ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠦᠶᠡᠷ ᠤᠨ ᠬᠤᠭᠤᠴᠠᠭᠠᠨ ᠤ ᠵᠠᠰᠠᠮᠠᠯ ᠵᠠᠮ ᠤᠨ ᠠᠮᠤᠷ | ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠤᠰᠬᠠᠶ ᠠᠵᠢᠯᠯᠠᠭ᠎ᠠ ᠶᠢᠨ ᠲᠥᠰᠦᠯ︾ ᠤᠨ | ᠪᠠᠶᠢᠷᠢᠯᠠᠭᠤᠯᠤᠯᠲᠠ ᠶᠢ ᠦᠨᠳᠦᠰᠦᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠲᠤᠰᠬᠠᠶ ᠮᠡᠷᠭᠡᠵᠢᠯᠲᠡᠨ ᠢ | ᠲᠠᠲᠠᠵᠤ ᠮᠡᠷᠭᠡᠵᠢᠯ ᠤᠨ ᠬᠠᠪᠰᠤᠷᠤᠨ ᠲᠡᠳᠬᠦᠬᠦ ᠠᠵᠢᠯᠯᠠᠬᠤ ᠳᠤᠭᠤᠶᠢᠯᠠᠩ ᠪᠦᠷᠢᠯᠳᠦᠭᠦᠯᠵᠦ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ᠵᠠᠮ ᠤᠨ ᠲᠣᠤᠷ ᠤᠨ ᠬᠢᠨᠠᠨ ᠬᠡᠮᠵᠢᠯᠲᠡ ᠬᠢᠭᠡᠳ ᠪᠠᠴᠢᠮ ᠪᠠᠶᠢᠳᠠᠯ ᠢ ᠠᠷᠭᠠᠴᠠᠭᠠᠨ | ᠰᠢᠶᠳᠪᠦᠷᠢᠯᠡᠬᠦ ᠲᠥᠪ ᠤᠨ ᠳᠡᠳ᠋ ᠳᠠᠷᠤᠭ᠎ᠠ ᠭᠤᠣ ᠰᠢᠨ ᠠᠴᠠ ᠪᠦᠯᠬᠦᠮ ᠳᠠᠭᠠᠭᠤᠯᠵᠤ᠂ 6 ᠳ᠋ᠤᠭᠠᠷ ᠰᠠᠷ᠎ᠠ ᠶᠢᠨ 9 | ᠤ ᠡᠳᠦᠷ ᠠᠴᠠ 6 ᠳ᠋ᠤᠭᠠᠷ ᠰᠠᠷ᠎ᠠ ᠶᠢᠨ 13 ᠤ ᠡᠳᠦᠷ ᠪᠣᠯᠲᠠᠯ᠎ᠠ ᠮᠠᠨ ᠤ ᠣᠷᠣᠨ ᠳᠤ ᠳᠡᠭᠡᠳᠦ ᠬᠤᠷᠳᠤ ᠶᠢᠨ | ᠵᠠᠰᠠᠮᠠᠯ ᠵᠠᠮ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠲᠤᠰᠬᠠᠢ ᠳᠡᠭᠡᠭᠰᠢᠯᠡᠭᠦᠯᠬᠦ | ᠮᠡᠷᠭᠡᠵᠢᠯ ᠤᠨ ᠬᠠᠪᠰᠤᠷᠤᠨ ᠲᠡᠳᠬᠦᠬᠦ ᠠᠵᠢᠯ ᠢ ᠦᠷᠨᠢᠭᠦᠯᠪᠡ᠃ ᠶᠠᠮᠤᠨ ᠤ ᠮᠡᠷᠭᠡᠵᠢᠯ ᠢᠶᠠᠷ ᠬᠠᠪᠰᠤᠷᠤᠨ ᠲᠡᠳᠬᠦᠬᠦ | ᠠᠵᠢᠯᠯᠠᠬᠤ ᠳᠤᠭᠤᠶᠢᠯᠠᠩ ᠨᠢ ᠶᠠᠷᠢᠯᠴᠠᠨ ᠰᠣᠯᠢᠯᠴᠠᠬᠤ᠂ ᠰᠢᠰᠲ᠋ᠧᠮ ᠤᠨ ᠦᠵᠡᠭᠦᠯᠭᠡ ᠬᠢᠬᠦ᠂ ᠲᠤᠬᠠᠶ ᠶᠢᠨ ᠲᠠᠯᠠᠪᠠᠶ | ᠳᠤ ᠪᠠᠶᠢᠴᠠᠭᠠᠨ ᠰᠢᠨᠵᠢᠬᠦ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ | ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠪᠠᠶᠢᠭᠤᠯᠤᠯ ᠲᠣᠭᠲᠠᠴᠠ᠂ ᠮᠡᠷᠭᠡᠵᠢᠯ ᠤᠨ ᠪᠠᠷᠢᠮᠵᠢᠶ᠎ᠠ᠂ ᠲᠡᠷᠢᠭᠦᠨ ᠤ | ᠲᠤᠷᠰᠢᠯᠭ᠎ᠠ᠂ ᠠᠩᠬᠠᠷᠬᠤ ᠵᠦᠶᠯᠡᠰ ᠵᠡᠷᠭᠡ ᠲᠠᠯ᠎ᠠ ᠪᠠᠷ᠂ ᠮᠠᠨ ᠤ ᠣᠷᠣᠨ ᠤ ᠳᠡᠭᠡᠳᠤ ᠬᠤᠷᠳᠤ ᠶᠢᠨ ᠵᠠᠰᠠᠮᠠᠯ ᠵᠠᠮ ᠤᠨ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠡᠷᠡᠮᠵᠢᠯᠡᠭᠦᠯᠦᠨ ᠬᠤᠷᠢᠭᠯᠠᠬᠤ ᠲᠦᠭᠦᠭᠡᠷᠤᠮᠵᠢ ᠶᠢᠨ | ᠲᠣᠬᠢᠷᠠᠭᠤᠯᠤᠯᠲᠠ᠂ ᠡᠵᠡᠩᠨᠡᠯᠲᠡ ᠬᠠᠮᠢᠶᠠᠷᠤᠯᠲᠠ ᠶᠢᠨ ᠠᠵᠢᠯ ᠳᠤ ᠪᠥᠬᠦ ᠲᠠᠯ᠎ᠠ ᠶᠢᠨ ᠭᠦᠨᠵᠡᠭᠡᠶ ᠮᠡᠷᠭᠡᠵᠢᠯ ᠢᠶᠠᠷ | ᠬᠠᠪᠰᠤᠷᠤᠨ ᠲᠡᠳᠬᠦᠵᠦ᠂ ᠪᠥᠬᠦ ᠣᠷᠣᠨ ᠤ ᠦᠶᠡᠷ ᠤᠨ ᠬᠤᠭᠤᠴᠠᠭᠠᠨ ᠳᠠᠬᠢ ᠵᠠᠰᠠᠮᠠᠯ ᠵᠠᠮ ᠤᠨ ᠠᠮᠤᠷ ᠲᠦᠪᠰᠢᠨ | ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠴᠡᠶ᠃ | ᠲᠢᠩᠬᠢᠮ ᠳᠤ ᠬᠤᠷᠠᠯᠳᠤᠭᠰᠠᠨ ᠠᠩᠬᠠᠳᠤᠭᠠᠷ ᠤᠳᠠᠭᠠᠨ ᠤ ᠶᠠᠷᠢᠯᠴᠠᠨ ᠰᠣᠯᠢᠯᠴᠠᠬᠤ ᠬᠤᠷᠠᠯ ᠳᠡᠭᠡᠷ᠎ᠡ᠂ ᠶᠠᠮᠤᠨ | ᠤ ᠮᠡᠷᠭᠡᠵᠢᠯ ᠢᠶᠠᠷ ᠬᠠᠪᠰᠤᠷᠤᠨ ᠲᠡᠳᠬᠦᠬᠦ ᠠᠵᠢᠯᠯᠠᠬᠤ ᠳᠤᠭᠤᠶᠢᠯᠠᠩ ᠠᠴᠠ ᠲᠤᠰ ᠤᠳᠠᠭᠠᠨ ᠤ ᠮᠡᠷᠭᠡᠵᠢᠯ ᠢᠶᠠᠷ | ᠬᠠᠪᠰᠤᠷᠤᠨ ᠲᠡᠳᠬᠦᠬᠦ ᠠᠵᠢᠯ ᠤᠨ ᠠᠭᠤᠯᠭ᠎ᠠ᠂ ᠠᠷᠭ᠎ᠠ ᠮᠠᠶ᠋ᠢᠭ ᠪᠠ ᠴᠠᠭ ᠢ ᠲᠤᠬᠢᠷᠠᠭᠤᠯᠤᠨ ᠪᠠᠶᠢᠷᠢᠯᠠᠭᠤᠯᠤᠭᠰᠠᠨ ᠤ | ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠤ ᠬᠤᠷᠳᠤ ᠶᠢᠨ ᠵᠠᠰᠠᠮᠠᠯ ᠵᠠᠮ ᠤᠨ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ᠂ ᠬᠦᠴᠢᠷ ᠠᠰᠠᠭᠤᠳᠠᠯ ᠪᠠ ᠲᠠᠷᠠᠭᠠᠴᠢ | ᠶᠢᠨ ᠠᠯᠬᠤᠮ ᠤᠨ ᠠᠵᠢᠯ ᠤᠨ ᠲᠥᠯᠥᠪᠯᠡᠭᠡ ᠳᠤ ᠲᠤᠬᠠᠶ ᠶᠢᠨ ᠲᠠᠯᠠᠪᠠᠢ ᠳᠤ ᠬᠠᠪᠰᠤᠷᠤᠨ ᠲᠡᠳᠬᠦᠵᠦ᠂ ᠳᠡᠭᠡᠳᠤ | ᠬᠤᠷᠳᠤ ᠶᠢᠨ ᠵᠠᠰᠠᠮᠠᠯ ᠵᠠᠮ ᠤᠨ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠰᠢᠰᠲ᠋ᠧᠮ ᠤᠨ ᠡᠯ᠎ᠡ ᠵᠦᠶᠯ ᠤᠨ | ᠴᠢᠳᠠᠮᠵᠢ ᠶᠢ ᠲᠤᠬᠠᠶ ᠶᠢᠨ ᠲᠠᠯᠠᠪᠠᠢ ᠳᠤ ᠳᠡᠯᠭᠡᠨ ᠦᠵᠡᠭᠦᠯᠪᠡ᠃ | ᠳᠠᠷᠠᠭ᠎ᠠ ᠨᠢ᠂ ᠶᠠᠮᠤᠨ ᠤ ᠮᠡᠷᠭᠡᠵᠢᠯ ᠢᠶᠠᠷ ᠬᠠᠪᠰᠤᠷᠤᠨ ᠲᠡᠳᠬᠦᠬᠦ ᠠᠵᠢᠯᠯᠠᠬᠤ ᠳᠤᠭᠤᠶᠢᠯᠠᠩ ᠢ ᠵᠡᠭᠦᠨ᠂ | ᠪᠠᠷᠠᠭᠤᠨ ᠬᠤᠶᠠᠷ ᠠᠵᠢᠯᠯᠠᠬᠤ ᠳᠤᠭᠤᠶᠢᠯᠠᠩ ᠬᠤᠪᠢᠶᠠᠵᠤ᠂ ᠭᠤᠷᠪᠠᠨ ᠡᠳᠦᠷ ᠤᠨ ᠴᠠᠭ ᠢ ᠠᠰᠢᠭᠯᠠᠨ ᠪᠥᠬᠦ ᠣᠷᠣᠨ | ᠤ 19 ᠨᠡᠯᠢᠶᠡᠳ ᠥᠨᠳᠥᠷ ᠠᠶᠤᠯ ᠲᠦᠭᠰᠢᠭᠦᠷᠢ ᠲᠠᠢ ᠴᠡᠭ ᠣᠷᠣᠨ ᠤ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠲᠦᠭᠦᠭᠡᠷᠤᠮᠵᠢ ᠳᠤ ᠨᠢᠭᠡᠳ ᠨᠢᠭᠡ ᠪᠠᠷ ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠢᠨᠵᠢᠬᠦ ᠠᠵᠢᠯ | ᠥᠷᠨᠢᠭᠦᠯᠵᠦ᠂ ᠮᠡᠷᠭᠡᠵᠢᠯ ᠤᠨ ᠬᠠᠮᠠᠭᠠᠯᠠᠯᠲᠠ ᠶᠢᠨ ᠠᠵᠢᠯᠲᠠᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ | ᠬᠥᠮᠦᠰ ᠲᠠᠢ ᠲᠤᠷᠰᠢᠯᠭ᠎ᠠ ᠪᠠᠨ ᠰᠣᠯᠢᠯᠴᠠᠵᠤ᠂ ᠲᠦᠭᠦᠭᠡᠷᠤᠮᠵᠢ ᠶᠢᠨ ᠴᠢᠳᠠᠮᠵᠢ ᠦᠷ᠎ᠡ ᠪᠦᠲᠦᠮᠵᠢ ᠶᠢ ᠭᠦᠨᠵᠡᠭᠡᠶ | ᠣᠶᠢᠯᠠᠭᠠᠬᠤ ᠶᠢᠨ ᠬᠠᠮᠲᠤ G1817 ᠷᠦᠩᠴᠧᠩ ᠠᠴᠠ ᠦᠬᠠᠢ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ᠂ | G59 ᠬᠥᠬᠡᠬᠤᠲᠠ ᠠᠴᠠ ᠳ᠋ᠠᠲ᠋ᠦ᠋ᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠳᠤ ᠲᠤᠬᠠᠶ ᠶᠢᠨ ᠲᠠᠯᠠᠪᠠᠶ ᠶᠢᠨ | ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠵᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ | ᠲᠦᠭᠦᠭᠡᠷᠤᠮᠵᠢ ᠶᠢᠨ ᠴᠢᠳᠠᠮᠵᠢ ᠪᠠ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠶᠢ ᠰᠢᠯᠭᠠᠨ | ᠪᠠᠶᠢᠴᠠᠭᠠᠪᠠ᠃ | ᠲᠤᠬᠠᠶ ᠶᠢᠨ ᠲᠠᠯᠠᠪᠠᠶ ᠳᠤ ᠪᠠᠶᠢᠴᠠᠭᠠᠨ ᠰᠢᠨᠵᠢᠵᠦ ᠳᠠᠭᠤᠰᠤᠭᠰᠠᠨ ᠤ ᠳᠠᠷᠠᠭ᠎ᠠ᠂ ᠶᠠᠮᠤᠨ ᠤ ᠮᠡᠷᠭᠡᠵᠢᠯ ᠢᠶᠠᠷ | ᠬᠠᠪᠰᠤᠷᠤᠨ ᠲᠡᠳᠬᠦᠬᠦ ᠠᠵᠢᠯᠯᠠᠬᠤ ᠳᠤᠭᠤᠶᠢᠯᠠᠩ ᠤᠨ ᠬᠢᠨ ᠮᠡᠷᠭᠡᠵᠢᠯ ᠢᠶᠠᠷ ᠬᠠᠪᠰᠤᠷᠤᠨ ᠲᠡᠳᠬᠦᠬᠦ ᠬᠠᠷᠢᠭᠤ | ᠲᠤᠰᠬᠠᠬᠤ ᠬᠤᠷᠠᠯ ᠬᠢᠵᠦ᠂ ᠠᠵᠢᠯᠯᠠᠬᠤ ᠳᠤᠭᠤᠶᠢᠯᠠᠩ ᠤᠨ ᠭᠤᠣ ᠰᠢᠨ ᠳᠤᠭᠤᠶᠢᠯᠠᠩ ᠤᠨ ᠳᠠᠷᠤᠭ᠎ᠠ ᠠᠴᠠ ᠮᠠᠨ ᠤ | ᠣᠷᠣᠨ ᠤ ᠤᠷᠢᠳᠴᠢᠯᠠᠨ ᠰᠡᠷᠡᠮᠵᠢᠯᠡᠭᠦᠯᠦᠨ ᠬᠢᠨᠠᠨ ᠬᠡᠮᠵᠢᠬᠦ ᠠᠵᠢᠯ ᠢ ᠥᠷᠨᠢᠭᠦᠯᠦᠭᠰᠡᠨ ᠪᠠᠶᠢᠳᠠᠯ ᠢ ᠭᠦᠶᠴᠡᠳ | ᠨᠤᠲᠠᠯᠠᠵᠤ ᠪᠠᠶᠢᠬᠤ ᠪᠠᠨ ᠢᠯᠡᠳᠬᠡᠵᠦ᠂ ᠳᠤᠭᠤᠶᠢᠯᠠᠩ ᠤᠨ ᠳᠣᠲᠣᠷᠠᠬᠢ ᠲᠤᠰᠬᠠᠶ ᠮᠡᠷᠭᠡᠵᠢᠯᠲᠡᠨ ᠮᠠᠨ ᠤ ᠣᠷᠣᠨ ᠤ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠡᠷᠡᠮᠵᠢᠯᠡᠭᠦᠯᠦᠨ ᠬᠤᠷᠢᠭᠯᠠᠬᠤ᠂ ᠳᠣᠬᠢᠶ᠎ᠠ ᠳᠠᠮᠵᠢᠭᠤᠯᠬᠤ᠂ ᠠᠵᠢᠯᠯᠠᠭᠠᠨ | ᠤ ᠲᠣᠭᠲᠠᠴᠠ᠂ ᠠᠵᠢᠯᠲᠠᠨ ᠤ ᠪᠣᠯᠪᠠᠰᠤᠷᠠᠭᠤᠯᠤᠯ ᠪᠠ ᠮᠡᠳᠡᠭᠡ ᠵᠠᠩᠭᠢ ᠶᠢᠨ ᠠᠮᠤᠷ ᠲᠦᠪᠰᠢᠨ ᠵᠡᠷᠭᠡ ᠲᠠᠯ᠎ᠠ ᠪᠠᠷ | ᠰᠠᠨᠠᠯ ᠰᠠᠨᠠᠭᠤᠯᠭ᠎ᠠ ᠳᠤᠷᠠᠳᠬᠤ ᠶᠢᠨ ᠬᠠᠮᠲᠤ᠂ ᠳᠤᠷᠠᠳᠤᠭᠰᠠᠨ ᠠᠰᠠᠭᠤᠳᠠᠯ ᠳᠤ ᠠᠰᠠᠭᠤᠯᠲᠠ ᠶᠢ ᠬᠠᠷᠢᠭᠤᠯᠵᠤ | ᠲᠥᠭᠡᠷᠢᠭᠳᠡᠯ ᠢ ᠨᠢ ᠠᠷᠢᠯᠭᠠᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠷᠦᠩ ᠶᠣᠣ ᠬᠠᠷᠢᠭᠤ | ᠲᠤᠰᠬᠠᠬᠤ ᠬᠤᠷᠠᠯ ᠳᠤ ᠣᠷᠣᠯᠴᠠᠵᠤ᠂ ᠰᠢᠰᠲ᠋ᠧᠮ ᠤᠨ ᠡᠯ᠎ᠡ ᠨᠢᠭᠡᠴᠢ᠂ ᠡᠯ᠎ᠡ ᠳᠡᠭᠡᠳᠤ ᠬᠤᠷᠳᠤ ᠶᠢᠨ ᠵᠠᠰᠠᠮᠠᠯ ᠵᠠᠮ | ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠶᠢᠨ ᠬᠢᠨ ᠬᠠᠷᠢᠭᠤ ᠲᠤᠰᠬᠠᠭᠰᠠᠨ ᠰᠠᠨᠠᠯ ᠶᠣᠰᠣᠭᠠᠷ ᠳᠠᠷᠤᠶᠢᠬᠠᠨ | ᠬᠡᠷᠡᠭᠵᠢᠭᠦᠯᠵᠦ ᠳᠠᠷᠤᠶᠢᠬᠠᠨ ᠥᠭᠡᠷᠡᠴᠢᠯᠡᠵᠦ᠂ ︽ᠡᠭᠦᠷᠢᠲᠡ︾ ᠠᠳᠬᠤᠵᠤ᠂ ᠨᠢᠭᠡ ᠠᠴᠠ ᠨᠥᠭᠦᠭᠡ ᠶᠢ ᠵᠦᠶᠴᠢᠯᠡᠨ | ᠮᠡᠳᠡᠵᠦ᠂ ᠮᠠᠨ ᠤ ᠣᠷᠣᠨ ᠤ ᠳᠡᠭᠡᠳᠤ ᠬᠤᠷᠳᠤ ᠶᠢᠨ ᠵᠠᠰᠠᠮᠠᠯ ᠵᠠᠮ ᠤᠨ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠡᠩ ᠤᠨ ᠤᠯᠤᠰ ᠮᠤᠵᠢ ᠶᠢᠨ ᠭᠤᠤᠯ ᠱᠤᠭᠤᠮ | ᠤᠨ ᠭᠤᠤᠯᠳᠠᠯᠭ᠎ᠠ ᠲᠠᠢ ᠵᠠᠰᠠᠮᠠᠯ ᠵᠠᠮ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ | ᠬᠢᠵᠦ᠂ ᠦᠶᠡᠷ ᠤᠨ ᠬᠤᠭᠤᠴᠠᠭᠠᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ | ᠶᠢᠨ ᠱᠤᠭᠤᠮ ᠢ ᠦᠷᠭᠦᠯᠵᠢᠯᠡᠨ ᠪᠠᠬᠢᠵᠢᠭᠦᠯᠵᠦ᠂ ᠠᠷᠠᠳ ᠣᠯᠠᠨ ᠤ ᠠᠮᠤᠷ ᠲᠦᠪᠰᠢᠨ ᠳᠥᠭᠦᠮ ᠳᠥᠲᠡ ᠪᠠᠷ | ᠨᠡᠪᠲᠡᠷᠡᠬᠦ ᠶᠢ ᠪᠠᠲᠤ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃ | |