213 ᠤᠯᠤᠰ ᠤᠨ ᠵᠠᠮ ᠤᠨ ᠳ᠋ᠦᠩᠹᠧᠩ ᠰᠠᠨᠰᠠᠷ ᠤᠨ ᠬᠤᠳᠠ ᠠᠴᠠ ᠠᠷᠪᠠᠨ ᠳᠦᠷᠪᠡᠳᠦᠭᠡᠷ ᠨᠣᠮᠧᠷ ᠤᠨ ᠰᠠᠭᠤᠷᠢᠨ ᠭᠠᠵᠠᠷ ᠬᠦᠷᠲᠡᠯᠡᠬᠢ ᠨᠢᠭᠡᠳᠦᠭᠡᠷ ᠳᠡᠰ ᠤᠨ ᠵᠠᠰᠠᠮᠠᠯ ᠵᠠᠮ ᠤᠨ ᠲᠦᠷᠦᠯ ᠵᠦᠢᠯ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2025/4/25
    ᠣᠶᠢᠷ᠎ᠠ ᠳᠤ᠂ ᠲᠡᠮᠦᠷ ᠵᠠᠮ ᠠᠯᠤᠰᠯᠠᠭᠰᠠᠨ ᠵᠦᠷᠢᠯᠢᠭ ᠬᠥᠭᠦᠷᠭᠡ ᠶᠢᠨ 30 ᠮᠧᠲᠷ ᠤᠨ ᠠᠪᠳᠠᠷᠠᠯᠢᠭ ᠨᠢᠷᠤᠭᠤ᠂  ᠠᠷᠭᠠᠮᠵᠢᠬᠤ ᠨᠢᠷᠤᠭᠤ᠂ ᠲᠤᠯᠭᠠᠭᠤᠷ ᠪᠠᠭᠠᠨ᠎ᠠ ᠶᠢ ᠴᠢᠳᠬᠤᠨ ᠪᠠᠶᠢᠭᠤᠯᠬᠤ ᠶᠢ ᠳᠠᠭᠠᠯᠳᠤᠨ᠂ 213 ᠤᠯᠤᠰ ᠤᠨ ᠵᠠᠮ ᠤᠨ ᠳ᠋ᠦᠩᠹᠧᠩ ᠰᠠᠨᠰᠠᠷ ᠤᠨ ᠬᠤᠲᠠ ᠠᠴᠠ ᠠᠷᠪᠠᠨ ᠳᠥᠷᠪᠡᠳᠦᠭᠡᠷ ᠨᠣᠮᠧᠷ ᠤᠨ ᠰᠠᠭᠤᠷᠢᠨ ᠭᠠᠵᠠᠷ ᠬᠦᠷᠲᠡᠯᠡᠬᠢ ᠨᠢᠭᠡᠳᠦᠭᠡᠷ ᠳᠡᠰ ᠤᠨ ᠵᠠᠰᠠᠮᠠᠯ ᠵᠠᠮ ᠨᠢ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠵᠦ ︽ᠴᠤᠭᠯᠠᠷᠠᠯ ᠤᠨ ᠪᠦᠷᠢᠶ᠎ᠡ︾᠎ ᠶᠢ ᠬᠠᠩᠭᠢᠨᠠᠭᠤᠯᠪᠠ᠃
20250425-1.jpg
    ᠳ᠋ᠦᠩᠹᠧᠩ ᠰᠠᠨᠰᠠᠷ ᠤᠨ ᠬᠤᠳᠠ ᠠᠴᠠ ᠠᠷᠪᠠᠨ ᠳᠥᠷᠪᠡᠳᠦᠭᠡᠷ ᠨᠣᠮᠧᠷ ᠤᠨ ᠰᠠᠭᠤᠷᠢᠨ ᠭᠠᠵᠠᠷ ᠬᠦᠷᠲᠡᠯᠡᠬᠢ ᠵᠠᠰᠠᠮᠠᠯ ᠵᠠᠮ ᠪᠣᠯ ᠬᠤᠶᠠᠷ ᠶᠡᠭᠡ ᠰᠠᠭᠤᠷᠢᠨ ᠭᠠᠵᠠᠷ ᠲᠤ ᠦᠢᠯᠡᠴᠢᠯᠡᠬᠦ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠵᠠᠮ ᠪᠣᠯᠤᠨ᠎ᠠ᠂ ᠲᠤᠰ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠨᠢ ᠥᠪᠥᠷ ᠮᠣᠩᠭᠤᠯ᠂ ᠭᠠᠨᠰᠦ ᠬᠤᠶᠠᠷ ᠮᠤᠵᠢ ᠣᠷᠣᠨ ᠤ ᠵᠠᠮ ᠤᠨ ᠲᠣᠣᠷ ᠤᠨ ᠨᠥᠬᠦᠴᠡᠯ ᠪᠣᠯᠤᠨ ᠨᠡᠪᠲᠡᠷᠡᠬᠦ ᠶᠠᠰᠤ ᠴᠢᠨᠠᠷ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠡᠭᠡ ᠲᠠᠯ᠎ᠠ ᠳᠤ ᠦᠢᠯᠡᠴᠢᠯᠡᠵᠦ᠂ ᠴᠡᠷᠢᠭ ᠠᠷᠠᠳ ᠤᠨ ᠠᠭᠤᠰᠤᠯᠴᠠᠯ ᠢ ᠨᠡᠮᠡᠭᠳᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠪᠣᠯᠤᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃    ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢᠨ ᠲᠥᠯᠥᠭᠡ᠂ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠲᠣᠬᠢᠷᠠᠭᠤᠯᠤᠯᠲᠠ ᠶᠢᠨ ᠶᠡᠭᠡ ᠬᠤᠷᠠᠯ ᠬᠤᠷᠠᠯᠳᠤᠭᠤᠯᠬᠤ ᠶᠢᠨ ᠬᠠᠮᠲᠤ ᠲᠤᠬᠠᠶ ᠶᠢᠨ ᠲᠠᠯᠠᠪᠠᠢ ᠶᠢᠨ ᠪᠡᠯᠡᠳᠬᠡᠯ ᠪᠠᠶᠢᠳᠠᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠲᠥᠷᠥᠯ ᠵᠦᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠬᠦᠴᠦᠨ ᠢᠶᠠᠷ ᠠᠬᠢᠭᠤᠯᠪᠠ᠃ ᠣᠳᠣᠬᠠᠨ ᠳᠤ᠂ 233 ᠠᠵᠢᠯᠲᠠᠨ᠂ ᠮᠠᠰᠢᠨ ᠲᠥᠬᠦᠭᠡᠷᠦᠮᠵᠢ 73 ᠢᠵᠢ ᠲᠠᠯᠠᠪᠠᠶ ᠳᠤ ᠣᠷᠣᠵᠤ᠂ ᠲᠡᠮᠦᠷ ᠵᠠᠮ ᠠᠯᠤᠰᠯᠠᠭᠰᠠᠨ ᠬᠥᠭᠦᠷᠭᠡ᠂ ᠬᠡᠷ ᠪᠠᠶᠢᠰᠢᠩ ᠤᠨ ᠪᠠᠶᠢᠭᠤᠯᠤᠯᠲᠠ᠂ ᠵᠠᠮ ᠬᠠᠷᠢᠯᠴᠠᠭ᠎ᠠ᠂ ᠰᠡᠷᠭᠡᠶᠢᠯᠡᠨ ᠬᠠᠮᠠᠭᠠᠯᠠᠬᠤ ᠪᠠᠷᠢᠯᠭ᠎ᠠ ᠵᠡᠷᠭᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ ᠪᠠᠶᠢᠨ᠎ᠠ᠃  ︵ᠯᠢᠶᠠᠩ ᠾᠧᠩ︶   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号