S42 ᠪᠣᠭᠤᠳᠤ ᠠᠴᠠ ᠮᠣᠤᠮᠢᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠤᠭᠤᠲᠤ ᠶᠢᠨ ᠪᠠᠷᠠᠭᠤᠨ ᠬᠤᠯᠪᠣᠬᠤ ᠱᠤᠭᠤᠮ ᠲᠡᠷᠭᠡ ᠨᠡᠪᠲᠡᠷᠡᠵᠦ ᠡᠵᠡᠩᠨᠡᠯᠲᠡ ᠳᠤ ᠣᠷᠤᠪᠠ
ᠨᠡᠶᠢᠲᠡᠯᠡᠭᠰᠡᠨ ᠴᠠᠭ᠄
2025/5/9
   0509.jpg
    5 ᠳ᠋ᠤᠭᠠᠷ ᠰᠠᠷ᠎ᠠ ᠶᠢᠨ 8᠎ ᠤ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠨᠢᠭᠡᠳᠦᠭᠡᠷ ᠲᠡᠷᠭᠡ          ᠪᠠᠩ ᠴᠧᠩ ᠰᠦᠢᠳᠭᠡᠯ ᠬᠤᠷᠢᠶᠠᠬᠤ ᠥᠷᠲᠡᠭᠡ ᠳᠤ ᠤᠷᠤᠭᠰᠢᠲᠠᠶ ᠣᠷᠣᠬᠤ ᠶᠢ ᠳᠠᠭᠠᠯᠳᠤᠨ᠂ S42 ᠪᠣᠭᠤᠳᠤ ᠠᠴᠠ ᠮᠣᠤᠮᠢᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠤᠭᠤᠲᠤ ᠶᠢᠨ ᠪᠠᠷᠠᠭᠤᠨ ᠬᠤᠯᠪᠣᠬᠤ ᠱᠤᠭᠤᠮ ᠵᠢᠩᠬᠢᠨᠢ ᠪᠠᠷ ᠲᠡᠷᠭᠡ ᠨᠡᠪᠲᠡᠷᠡᠵᠦ ᠡᠵᠡᠩᠨᠡᠯᠲᠡ ᠳᠤ ᠣᠷᠤᠪᠠ᠃    ᠲᠣᠰ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ᠎ᠠ᠂ ᠪᠣᠭᠤᠳᠤ ᠠᠴᠠ ᠮᠣᠤᠮᠢᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠶᠢᠨ ᠳᠤᠮᠳᠠᠬᠢ ᠴᠢᠬᠤᠯᠠ ᠨᠢᠭᠡ ᠭᠤᠭᠴᠤᠭ᠎ᠠ ᠮᠥᠨ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠠᠴᠠ ᠪᠥᠲᠥᠭᠡᠨ ᠪᠠᠶᠢᠭᠤᠯᠤᠨ᠎ᠠ᠃ ᠲᠥᠷᠥᠯ ᠵᠦᠢᠯ ᠤᠨ ᠡᠬᠢᠯᠡᠯᠲᠡ ᠶᠢᠨ ᠴᠡᠭ ᠨᠢ ᠪᠤᠭᠤᠲᠤ ᠬᠤᠲᠠ ᠶᠢᠨ ᠬᠠᠳᠠᠮᠠᠯ ᠤᠨ ᠬᠦᠢᠰᠦ ᠬᠠᠷᠢᠯᠴᠠᠨ ᠨᠡᠪᠲᠡᠷᠡᠯᠴᠡᠬᠦ ᠪᠠᠷ ᠦᠩᠭᠡᠷᠡᠨ G6 ᠳᠡᠭᠡᠳᠦ ᠬᠤᠷᠳᠤ ᠶᠢᠨ ᠵᠠᠰᠠᠮᠠᠯ ᠵᠠᠮ ᠲᠠᠢ ᠵᠠᠯᠭᠠᠯᠳᠤᠵᠤ᠂ ᠡᠴᠦᠰ ᠤᠨ ᠴᠡᠭ ᠨᠢ ᠣᠷᠳᠣᠰ ᠬᠤᠲᠠ ᠶᠢᠨ S24 ᠬᠠᠲᠤᠨ ᠭᠤᠤᠯ ᠳᠠᠭᠠᠤ ᠶᠢᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠢ ᠯᠢᠦ ᠭᠸᠤ ᠶᠢᠨ ᠬᠦᠢᠰᠦ ᠬᠠᠷᠢᠯᠴᠠᠨ ᠨᠡᠪᠲᠡᠷᠡᠯᠴᠡᠬᠦ ᠳᠤ ᠬᠦᠷᠴᠦ᠂ ᠪᠥᠬᠦ ᠣᠷᠳᠣ ᠨᠢ 61.1 ᠺᠢᠯᠦᠮᠧᠲᠷ ᠪᠠᠶᠢᠵᠤ᠂ ᠡᠭᠦᠨ ᠳᠤ ᠰᠢᠨ᠎ᠡ ᠪᠠᠷ ᠪᠠᠶᠢᠭᠤᠯᠤᠭᠰᠠᠨ ᠬᠡᠰᠡᠭ ᠨᠢ 46.5 ᠺᠢᠯᠦᠮᠧᠲᠷ ᠪᠠᠶᠢᠵᠤ᠂ ᠬᠠᠲᠤᠨ ᠭᠤᠤᠯ ᠳᠠᠭᠠᠤ ᠶᠢᠨ ᠳᠡᠭᠡᠳᠦ ᠬᠤᠷᠳᠤ ᠶᠢᠨ ᠵᠠᠰᠠᠮᠠᠯ ᠵᠠᠮ ᠢ 14.6 ᠺᠢᠯᠦᠮᠧᠲᠷ ᠪᠦᠷᠢᠮᠦᠰᠦᠨ ᠠᠰᠢᠭᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 38 ᠳ᠋ᠦᠩᠰᠢᠭᠤᠷ ᠲᠥᠭᠦᠷᠢᠭ ᠪᠣᠯᠤᠨ᠎ᠠ᠃    ᠵᠣᠣ ᠵᠢᠶᠦ᠋ᠨ ᠬᠠᠲᠤᠨ ᠭᠤᠤᠯ ᠤᠨ ᠣᠨᠴᠠ ᠶᠡᠭᠡ ᠬᠥᠭᠦᠷᠭᠡ ᠪᠠ ᠪᠣᠭᠤᠳᠤ ᠠᠴᠠ ᠯᠠᠨᠵᠸᠦ ᠬᠦᠷᠬᠦ ᠲᠡᠮᠦᠷ ᠵᠠᠮ ᠢ ᠰᠤᠨᠳᠠᠯᠠᠭᠰᠠᠨ ᠡᠷᠭᠢᠯᠳᠦᠭᠡ ᠬᠥᠭᠦᠷᠭᠡ ᠶᠢᠨ ᠢᠨᠵᠧᠨᠧᠷᠢᠩ ᠪᠣᠯ ᠲᠣᠰ ᠲᠥᠷᠥᠯ ᠵᠦᠢᠯ ᠤᠨ ᠬᠤᠶᠠᠷ ᠡᠵᠡᠮᠳᠡᠯ ᠤᠨ ᠴᠢᠨᠠᠷᠲᠠᠶ ᠢᠨᠵᠧᠨᠧᠷᠢᠩ ᠪᠣᠯᠤᠨ᠎ᠠ᠃       ᠵᠣᠣ ᠵᠢᠶᠦ᠋ᠨ ᠬᠠᠲᠤᠨ ᠭᠤᠤᠯ ᠤᠨ ᠣᠨᠴᠠ ᠶᠡᠭᠡ ᠬᠥᠭᠦᠷᠭᠡ ᠶᠢᠨ ᠪᠥᠬᠦ ᠣᠷᠳᠣ ᠨᠢ 4300 ᠮᠧᠲᠷ᠂ ᠶᠡᠭᠡ ᠬᠥᠭᠦᠷᠭᠡ ᠶᠢ ᠬᠤᠶᠢᠲᠤ ᠡᠷᠭᠢ ᠶᠢᠨ ᠲᠠᠩ ᠬᠥᠭᠦᠷᠭᠡ᠂ ᠬᠤᠶᠢᠲᠤ ᠡᠷᠭᠢ ᠶᠢᠨ ᠳᠠᠯᠠᠩ ᠰᠤᠨᠳᠠᠯᠠᠭᠰᠠᠨ ᠬᠥᠭᠦᠷᠭᠡ᠂ ᠭᠤᠤᠯ ᠬᠥᠭᠦᠷᠭᠡ᠂ ᠡᠮᠦᠨ᠎ᠡ ᠡᠷᠭᠢ ᠶᠢᠨ ᠲᠠᠩ ᠬᠥᠭᠦᠷᠭᠡ᠂ ᠡᠮᠦᠨ᠎ᠡ ᠡᠷᠭᠢ ᠶᠢᠨ ᠳᠠᠯᠠᠩ ᠰᠤᠨᠳᠠᠯᠠᠭᠰᠠᠨ ᠬᠥᠭᠦᠷᠭᠡ ᠭᠡᠵᠦ ᠲᠠᠪᠤᠨ ᠬᠡᠰᠡᠭ ᠬᠤᠪᠢᠶᠠᠵᠤ᠂ ᠭᠤᠤᠯ ᠬᠥᠭᠦᠷᠭᠡ ᠨᠢ ᠲᠠᠩ ᠬᠤᠯᠪᠣᠭᠠᠯᠠᠭᠰᠠᠨ 1520 ᠮᠧᠲᠷ ᠤᠨ ᠳᠣᠯᠭᠢᠶᠠᠨ ᠬᠡᠯᠪᠡᠷᠢᠲᠦ ᠪᠣᠯᠣᠳ ᠬᠡᠪᠡᠯᠢ ᠶᠢᠨ ᠬᠠᠪᠲᠠᠰᠤ ᠶᠢᠨ ᠪᠡᠯᠡᠳᠬᠡᠯ ᠬᠤᠪᠢᠷᠠᠭᠠᠭᠳᠠᠯ ᠪᠧᠲ᠋ᠣᠨ ᠦᠷᠬᠦᠯᠵᠢ ᠨᠢᠷᠤᠭᠤ ᠪᠠᠶᠢᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠨᠢᠭᠡᠳᠦᠭᠡᠷ ᠪᠦᠯᠦᠭ ᠵᠠᠰᠠᠮᠠᠯ ᠵᠠᠮ ᠤᠨ ᠪᠣᠯᠣᠳ ᠪᠦᠲᠦᠴᠡᠲᠦ ᠬᠥᠭᠦᠷᠭᠡ ᠶᠢᠨ ᠵᠢᠱᠢᠶ᠎ᠡ ᠦᠵᠡᠭᠦᠯᠬᠦ ᠢᠨᠵᠧᠨᠧᠷᠢᠩ︾ ᠪᠣᠯᠤᠨ᠎ᠠ᠃      ᠪᠣᠭᠤᠳᠤ ᠠᠴᠠ ᠯᠠᠨᠵᠸᠦ ᠬᠦᠷᠬᠦ ᠲᠡᠮᠦᠷ ᠵᠠᠮ ᠢ ᠰᠤᠨᠳᠠᠯᠠᠭᠰᠠᠨ ᠬᠥᠭᠦᠷᠭᠡ ᠨᠢ ᠡᠷᠭᠢᠭᠦᠯᠬᠦ ᠪᠠ ᠲᠣᠬᠠᠢ ᠳᠤ ᠨᠢ ᠴᠢᠳᠬᠤᠬᠤ ᠬᠡᠯᠪᠡᠷᠢ ᠪᠠᠷ ᠰᠤᠨᠳᠠᠯᠠᠬᠤ ᠶᠢ ᠬᠡᠷᠡᠭᠯᠡᠵᠦ᠂ ᠪᠥᠬᠦ ᠣᠷᠳᠣ ᠨᠢ 110 ᠮᠧᠲᠷ᠂ ᠶᠡᠷᠦᠩᠬᠡᠶ ᠬᠦᠨᠳᠦ ᠨᠢ 12960 ᠲᠣᠨ ᠳᠤ ᠬᠦᠷᠴᠦ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠳᠤ ᠨᠢᠭᠡᠨᠲᠡ ᠪᠠᠶᠢᠭᠤᠯᠵᠤ ᠳᠠᠭᠤᠰᠤᠭᠰᠠᠨ ᠡᠷᠭᠢᠯᠳᠦᠭᠡ ᠬᠥᠭᠦᠷᠭᠡ ᠶᠢᠨ ᠳᠤᠮᠳᠠ ᠪᠡᠶ᠎ᠡ ᠨᠢ ᠨᠡᠯᠢᠶᠡᠳ ᠶᠡᠭᠡ ᠪᠣᠯᠬᠤ ᠬᠥᠭᠦᠷᠭᠡ ᠪᠣᠯᠤᠭᠰᠠᠨ ᠪᠠᠶᠢᠨ᠎ᠠ᠃   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号