ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠠᠴᠠ ᠲᠢᠶᠠᠨ ᠵᠢᠶᠤᠤ ᠠᠭᠠᠷ ᠤᠨ ᠠᠶᠠᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/5/15
    ᠣᠶᠢᠷ᠎ᠠ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠡᠨᠡ ᠵᠢᠯ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ C909 ᠨᠢᠰᠬᠡᠯ ᠢ ᠰᠢᠨ᠎ᠡ ᠪᠠᠷ 2 ᠣᠷᠣᠭᠤᠯᠤᠨ ᠠᠪᠴᠢᠷᠠᠬᠤ ᠪᠠᠷ ᠲᠣᠭᠲᠠᠵᠤ᠂ ᠠᠭᠠᠷ ᠤᠨ ᠠᠶᠠᠯᠠᠯ ᠤᠨ ᠲᠣᠣᠷ ᠤᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠢᠶᠠᠨ ᠵᠢᠶᠤᠤ ᠠᠭᠠᠷ ᠤᠨ ᠠᠶᠠᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠪᠠᠶᠢᠨ᠎ᠠ᠃     ᠲᠢᠶᠠᠨ ᠵᠢᠶᠤᠤ ᠠᠭᠠᠷ ᠤᠨ ᠠᠶᠠᠯᠠᠯ 2017 ᠣᠨ ᠳᠤ ᠪᠠᠶᠢᠭᠤᠯᠤᠭᠳᠠᠵᠤ᠂ 2019 ᠣᠨ ᠤ 7 ᠳ᠋ᠤᠭᠠᠷ ᠰᠠᠷ᠎ᠠ ᠶᠢᠨ 26᠎ ᠤ ᠡᠳᠦᠷ ᠠᠩᠬᠠᠨ ᠤ ᠠᠶᠠᠯᠠᠯ ᠢᠶᠠᠨ ᠪᠡᠶᠡᠯᠡᠭᠦᠯᠵᠦ᠂ ᠪᠥᠬᠦ ᠤᠯᠤᠰ ᠤᠨ ᠴᠣᠷ ᠤᠨ ᠭᠠᠭᠴᠠ ᠰᠠᠯᠪᠤᠷᠢ ᠱᠤᠭᠤᠮ ᠤᠨ ᠡᠵᠡᠩᠨᠡᠯᠲᠡ ᠶᠢᠨ ᠫᠠᠶᠢᠰᠠ ᠦᠨᠡᠮᠯᠡᠯ ᠲᠠᠢ ᠪᠠ ᠴᠤᠯᠤ ᠤᠯᠤᠰ ᠲᠤ ᠪᠠᠨ ᠦᠶᠯᠡᠳᠪᠦᠷᠢᠯᠡᠭᠰᠡᠨ ᠠᠷᠠᠳ ᠤᠨ ᠨᠢᠰᠬᠡᠯ ᠤᠨ ᠠᠩᠭᠢ ᠶᠢ ᠡᠵᠡᠩᠨᠡᠵᠦ ᠪᠠᠶᠢᠭ᠎ᠠ ᠠᠭᠠᠷ ᠤᠨ ᠠᠶᠠᠯᠠᠯ ᠤᠨ ᠺᠣᠮᠫᠠᠨᠢ ᠪᠣᠯᠤᠨ᠎ᠠ᠂ ᠪᠠᠰᠠ ᠴᠤ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠶᠢᠨ ᠣᠶᠢᠷ᠎ᠠ ᠶᠢᠨ 10 ᠵᠢᠯ ᠳᠠᠬᠢ ᠴᠣᠷ ᠤᠨ ᠭᠠᠭᠴᠠ ᠪᠠᠶᠢᠭᠤᠯᠬᠤ ᠪᠠᠷ ᠵᠥᠪᠰᠢᠶᠡᠷᠡᠭᠰᠡᠨ ᠠᠶᠠᠨᠴᠢᠳ ᠤᠨ ᠵᠥᠭᠡᠭᠡᠪᠦᠷᠢ ᠶᠢᠨ ᠠᠭᠠᠷ ᠤᠨ ᠠᠶᠠᠯᠠᠯ ᠤᠨ ᠺᠣᠮᠫᠠᠨᠢ ᠪᠣᠯᠤᠨ᠎ᠠ᠃ ᠪᠠᠶᠢᠭᠤᠯᠤᠭᠳᠠᠭᠰᠠᠨ ᠠᠴᠠ ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠣᠰ ᠭᠠᠵᠠᠷ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠥᠬᠡᠶ ᠪᠠᠶᠢᠭᠰᠠᠨ ᠠᠴᠠ ᠪᠠᠨ ᠪᠠᠶᠢᠬᠤ ᠪᠣᠯᠵᠣ᠂ ᠨᠢᠰᠬᠡᠯ ᠤᠨ ᠠᠩᠭᠢ ᠶᠢᠨ ᠬᠡᠪᠴᠢᠶ᠎ᠡ ᠪᠠᠭ᠎ᠠ ᠪᠠᠶᠢᠭᠰᠠᠨ ᠠᠴᠠ ᠶᠡᠭᠡ ᠪᠣᠯᠣᠭᠰᠠᠨ ᠢ ᠪᠡᠶᠡᠯᠡᠭᠦᠯᠵᠦ᠂ ᠠᠶᠠᠯᠠᠯ ᠤᠨ ᠴᠡᠭ ᠤᠨ ᠬᠡᠪᠴᠢᠶ᠎ᠡ ᠶᠢ ᠣᠷᠣᠨ ᠤ ᠳᠣᠲᠣᠨ᠎ᠠ ᠠᠴᠠ ᠣᠷᠣᠨ ᠤ ᠭᠠᠳᠠᠨ᠎ᠠ ᠪᠣᠯᠭᠠᠬᠤ ᠶᠢ ᠠᠬᠢᠭᠤᠯᠤᠭᠰᠠᠨ ᠢᠶᠠᠷ ᠪᠠᠷᠠᠬᠤ ᠥᠬᠡᠶ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠬᠤᠭᠤᠷᠣᠨᠳᠣᠬᠢ ᠥᠨᠳᠥᠷ ᠪᠦᠲᠦᠮᠵᠢᠲᠡᠶ ᠬᠤᠯᠪᠣᠯᠳᠤᠨ ᠨᠡᠪᠲᠡᠷᠡᠯᠴᠡᠬᠦ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠴᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ ᠃     ᠲᠢᠶᠠᠨ ᠵᠢᠶᠤᠤ ᠠᠭᠠᠷ ᠤᠨ ᠠᠶᠠᠯᠠᠯ ᠪᠠᠶᠢᠭᠤᠯᠤᠭᠳᠠᠭᠰᠠᠨ ᠠᠴᠠ ᠨᠠᠭᠠᠰᠢ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠠᠮᠤᠷ ᠲᠦᠪᠰᠢᠨ ᠢ ᠪᠠᠲᠤᠯᠠᠬᠤ᠂ ᠥᠭᠡᠷᠡᠴᠢᠯᠡᠯᠲᠡ ᠶᠢ ᠠᠳᠬᠤᠬᠤ ᠶᠢ ᠲᠢᠶᠠᠨ ᠵᠢᠶᠤᠤ ᠠᠭᠠᠷ ᠤᠨ ᠠᠶᠠᠯᠠᠯ ᠤᠨ ᠬᠥᠭᠵᠢᠯᠲᠡ ᠶᠢᠨ ᠪᠠᠶᠢᠳᠠᠯ ᠢ ᠲᠣᠭᠲᠠᠭᠤᠨ ᠪᠠᠶᠢᠯᠭᠠᠵᠤ᠂ ᠯᠠᠪᠳᠠᠭᠤᠨ ᠢᠶᠠᠷ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠴᠢᠬᠤᠯᠠ ᠭᠠᠷᠳᠠᠴᠠ ᠪᠣᠯᠭᠠᠨ᠂    ︽ᠡᠳ᠋ ᠬᠥᠷᠥᠩᠭᠡ ᠶᠢ ᠴᠢᠬᠤᠯᠠᠴᠢᠯᠠᠵᠤ ᠠᠰᠢᠭ ᠬᠤᠨᠵᠢᠪᠣᠷᠢ ᠬᠥᠩᠭᠡᠪᠴᠢᠯᠡᠬᠦ︾ ᠠᠵᠤ ᠠᠬᠤᠶᠢᠯᠠᠯ ᠤᠨ ᠣᠨᠴᠠ ᠴᠢᠨᠠᠷ ᠪᠣᠯᠤᠨ ᠡᠵᠡᠩᠨᠡᠯᠲᠡ ᠶᠢᠨ ᠡᠬᠢᠨ ᠤ ᠬᠤᠭᠤᠴᠠᠭᠠᠨ ᠳᠤ ᠲᠣᠮᠣ ᠨᠢᠰᠬᠡᠯ ᠴᠥᠭᠡᠨ ᠣᠷᠣᠭᠤᠯᠤᠭᠰᠠᠨ ᠪᠣᠳᠠᠲᠤ ᠪᠠᠶᠢᠳᠠᠯ ᠳᠤ ᠰᠠᠭᠤᠷᠢᠯᠠᠵᠤ᠂ ᠲᠢᠶᠠᠨ ᠵᠢᠶᠤᠤ ᠠᠭᠠᠷ ᠤᠨ ᠠᠶᠠᠯᠠᠯ ᠤᠨ ᠬᠢᠨ ᠬᠢᠵᠢᠭ ᠤᠨ ᠪᠠᠶᠢᠳᠠᠯ ᠵᠡᠷᠭᠡ ᠨᠥᠯᠥᠭᠡᠯᠡᠬᠦ ᠬᠦᠴᠦᠨ ᠵᠦᠶᠯ ᠳᠤ ᠰᠢᠭᠤᠳ ᠬᠠᠨᠳᠤᠬᠤ ᠶᠢ ᠠᠬᠢᠭᠤᠯᠤᠨ᠂ ᠠᠶᠦᠯᠭᠦᠢ ᠦᠢᠯᠡᠳᠪᠦᠷᠢᠯᠡᠯ ᠤᠨ ᠥᠭᠡᠷᠡᠴᠢᠯᠡᠯᠲᠡ ᠬᠢᠭᠡᠳ ᠴᠡᠭᠴᠡᠯᠡᠯᠲᠡ ᠶᠢ ᠪᠦᠬᠦ ᠲᠠᠯ᠎ᠠ ᠪᠠᠷ ᠭᠦᠨᠵᠡᠭᠡᠶ ᠦᠷᠨᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠳᠠᠬᠢᠨ ᠪᠠᠶᠢᠭᠤᠯᠤᠨ᠂ ᠠᠵᠢᠯᠯᠠᠭᠠᠨ ᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠨᠢᠰᠬᠡᠯ ᠢ ᠲᠣᠭᠲᠠᠮᠠᠯ ᠬᠤᠭᠤᠴᠠᠭᠠᠨ ᠳᠤ ᠪᠠᠶᠢᠴᠠᠭᠠᠬᠤ᠂ ᠠᠭᠠᠷ ᠠᠶᠠᠯᠠᠯ ᠤᠨ ᠠᠶᠤᠯᠲᠤ ᠪᠣᠳᠠᠰ ᠤᠨ ᠪᠣᠯᠪᠠᠰᠤᠷᠠᠯ ᠵᠡᠷᠭᠡ ᠬᠢᠷᠢ ᠬᠡᠮ ᠤᠨ ᠵᠥᠪᠰᠢᠶᠡᠷᠡᠯ ᠢ ᠣᠯᠵᠤ᠂ ᠠᠭᠠᠷ ᠤᠨ ᠠᠶᠠᠯᠠᠯ ᠤᠨ ᠠᠮᠤᠷ ᠲᠦᠪᠰᠢᠨ ᠢ ᠰᠠᠨᠠᠭᠠᠴᠢᠯᠠᠭ᠎ᠠ ᠠᠴᠠ ᠎ ᠪᠠᠨ ᠰᠡᠷᠭᠡᠶᠢᠯᠡᠨ ᠡᠵᠡᠮᠳᠡᠬᠦ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃     2024 ᠣᠨ ᠳᠤ᠂ ᠲᠢᠶᠠᠨ ᠵᠢᠶᠤᠤ ᠠᠭᠠᠷ ᠤᠨ ᠠᠶᠠᠯᠠᠯ ᠠᠮᠤᠷ ᠲᠦᠪᠰᠢᠨ ᠢᠶᠠᠷ 11050 ᠴᠠᠭ ᠨᠢᠰᠴᠦ᠂ ᠠᠳᠠᠯᠢ ᠬᠤᠭᠤᠴᠠᠭᠠᠨ ᠤ ᠬᠢ ᠠᠴᠠ 129%᠎ ᠪᠠᠷ ᠨᠡᠮᠡᠭᠳᠡᠪᠡ︔ 7350 ᠡᠭᠡᠯᠵᠢ ᠭᠦᠢᠴᠡᠳᠬᠡᠵᠦ᠂ ᠠᠳᠠᠯᠢ ᠬᠤᠭᠤᠴᠠᠭᠠᠨ ᠤ ᠬᠢ ᠠᠴᠠ 149%᠎ ᠪᠠᠷ ᠨᠡᠮᠡᠭᠳᠡᠵᠦ᠂ ᠨᠢᠰᠦᠯᠲᠡ ᠶᠢᠨ ᠬᠡᠯᠲᠡᠰ ᠤᠨ ᠨᠢᠰᠦᠯᠲᠡ ᠶᠢᠨ ᠨᠢᠭᠡᠳᠦᠭᠡᠷ ᠳᠤᠮᠳᠠ ᠠᠩᠭᠢ ᠨᠢ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠶᠢᠨ 2024 ᠣᠨ ᠤ ︽ᠪᠥᠬᠦ ᠤᠯᠤᠰ ᠎ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠠᠮᠤᠷ ᠲᠦᠪᠰᠢᠨ ᠤ ᠰᠤᠷᠲᠠᠯ ᠤᠨ ᠰᠢᠯᠢᠳᠡᠭ ᠠᠩᠭᠢ ᠳᠤᠭᠤᠶᠢᠯᠠᠩ︾᠎ ᠤᠨ ᠢᠷᠠᠭᠤ ᠠᠯᠳᠠᠷ ᠢ ᠭᠥᠷᠳᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠷᠭ᠎ᠠ ᠵᠠᠮ ᠢᠶᠠᠷ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠨᠢ ᠲᠢᠶᠠᠨ ᠵᠢᠶᠤᠤ ᠠᠭᠠᠷ ᠤᠨ ᠠᠶᠠᠯᠠᠯ ᠤᠨ ᠬᠥᠳᠡᠯᠮᠦᠷᠢ᠂ ᠠᠵᠢᠯᠲᠠᠨ ᠤ ᠶᠠᠪᠤᠳᠠᠯ᠂ ᠬᠤᠪᠢᠶᠠᠷᠢᠯᠠᠯᠲᠠ ᠵᠡᠷᠭᠡ ᠭᠤᠷᠪᠠᠨ ᠵᠦᠶᠯ ᠤᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠪᠠ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠲᠢᠶᠠᠨ ᠵᠢᠶᠤᠤ ᠠᠭᠠᠷ ᠤᠨ ᠠᠶᠠᠯᠠᠯ ᠤᠨ ᠡᠵᠡᠩᠨᠡᠯᠲᠡ ᠶᠢᠨ ᠶᠡᠷᠦᠩᠬᠡᠶ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 56.38%᠎ ᠪᠠᠷ ᠨᠡᠮᠡᠭᠳᠡᠵᠦ᠂ ᠠᠰᠢᠭ ᠣᠷᠣᠯᠭ᠎ᠠ ᠶᠢᠨ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 8.75%᠎ ᠪᠠᠷ ᠨᠡᠮᠡᠭᠳᠡᠪᠡ᠃     ᠥᠭᠡᠷᠡᠴᠢᠯᠡᠯᠲᠡ ᠶᠢᠨ ᠵᠣᠷᠢᠯᠭ᠎ᠠ ᠪᠣᠯ ᠬᠦᠭᠵᠢᠬᠦ ᠶᠢᠨ ᠲᠥᠯᠥᠭᠡ ᠶᠤᠮ᠂ ᠥᠭᠡᠷᠡᠴᠢᠯᠡᠯᠲᠡ ᠶᠢᠨ ᠣᠯᠤᠭᠰᠠᠨ ᠠᠮᠵᠢᠯᠲᠠ ᠨᠢ ᠴᠦ ᠬᠥᠭᠵᠢᠯᠲᠡ ᠪᠠᠷ ᠲᠡᠭᠦᠨ ᠤ ᠬᠦᠴᠦᠨ ᠢ ᠭᠡᠷᠡᠴᠢᠯᠡᠬᠦ ᠪᠣᠯᠣᠨ᠎ᠠ᠃ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠳᠡᠮᠵᠢᠯᠭᠡ ᠳᠣᠤᠷ᠎ᠠ᠂ ᠲᠢᠶᠠᠨ ᠵᠢᠶᠤᠤ ᠠᠭᠠᠷ ᠤᠨ ᠠᠶᠠᠯᠠᠯ ᠤᠨ ᠺᠣᠮᠫᠠᠨᠢ ᠨᠢ ᠠᠭᠠᠷ ᠤᠨ ᠠᠶᠠᠯᠠᠯ ᠤᠨ ᠱᠤᠭᠤᠮ ᠤᠨ ᠲᠣᠤᠷ ᠢ ᠨᠢᠭᠲᠠᠷᠠᠭᠤᠯᠵᠤ᠂ ᠡᠵᠡᠩᠨᠡᠨ ᠪᠣᠷᠣᠯᠠᠭᠤᠯᠬᠤ ᠠᠷᠭ᠎ᠠ ᠪᠠᠷᠢᠯ ᠤᠨ ᠰᠢᠨ᠎ᠡ ᠶᠢ ᠡᠭᠦᠳᠬᠦ ᠵᠡᠷᠭᠡ ᠠᠷᠭ᠎ᠠ ᠬᠡᠮᠵᠢᠶ᠎ᠡ ᠠᠪᠴᠤ᠂ ᠦᠶᠯᠡᠴᠢᠯᠡᠭᠡᠨ ᠤ ᠶᠠᠰᠤ ᠴᠢᠨᠠᠷ ᠪᠣᠯᠤᠨ ᠠᠵᠢᠯᠯᠠᠭᠠᠨ ᠤ ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠠᠶᠠᠯᠠᠯ ᠤᠨ ᠴᠡᠭ ᠢ ᠲᠠᠰᠤᠷᠠᠯᠲᠠ ᠥᠬᠡᠶ ᠪᠠᠶᠢᠷᠢᠰᠢᠭᠤᠯᠵᠤ᠂ ᠰᠢᠨ᠎ᠡ ᠠᠶᠠᠯᠠᠯ ᠤᠨ ᠱᠤᠭᠤᠮ ᠢ ᠨᠡᠪᠲᠡᠷᠡᠭᠦᠯᠵᠦ᠂ ᠠᠭᠠᠷ ᠤᠨ ᠠᠶᠠᠯᠠᠯ ᠤᠨ ᠴᠡᠭ ᠨᠢ ᠦᠶᠯᠡᠳᠪᠦᠷᠢᠯᠡᠯ ᠢᠶᠠᠨ ᠰᠡᠷᠭᠦᠭᠡᠭᠰᠡᠨ ᠡᠬᠢᠨ ᠤ ᠦᠶ᠎ᠡ ᠶᠢᠨ 2 ᠪᠠᠶᠢᠭᠰᠠᠨ ᠠᠴᠠ ᠪᠠᠨ 2024 ᠣᠨ ᠳᠤ 14 ᠪᠣᠯᠤᠨ ᠨᠡᠮᠡᠭᠳᠡᠵᠦ᠂ ᠳᠠᠭᠠᠭᠠᠴᠢᠯᠠᠨ ᠵᠥᠭᠡᠭᠡᠪᠦᠷᠢᠯᠡᠭᠰᠡᠨ ᠠᠶᠠᠨᠴᠢᠳ ᠨᠢ ᠦᠶᠯᠡᠳᠪᠦᠷᠢᠯᠡᠯ ᠢᠶᠠᠨ ᠰᠡᠷᠭᠦᠭᠡᠭᠰᠡᠨ ᠡᠬᠢᠨ ᠤ ᠦᠶ᠎ᠡ ᠶᠢᠨ 18.2 ᠲᠦᠮᠡᠨ ᠬᠥᠮᠦᠨ ᠤᠳᠠᠭ᠎ᠠ ᠪᠠᠶᠢᠭᠰᠠᠨ ᠠᠴᠠ ᠪᠠᠨ 2024 ᠣᠨ ᠳᠤ 44.4 ᠲᠦᠮᠡᠨ ᠬᠥᠮᠦᠨ ᠪᠣᠯᠤᠨ ᠨᠡᠮᠡᠭᠳᠡᠵᠦ᠂ ᠨᠢᠰᠬᠡᠯ ᠤᠨ ᠡᠳᠦᠷ ᠪᠦᠷᠢ ᠶᠢᠨ ᠠᠰᠢᠭᠯᠠᠯᠲᠠ ᠶᠢᠨ ᠨᠣᠷᠮ᠎ᠠ ᠨᠢ 2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠨᠢᠭᠡᠨᠲᠡ 7.13 ᠴᠠᠭ ᠪᠣᠯᠵᠣ᠂ ᠠᠵᠢᠯ ᠲᠥᠷᠥᠯ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠳᠠᠭ᠃ ᠡᠭᠦᠨ ᠤ ᠬᠠᠮᠲᠤ᠂ ᠨᠢᠰᠬᠡᠯ ᠳᠡᠭᠡᠷ᠎ᠡ ᠨᠡᠷ᠎ᠡ ᠬᠠᠳᠠᠬᠤ᠂ ᠨᠢᠰᠬᠡᠯ ᠳᠡᠭᠡᠷᠡᠬᠢ ᠬᠤᠳᠠᠯᠳᠤᠭᠠᠨ ᠤ ᠬᠤᠲᠠ᠂ ᠤᠷᠤᠯᠳᠤᠭᠠᠨ ᠤ ᠶᠠᠪᠤᠳᠠᠯ ᠤᠨ ᠪᠠᠲᠤᠯᠠᠭ᠎ᠠ ᠶᠢ ᠭᠥᠯᠢᠶᠡᠨ ᠠᠪᠬᠤ ᠵᠡᠷᠭᠡ ᠰᠢᠨ᠎ᠡ ᠶᠢ ᠡᠭᠦᠳᠬᠦ ᠵᠠᠭᠪᠤᠷ ᠢᠶᠠᠷ ᠳᠠᠮᠵᠢᠭᠤᠯᠤᠨ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ             ︽ᠳᠠᠷᠪᠢᠯᠲᠠ︾᠎ ᠶᠢ ᠠᠬᠢᠭᠤᠯᠵᠤ᠂ ᠡᠵᠡᠩᠨᠡᠯᠲᠡ ᠶᠢᠨ ᠣᠷᠣᠯᠭ᠎ᠠ ᠨᠢ ᠵᠢᠯ ᠳᠠᠷᠠᠭᠠᠯᠠᠨ ᠨᠡᠮᠡᠭᠳᠡᠪᠡ᠃ 2024 ᠣᠨ ᠳᠤ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠠᠴᠠ ᠪᠥᠬᠦ ᠤᠯᠤᠰ ᠤᠨ 41 ᠠᠶᠠᠨᠴᠢᠳ ᠤᠨ ᠵᠥᠭᠡᠭᠡᠪᠦᠷᠢ ᠶᠢᠨ ᠠᠭᠠᠷ ᠤᠨ ᠠᠶᠠᠯᠠᠯ ᠤᠨ ᠺᠣᠮᠫᠠᠨᠢ ᠳᠤ ᠬᠢᠭᠰᠡᠨ ︽ᠲᠠᠪᠤᠨ ᠨᠣᠷᠮ᠎ᠠ ᠶᠢᠨ ᠬᠢᠨᠠᠨ ᠰᠢᠯᠭᠠᠯᠲᠠ︾ ᠎ ᠳᠤ ᠲᠠᠪᠤᠳᠤᠭᠠᠷ ᠲᠤ ᠣᠷᠣᠵᠤ᠂ ᠡᠭᠦᠨ ᠳᠤ ᠡᠭᠡᠯᠵᠢ ᠶᠢᠨ ᠨᠢᠰᠬᠡᠯ ᠤᠨ ᠭᠦᠶᠴᠡᠳᠬᠡᠬᠦ ᠨᠣᠷᠮ᠎ᠠ 100%᠎ ᠳᠤ ᠬᠦᠷᠴᠦ᠂ ᠪᠥᠬᠦ ᠤᠯᠤᠰ ᠤᠨ ᠨᠢᠭᠡᠳᠦᠭᠡᠷ ᠲᠤ ᠣᠷᠣᠪᠠ︔ ᠲᠢᠶᠠᠨ ᠵᠢᠶᠤᠤ ᠠᠭᠠᠷ ᠤᠨ ᠠᠶᠠᠯᠠᠯ ᠤᠨ ᠨᠢᠰᠬᠡᠭᠴᠢ ᠠᠷᠠᠳ ᠤᠨ ᠠᠭᠠᠷ ᠤᠨ ᠲᠡᠭᠡᠭᠡᠪᠦᠷᠢ ᠶᠢᠨ ᠤᠮᠠᠷᠠᠲᠤ ᠣᠷᠣᠨ ᠤ ᠲᠣᠪᠴᠢᠶ᠎ᠠ ᠶᠢ ᠲᠥᠯᠥᠭᠡᠯᠡᠨ ᠳᠤᠮᠳᠠᠳᠤ ᠤᠯᠤᠰ ᠤᠨ ᠠᠩᠬᠠᠳᠤᠭᠠᠷ ᠬᠤᠭᠤᠴᠠᠭᠠᠨ ᠤ ᠨᠢᠰᠬᠡᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠭᠠᠳ᠂ ARJ21 ᠨᠢᠰᠬᠡᠯ ᠤᠨ ᠳᠤᠭᠤᠶᠢᠯᠠᠩ ᠤᠨ ᠭᠤᠷᠪᠠᠳᠤᠭᠠᠷ ᠲᠤ ᠣᠷᠣᠵᠠᠶ︔ ᠠᠷᠪᠠᠨ ᠲᠠᠪᠤᠳᠤᠭᠠᠷ ᠬᠤᠭᠤᠴᠠᠭᠠᠨ ᠤ ᠵᠦᠬᠠᠶ ᠶᠢᠨ ᠠᠭᠠᠷ ᠤᠨ ᠠᠶᠠᠯᠠᠯ ᠤᠨ ᠦᠵᠡᠭᠦᠯᠦᠯᠭᠡ ᠳᠤ᠂ ᠲᠢᠶᠠᠨ ᠵᠢᠶᠤᠤ ᠠᠭᠠᠷ ᠤᠨ ᠠᠶᠠᠯᠠᠯ ᠎ ᠤᠨ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠨᠡᠷᠡᠮᠵᠢᠲᠦ︾ ᠨᠢᠰᠬᠡᠯ ᠣᠯᠠᠨ ᠲᠠᠢ ᠵᠣᠯᠭᠠᠵᠤ᠂ ᠤᠮᠠᠷᠠᠲᠤ ᠬᠢᠯᠢ ᠶᠢᠨ ᠰᠣᠶᠣᠯ ᠢ ᠠᠴᠢᠶᠠᠯᠠᠭᠰᠠᠨ ᠥᠪᠥᠷ ᠮᠣᠩᠭᠤᠯ ᠤᠨ ᠨᠡᠷ᠎ᠡ ᠶᠢᠨ ᠬᠠᠭᠤᠳᠠᠰᠤ ᠶᠢ ᠳᠡᠯᠡᠬᠡᠶ ᠳ᠋ᠠᠬᠢᠨ ᠳᠤ ᠳᠡᠯᠭᠡᠨ ᠦᠵᠡᠭᠦᠯᠪᠡ᠃     ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠨᠢ ᠲᠢᠶᠠᠨ ᠵᠢᠶᠤᠤ ᠠᠭᠠᠷ ᠤᠨ ᠠᠶᠠᠯᠠᠯ ᠤᠨ ᠴᠢᠨᠠᠷ ᠰᠠᠶᠢᠲᠠᠶ ᠬᠥᠭᠵᠢᠯᠲᠡ ᠶᠢ ᠨᠢᠭᠡᠨ ᠴᠢᠬᠤᠯᠠ ᠰᠡᠳᠦᠪ ᠪᠣᠯᠭᠠᠨ ᠭᠦᠨᠵᠡᠭᠡᠶ ᠰᠤᠳᠤᠯᠪᠠ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠎ ᠤ ᠪᠠᠯᠠ ᠣᠷᠣᠭᠤᠯᠤᠯᠲᠠ ᠶᠢᠨ ᠪᠦᠯᠦᠭᠯᠡᠯ ᠠᠴᠠ ︽ᠲᠢᠶᠠᠨ ᠵᠢᠶᠤᠤ ᠠᠭᠠᠷ ᠤᠨ ᠠᠶᠠᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠠᠷᠭ᠎ᠠ ᠪᠣᠳᠣᠯᠭ᠎ᠠ︾᠎ ᠶᠢ ᠰᠤᠳᠤᠯᠤᠨ ᠨᠡᠶᠢᠲᠡᠯᠡᠵᠦ᠂ ᠡᠵᠡᠩᠨᠡᠯᠲᠡ ᠬᠦᠭᠵᠢᠯᠲᠡ᠂ ᠬᠠᠷᠠᠯᠲᠠ ᠡᠭᠦᠷᠭᠡ᠂ ᠭᠤᠤᠯᠳᠠᠯᠭ᠎ᠠ ᠲᠠᠢ ᠲᠥᠷᠥᠯ ᠵᠦᠶᠯ᠂ ᠭᠤᠣᠯᠳᠠᠯᠭ᠎ᠠ ᠲᠠᠢ ᠠᠵᠢᠯ᠂ ᠥᠭᠡᠷᠡᠴᠢᠯᠡᠯᠲᠡ ᠶᠢᠨ ᠡᠭᠦᠷᠭᠡ ᠵᠡᠷᠭᠡ 5 ᠲᠠᠯ᠎ᠠ ᠪᠠᠷ᠂ 30 ᠰᠢᠬᠠᠮ ᠵᠦᠶᠯ ᠤᠨ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠬᠠᠷᠢᠴᠠᠯᠠᠰᠢ ᠦᠭᠡᠢ ᠠᠮᠤᠷ ᠲᠦᠪᠰᠢᠨ ᠢ ᠪᠠᠲᠤᠯᠠᠬᠤ ᠪᠠᠷ ᠵᠠᠷᠴᠢᠮ ᠪᠣᠯᠭᠠᠬᠤ ᠶᠢ ᠲᠣᠳᠣᠷᠬᠠᠶᠢᠯᠠᠵᠤ᠂ ᠲᠢᠶᠠᠨ ᠵᠢᠶᠤᠤ ᠠᠭᠠᠷ ᠤᠨ ᠠᠶᠠᠯᠠᠯ ᠢ ᠦᠷᠭᠦᠯᠵᠢᠯᠡᠨ ᠰᠠᠶᠢᠲᠤᠷ ᠪᠦᠲᠦᠭᠡᠨ ᠪᠠᠶᠢᠭᠤᠯᠤᠨ᠂ ᠠᠶᠠᠯᠠᠯ ᠤᠨ ᠱᠤᠭᠤᠮ ᠤᠨ ᠲᠣᠣᠷ ᠢ ᠰᠠᠶᠢᠲᠤᠷ ᠪᠠᠶᠢᠷᠢᠰᠢᠭᠤᠯᠤᠨ᠂ ᠣᠷᠣᠨ ᠨᠤᠲᠤᠭ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠠᠬᠢ ᠲᠤᠯᠭᠠᠭᠤᠷᠢᠯᠠᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠲᠡᠷᠡᠴᠢᠯᠡᠨ ᠭᠤᠷᠪᠠᠨ ᠱᠠᠲᠤ ᠬᠤᠪᠢᠶᠠᠨ ᠨᠢᠰᠬᠡᠯ ᠤᠨ ᠠᠩᠭᠢ ᠶᠢᠨ ᠬᠡᠪᠴᠢᠶ᠎ᠡ ᠶᠢ 100 ᠰᠠᠭᠤᠷᠢ ᠪᠣᠯᠭᠠᠨ ᠥᠷᠭᠡᠳᠬᠡᠨ᠎ᠡ ᠭᠡᠵᠦ ᠳᠤᠷᠠᠳᠴᠤ᠂ C909᠂ C919᠂ C929  ᠭᠤᠷᠪᠠᠨ ᠮᠠᠰᠢᠨ ᠤ ᠬᠡᠯᠪᠡᠷᠢ ᠶᠢᠨ ᠡᠵᠡᠩᠨᠡᠯᠲᠡ ᠶᠢᠨ ᠵᠠᠭᠪᠤᠷ ᠢ ᠪᠦᠷᠢᠯᠳᠦᠭᠦᠯᠦᠨ᠂ ᠲᠢᠶᠠᠨ ᠵᠢᠶᠤᠤ ᠠᠭᠠᠷ ᠤᠨ ᠠᠶᠠᠯᠠᠯ ᠤᠨ ᠺᠣᠮᠫᠠᠨᠢ ᠶᠢ ︽ᠤᠮᠠᠷᠠᠲᠤ ᠬᠢᠯᠢ ᠳᠤ ᠰᠠᠭᠤᠷᠢᠯᠠᠵᠤ᠂ ᠪᠦᠬᠦ ᠤᠯᠤᠰ ᠲᠤ ᠬᠠᠨᠳᠤᠭᠰᠠᠨ᠂ ᠣᠷᠣᠰ ᠮᠣᠩᠭᠤᠯ ᠤᠷᠤᠭᠤ ᠨᠢᠰᠬᠦ᠂ ᠨᠢᠭᠡ ᠪᠦᠰᠡ ᠨᠢᠭᠡ ᠵᠠᠮ ᠢ ᠨᠥᠯᠥᠭᠡᠯᠡᠭᠰᠡᠨ︾ ᠳᠤᠮᠳᠠ ᠬᠡᠯᠪᠡᠷᠢ ᠶᠢᠨ ᠠᠭᠠᠷ ᠤᠨ ᠠᠶᠠᠯᠠᠯ ᠤᠨ ᠺᠣᠮᠫᠠᠨᠢ ᠪᠣᠯᠭᠠᠨ ᠴᠣᠭᠴᠠᠯᠠᠬᠤ ᠶᠢ ︽ᠠᠷᠪᠠᠨ ᠲᠠᠪᠤᠳᠤᠭᠠᠷ ᠲᠠᠪᠤᠨ ᠵᠢᠯ︾᠎ ᠤᠨ ᠠᠯᠤᠰ ᠤᠨ ᠲᠥᠯᠥᠪ ᠪᠣᠯᠭᠠᠬᠤ ᠪᠠᠷ ᠬᠦᠴᠦᠯᠡᠨ ᠴᠢᠷᠮᠠᠶᠢᠨ᠎ᠠ᠃     ︽ᠬᠤᠤᠰ ᠬᠥᠳᠡᠯᠭᠡᠭᠦᠷ ᠬᠤᠶᠠᠷ ᠵᠢᠭᠦᠷ᠂ ᠳᠥᠷᠪᠡ ᠶᠢ ᠨᠢᠭᠡ ᠴᠣᠭᠴᠠᠵᠢᠭᠤᠯᠬᠤ︾ ᠪᠠᠶᠢᠯᠳᠤᠬᠤ ᠪᠣᠳᠣᠯᠭ᠎ᠠ ᠎ ᠶᠢᠨ ᠪᠠᠶᠢᠷᠢᠰᠢᠭᠤᠯᠤᠯᠲᠠ ᠶᠣᠰᠣᠭᠠᠷ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠠᠴᠠ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠠᠯᠳᠠᠭᠳᠠᠯ ᠢ ᠬᠤᠪᠢᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠲᠡᠷᠢᠭᠦᠨ ᠤ ᠬᠢ ᠶᠢ ᠡᠭᠦᠳᠴᠦ ᠲᠡᠷᠢᠭᠦᠨ ᠤ ᠬᠢ ᠪᠣᠯᠬᠤ ᠪᠠᠷ ᠴᠢᠷᠮᠠᠶᠢᠬᠤ︾ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠢᠶᠠᠨ ᠵᠢᠶᠤᠤ ᠠᠭᠠᠷ ᠤᠨ ᠠᠶᠠᠯᠠᠯ ᠭᠡᠬᠦ ᠡᠨᠡ ᠬᠦ ᠭᠤᠤᠯ ᠬᠠᠷᠢᠭᠤᠴᠠᠯᠭ᠎ᠠ ᠭᠤᠤᠯ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠣᠲᠣ ᠶᠠᠭ        ︽ᠰᠢᠨ᠎ᠡ ᠵᠠᠮ ᠢ ᠨᠡᠭᠡᠭᠡᠵᠦ᠂ ᠳᠤᠮᠳᠠ ᠲᠥᠪᠰᠢᠨ ᠳᠤ ᠣᠷᠣᠬᠤ︾ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠪᠡᠶᠡᠯᠡᠭᠦᠯᠬᠦ ᠳᠤ ᠲᠤᠰ ᠭᠠᠵᠠᠷ ᠤᠨ ᠠᠭᠠᠷ ᠤᠨ ᠠᠶᠠᠯᠠᠯ ᠤᠨ ᠬᠠᠷᠢᠭᠤᠴᠠᠯᠭ᠎ᠠ ᠡᠭᠦᠷᠭᠡᠯᠡᠯ ᠢ ᠦᠵᠡᠭᠦᠯᠬᠦ ᠪᠠᠷ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号