ ᠶᠢ ᠬᠦᠷᠭᠡᠬᠦ︾ ᠠᠵᠢᠯᠯᠠᠭ᠎ᠠ ᠪᠥᠲᠥᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠣᠷᠣᠪᠠ
ᠨᠡᠶᠢᠲᠡᠯᠡᠭᠰᠡᠨ ᠴᠠᠭ᠄
2025/4/22
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ᠰᠢᠯᠢ ᠶᠢᠨ ᠭᠤᠤᠯ ᠠᠶᠢᠮᠠᠭ ᠤᠨ ᠵᠠᠮ ᠬᠠᠷᠢᠯᠴᠠᠭᠠᠨ ᠎ ᠤ ᠲᠣᠪᠴᠢᠶ᠎ᠠ᠂ ᠥᠪᠥᠷ ᠮᠣᠩᠭᠤᠯ ᠤᠨ ᠵᠠᠮ ᠬᠥᠭᠦᠷᠭᠡ ᠶᠢᠨ ᠪᠦᠯᠦᠭᠯᠡᠯ᠂ S22 ᠪᠠᠶᠠᠨᠴᠠᠭᠠᠨ ᠠᠴᠠ ᠶᠦᠩ ᠲᠠᠢ ᠭᠦᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ᠂ S26 ᠨᠠᠷᠠᠰᠤᠨ ᠠᠴᠠ ᠯᠦᠩ ᠺᠸᠦ ᠬᠦᠷᠬᠦ ᠳᠡᠭᠡᠳᠦ ᠬᠤᠷᠳᠤ ᠎ ᠶᠢᠨ ᠵᠠᠰᠠᠮᠠᠯ ᠵᠠᠮ᠂ S29 ᠬᠥᠬᠡᠬᠤᠲᠠ ᠠᠴᠠ ᠯᠢᠶᠠᠩᠴᠧᠩ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ᠂ ᠴᠠᠪᠢᠨᠲᠠᠯ᠎ᠠ ᠠᠴᠠ ᠰᠤᠭᠤᠲᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠳᠤ ︽ᠲᠤᠰᠬᠠᠶ ᠮᠡᠷᠭᠡᠵᠢᠯᠲᠡᠨ ᠬᠦᠷᠭᠡᠬᠦ᠂ ᠮᠡᠷᠭᠡᠵᠢᠯ ᠬᠦᠷᠭᠡᠬᠦ᠂ ᠦᠶᠯᠡᠴᠢᠯᠡᠭᠡ ᠬᠦᠷᠭᠡᠬᠦ︾ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠶᠠᠰᠤ ᠴᠢᠨᠠᠷ ᠎ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ ᠠᠶᠢᠮᠠᠭ ᠬᠤᠲᠠ᠂ ᠬᠤᠰᠢᠭᠤ ᠰᠢᠶᠠᠨ᠂ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠨᠢᠭᠡᠴᠢ ᠶᠢᠨ ᠪᠠᠷᠤᠭ 600 ᠬᠥᠮᠦᠨ ᠤᠳᠠᠭ᠎ᠠ ᠠᠵᠢᠯᠯᠠᠭ᠎ᠠ ᠳᠤ ᠣᠷᠣᠯᠴᠠᠵᠠᠶ᠃     ᠠᠵᠢᠯᠯᠠᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ᠶᠢᠨ ᠬᠠᠮᠢᠶ᠎ᠠ ᠪᠥᠬᠦᠶ ᠬᠥᠮᠦᠰ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠦᠨᠳᠦᠰᠦᠨ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠬᠦᠨᠳᠦ ᠶᠡᠭᠡ ᠲᠦᠭᠰᠢᠭᠦᠷᠢ᠂ ᠬᠦᠨᠳᠦ ᠶᠡᠭᠡ ᠠᠮᠤᠷ ᠲᠦᠪᠰᠢᠨ ᠤ ᠠᠳᠡᠯ ᠤᠨ ᠬᠡᠮ ᠰᠣᠭᠤᠭ ᠢ ᠮᠠᠭᠠᠳᠯᠠᠨ ᠲᠣᠭᠲᠠᠭᠠᠬᠤ ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 2025 ᠣᠨ ᠤ ᠨᠦᠬᠡᠨ ᠵᠠᠮ ᠵᠢᠴᠢ ᠭᠠᠮᠰᠢᠭ ᠢ ᠰᠡᠷᠭᠡᠶᠢᠯᠡᠬᠦ ᠲᠤᠰᠬᠠᠶ ᠠᠵᠢᠯᠯᠠᠭ᠎ᠠ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠ ᠬᠠᠷᠠᠯᠲᠠ ᠳᠤ ᠨᠠᠷᠢᠨ ᠲᠠᠶᠢᠯᠤᠮᠵᠢ ᠬᠢᠪᠠ︔ ᠣᠶᠢᠷ᠎ᠠ ᠶᠢᠨ ᠵᠢᠯ ᠤᠨ ᠲᠤᠷᠰᠢᠬᠢ ᠪᠦᠬᠦ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠶᠠᠰᠤ ᠴᠢᠨᠠᠷ ᠎ ᠤᠨ ᠠᠰᠠᠭᠤᠳᠠᠯ ᠳᠤ ᠨᠠᠷᠢᠨ ᠲᠠᠶᠢᠯᠤᠮᠵᠢ ᠬᠢᠬᠦ ᠶᠢᠨ ᠬᠠᠮᠲᠤ ᠪᠣᠳᠠᠲᠠᠶ ᠰᠢᠯᠲᠠᠭᠠᠨ ᠵᠢᠴᠢ ᠰᠢᠶᠳᠪᠦᠷᠢᠯᠡᠬᠦ ᠠᠷᠭ᠎ᠠ ᠳᠤ ᠵᠠᠳᠠᠯᠤᠯᠲᠠ ᠬᠢᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠨᠡᠶᠢᠲᠡᠯᠡᠭᠰᠡᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠪᠠ︔ ᠣᠶᠢᠷ᠎ᠠ ᠶᠢᠨ ᠵᠢᠯ ᠤᠨ ᠲᠤᠷᠰᠢᠬᠢ ᠪᠥᠬᠦ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠦᠶᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠥᠷᠥᠯ ᠬᠡᠯᠪᠡᠷᠢ᠂ ᠠᠳᠡᠯ ᠤᠨ ᠰᠢᠯᠲᠠᠭᠠᠨ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯ ᠲᠦᠭᠰᠢᠭᠦᠷᠢ ᠶᠢᠨ ᠴᠡᠭ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠭᠤᠤᠯᠳᠠᠯᠭ᠎ᠠ ᠪᠠ ᠡᠭᠦᠷᠭᠡ ᠶᠢ ᠵᠢᠭᠠᠵᠤ ᠭᠠᠷᠭᠠᠪᠠ︔ ᠠᠮᠤᠷ ᠠᠮᠤᠭᠤᠯᠠᠩ ᠪᠠᠷᠢᠯᠭ᠎ᠠ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠣᠳᠣᠷᠬᠠᠶᠢᠯᠠᠨ ᠥᠭᠦᠯᠡᠵᠦ᠂ ᠠᠮᠤᠷ ᠠᠮᠤᠭᠤᠯᠠᠩ ᠪᠠᠷᠢᠯᠭ᠎ᠠ ᠶᠢᠨ ᠭᠠᠵᠠᠷ ᠤᠨ ᠬᠠᠮᠤᠭ ᠤᠨ ᠰᠢᠨ᠎ᠡ ᠡᠭᠦᠳᠦᠨ ᠪᠠᠶᠢᠭᠤᠯᠬᠤ ᠠᠵᠢᠯ ᠤᠨ ᠱᠠᠭᠠᠷᠳᠠᠯᠭ᠎ᠠ ᠳᠤ ᠲᠠᠶᠢᠯᠤᠮᠵᠢ ᠬᠢᠵᠦ᠂ ᠪᠥᠬᠦ ᠣᠷᠣᠨ ᠤ ᠠᠮᠤᠷ ᠠᠮᠤᠭᠤᠯᠠᠩ ᠪᠠᠷᠢᠯᠭ᠎ᠠ ᠶᠢᠨ ᠭᠠᠵᠠᠷ ᠢ ᠡᠭᠦᠳᠦᠨ ᠪᠠᠶᠢᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠬᠤ ᠶᠢᠨ ᠬᠠᠮᠲᠤ ᠲᠠᠷᠠᠭᠠᠴᠢ ᠶᠢᠨ ᠱᠠᠲᠤᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠡᠯ᠎ᠡ ᠡᠭᠦᠳᠦᠨ ᠪᠠᠶᠢᠭᠤᠯᠬᠤ ᠭᠤᠤᠯ ᠴᠣᠭᠴᠠ ᠶᠢᠨ ᠴᠢᠷᠮᠠᠶᠢᠬᠤ ᠭᠤᠤᠯᠳᠠᠯᠭ᠎ᠠ ᠪᠠ ᠴᠢᠭᠯᠡᠯ ᠢ ᠲᠣᠳᠣᠷᠬᠠᠶᠢᠯᠠᠪᠠ᠃      ︽ᠭᠤᠷᠪᠠ ᠶᠢ ᠬᠦᠷᠭᠡᠬᠦ︾ ᠠᠵᠢᠯᠯᠠᠭ᠎ᠠ ᠨᠢ ᠠᠶᠢᠮᠠᠭ ᠬᠤᠲᠠ᠂ ᠬᠤᠰᠢᠭᠤ ᠰᠢᠶᠠᠨ ᠪᠣᠯᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠴᠢᠭᠯᠡᠭᠦᠯᠬᠦ ᠴᠢᠨᠠᠷᠲᠠᠶ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠤ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠬᠦᠴᠢᠷ ᠠᠰᠠᠭᠤᠳᠠᠯ ᠎ ᠢ ᠰᠢᠶᠳᠪᠦᠷᠢᠯᠡᠬᠦ ᠳᠤ ᠠᠰᠢᠭᠲᠠᠶ ᠪᠠᠶᠢᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠳᠤ ᠠᠰᠢᠭᠲᠠᠶ ᠪᠠᠶᠢᠳᠠᠭ᠃ ᠲᠣᠰ ᠥᠷᠲᠡᠭᠡᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠬᠤᠶᠢᠰᠢᠳᠠ ᠲᠤᠬᠠᠶ ᠶᠢᠨ ᠲᠠᠯᠠᠪᠤᠷ ᠲᠤ ᠬᠠᠪᠰᠤᠷᠤᠨ ᠲᠡᠳᠬᠦᠬᠦ ᠪᠠ ᠵᠥᠪᠯᠡᠯᠭᠡ ᠥᠭᠬᠦ ᠦᠶᠯᠡᠴᠢᠯᠡᠭᠡ ᠶᠢ ᠪᠠᠶᠢᠩᠭᠤ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠣᠷᠣᠨ ᠤ ᠵᠠᠰᠠᠮᠠᠯ ᠵᠠᠮ ᠎ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠶᠠᠰᠤ ᠴᠢᠨᠠᠷ ᠤᠨ ᠠᠮᠤᠷ ᠲᠦᠪᠰᠢᠨ ᠤ ᠬᠥᠭᠵᠢᠯᠲᠡ ᠳᠤ ᠪᠠᠲᠤ ᠴᠢᠩᠭ᠎ᠠ ᠮᠡᠷᠭᠡᠵᠢᠯ ᠤᠨ ᠳᠡᠮᠵᠢᠯᠭᠡ ᠬᠠᠩᠭᠠᠨ᠎ᠠ ᠭᠡᠵᠡᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号