ᠥᠪᠥᠷ ᠮᠣᠩᠭᠤᠯ ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ ᠪᠣᠶ
ᠨᠡᠶᠢᠲᠡᠯᠡᠭᠰᠡᠨ ᠴᠠᠭ᠄
2025/5/12
    ᠣᠶᠢᠷ᠎ᠠ ᠶᠢᠨ ᠬᠤᠭᠤᠴᠠᠭᠠᠨ ᠤ ᠲᠤᠷᠰᠢ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠭᠠᠳ ᠥᠬᠡᠶ ᠨᠡᠪᠲᠡᠷᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠮᠢᠶ᠎ᠠ ᠪᠥᠬᠦᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠦᠯᠭᠦᠢ ᠦᠶᠯᠡᠳᠪᠦᠷᠢᠯᠡᠯ ᠢ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠱᠠᠭᠠᠷᠳᠠᠯᠭ᠎ᠠ ᠳᠤ ᠰᠠᠭᠤᠷᠢᠯᠠᠨ᠂ ᠤᠷᠢᠳᠴᠢᠯᠠᠨ ᠠᠷᠭ᠎ᠠ ᠰᠦᠪᠡᠭᠴᠢᠯᠡᠨ ᠳᠣᠭᠢᠷᠠᠭᠤᠯᠵᠤ᠂ ᠵᠠᠰᠠᠮᠠᠯ ᠵᠠᠮ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠭᠡᠨᠡᠳᠲᠡ ᠶᠢᠨ ᠬᠡᠷᠡᠭ ᠢ ᠲᠦᠷᠭᠡᠨ ᠰᠢᠶᠳᠪᠦᠷᠢᠯᠡᠵᠦ᠂ ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃
0512-1.jpg
     ᠳᠣᠯᠣᠳᠤᠭᠠᠷ ᠰᠠᠯᠪᠤᠷᠢ ᠠᠩᠭᠢ ᠶᠢᠨ ᠠᠷᠪᠠᠳᠤᠭᠠᠷ ᠶᠡᠭᠡ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ G1013ᠬᠠᠶᠢᠯᠠᠷ ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠠᠷᠢᠶ᠎ᠠ ᠣᠷᠣᠨ ᠤ ᠵᠠᠮ ᠤᠨ ᠬᠡᠰᠡᠭ ᠲᠤ ᠳᠤᠭᠤᠶᠢᠯᠠᠪᠤᠷᠢ ᠨᠢ ᠬᠠᠭᠠᠷᠠᠭᠰᠠᠨ ᠲᠡᠷᠭᠡ ᠶᠢ ᠠᠪᠤᠷᠠᠨ ᠲᠤᠰᠠᠯᠠᠵᠤ ᠪᠠᠶᠢᠭ᠎ᠠ ᠨᠢ᠃ 
0512-2.jpg
    ᠲᠠᠪᠤᠳᠤᠭᠠᠷ ᠰᠠᠯᠪᠤᠷᠢ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠠᠷᠢᠯᠭ᠎ᠠ ᠶᠢᠨ ᠲᠤᠬᠠᠶ ᠶᠢᠨ ᠲᠠᠯᠠᠪᠠᠢ ᠎ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠬᠢᠨ᠎ᠡ᠃     ᠡᠯ᠎ᠡ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠨᠢᠭᠡ ᠳᠤ᠂ ᠵᠠᠰᠠᠮᠠᠯ ᠵᠠᠮ ᠤᠨ ᠭᠠᠮᠰᠢᠭ ᠲᠤ ᠬᠤᠯᠪᠣᠭᠳᠠᠬᠤ ᠳᠠᠯᠳᠠ ᠭᠡᠮ ᠤᠨ ᠴᠡᠭ ᠪᠣᠯᠤᠨ ᠠᠶᠤᠯ ᠲᠦᠭᠰᠢᠭᠦᠷᠢ ᠲᠠᠢ ᠵᠠᠮ ᠤᠨ ᠬᠡᠰᠡᠭ ᠢᠶᠠᠷ ᠲᠣᠭᠤᠷᠢᠨ ᠪᠠᠶᠢᠴᠠᠭᠠᠬᠤ ᠭᠤᠤᠯᠳᠠᠯᠭ᠎ᠠ ᠪᠣᠯᠭᠠᠨ᠂ ᠲᠡᠷᠭᠡ ᠶᠠᠪᠤᠭᠤᠯᠬᠤ ᠠᠮᠤᠷ ᠲᠦᠪᠰᠢᠨ ᠢ ᠨᠥᠯᠥᠭᠡᠯᠡᠬᠦ ᠵᠠᠰᠠᠮᠠᠯ ᠵᠠᠮ ᠵᠢᠴᠢ ᠳᠠᠭᠠᠯᠲᠠ ᠲᠦᠭᠦᠭᠡᠷᠤᠮᠵᠢ ᠶᠢᠨ ᠡᠪᠳᠡᠷᠡᠵᠦ ᠬᠤᠬᠢᠷᠠᠭᠰᠠᠨ ᠪᠠᠶᠢᠳᠠᠯ ᠢ ᠴᠠᠭ ᠲᠤᠬᠠᠶ ᠳᠤ ᠨᠢ ᠣᠯᠵᠤ ᠮᠡᠳᠡᠨ᠂ ᠵᠠᠰᠠᠮᠠᠯ ᠵᠠᠮ ᠡᠪᠳᠡᠭᠳᠡᠵᠦ ᠮᠡᠳᠡᠬᠦ ᠬᠠᠮᠢᠶ᠎ᠠ ᠪᠦᠬᠦᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠪᠡ᠃     ᠬᠤᠶᠠᠷ ᠲᠤ ᠂ ᠠᠭᠤᠯᠠᠷᠬᠠᠭ ᠣᠷᠣᠨ ᠤ ᠭᠤᠤ ᠵᠢᠯᠠᠭ᠎ᠠ᠂ ᠤᠰᠤᠨ ᠬᠥᠪᠡᠭᠡ ᠬᠠᠳᠠᠨ ᠢᠷᠮᠡᠭ᠂ ᠥᠨᠳᠥᠷ ᠬᠠᠵᠠᠭᠤ ᠪᠡᠯ ᠵᠡᠷᠭᠡ ᠠᠳᠡᠯ ᠠᠮᠠᠷᠬᠠᠨ ᠡᠭᠦᠰᠬᠦ ᠵᠠᠮ ᠤᠨ ᠬᠡᠰᠡᠭ ᠤᠨ ᠲᠣᠭᠤᠷᠢᠨ ᠪᠠᠶᠢᠴᠠᠭᠠᠬᠤ ᠳᠠᠪᠲᠠᠮᠵᠢ ᠤᠳᠠᠭ᠎ᠠ ᠎ ᠶᠢ ᠨᠢᠭᠲᠠᠷᠠᠭᠤᠯᠵᠤ᠂ ᠬᠥᠭᠦᠷᠭᠡ ᠶᠢᠨ ᠲᠤᠯᠭᠠᠭᠤᠷ ᠲᠠᠪᠴᠠᠩ᠂ ᠨᠦᠬᠡᠨ ᠵᠠᠮ ᠤᠨ ᠪᠦᠲᠦᠴᠡ᠂ ᠵᠠᠮ ᠤᠨ ᠪᠦᠲᠦᠴᠡ᠂ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ᠂ ᠤᠰᠤ ᠲᠠᠲᠠᠷᠠᠭᠤᠯᠬᠤ ᠪᠠᠶᠢᠳᠠᠯ᠂ ᠨᠠᠯᠠᠤ ᠪᠡᠶ᠎ᠡ ᠶᠢᠨ ᠲᠣᠭᠲᠠᠭᠤᠨ ᠵᠡᠷᠭᠡ ᠬᠡᠰᠡᠭ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠪᠠ᠃     ᠭᠤᠷᠪᠠ ᠳᠤ ᠂ ︽ᠨᠢᠭᠡ ᠵᠠᠮ ᠣᠯᠠᠨ ᠲᠠᠯ᠎ᠠ︾᠎ ᠶᠢᠨ ᠠᠵᠢᠯ ᠤᠨ ᠲᠣᠭᠲᠠᠴᠠ ᠶᠣᠰᠣ ᠪᠠᠷ᠂ ᠳᠣᠲᠣᠭᠠᠳᠤ ᠎ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ᠂ ᠠᠷᠠᠴᠢᠯᠠᠨ ᠬᠠᠮᠠᠭᠠᠯᠠᠬᠤ ᠨᠢᠭᠡᠴᠢ ᠲᠠᠢ ᠬᠦᠨᠳᠦ ᠶᠡᠭᠡ ᠭᠠᠮᠰᠢᠭ ᠤᠨ ᠠᠶᠤᠯ ᠲᠦᠭᠰᠢᠭᠦᠷᠢ ᠶᠢᠨ ᠵᠠᠮ ᠤᠨ ᠬᠡᠰᠡᠭ ᠢ ᠢᠳᠡᠪᠬᠢᠲᠡᠶ ᠪᠠᠷ ᠰᠤᠳᠤᠯᠤᠨ ᠮᠠᠭᠠᠳᠯᠠᠵᠤ᠂ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤ ᠨᠢ ᠠᠪᠴᠤ᠂ ᠡᠭᠦᠰᠦᠮᠡᠯ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠪᠡ᠃     ᠳᠥᠷᠪᠡ ᠳᠤ ᠂ ︽ᠨᠢᠭᠡ ᠵᠠᠮ ᠳᠤ ᠨᠢᠭᠡ ᠠᠷᠭ᠎ᠠ ᠪᠣᠳᠣᠯᠭ᠎ᠠ ᠠᠪᠬᠤ︾ ᠵᠠᠷᠴᠢᠮ ᠪᠠ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠲᠠᠢ ᠠᠮᠠᠷᠬᠠᠨ ᠲᠦᠭᠵᠢᠷᠡᠵᠦ ᠠᠯᠭᠤᠷ ᠶᠠᠪᠤᠬᠤ ᠵᠠᠮ ᠤᠨ ᠬᠡᠰᠡᠭ ᠢ ᠵᠠᠳᠠᠯᠤᠨ ᠰᠤᠳᠤᠯᠤᠨ ᠮᠠᠭᠠᠳᠯᠠᠯᠲᠠ ᠬᠢᠵᠦ᠂ ᠬᠤᠯᠠ ᠠᠴᠠ ᠰᠠᠯᠭᠠᠨ ᠶᠠᠪᠤᠭᠤᠯᠬᠤ᠂ ᠣᠶᠢᠷ᠎ᠠ ᠠᠴᠠ ᠬᠠᠮᠢᠶᠠᠷᠤᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠵᠦ ᠪᠠᠶᠢᠭᠠᠳ ᠲᠦᠭᠵᠢᠷᠡᠯ ᠢ ᠠᠷᠢᠯᠭᠠᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠵᠠᠰᠠᠮᠠᠯ ᠵᠠᠮ ᠤᠨ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠪᠡ᠃
0512-3.jpg
     ᠭᠤᠷᠪᠠᠳᠤᠭᠠᠷ ᠰᠠᠯᠪᠤᠷᠢ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠵᠢᠯᠣᠭᠤᠴᠢ ᠶᠢ ᠬᠠᠪᠰᠤᠷᠤᠨ ᠭᠡᠮᠲᠦᠯ ᠎ ᠢ ᠪᠠᠶᠢᠴᠠᠭᠠᠵᠤ ᠪᠠᠶᠢᠨ᠎ᠠ᠃ 
0512-4.jpg
     ᠶᠢᠰᠦᠳᠦᠭᠡᠷ ᠰᠠᠯᠪᠤᠷᠢ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠴᠠᠬᠢᠯᠭᠠᠨ ᠴᠡᠨᠡᠭᠯᠡᠬᠦ ᠱᠣᠩ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠨ᠎ᠠ᠃     ᠠᠯᠢ ᠣᠯᠠᠨ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠠᠮ ᠤᠨ ᠠᠶᠦᠯᠭᠦᠢ ᠦᠶᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠬᠠᠤᠯᠢ ᠬᠡᠷᠡᠭᠵᠢᠭᠦᠯᠬᠦ ᠠᠵᠢᠯᠲᠠᠳ ᠨᠢᠭᠡᠳᠦᠭᠡᠷ ᠹᠷᠣᠨᠲ ᠢ ᠪᠠᠲᠤ ᠰᠠᠬᠢᠵᠤ᠂ ᠳᠡᠭᠡᠳᠦ ᠬᠡᠮᠵᠢᠶᠡᠨ ᠎ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠦᠯᠲᠡ ᠪᠠ ᠦᠶᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠣᠯᠠᠨ ᠲᠦᠮᠡᠨ ᠳᠤ ᠠᠮᠤᠷ ᠲᠦᠪᠰᠢᠨ᠂ ᠡᠮᠬᠢ ᠵᠢᠷᠤᠮ ᠲᠠᠢ᠂ ᠰᠠᠭᠠᠳ ᠥᠬᠡᠶ ᠨᠡᠪᠲᠡᠷᠡᠬᠦ ᠣᠷᠴᠢᠨ ᠨᠥᠬᠦᠴᠡᠯ ᠢ ᠪᠣᠶ ᠪᠣᠯᠭᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号