4 ᠳ᠋ᠦ᠋ᠭᠡᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠳᠠᠯᠭ᠎ᠠ ᠲᠠᠢ ᠠᠵᠢᠯ ᠤᠨ ᠲᠤᠰᠬᠠᠶ ᠰᠡᠳᠦᠪᠲᠦ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ | ᠤᠨ ᠣᠷᠳᠣᠨ ᠪᠣᠯᠤᠨ ᠤᠯᠤᠰ ᠤᠨ ᠶᠠᠮᠤᠨ ᠵᠥᠪᠯᠡᠯ ᠤᠨ ᠬᠤᠯᠪᠣᠭᠳᠠᠯ ᠪᠥᠬᠦᠶ ᠬᠤᠷᠠᠯ ᠤᠨ ᠱᠠᠭᠠᠷᠳᠠᠯᠭ᠎ᠠ ᠶᠢ | ᠤᠯᠠᠮᠵᠢᠯᠠᠨ ᠲᠤᠭᠤᠰᠢᠯᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶ ᠶᠢᠨ ᠠᠵᠢᠯᠯᠠᠭᠠᠨ᠂ ︽ᠲᠠᠪᠤᠨ | ᠰᠠᠷ᠎ᠠ ᠶᠢᠨ ᠨᠢᠭᠡᠨ︾ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠴᠢᠯᠡᠭᠡᠨ ᠤ ᠪᠠᠲᠤᠯᠠᠭ᠎ᠠ᠂ ᠦᠶᠡᠷ ᠤᠨ | ᠬᠤᠭᠤᠴᠠᠭ᠎ᠠ ᠵᠣᠨ ᠤ ᠠᠮᠠᠷᠠᠯᠲᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ᠂ ᠰᠢᠨ᠎ᠡ ᠪᠠᠷ ᠮᠠᠨᠳᠤᠭᠰᠠᠨ | ᠬᠦᠷᠢᠶᠡᠨ ᠤ ︽ᠬᠤᠶᠠᠷ ᠢ ᠪᠦᠷᠬᠦᠭᠦᠯᠬᠦ︾ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ 4 ᠳ᠋ᠦ᠋ᠭᠡᠷ ᠰᠠᠷ᠎ᠠ ᠶᠢᠨ 25 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ | ᠬᠤᠷᠠᠯ ᠤᠨ ᠠᠵᠤ ᠠᠬᠤᠶ ᠶᠢᠨ ᠠᠵᠢᠯ ᠤᠨ ᠲᠤᠬᠠᠶ ᠪᠠᠶᠢᠷᠢᠯᠠᠭᠤᠯᠤᠯᠲᠠ ᠪᠣᠯᠤᠨ ᠣᠶᠢᠷ᠎ᠠ ᠶᠢᠨ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠪᠥᠬᠦ ᠣᠷᠣᠨ ᠤ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ | ᠲᠣᠬᠢᠷᠠᠭᠤᠯᠤᠯᠲᠠ ᠶᠤᠰᠤ ᠪᠠᠷ᠂ ᠦᠵᠡᠯ ᠰᠠᠨᠠᠭ᠎ᠠ ᠪᠠᠨ ᠦᠨᠡᠨ ᠬᠦ ᠨᠢᠭᠡᠳᠬᠡᠵᠦ᠂ ᠢᠳᠡᠪᠬᠢᠲᠡᠶ ᠰᠠᠨᠠᠭᠠᠴᠢᠯᠠᠭ᠎ᠠ ᠠᠴᠠ | ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠡᠯ᠎ᠡ ᠵᠦᠶᠯ ᠤᠨ ᠠᠵᠢᠯ ᠢ ᠯᠠᠪᠳᠠᠭᠤᠨ | ᠪᠠᠲᠤᠲᠠᠶ ᠪᠦᠲᠦᠮᠵᠢᠲᠡᠶ ᠰᠠᠶᠢᠲᠤᠷ ᠬᠢᠬᠦ ᠬᠡᠷᠡᠭᠲᠡᠶ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠤᠷᠳᠤᠴᠠ ᠶᠢ | ᠬᠢᠵᠠᠭᠠᠷᠯᠠᠨ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠪᠡᠯᠡ ᠮᠥᠩᠭᠦ ᠶᠢᠨ ᠬᠦᠴᠦᠨ ᠵᠦᠢᠯ ᠢ ᠭᠦᠢᠴᠡᠳ | ᠪᠠᠲᠤᠯᠠᠨ᠂ ᠲᠥᠯᠥᠪᠯᠡᠭᠡ ᠶᠣᠰᠣ ᠪᠠᠷ ᠠᠬᠢᠭᠤᠯᠤᠨ ᠬᠡᠷᠡᠭᠵᠢᠭᠦᠯᠵᠦ᠂ ᠬᠤᠷᠳᠤᠴᠠ ᠶᠢ ᠬᠢᠵᠠᠭᠠᠷᠯᠠᠨ ᠲᠣᠬᠢᠷᠠᠭᠤᠯᠬᠤ | ᠶᠢ 772 ᠺᠢᠯᠣᠮᠧᠲᠷ ᠪᠡᠶᠡᠯᠡᠭᠦᠯᠦᠨ᠎ᠡ᠃ ᠳᠡᠭᠡᠳᠤ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ | ᠲᠣᠭᠤᠷᠢᠭ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠵᠢᠯ | ᠤᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠬᠵᠢᠭᠤᠯᠵᠤ᠂ ᠳᠠᠪᠠᠭᠤᠯᠢᠭ ᠲᠦᠷᠦᠯ ᠲᠡᠮᠳᠡᠭ ᠤᠨ | ᠦᠢᠯᠡᠳᠬᠦᠨ ᠪᠣᠯᠤᠨ ᠦᠢᠯᠡᠴᠢᠯᠡᠭᠡᠨ ᠤ ᠲᠣᠭᠤᠷᠢᠭ ᠤᠨ ᠰᠢᠯᠢᠳᠡᠭ ᠦᠢᠯᠡᠴᠢᠯᠡᠭᠡ ︽ᠬᠤᠶᠠᠷ ᠰᠢᠯᠢᠳᠡᠭ ᠢ | ᠤᠶᠠᠯᠳᠤᠭᠤᠯᠬᠤ︾ ᠶᠢ ᠠᠬᠢᠭᠤᠯᠵᠤ᠂ ᠦᠢᠯᠡᠴᠢᠯᠡᠭᠡᠨ ᠤ ᠲᠦᠪᠰᠢᠨ ᠪᠣᠯᠤᠨ ᠡᠵᠡᠩᠨᠡᠯᠲᠡ ᠶᠢᠨ ᠲᠦᠪᠰᠢᠨ ᠤ | ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ ᠦᠶᠯᠡᠳᠪᠦᠷᠢᠯᠡᠯ ᠤᠨ ᠬᠦᠴᠦᠨ ᠢ | ᠲᠦᠷᠭᠡᠳᠬᠡᠨ ᠪᠣᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠢᠯᠣᠭᠤᠴᠢ ᠥᠬᠡᠶ ᠶᠢᠨ ᠬᠠᠤᠯᠢ ᠲᠣᠭᠲᠠᠭᠠᠯ | ᠲᠦᠷᠢᠮ ᠲᠣᠭᠲᠠᠭᠠᠬᠤ ᠶᠢ ᠠᠬᠢᠭᠤᠯᠵᠤ᠂ ᠵᠢᠯᠣᠭᠤᠴᠢ ᠥᠬᠡᠶ ᠶᠢ ᠳᠡᠯᠭᠡᠷᠡᠭᠦᠯᠬᠦ ᠳᠤ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠭᠦᠨ᠎ᠡ︔ ᠰᠢᠨ᠎ᠡ ᠡᠨᠧᠷᠭᠢ ᠶᠢᠨ ᠬᠦᠨᠳᠦ ᠠᠴᠢᠶᠠᠨ ᠤ | ᠮᠠᠰᠢᠨ ᠲᠡᠷᠭᠡᠨ ᠤ ᠬᠡᠷᠡᠭᠯᠡᠭᠡᠨ ᠤ ᠲᠠᠯᠠᠪᠤᠷ ᠢ ᠥᠷᠭᠡᠳᠬᠡᠵᠦ᠂ ᠵᠠᠮ ᠬᠠᠷᠢᠯᠴᠠᠭ᠎ᠠ ᠪᠠ ᠡᠨᠧᠷᠭᠢ ᠶᠢᠨ ᠠᠭᠤᠰᠤᠯᠴᠠᠯ ᠢ | ᠠᠬᠢᠭᠤᠯᠤᠨ᠎ᠠ︔ ᠳᠣᠣᠷ᠎ᠠ ᠠᠭᠠᠷ ᠤᠨ ᠠᠵᠤ ᠠᠬᠤᠢ ᠶᠢ ᠬᠥᠭᠵᠢᠭᠦᠯᠵᠦ᠂ ᠢᠷᠡᠭᠡᠳᠦᠢ ᠶᠢᠨ ᠠᠵᠤ ᠦᠢᠯᠡᠰ ᠢ | ᠲᠦᠷᠭᠡᠪᠴᠢᠯᠡᠨ ᠪᠠᠶᠢᠷᠢᠰᠢᠭᠤᠯᠤᠨ᠎ᠠ︔ ᠮᠠᠨ ᠤ ᠣᠷᠣᠨ ᠤ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠠᠭᠠᠷ | ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ | ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠴᠤ ᠬᠠᠮᠠᠭᠠᠯᠠᠬᠤ ᠬᠦᠷᠢᠶᠡᠨ ᠳᠤ ᠠᠵᠢᠯ ᠣᠯᠭᠤᠬᠤ | ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠬᠦ ᠡᠷᠴᠢᠮ ᠢᠶᠠᠨ ᠨᠡᠮᠡᠭᠳᠡᠭᠦᠯᠵᠦ᠂ ᠬᠡᠷᠡᠭᠵᠢᠭᠦᠯᠬᠦ ᠬᠡᠪᠴᠢᠶ᠎ᠡ | ᠪᠣᠯᠤᠨ ᠠᠰᠢᠭ ᠬᠦᠷᠲᠡᠬᠦ ᠡᠲᠡᠭᠡᠳ ᠢ ᠤᠯᠠᠮ ᠨᠢᠭᠡ ᠠᠯᠬᠤᠮ ᠥᠷᠭᠡᠳᠬᠡᠨ᠂ ᠠᠵᠢᠯ ᠣᠯᠭᠤᠯᠲᠠ ᠶᠢ ᠦᠨᠡᠨᠬᠦ | ᠠᠬᠢᠭᠤᠯᠵᠤ᠂ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠶ᠃ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ | ᠶᠢ ᠵᠠᠰᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠲᠤᠭ᠎ᠠ ᠪᠠᠷᠢᠮᠲᠠ ᠶᠢ ᠬᠢᠨᠠᠨ ᠬᠡᠮᠵᠢᠬᠦ ᠪᠠ ᠵᠠᠳᠠᠯᠬᠤ | ᠠᠵᠢᠯ ᠢ ᠰᠠᠶᠢᠲᠤᠷ ᠬᠢᠵᠦ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠭᠤᠤᠯᠳᠠᠯᠭ᠎ᠠ ᠲᠠᠢ | ᠣᠷᠣᠨ ᠪᠦᠰᠡ᠂ ᠭᠤᠤᠯᠳᠠᠯᠭ᠎ᠠ ᠲᠠᠢ ᠵᠠᠮ ᠤᠨ ᠬᠡᠰᠡᠭ ᠢ ᠲᠣᠳᠣᠷᠬᠠᠶ ᠣᠶᠢᠯᠠᠭᠠᠵᠤ᠂ ᠬᠠᠨᠳᠤᠯᠭᠠᠲᠤ ᠴᠢᠨᠠᠷᠲᠠᠶ | ᠠᠷᠭ᠎ᠠ ᠬᠡᠮᠵᠢᠶ᠎ᠡ ᠠᠪᠴᠤ ᠪᠠᠶᠢᠭᠠᠳ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠨᠣᠷᠮ᠎ᠠ ᠶᠢ | ᠪᠦᠲᠦᠮᠵᠢᠲᠡᠶ ᠪᠠᠭᠤᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ︽ᠳᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭ᠎ᠠ ᠤᠳᠠᠯ ᠦᠭᠡᠢ ᠬᠦᠷᠴᠦ | ᠢᠷᠡᠬᠦ ᠪᠣᠯᠤᠯ᠎ᠠ᠂ ︽ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠢ ᠦᠢᠯᠡᠳᠪᠦᠷᠢᠯᠡᠯ ᠪᠣᠯᠤᠨ ᠦᠢᠯᠡᠴᠢᠯᠡᠭᠡᠨ ᠤ | ᠪᠠᠲᠤᠯᠠᠭ᠎ᠠ ᠶᠢᠨ ᠭᠤᠴᠢᠨ ᠵᠦᠢᠯ ᠤᠨ ᠬᠠᠲᠠᠭᠤ ᠠᠷᠭ᠎ᠠ ᠬᠡᠮᠵᠢᠶ᠎ᠡ︾ ᠶᠢ ᠰᠠᠶᠢᠲᠤᠷ ᠨᠠᠶᠢᠳᠠᠪᠤᠷᠢᠵᠢᠭᠤᠯᠵᠤ᠂ ︽ᠲᠠᠪᠤ | ᠶᠢ ᠪᠠᠲᠤᠯᠠᠬᠤ᠂ ᠲᠦᠷᠪᠡ ᠶᠢ ᠲᠤᠪᠤᠶᠢᠯᠭᠠᠬᠤ︾ ᠶᠢ ᠪᠠᠷᠢᠮᠲᠠᠯᠠᠵᠤ᠂ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ | ᠶᠢᠨ ᠬᠤᠭᠤᠴᠠᠭᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ᠂ ᠲᠣᠭᠲᠠᠭᠤᠨ᠂ ᠡᠮᠬᠢ ᠳᠢᠭᠯᠢᠮ ᠲᠠᠢ | ᠪᠠᠶᠢᠬᠤ ᠶᠢ ᠪᠠᠲᠤᠯᠠᠬᠤ ᠬᠡᠷᠡᠭᠲᠡᠢ᠃ ᠰᠦᠶᠳᠬᠡᠯ ᠬᠤᠷᠢᠶᠠᠬᠤ ᠥᠷᠲᠡᠭᠡ᠂ ᠦᠶᠯᠡᠴᠢᠯᠡᠭᠡᠨ ᠤ ᠲᠣᠭᠤᠷᠢᠭ ᠤᠨ | ︽ᠬᠤᠶᠠᠷ ᠴᠡᠭ︾ ᠪᠣᠯᠤᠨ ᠠᠮᠠᠷᠬᠠᠨ ᠲᠦᠭᠵᠢᠷᠡᠬᠦ ᠵᠠᠮ ᠤᠨ ᠬᠡᠰᠡᠭ ᠤᠨ ︽ᠨᠢᠭᠡᠳᠦᠭᠡᠷ ᠹᠷᠣᠨᠲ︾ ᠤᠨ | ᠲᠦᠭᠵᠢᠷᠡᠯ ᠢ ᠰᠢᠯᠤᠭᠤᠳᠬᠠᠵᠤ ᠰᠠᠭᠠᠳ ᠥᠬᠡᠶ ᠨᠡᠪᠲᠡᠷᠡᠬᠦ ᠠᠵᠢᠯ ᠢ ᠳᠤᠪᠤᠶᠢᠯᠭᠠᠨ ᠰᠠᠶᠢᠲᠤᠷ ᠠᠳᠬᠤᠵᠤ᠂ | ᠰᠦᠶᠳᠬᠡᠯ ᠬᠤᠷᠢᠶᠠᠬᠤ ᠠᠮᠠᠰᠠᠷ ᠤᠨ ᠨᠡᠭᠡᠭᠡᠵᠦ ᠬᠠᠭᠠᠬᠤ ᠲᠤᠭ᠎ᠠ ᠬᠡᠮᠵᠢᠶ᠎ᠡ ᠳᠤ ᠴᠠᠭ ᠲᠤᠬᠠᠶ ᠳᠤ ᠨᠢ | ᠲᠣᠬᠢᠷᠠᠭᠤᠯᠤᠯᠲᠠ ᠬᠢᠵᠦ᠂ ᠴᠠᠬᠢᠯᠭᠠᠨ ᠴᠡᠨᠡᠭᠯᠡᠬᠦ ᠦᠶᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ︽ᠨᠢᠭᠡ | ᠬᠡᠰᠡᠭ ᠲᠤ ᠨᠢᠭᠡ ᠠᠷᠭ᠎ᠠ ᠪᠣᠳᠣᠯᠭ᠎ᠠ︾ ᠪᠠᠷ ᠠᠮᠠᠷᠬᠠᠨ ᠲᠦᠭᠵᠢᠷᠡᠬᠦ ᠵᠠᠮ ᠤᠨ ᠬᠡᠰᠡᠭ ᠢ ᠰᠢᠯᠤᠭᠤᠳᠬᠠᠨ | ᠬᠠᠮᠢᠶᠠᠷᠴᠤ ᠡᠵᠡᠮᠳᠡᠬᠦ ᠶᠢ ᠰᠠᠶᠢᠲᠤᠷ ᠬᠢᠵᠦ᠂ ᠠᠮᠠᠷᠠᠯᠲᠠ ᠶᠢᠨ ᠬᠤᠭᠤᠴᠠᠭᠠᠨ ᠤ ᠠᠶᠠᠨᠴᠢᠳ ᠤᠨ ᠴᠤᠪᠤᠷᠠᠯ ᠢ | ᠵᠠᠳᠠᠯᠤᠨ ᠰᠤᠳᠤᠯᠵᠤ ᠮᠠᠭᠠᠳᠯᠠᠬᠤ ᠶᠢ ᠰᠠᠶᠢᠲᠤᠷ ᠬᠢᠵᠦ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠣᠯᠠᠨ | ᠲᠦᠮᠡᠨ ᠤ ︽ᠶᠠᠪᠤᠵᠤ ᠳᠡᠶᠢᠯᠬᠦ︾᠂ ︽ᠰᠠᠶᠢᠬᠠᠨ ᠶᠠᠪᠤᠬᠤ︾ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠦᠶᠡᠷ ᠤᠨ ᠬᠤᠭᠤᠴᠠᠭ᠎ᠠ ᠵᠣᠨ ᠤ ᠠᠮᠠᠷᠠᠯᠲᠠ ᠶᠢᠨ ᠬᠤᠭᠤᠴᠠᠭᠠᠨ ᠤ ᠬᠦᠨᠳᠦ ᠶᠡᠭᠡ ᠠᠶᠤᠯ | ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ | ᠪᠠᠲᠤᠲᠠᠶ ᠥᠷᠨᠢᠭᠦᠯᠵᠦ᠂ ᠲᠤᠰᠬᠠᠶ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠤᠨ ᠠᠶᠤᠯ ᠲᠦᠭᠰᠢᠭᠦᠷᠢ ᠶᠢᠨ | ᠵᠢᠷᠤᠭ ᠢ ᠳᠠᠪᠬᠤᠷᠳᠠᠭᠤᠯᠵᠤ᠂ ᠭᠤᠤᠯᠳᠠᠯᠭ᠎ᠠ ᠲᠠᠢ ᠵᠠᠮ᠂ ᠭᠤᠤᠯᠳᠠᠯᠭ᠎ᠠ ᠲᠠᠢ ᠲᠠᠯᠠᠪᠤᠷ᠂ ᠭᠤᠤᠯᠳᠠᠯᠭ᠎ᠠ ᠲᠠᠢ | ᠬᠦᠷᠢᠶ᠎ᠡ ᠶᠢ ᠲᠣᠳᠣᠷᠬᠠᠶᠢᠯᠠᠵᠤ᠂ ᠦᠶᠡᠷ ᠤᠨ ᠬᠤᠭᠤᠴᠠᠭᠠᠨ ᠤ ᠠᠶᠤᠯ ᠲᠦᠭᠰᠢᠭᠦᠷᠢ ᠶᠢᠨ ᠳᠠᠯᠳᠠ ᠭᠡᠮ ᠤᠨ | ᠬᠥᠳᠡᠯᠦᠩᠭᠦᠶ ᠨᠠᠷᠢᠨ ᠲᠠᠩᠰᠠ ᠶᠢ ᠪᠠᠶᠢᠭᠤᠯᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠮᠡᠳᠡᠵᠦ ᠬᠠᠷᠠᠵᠤ | ᠪᠣᠯᠬᠤ ᠶᠢ ᠪᠡᠶᠡᠯᠡᠭᠦᠯᠬᠦ ᠬᠡᠷᠡᠭᠲᠡᠶ︔ ᠨᠠᠷᠢᠨ ᠳᠠᠩᠰᠠᠨ ᠳᠤ ᠵᠢᠭᠰᠠᠭᠠᠨ ᠣᠷᠣᠭᠤᠯᠤᠭᠰᠠᠨ ᠲᠦᠭᠰᠢᠭᠦᠷᠢ ᠶᠢᠨ ᠳᠠᠯᠳᠠ | ᠭᠡᠮ ᠢ ᠪᠢᠲᠡᠭᠦᠮᠵᠢᠯᠡᠨ ᠬᠠᠮᠢᠶᠠᠷᠴᠤ᠂ ᠳᠠᠷᠤᠶᠢᠬᠠᠨ ᠰᠢᠶᠳᠪᠦᠷᠢᠯᠡᠵᠦ᠂ ᠲᠦᠷ ᠴᠠᠭ ᠴᠡᠭᠴᠡᠯᠡᠨ ᠵᠠᠰᠠᠬᠤ ᠳᠤ | ᠬᠦᠴᠢᠷᠲᠡᠶ ᠪᠣᠯ ᠲᠦᠷ ᠴᠠᠭ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ᠃ ᠭᠤᠤᠯᠳᠠᠯᠭ᠎ᠠ ᠲᠠᠢ ᠬᠦᠷᠢᠶᠡᠨ | ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠮᠠᠯ ᠵᠠᠮ ᠤᠨ ᠡᠵᠡᠩᠨᠡᠯᠲᠡ᠂ ᠪᠠᠶᠢᠭᠤᠯᠵᠤ | ᠪᠠᠶᠢᠭ᠎ᠠ ᠲᠥᠷᠥᠯ ᠵᠦᠶᠯ᠂ ᠵᠠᠮ ᠲᠡᠭᠡᠭᠡᠪᠦᠷᠢ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠱᠠᠯᠠᠪᠳᠠᠭᠤᠯᠤᠨ | ᠱᠠᠭᠠᠷᠳᠠᠵᠤ᠂ ᠤᠷᠢᠳᠴᠢᠯᠠᠨ ᠮᠡᠳᠡᠭᠦᠯᠵᠦ ᠤᠷᠢᠳᠴᠢᠯᠠᠨ ᠰᠡᠷᠡᠮᠵᠢᠯᠡᠭᠦᠯᠬᠦ ᠪᠠᠶᠢᠳᠠᠯ ᠢ ᠦᠨᠳᠦᠰᠦᠯᠡᠨ᠂ ᠠᠵᠢᠯ ᠤᠨ | ᠲᠥᠯᠥᠪᠯᠡᠭᠡ ᠳᠤ ᠴᠠᠭ ᠲᠤᠬᠠᠶ ᠳᠤ ᠨᠢ ᠲᠣᠬᠢᠷᠠᠭᠤᠯᠤᠯᠲᠠ ᠬᠢᠵᠦ᠂ ᠴᠢᠬᠤᠯᠠᠲᠠᠶ ᠦᠶ᠎ᠡ ᠳᠤ ᠵᠣᠭᠰᠣᠭᠠᠬᠤ | ᠴᠢᠬᠤᠯᠠᠲᠠᠢ ᠶᠢ ᠨᠢ ᠪᠦᠬᠦᠨ ᠢ ᠵᠣᠭᠰᠣᠭᠠᠵᠤ᠂ ᠬᠠᠭᠠᠬᠤ ᠴᠢᠬᠤᠯᠠᠲᠠᠢ ᠶᠢ ᠨᠢ ᠪᠦᠬᠦᠨ ᠢ ᠬᠠᠭᠠᠵᠤ᠂ ᠬᠠᠰᠤᠬᠤ | ᠴᠢᠬᠤᠯᠠᠲᠠᠢ ᠶᠢ ᠨᠢ ᠪᠦᠬᠦᠨ ᠢ ᠬᠠᠰᠤᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠦᠷᠦᠯ ᠤᠨ ᠰᠢᠨ᠎ᠡ ᠪᠠᠷ ᠮᠠᠨᠳᠤᠭᠰᠠᠨ ᠬᠦᠷᠢᠶᠡᠨ | ᠤ ︽ᠬᠤᠶᠠᠷ ᠢ ᠪᠦᠷᠬᠦᠬᠦᠯᠬᠦ︾ ᠶᠢ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯ ᠢ ᠭᠦᠨᠵᠡᠭᠡᠢ ᠥᠷᠨᠢᠭᠦᠯᠵᠦ᠂ | ᠭᠤᠷᠪᠠᠨ ᠵᠢᠯ ᠰᠢᠬᠠᠮ ᠤᠨ ᠬᠤᠭᠤᠴᠠᠭᠠᠨ ᠳᠤ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠨᠠᠮ ᠤᠨ ᠠᠵᠢᠯ ᠢ ᠪᠦᠷᠬᠦᠬᠦᠯᠬᠦ ᠶᠢ ᠦᠨᠳᠦᠰᠦᠨ ᠳᠡᠭᠡᠨ ᠪᠡᠶᠡᠯᠡᠭᠦᠯᠬᠦ ᠪᠠᠷ ᠴᠢᠷᠮᠠᠶᠢᠬᠤ | ᠬᠡᠷᠡᠭᠲᠡᠢ᠃ ᠠᠵᠢᠯ ᠲᠥᠷᠥᠯ ᠤᠨ ᠨᠠᠮ ᠤᠨ ᠬᠤᠷᠢᠶ᠎ᠠ ᠶᠢ ᠪᠠᠶᠢᠭᠤᠯᠤᠨ ᠪᠦᠷᠢᠨᠰᠢᠬᠦᠯᠬᠦ ᠪᠤᠶᠤ ᠠᠵᠢᠯ ᠲᠥᠷᠥᠯ ᠤᠨ | ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ 6 ᠳ᠋ᠤᠭᠠᠷ ᠰᠠᠷ᠎ᠠ ᠶᠢᠨ ᠰᠡᠭᠦᠯᠴᠢ | ᠠᠴᠠ ᠡᠮᠦᠨ᠎ᠡ ᠬᠤᠰᠢᠭᠤ ᠰᠢᠶᠠᠨ ᠤ ᠱᠠᠲᠤᠨ ᠤ ᠠᠵᠢᠯ ᠲᠥᠷᠥᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠪᠠᠶᠢᠭᠤᠯᠤᠮᠵᠢ ᠶᠢ 100% ᠪᠠᠷ ᠪᠦᠬᠦᠨ ᠢ ᠪᠥᠷᠬᠦᠭᠦᠯᠬᠦ ᠶᠢ ᠪᠡᠶᠡᠯᠡᠭᠦᠯᠵᠦ᠂ ᠠᠴᠢᠶᠠᠨ ᠤ ᠮᠠᠰᠢᠨ ᠲᠡᠷᠭᠡᠨ ᠤ | ᠵᠢᠯᠣᠭᠤᠴᠢ ᠰᠦᠯᠵᠢᠶ᠎ᠡ ᠪᠠᠷ ᠪᠣᠯᠵᠣᠬᠤ ᠲᠡᠷᠭᠡ ᠶᠢᠨ ᠨᠠᠮ ᠤᠨ ᠭᠡᠰᠢᠭᠦᠨ ᠢ ᠪᠦᠬᠦᠨ ᠢ ᠪᠦᠲᠦᠮᠵᠢᠲᠡᠶ ᠬᠠᠮᠢᠶᠠᠷᠤᠨ | ᠣᠷᠣᠭᠤᠯᠵᠤ᠂ ᠵᠢᠯ ᠤᠨ ᠰᠡᠭᠦᠯᠴᠢ ᠠᠴᠠ ᠡᠮᠦᠨ᠎ᠡ ᠠᠵᠢᠯ ᠲᠥᠷᠥᠯ ᠤᠨ ᠨᠠᠮ ᠤᠨ ᠪᠠᠶᠢᠭᠤᠯᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ︾ | ᠲᠥᠰᠦᠯ ᠳᠤ ᠣᠷᠣᠭᠤᠯᠵᠤ᠂ ᠨᠠᠮ ᠤᠨ ᠭᠡᠰᠢᠭᠦᠨ ᠲᠠᠢ ᠠᠵᠤ ᠠᠬᠤᠶᠢᠯᠠᠯ ᠢ ᠠᠯᠢ ᠴᠢᠳᠠᠬᠤ ᠪᠠᠷ ᠨᠠᠮ ᠤᠨ ᠵᠣᠬᠢᠶᠠᠨ | ᠪᠠᠶᠢᠭᠤᠯᠤᠯᠲᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠲᠢᠩᠬᠢᠮ ᠤᠨ ᠤᠳᠤᠷᠢᠳᠬᠤ ᠪᠠᠭ ᠤᠨ ᠭᠡᠰᠢᠭᠦᠨ᠂ ᠲᠣᠭᠤᠷᠢᠨ ᠪᠠᠶᠢᠴᠠᠭᠠᠭᠴᠢ᠂ ᠶᠡᠷᠦᠩᠬᠡᠶ ᠢᠨᠵᠧᠨᠧᠷ᠂ | ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠪᠣᠯᠤᠨ ᠲᠢᠩᠬᠢᠮ ᠤᠨ | ᠪᠠᠶᠢᠭᠤᠯᠭ᠎ᠠ ᠶᠢᠨ ᠬᠤᠯᠪᠣᠭᠳᠠᠯ ᠪᠥᠬᠦᠶ ᠭᠠᠵᠠᠷ ᠲᠠᠰᠤᠭ᠂ ᠲᠢᠩᠬᠢᠮ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ | ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠵᠠᠮ ᠬᠠᠷᠢᠯᠴᠠᠭᠠᠨ ᠤ ᠪᠦᠯᠦᠭᠯᠡᠯ ᠤᠨ ᠬᠤᠯᠪᠣᠭᠳᠠᠯ ᠪᠥᠬᠦᠶ | ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ | ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ᠂ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠭᠤᠤᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠷᠦᠩᠬᠡᠶ ᠠᠩᠭᠢ ᠶᠢᠨ ᠡᠯ᠎ᠡ ᠰᠠᠯᠪᠤᠷᠢ ᠠᠩᠭᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠪᠢᠶᠠᠷᠢ | ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃ |