ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/5/12
    ᠨᠢᠭᠡ᠂ ᠲᠤᠭᠤᠷᠪᠢᠨ ᠪᠢᠴᠢᠭᠰᠡᠨ ᠠᠬᠤᠢ ᠪᠠᠶᠢᠳᠠᠯ ᠪᠠ ᠦᠨᠳᠦᠰᠦᠯᠡᠯ     ︽  ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠬᠡᠷᠡᠭᠵᠢᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠵᠠᠮ ᠬᠠᠷᠢᠯᠴᠠᠭ᠎ᠠ ᠲᠥᠯᠥᠪᠵᠢᠭᠦᠯᠭᠡ ᠲᠠᠷᠬᠠᠭᠠᠭᠰᠠᠨ ﹇2025﹈ 17 ᠳ᠋ᠤᠭᠠᠷ ᠲᠣᠭᠠᠲᠤ︶᠂ ︽2025 ᠣᠨ ᠤ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠠᠵᠢᠯ ᠤᠨ ᠬᠡᠷᠡᠭᠵᠢᠭᠦᠯᠬᠦ ᠨᠠᠷᠢᠨ ᠲᠦᠷᠢᠮ ᠢ ᠳᠠᠷᠤᠮᠠᠯᠯᠠᠨ ᠶᠠᠪᠤᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ  ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ  ᠳᠣᠲᠣᠭᠠᠳᠤ ᠶᠢ ᠬᠠᠮᠠᠭᠠᠯᠠᠬᠤ ᠶᠠᠮᠤᠨ ᠎ ᠤ ᠠᠯᠪᠠᠨ ᠲᠢᠩᠬᠢᠮ  ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ  ᠬᠤᠳᠠᠯᠳᠤᠭᠠᠨ ᠤ ᠶᠠᠪᠤᠳᠠᠯ ᠤᠨ ᠶᠠᠮᠤᠨ ᠎ ᠤ ᠠᠯᠪᠠᠨ ᠲᠢᠩᠬᠢᠮ ᠤᠨ ᠮᠡᠳᠡᠭᠳᠡᠯ︾ ︵ᠵᠠᠮ ᠬᠠᠷᠢᠯᠴᠠᠭ᠎ᠠ ᠠᠯᠪᠠᠨ  ᠲᠡᠭᠡᠭᠡᠪᠦᠷᠢ ﹇2025﹈ 12 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ 2025 ᠣᠨ ᠤ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠠᠵᠢᠯ ᠢ ᠠᠬᠢᠭᠤᠯᠤᠨ᠂ ᠥᠨᠳᠥᠷ ᠡᠨᠧᠷᠭᠢ ᠶᠢᠨ ᠬᠤᠷᠣᠭᠳᠠᠯ ᠲᠠᠢ ᠭᠠᠳᠠᠭᠰᠢᠯᠠᠭᠤᠯᠤᠯᠲᠠ ᠶᠡᠬᠡᠲᠡᠶ ᠬᠠᠭᠤᠴᠢᠨ ᠡᠵᠡᠩᠨᠡᠯᠲᠡ ᠎ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢ ᠲᠦᠷᠭᠡᠳᠬᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠬᠤ ᠳᠤ ᠦᠢᠯᠡᠴᠢᠯᠡᠬᠦ ᠶᠢᠨ ᠲᠥᠯᠥᠭᠡ᠂ ᠮᠠᠨ ᠤ ᠣᠷᠣᠨ ᠤ 2025 ᠣᠨ ᠤ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠎ ᠠᠴᠠ ᠭᠠᠷᠭᠠᠵᠤ ᠰᠢᠨᠡᠳᠬᠡᠬᠦ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠢ ᠣᠨᠴᠠᠭᠠᠶᠢᠯᠠᠨ ᠲᠣᠭᠲᠠᠭᠠᠪᠠ᠃     ᠬᠤᠶᠠᠷ᠂ ᠲᠣᠭᠲᠠᠭᠠᠬᠤ ᠶᠠᠪᠤᠴᠠ     ᠤᠯᠤᠰ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2024 ᠣᠨ ᠤ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠭᠰᠡᠨ ᠲᠤᠷᠰᠢᠯᠭ᠎ᠠ ᠶᠢ ᠭᠦᠶᠴᠡᠳ ᠳ᠋ᠦᠩᠨᠡᠵᠦ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠨᠠᠷᠢᠨ ᠲᠦᠷᠢᠮ ᠢ ᠲᠣᠭᠲᠠᠭᠠᠪᠠ᠃     ᠭᠤᠷᠪᠠ᠂ ᠭᠤᠣᠯ ᠠᠭᠤᠯᠭ᠎ᠠ     ᠨᠢᠭᠡ ᠳᠤ᠂ ᠬᠡᠷᠡᠭᠵᠢᠭᠦᠯᠬᠦ ᠴᠠᠭ ᠵᠢᠴᠢ ᠬᠡᠪᠴᠢᠶ᠎ᠡ ᠶᠢ ᠲᠣᠳᠣᠷᠬᠠᠶᠢᠯᠠᠪᠠ᠃ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠵᠢᠴᠢ ᠰᠢᠨ᠎ᠡ ᠪᠠᠷ ᠬᠤᠳᠠᠯᠳᠤᠨ ᠠᠪᠤᠭᠰᠠᠨ ᠰᠢᠨ᠎ᠡ ᠡᠨᠧᠷᠭᠢ ᠶᠢᠨ ᠬᠤᠲᠠ ᠶᠢᠨ ᠬᠦᠶᠲᠡᠨ ᠬᠡᠯᠬᠢᠶᠡᠲᠦ ᠲᠣᠬᠢᠷᠠᠭᠤᠯᠤᠨ ᠬᠦᠷᠭᠡᠬᠦ ᠪᠠᠷᠠᠭᠠᠨ ᠤ ᠲᠡᠷᠭᠡ ᠶᠢᠨ ᠨᠥᠬᠦᠪᠦᠷᠢᠯᠡᠬᠦ ᠴᠠᠭ ᠨᠢ 2025 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠃ ᠲᠤᠬᠠᠶᠢᠯᠠᠪᠠᠯ ᠬᠡᠷᠡᠭᠯᠡᠭᠡᠨ ᠠᠴᠠ ᠭᠠᠷᠤᠭᠰᠠᠨ ᠪᠠᠷᠠᠭᠠᠨ ᠤ ᠲᠡᠷᠭᠡ ᠶᠢᠨ ︽ᠬᠡᠷᠡᠭᠯᠡᠨ ᠎ ᠠᠴᠠ ᠭᠠᠷᠤᠭᠰᠠᠨ ᠮᠠᠰᠢᠨ ᠲᠡᠷᠭᠡ ᠶᠢ ᠡᠭᠡᠭᠦᠯᠦᠨ ᠬᠤᠷᠢᠶᠠᠭᠰᠠᠨ ᠭᠡᠷᠡᠴᠢ︾᠂ ︽ᠮᠠᠰᠢᠨ ᠲᠡᠷᠭᠡ ᠶᠢ ᠬᠦᠴᠦᠨ ᠦᠭᠡᠶ ᠪᠣᠯᠭᠠᠭᠰᠠᠨ ᠭᠡᠷᠡᠴᠢ︾᠎ ᠶᠢᠨ ᠡᠳᠦᠷ ᠬᠤᠭᠤᠴᠠᠭ᠎ᠠ᠂ ᠰᠢᠨ᠎ᠡ ᠪᠠᠷ ᠬᠤᠳᠠᠯᠳᠤᠨ ᠠᠪᠤᠭᠰᠠᠨ ᠪᠠᠷᠠᠭᠠᠨ ᠤ ᠲᠡᠷᠭᠡ ᠶᠢᠨ ︽ᠮᠠᠰᠢᠨ ᠲᠡᠷᠭᠡ ᠶᠢᠨ ᠵᠠᠮᠨᠠᠬᠤ ᠦᠨᠡᠮᠯᠡᠯ︾᠎ ᠢ ᠳᠠᠩᠰᠠᠯᠠᠨ ᠲᠡᠮᠳᠡᠭᠯᠡᠭᠰᠡᠨ ᠡᠳᠦᠷ ᠬᠤᠭᠤᠴᠠᠭ᠎ᠠ ᠪᠣᠯᠤᠨ ︽ᠵᠠᠮ ᠲᠡᠭᠡᠭᠡᠪᠦᠷᠢ ᠶᠢᠨ ᠦᠨᠡᠮᠯᠡᠯ︾ ᠣᠯᠭᠤᠭᠰᠠᠨ ᠡᠳᠦᠷ ᠬᠤᠭᠤᠴᠠᠭ᠎ᠠ ᠨᠢ ᠴᠥᠮ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠬᠤᠭᠤᠴᠠᠭᠠᠨ ᠳᠤ ᠪᠠᠶᠢᠬᠤ ᠬᠡᠷᠡᠭᠲᠡᠶ᠃    ᠬᠤᠶᠠᠷ ᠲᠤ᠂ ᠨᠥᠬᠦᠪᠥᠷᠢ ᠥᠭᠬᠦ ᠪᠠᠷᠢᠮᠵᠢᠶ᠎ᠠ ᠶᠢ ᠲᠣᠭᠲᠠᠭᠠᠪᠠ᠃ ᠤᠯᠤᠰ ᠤᠨ ᠳᠥᠷᠪᠡᠳᠦᠭᠡᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠲᠠᠢ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠤᠷᠢᠳᠴᠢᠯᠠᠨ ᠬᠡᠷᠡᠭᠯᠡᠭᠡᠨ ᠎ ᠠᠴᠠ ᠭᠠᠷᠭᠠᠬᠤ᠂ ᠤᠯᠤᠰ ᠤᠨ ᠳᠥᠷᠪᠡᠳᠦᠭᠡᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠲᠠᠢ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠤᠷᠢᠳᠴᠢᠯᠠᠨ ᠬᠡᠷᠡᠭᠯᠡᠭᠡᠨ ᠠᠴᠠ ᠭᠠᠷᠭᠠᠬᠤ ᠪᠥᠭᠡᠳ ᠤᠯᠤᠰ ᠤᠨ ᠵᠢᠷᠭᠤᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠶᠢᠨ ᠪᠠᠷᠠᠭᠠᠨ ᠤ ᠲᠡᠷᠭᠡ ᠪᠤᠶᠤ ᠰᠢᠨ᠎ᠡ ᠡᠨᠧᠷᠭᠢ ᠶᠢᠨ ᠪᠠᠷᠠᠭᠠᠨ ᠤ ᠲᠡᠷᠭᠡ ᠶᠢ ᠰᠢᠨ᠎ᠡ ᠪᠠᠷ ᠬᠤᠳᠠᠯᠳᠤᠨ ᠠᠪᠤᠭᠰᠠᠨ᠂ ᠵᠥᠪᠬᠡᠨ ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ ᠶᠢᠨ ᠪᠠᠷᠠᠭᠠᠨ ᠤ ᠲᠡᠷᠭᠡ ᠶᠢ ᠰᠢᠨ᠎ᠡ ᠪᠠᠷ ᠬᠤᠳᠠᠯᠳᠤᠨ ᠠᠪᠤᠭᠰᠠᠨ᠂ ᠬᠡᠷᠡᠭᠯᠡᠭᠡᠨ ᠠᠴᠠ ᠭᠠᠷᠭᠠᠭᠰᠠᠨ ᠲᠡᠷᠭᠡᠨ ᠤ ᠲᠥᠷᠥᠯ ᠬᠡᠯᠪᠡᠷᠢ᠂ ᠬᠡᠷᠡᠭᠯᠡᠭᠡᠨ ᠠᠴᠠ ᠭᠠᠷᠭᠠᠬᠤ ᠴᠠᠭ ᠬᠤᠭᠤᠴᠠᠭ᠎ᠠ ᠪᠠ ᠰᠢᠨ᠎ᠡ ᠪᠠᠷ ᠬᠤᠳᠠᠯᠳᠤᠨ ᠠᠪᠤᠭᠰᠠᠨ ᠲᠡᠷᠭᠡ ᠬᠥᠰᠬᠡ ᠶᠢᠨ ᠬᠥᠳᠡᠯᠭᠡᠬᠦ ᠬᠦᠴᠦᠨ ᠤ ᠲᠥᠷᠥᠯ ᠬᠡᠯᠪᠡᠷᠢ ᠵᠡᠷᠭᠡ ᠶᠢᠨ ᠶᠣᠰᠣᠭᠠᠷ᠂ ᠵᠦᠷᠢᠶᠡᠴᠢᠯᠡᠭᠰᠡᠨ ᠨᠥᠬᠦᠪᠥᠷᠢ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃     ᠭᠤᠷᠪᠠ ᠳᠤ᠂ ᠨᠥᠬᠦᠪᠥᠷᠢ ᠭᠤᠶᠤᠴᠢᠯᠠᠬᠤ᠂ ᠬᠢᠨᠠᠨ ᠬᠠᠷᠭᠤᠭᠤᠯᠬᠤ ᠪᠠ ᠣᠯᠭᠤᠬᠤ ᠲᠠᠰ ᠳᠠᠷᠠᠭᠠᠯᠠᠯ ᠢ ᠨᠠᠷᠢᠯᠢᠭᠵᠢᠭᠤᠯᠪᠠ᠃ ᠡᠵᠡᠩᠨᠡᠯᠲᠡ ᠶᠢᠨ ᠪᠠᠷᠠᠭᠠᠨ ᠤ ᠲᠡᠷᠭᠡ ᠶᠢᠨ ᠥᠮᠴᠢᠯᠡᠭᠴᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠬᠤᠭᠤᠴᠠᠭᠠᠨ ᠳᠣᠲᠣᠷ᠎ᠠ ᠪᠠᠶᠢᠭ᠎ᠠ ᠠᠶᠢᠮᠠᠭ ᠬᠤᠲᠠ ᠶᠢᠨ ᠢᠶᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠴᠤ᠂ ︽ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ ᠪᠡᠯᠡ ᠮᠥᠩᠭᠦ ᠶᠢᠨ ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ︶᠎ ᠶᠢ ᠲᠠᠭᠯᠠᠨ ᠮᠡᠳᠡᠭᠦᠯᠬᠦ ᠶᠢᠨ ᠬᠠᠮᠲᠤ ᠭᠡᠷᠡᠴᠢ ᠮᠠᠲ᠋ᠧᠷᠢᠶᠠᠯ ᠎ ᠤᠨ ᠬᠠᠭᠤᠯᠪᠤᠷᠢ ᠪᠤᠶᠤ ᠰᠢᠷᠪᠢᠭᠰᠡᠨ ᠮᠠᠲ᠋ᠧᠷᠢᠶᠠᠯ ᠢᠶᠠᠨ ᠱᠠᠭᠠᠷᠳᠠᠯᠭ᠎ᠠ ᠶᠣᠰᠣ ᠪᠠᠷ ᠲᠤᠰᠢᠶᠠᠬᠤ ᠬᠡᠷᠡᠭᠲᠡᠶ︔ ᠡᠰᠡᠬᠦᠯ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢᠨ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ ᠭᠤᠶᠤᠴᠢᠯᠠᠨ ᠠᠪᠬᠤ ᠲᠠᠪᠴᠠᠩ︾᠎ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠪᠠ ᠨᠥᠬᠦᠪᠥᠷᠢ ᠭᠤᠶᠤᠴᠢᠯᠠᠨ ᠠᠪᠤᠨ᠎ᠠ᠃     ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠬᠡᠷᠡᠭᠯᠡᠨ ᠠᠴᠠ ᠭᠠᠷᠭᠠᠭᠰᠠᠨ ᠲᠡᠷᠭᠡ ᠬᠥᠰᠬᠡ ᠶᠢᠨ ︽ᠵᠠᠮ ᠲᠡᠭᠡᠭᠡᠪᠦᠷᠢ ᠶᠢᠨ ᠦᠨᠡᠮᠯᠡᠯ︾᠎ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠎ ᠲᠠᠢ ᠬᠠᠮᠵᠢᠯᠴᠠᠨ ᠬᠡᠷᠡᠭᠯᠡᠨ ᠠᠴᠠ ᠭᠠᠷᠭᠠᠭᠰᠠᠨ ᠲᠡᠷᠭᠡ ᠬᠥᠰᠬᠡ ᠶᠢᠨ ︽ᠬᠡᠷᠡᠭᠯᠡᠨ ᠠᠴᠠ ᠭᠠᠷᠭᠠᠭᠰᠠᠨ ᠮᠠᠰᠢᠨ ᠲᠡᠷᠭᠡ ᠶᠢ ᠡᠭᠡᠭᠦᠯᠦᠨ ᠬᠤᠷᠢᠶᠠᠬᠤ ᠭᠡᠷᠡᠴᠢ︾᠎ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠡᠷᠡᠭᠯᠡᠨ ᠠᠴᠠ ᠭᠠᠷᠭᠠᠭᠰᠠᠨ ᠲᠡᠷᠭᠡ ᠬᠥᠰᠬᠡ ᠶᠢᠨ ︽ᠮᠠᠰᠢᠨ ᠲᠡᠷᠭᠡ ᠎ ᠶᠢ ᠬᠦᠴᠦᠨ ᠦᠭᠡᠶ ᠪᠣᠯᠭᠠᠭᠰᠠᠨ ᠭᠡᠷᠡᠴᠢ︾᠂ ︽ᠮᠠᠰᠢᠨ ᠲᠡᠷᠭᠡ ᠶᠢᠨ ᠵᠠᠮᠨᠠᠬᠤ ᠦᠨᠡᠮᠯᠡᠯ︾᠎ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠬᠠᠷᠢᠭᠤᠴᠠᠬᠤ ᠶᠢᠨ ᠬᠠᠮᠲᠤ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ 10 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ ᠶᠢ ᠪᠡᠶᠡᠯᠡᠭᠦᠯᠬᠦ ᠬᠡᠷᠡᠭᠲᠡᠶ᠃     ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠰᠠᠷ᠎ᠠ ᠪᠦᠷᠢ ᠨᠥᠬᠦᠴᠡᠯ ᠳᠤ ᠨᠡᠶᠢᠴᠡᠬᠦ ᠭᠤᠶᠤᠴᠢᠯᠠᠯ ᠤᠨ ᠮᠡᠳᠡᠭᠡ ᠵᠠᠩᠭᠢ ᠶᠢ ᠬᠤᠷᠢᠶᠠᠩᠭᠤᠶᠢᠯᠠᠵᠤ᠂ ᠪᠡᠯᠡ ᠮᠥᠩᠭᠦ ᠎ ᠶᠢᠨ ᠵᠣᠭᠤᠰᠣᠨ ᠲᠤᠭ᠎ᠠ ᠪᠠᠨ ᠳᠤᠷᠠᠳᠬᠤ ᠶᠢᠨ ᠬᠠᠮᠲᠤ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠎ ᠲᠤ ᠪᠡᠯᠡ ᠮᠥᠩᠭᠦ ᠰᠢᠯᠵᠢᠭᠦᠯᠦᠨ ᠥᠭᠬᠦ ᠭᠤᠶᠤᠴᠢᠯᠠᠯ ᠢᠶᠠᠨ ᠳᠤᠷᠠᠳᠬᠤ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠳᠤᠷᠠᠳᠤᠭᠰᠠᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠪᠣᠯᠤᠨ ᠪᠡᠯᠡ ᠮᠥᠩᠭᠦ ᠲᠣᠬᠢᠷᠠᠭᠤᠯᠬᠤ ᠰᠠᠨᠠᠭᠤᠯᠭ᠎ᠠ ᠶᠢ ᠦᠨᠳᠦᠰᠦᠯᠡᠨ᠂ ᠬᠠᠮᠢᠶ᠎ᠠ ᠪᠦᠬᠦᠢ ᠲᠣᠭᠲᠠᠭᠠᠯ ᠶᠣᠰᠣ ᠪᠠᠷ ᠪᠡᠯᠡ ᠮᠥᠩᠭᠦ ᠪᠠᠭᠤᠯᠭᠠᠨ ᠥᠭᠭᠦᠨ᠎ᠡ᠃     ᠳᠥᠷᠪᠡ ᠳᠤ᠂ ᠰᠤᠭᠤᠴᠢᠨ ᠪᠠᠶᠢᠴᠠᠭᠠᠵᠤ ᠬᠢᠨᠠᠨ ᠵᠢᠯᠣᠭᠤᠳᠬᠤ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠨᠥᠬᠦᠪᠥᠷᠢ ᠶᠢᠨ ᠪᠠᠯᠠ ᠮᠥᠩᠭᠦ ᠶᠢᠨ ᠲᠣᠬᠢᠷᠠᠭᠤᠯᠤᠯᠲᠠ ᠪᠠ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠨᠢᠭᠲᠠ ᠮᠥᠷᠳᠡᠵᠦ᠂ ᠲᠣᠭᠲᠠᠮᠠᠯ ᠬᠤᠭᠤᠴᠠᠭ᠎ᠠ ᠎ ᠲᠠᠢ ᠪᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠠᠭ᠎ᠠ ᠪᠦᠷᠢ ᠶᠢᠨ ᠰᠤᠭᠤᠴᠢᠨ ᠪᠠᠶᠢᠴᠠᠭᠠᠬᠤ ᠬᠠᠷᠢᠴᠠᠯ ᠢ 5%᠎ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃      2024 ᠣᠨ ᠬᠢᠭᠡᠳ 2025 ᠣᠨ ᠤ ᠲᠥᠷᠥ ᠶᠢᠨ ᠪᠣᠳᠣᠯᠭ᠎ᠠ ᠶᠢᠨ ᠬᠠᠷᠢᠴᠠᠭᠤᠯᠤᠯ᠄      2025 ᠣᠨ ᠳᠤ ᠭᠤᠤᠯᠳᠠᠭᠤ ︽ᠨᠢᠭᠡ ᠶᠢ ᠬᠤᠪᠢᠷᠠᠭᠤᠯᠬᠤ ᠥᠬᠡᠶ᠂ ᠭᠤᠷᠪᠠ ᠳᠤ ᠲᠣᠬᠢᠷᠠᠭᠤᠯᠤᠯᠲᠠ ᠬᠢᠵᠦ᠂ ᠨᠢᠭᠡ ᠶᠢ ᠰᠢᠨ᠎ᠡ ᠪᠠᠷ ᠨᠡᠮᠡᠭᠳᠡᠭᠦᠯᠪᠡ︾᠃ ︽ᠨᠢᠭᠡ ᠶᠢ ᠬᠤᠪᠢᠷᠠᠭᠤᠯᠬᠤ ᠦᠭᠡᠢ︾ ᠭᠡᠳᠡᠭ ᠨᠢ ᠳᠠᠷᠤᠢ ᠨᠥᠬᠦᠪᠥᠷᠢ ᠶᠢᠨ ᠪᠠᠷᠢᠮᠵᠢᠶ᠎ᠠ ᠶᠢ ᠨᠢᠳᠤᠨᠤᠨ ᠤ ᠬᠢ ᠲᠠᠢ ᠨᠢᠭᠡᠳᠦᠯᠲᠡᠢ ᠪᠠᠶᠢᠯᠭᠠᠨ᠎ᠠ᠃ ︽ᠭᠤᠷᠪᠠ ᠳᠤ ᠲᠣᠬᠢᠷᠠᠭᠤᠯᠤᠯᠲᠠ ᠬᠢᠬᠦ︾᠄ ᠨᠢᠭᠡ ᠳᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠨᠢ ᠣᠷᠳᠣ ᠪᠣᠯᠪᠠ᠃ ᠨᠢᠳᠤᠨᠤᠨ ᠤ 5 ᠰᠠᠷ᠎ᠠ ᠠᠴᠠ ᠡᠨᠡ ᠵᠢᠯ ᠤᠨ 12 ᠰᠠᠷ᠎ᠠ ᠪᠣᠯᠭᠠᠨ ᠲᠣᠬᠢᠷᠠᠭᠤᠯᠪᠠ︔ ᠬᠤᠶᠠᠷ ᠲᠤ ᠨᠥᠬᠦᠪᠥᠷᠢ ᠥᠭᠬᠦ ᠬᠡᠪᠴᠢᠶ᠎ᠡ ᠶᠢ ᠥᠷᠭᠡᠳᠬᠡᠪᠡ᠃ ᠨᠢᠳᠤᠨᠤᠨ ᠪᠣᠯ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠲᠠᠢ ᠡᠵᠡᠩᠨᠡᠯᠲᠡ ᠶᠢᠨ ᠪᠠᠷᠠᠭᠠᠨ ᠤ ᠲᠡᠷᠭᠡ ᠪᠠᠶᠢᠵᠤ᠂ ᠡᠨᠡ ᠵᠢᠯ ᠤᠯᠤᠰ ᠤᠨ ᠳᠥᠷᠪᠡᠳᠦᠭᠡᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠲᠠᠢ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠣᠷᠣᠭᠤᠯᠤᠭᠰᠠᠨ ᠪᠥᠭᠡᠳ ᠬᠡᠷᠡᠭᠯᠡᠭᠡᠨ ᠠᠴᠠ ᠭᠠᠷᠭᠠᠵᠤ ᠰᠢᠨ᠎ᠡ ᠪᠠᠷ ᠬᠤᠳᠠᠯᠳᠤᠨ ᠠᠪᠤᠭᠰᠠᠨ ᠲᠡᠷᠭᠡᠨ ᠤ ᠬᠡᠯᠪᠡᠷᠢ ᠎ ᠶᠢ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠪᠤᠶᠤ ᠰᠢᠨ᠎ᠡ ᠡᠨᠧᠷᠭᠢ ᠶᠢᠨ ᠡᠵᠡᠩᠨᠡᠯᠲᠡ ᠶᠢᠨ ᠪᠠᠷᠠᠭᠠᠨ ᠤ ᠲᠡᠷᠭᠡ ᠪᠣᠯᠭᠠᠨ ᠲᠣᠬᠢᠷᠠᠭᠤᠯᠪᠠ︔ ᠭᠤᠷᠪᠠ ᠳᠤ ᠮᠠᠲ᠋ᠧᠷᠢᠶᠠᠯ ᠢ ᠬᠢᠨᠠᠨ ᠬᠠᠷᠭᠤᠭᠤᠯᠬᠤ ᠴᠠᠭ ᠢ ᠪᠣᠭᠤᠨᠢᠰᠬᠠᠪᠠ᠃ ᠨᠢᠳᠤᠨᠤᠨ ᠵᠠᠮ ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ᠂ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠬᠠᠷᠭᠤᠭᠤᠯᠬᠤ ᠮᠠᠲ᠋ᠧᠷᠢᠶᠠᠯ ᠤᠨ ᠴᠠᠭ ᠨᠢ 15 ᠠᠵᠢᠯᠯᠠᠬᠤ ᠡᠳᠦᠷ ᠪᠠᠶᠢᠵᠤ᠂ ᠡᠨᠡ ᠵᠢᠯ 10 ᠠᠵᠢᠯᠯᠠᠬᠤ ᠡᠳᠦᠷ ᠪᠣᠯᠭᠠᠨ ᠲᠣᠬᠢᠷᠠᠭᠤᠯᠪᠠ᠃ ︽ᠨᠢᠭᠡ ᠰᠢᠨ᠎ᠡ ᠪᠠᠷ ᠨᠡᠮᠡᠭᠳᠡᠭᠰᠡᠨ︾ ᠭᠡᠳᠡᠭ ᠨᠢ ᠳᠠᠷᠤᠶ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠤᠷᠢᠳᠴᠢᠯᠠᠨ ᠬᠡᠷᠡᠭᠯᠡᠭᠡᠨ ᠠᠴᠠ ᠭᠠᠷᠭᠠᠭᠰᠠᠨ ᠴᠠᠭ ᠨᠢ 1 ᠵᠢᠯ ᠬᠦᠷᠬᠦ ᠦᠭᠡᠶ ᠪᠣᠯ ᠬᠡᠷᠡᠭᠯᠡᠭᠡᠨ ᠠᠴᠠ ᠭᠠᠷᠭᠠᠬᠤ ᠨᠥᠬᠦᠪᠥᠷᠢ ᠭᠤᠶᠤᠴᠢᠯᠠᠵᠤ ᠪᠣᠯᠬᠤ ᠦᠭᠡᠶ᠂ ᠭᠡᠬᠦ ᠳᠡᠭᠡᠨ ᠰᠢᠨ᠎ᠡ ᠪᠠᠷ ᠬᠤᠳᠠᠯᠳᠤᠨ ᠠᠪᠤᠭᠰᠠᠨ ᠪᠠᠷᠠᠭᠠᠨ ᠤ ᠲᠡᠷᠭᠡ ᠶᠢᠨ ᠨᠥᠬᠦᠪᠥᠷᠢ ᠶᠢ ᠭᠤᠶᠤᠴᠢᠯᠠᠵᠤ ᠪᠣᠯᠤᠨ᠎ᠠ᠃ᠲᠦᠷᠦ ᠶᠢᠨ ᠪᠣᠳᠤᠯᠭ᠎ᠠ ᠶᠢᠨ ᠪᠢᠴᠢᠭ ᠮᠠᠲ᠋ᠧᠷᠢᠶᠠᠯ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠬᠠᠭᠤᠴᠢᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢᠨ ᠬᠡᠷᠡᠭᠵᠢᠭᠦᠯᠬᠦ ᠨᠠᠷᠢᠨ ᠲᠦᠷᠢᠮ︾᠎ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠳᠣᠲᠣᠭᠠᠳᠤ ᠶᠢ ᠬᠠᠮᠠᠭᠠᠯᠠᠬᠤ ᠲᠢᠩᠬᠢᠮ  ᠡᠳ᠋ ᠤᠨ ᠵᠠᠰᠠᠭ ᠤᠨ ᠲᠢᠩᠬᠢᠮ  ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠮᠡᠳᠡᠭᠳᠡᠯ    
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号