ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠦᠯᠭᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠬᠥᠮᠥᠷᠭᠡ ᠳᠤ ᠣᠷᠣᠭᠤᠯᠬᠤ ᠪᠠᠷ ᠪᠠᠶᠢᠭ᠎ᠠ ᠲᠤᠰᠬᠠᠶ ᠮᠡᠷᠭᠡᠵᠢᠯᠲᠡᠨ ᠤ ᠨᠡᠷᠡᠰ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2025/4/24
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠦᠯᠭᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠎ ᠤ ᠬᠠᠮᠢᠶᠠᠷᠤᠯᠲᠠ ᠶᠢᠨ ᠠᠷᠭ᠎ᠠ︾ ︵ᠥᠪᠥᠷ ᠵᠠᠮ ᠬᠠᠷᠢᠯᠴᠠᠭ᠎ᠠ ᠠᠶᠦᠯᠭᠦᠢ ᠬᠢᠨᠠᠯᠲᠠ ᠲᠠᠷᠬᠠᠭᠠᠭᠰᠠᠨ ﹇2025﹈ 8 ᠳ᠋ᠤᠭᠠᠷ ᠲᠣᠭᠠᠲᠤ︶᠎ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠮᠡᠳᠡᠭᠦᠯᠬᠦ᠂ ᠠᠩᠬ᠎ᠠ ᠬᠢᠨᠠᠬᠤ᠂ ᠳᠠᠬᠢᠨ ᠬᠢᠨᠠᠬᠤ᠂ ᠲᠤᠰᠬᠠᠶ ᠰᠡᠳᠦᠪᠲᠦ ᠬᠤᠷᠠᠯ ᠵᠡᠷᠭᠡ ᠳᠡᠰ ᠳᠠᠷᠠᠭᠠᠯᠠᠯ ᠢᠶᠠᠷ ᠳᠠᠮᠵᠢᠭᠠᠳ᠂ 323 ᠬᠥᠮᠦᠨ              ︽ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠦᠯᠭᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ︾᠎ ᠳᠤ ᠰᠣᠩᠭᠤᠭᠳᠠᠨ ᠣᠷᠣᠵᠤ᠂ ᠡᠳᠦᠭᠡ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ︵2025 ᠣᠨ ᠤ 4 ᠳ᠋ᠦ᠋ᠭᠡᠷ ᠰᠠᠷ᠎ᠠ ᠶᠢᠨ 22᠎ ᠤᠨ ᠡᠳᠦᠷ ᠠᠴᠠ 4 ᠳ᠋ᠦ᠋ᠭᠡᠷ ᠰᠠᠷ᠎ᠠ ᠶᠢᠨ 28᠎ ᠤ ᠡᠳᠦᠷ ᠬᠦᠷᠲᠡᠯ᠎ᠡ︶ ᠪᠣᠯᠤᠨ᠎ᠠ᠃     ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠢᠯᠡ ᠨᠡᠶᠢᠲᠡᠯᠡᠬᠦ ᠡᠲᠡᠭᠡᠳ ᠲᠤ ᠣᠨᠳᠣᠣ ᠰᠠᠨᠠᠯ ᠲᠠᠢ ᠪᠣᠯ ᠪᠢᠴᠢᠭ ᠤᠨ ᠬᠡᠯᠪᠡᠷᠢ ᠪᠠᠷ ᠮᠠᠨ ᠤ ᠲᠢᠩᠬᠢᠮ ᠳᠤ ᠰᠠᠨᠠᠯ ᠢᠶᠠᠨ ᠳᠡᠪᠰᠢᠭᠦᠯᠦᠭᠡᠷᠡᠢ᠃ ᠬᠤᠪᠢ ᠬᠥᠮᠦᠨ ᠣᠨᠳᠣᠣ ᠰᠠᠨᠠᠯ ᠳᠤᠷᠠᠳᠪᠠᠯ᠂ ᠣᠨᠳᠣᠣ ᠰᠠᠨᠠᠯ ᠤᠨ ᠮᠠᠲ᠋ᠧᠷᠢᠶᠠᠯ ᠳᠡᠭᠡᠷ᠎ᠡ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ ᠪᠠᠨ ᠲᠣᠳᠣᠷᠬᠠᠶᠢᠯᠠᠬᠤ ᠬᠡᠷᠡᠭᠲᠡᠶ᠃  ᠪᠠᠶᠢᠭᠤᠯᠭ᠎ᠠ ᠨᠢᠭᠡᠴᠢ ᠣᠨᠳᠣᠣ ᠰᠠᠨᠠᠯ ᠳᠤᠷᠠᠳᠬᠤ ᠳᠤ ᠬᠦᠷᠪᠡᠯ᠂ ᠣᠨᠳᠣᠣ ᠰᠠᠨᠠᠯ ᠤᠨ ᠮᠠᠲ᠋ᠧᠷᠢᠶᠠᠯ ᠳᠡᠭᠡᠷ᠎ᠡ ᠨᠢᠭᠡᠴᠢ ᠶᠢᠨ ᠲᠠᠮᠠᠭ᠎ᠠ ᠪᠠᠨ ᠳᠠᠷᠤᠬᠤ ᠶᠢᠨ ᠬᠠᠮᠲᠤ ᠬᠠᠷᠢᠯᠴᠠᠬᠤ ᠬᠥᠮᠦᠨ ᠪᠣᠯᠤᠨ ᠬᠠᠷᠢᠯᠴᠠᠬᠤ ᠤᠲᠠᠰᠤ ᠪᠠᠨ ᠲᠣᠳᠣᠷᠬᠠᠶᠢᠯᠠᠬᠤ ᠬᠡᠷᠡᠭᠲᠡᠶ᠃ ᠮᠠᠨ ᠤ ᠲᠢᠩᠬᠢᠮ ᠣᠨᠳᠣᠤ ᠰᠠᠨᠠᠯ ᠲᠠᠢ ᠬᠥᠮᠦᠨ ᠎ ᠤ ᠪᠡᠶ᠎ᠡ ᠶᠢᠨ ᠭᠠᠷᠤᠯ ᠤᠨ ᠨᠢᠭᠤᠴᠠ ᠶᠢ ᠬᠠᠮᠠᠭᠠᠯᠠᠨ᠎ᠠ᠃ ᠮᠠᠨ ᠤ ᠲᠢᠩᠬᠢᠮ ᠨᠡᠷ᠎ᠡ ᠪᠤᠷᠤᠭᠤᠯᠠᠭᠰᠠᠨ ᠪᠤᠶᠤ ᠣᠨᠣᠪᠴᠢᠲᠠᠢ ᠬᠠᠷᠢᠯᠴᠠᠬᠤ ᠤᠲᠠᠰᠤ ᠶᠢ ᠲᠣᠳᠣᠷᠬᠠᠶᠢᠯᠠᠭᠰᠠᠨ ᠦᠭᠡᠢ ᠣᠨᠳᠣᠣ ᠰᠠᠨᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃     ᠬᠠᠷᠢᠯᠴᠠᠬᠤ ᠤᠲᠠᠰᠤ᠄ 0471 - 5206034      ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ     ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠦᠯᠭᠦᠢ ᠦᠢᠯᠡᠳᠪᠦᠷᠢᠯᠡᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠤ ᠨᠡᠷᠡᠰ .xlsx              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ              2025 ᠣᠨ ᠤ 4 ᠰᠠᠷ᠎ᠠ ᠶᠢᠨ 22᠎ ᠤᠨ ᠡᠳᠦᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号