︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠤᠨ᠎ᠠ — ᠥᠪᠥᠷ ᠮᠣᠩᠭᠤᠯ 12328 ᠬᠠᠯᠠᠮᠰᠢᠯ ᠤᠲᠠᠰᠤ ᠪᠠᠷ ᠪᠠᠷᠠᠭᠠᠨ ᠤ ᠲᠡᠷᠭᠡ ᠶᠢᠨ ᠨᠡᠪᠲᠡᠷᠡᠬᠦ ᠰᠦᠶᠳᠬᠡᠯ ᠤᠨ ᠮᠠᠷᠭᠤᠯᠳᠤᠭᠠᠨ ᠢ ᠲᠦᠷᠭᠡᠨ ᠰᠢᠶᠳᠪᠦᠷᠢᠯᠡᠬᠦ ᠲᠣᠭᠲᠠᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2025/6/19
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽12328 ᠬᠠᠯᠠᠮᠰᠢᠯ ᠤᠲᠠᠰᠤ ᠪᠠᠷ ᠪᠠᠷᠠᠭᠠᠨ ᠤ ᠲᠡᠷᠭᠡ ᠶᠢᠨ ᠨᠡᠪᠲᠡᠷᠡᠬᠦ ᠰᠦᠶᠳᠬᠡᠯ ᠤᠨ ᠮᠠᠷᠭᠤᠯᠳᠤᠭᠠᠨ ᠢ ᠲᠦᠷᠭᠡᠨ ᠰᠢᠶᠳᠪᠦᠷᠢᠯᠡᠬᠦ ᠲᠣᠭᠲᠠᠴᠠ ︵ᠲᠤᠷᠰᠢᠨ ᠬᠡᠷᠡᠭᠵᠢᠭᠦᠯᠬᠦ︶ ᠶᠢ ᠪᠠᠶᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠠᠷᠠᠭᠠᠨ ᠤ ᠲᠡᠷᠭᠡ ᠶᠢᠨ ᠨᠡᠪᠲᠡᠷᠡᠬᠦ ᠰᠦᠶᠳᠬᠡᠯ ᠤᠨ ᠮᠠᠷᠭᠤᠯᠳᠤᠭᠠᠨ ᠢ ᠰᠢᠶᠳᠪᠦᠷᠢᠯᠡᠬᠦ ᠬᠤᠷᠳᠤᠴᠠ ᠪᠠ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠲᠤᠰᠬᠠᠯ ᠲᠣᠪᠣᠶᠢᠮ᠎ᠠ ᠪᠠᠶᠢᠭ᠎ᠠ ︽ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ︾ ᠠᠰᠠᠭᠤᠳᠠᠯ ᠢ ᠦᠨᠡᠨ ᠬᠦ ᠰᠠᠶᠢᠲᠤᠷ ᠰᠢᠶᠳᠪᠦᠷᠢᠯᠡᠬᠦ ᠪᠠᠷ ᠵᠣᠷᠢᠯᠭ᠎ᠠ ᠪᠣᠯᠭᠠᠵᠠᠶ᠃     ︽ᠮᠡᠳᠡᠭᠳᠡᠯ︾ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ 12328 ᠬᠠᠯᠠᠮᠰᠢᠯ ᠤᠲᠠᠰᠤ ᠶᠢ 7 * 24 ᠴᠠᠭ ᠤᠨ ᠪᠦᠬᠦᠯᠢ ᠡᠳᠦᠷ ᠢᠶᠠᠷ ᠠᠵᠢᠯᠯᠠᠭᠤᠯᠵᠤ᠂ ︽ᠵᠠᠭᠠᠯᠳᠤᠯᠭ᠎ᠠ ᠶᠢ ᠭᠥᠯᠢᠶᠡᠨ ᠠᠪᠤᠮᠠᠭᠴᠠ ᠪᠠᠨ ᠬᠦᠳᠡᠯᠦᠯᠴᠡᠬᠦ︾ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠪᠣᠶ ᠪᠣᠯᠭᠠᠵᠤ᠂ ᠵᠠᠭᠠᠯᠳᠤᠯᠭ᠎ᠠ ᠶᠢ ᠰᠢᠶᠳᠪᠦᠷᠢᠯᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠵᠠᠭᠠᠯᠳᠤᠯᠭ᠎ᠠ ᠬᠢᠭᠰᠡᠨ ᠥᠬᠡᠶ ᠨᠢ ᠤᠷᠢᠳ ᠢᠶᠠᠷ ᠭᠦᠶᠴᠡᠳᠬᠡᠬᠦ︾ ᠠᠵᠢᠯ ᠤᠨ ᠣᠶᠢᠯᠠᠭᠠᠭᠳᠠᠬᠤᠨ ᠢ ᠦᠶᠯᠡᠳᠦᠯᠭᠡᠵᠢᠭᠦᠯᠵᠦ᠂ ᠪᠠᠷᠠᠭᠠᠨ ᠤ ᠲᠡᠷᠭᠡ ᠶᠢᠨ ᠨᠡᠪᠲᠡᠷᠡᠬᠦ ᠰᠦᠶᠳᠬᠡᠯ ᠤᠨ ᠮᠠᠷᠭᠤᠯᠳᠤᠭᠠᠨ ᠢ ᠰᠢᠶᠳᠪᠦᠷᠢᠯᠡᠬᠦ ᠶᠢ ︽ᠰᠠᠨᠠᠭᠠᠴᠢᠯᠠᠭᠠᠲᠤ ᠪᠤᠰᠤ ᠪᠠᠷ ᠠᠷᠭᠠᠴᠠᠭᠠᠵᠤ︾ ᠪᠠᠶᠢᠭᠰᠠᠨ ᠠᠴᠠ ︽ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ︾ ᠲᠡᠶᠢᠰᠢ ᠬᠤᠪᠢᠷᠠᠭᠤᠯᠤᠨ᠎ᠠ ᠭᠡᠵᠦ ᠱᠠᠭᠠᠷᠳᠠᠪᠠ᠃     ︽ᠮᠡᠳᠡᠭᠳᠡᠯ︾ ᠳᠤ᠂ ᠥᠷᠭᠡᠨ ᠣᠯᠠᠨ ᠠᠷᠠᠳ ᠲᠦᠮᠡᠨ ᠤ ᠥᠨᠳᠥᠷ ᠪᠦᠲᠦᠮᠵᠢᠲᠡᠶ ᠳᠥᠭᠦᠮ ᠳᠥᠲᠡ ᠪᠠᠷ ᠶᠠᠪᠤᠵᠤ ᠰᠠᠭᠤᠬᠤ ᠳᠤ ᠬᠦᠴᠦᠨ ᠨᠡᠮᠡᠷᠢᠯᠡᠵᠦ᠂ ᠪᠠᠷᠠᠭᠠᠨ ᠤ ᠮᠠᠰᠢᠨ ᠲᠡᠷᠭᠡᠨ ᠤ ᠵᠢᠯᠣᠭᠤᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠪᠠᠷᠠᠭᠠᠨ ᠤ ᠲᠡᠷᠭᠡᠨ ᠤ ᠨᠡᠪᠲᠡᠷᠡᠬᠦ ᠰᠦᠶᠳᠬᠡᠯ ᠢ ᠭᠥᠯᠢᠶᠡᠨ ᠠᠪᠴᠤ ᠰᠢᠶᠳᠪᠦᠷᠢᠯᠡᠬᠦ ᠮᠠᠷᠭᠤᠯᠳᠤᠭᠠᠨ ᠢ ᠳᠠᠩᠰᠠᠯᠠᠭᠰᠠᠨ ᠮᠡᠳᠡᠭᠡ ᠵᠠᠩᠭᠢ ᠨᠢ ᠪᠦᠷᠢᠨ ᠪᠦᠲᠦᠨ ᠵᠥᠪ ᠣᠨᠣᠪᠴᠢᠲᠠᠶ ᠪᠠᠶᠢᠪᠠᠯ᠂ ᠭᠥᠯᠢᠶᠡᠨ ᠠᠪᠴᠤ ᠰᠢᠶᠳᠪᠦᠷᠢᠯᠡᠭᠰᠡᠨ ᠤ ᠳᠠᠷᠠᠭ᠎ᠠ 1 ᠴᠠᠭ ᠤᠨ ᠳᠣᠲᠣᠷ᠎ᠠ᠂ ᠠᠵᠢᠯ ᠤᠨ ᠬᠠᠭᠤᠳᠠᠰᠤ ᠶᠢ ᠡᠵᠡᠩᠨᠡᠯᠲᠡ ᠶᠢᠨ ᠨᠢᠭᠡᠴᠢ ᠪᠤᠶᠤ ᠪᠤᠰᠤᠳ ᠬᠠᠷᠢᠭᠤᠴᠠᠯᠭᠠᠲᠤ ᠰᠠᠯᠠᠭ᠎ᠠ ᠮᠥᠴᠢᠷ ᠲᠤ ᠲᠠᠷᠬᠠᠭᠠᠨ ᠥᠭᠭᠦᠨ᠎ᠡ︔ ᠠᠵᠢᠯ ᠤᠨ ᠬᠠᠭᠤᠳᠠᠰᠤ ᠶᠢ ᠣᠯᠤᠭᠰᠠᠨ ᠤ ᠳᠠᠷᠠᠭ᠎ᠠ᠂ ᠬᠠᠮᠢᠶ᠎ᠠ ᠪᠥᠬᠦᠶ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠲᠡᠷᠭᠡ ᠬᠥᠰᠬᠡ ᠶᠢᠨ ᠶᠠᠪᠤᠬᠤ ᠵᠠᠮ᠂ ᠰᠦᠶᠳᠬᠡᠯ ᠬᠤᠷᠢᠶᠠᠬᠤ ᠵᠣᠭᠤᠰ ᠤᠨ ᠲᠤᠭ᠎ᠠ ᠵᠡᠷᠭᠡ ᠶᠢ ᠪᠠᠶᠢᠴᠠᠭᠠᠨ ᠬᠠᠷᠭᠤᠭᠤᠯᠤᠨ᠎ᠠ︔ ᠵᠠᠭᠠᠯᠳᠤᠭᠰᠠᠨ ᠵᠦᠶᠯ ᠨᠢ ᠦᠨᠡᠨ ᠪᠣᠳᠠᠲᠠᠶ ᠪᠠᠶᠢᠪᠠᠯ᠂ 1 ᠠᠵᠢᠯᠯᠠᠬᠤ ᠡᠳᠦᠷ ᠤᠨ ᠳᠣᠲᠣᠷ᠎ᠠ ᠵᠣᠭᠤᠰ ᠪᠤᠴᠠᠭᠠᠬᠤ ᠶᠢ ᠪᠡᠶᠡᠯᠡᠭᠦᠯᠬᠦ ᠶᠢ ᠪᠠᠲᠤᠯᠠᠨ᠎ᠠ᠃ ᠰᠠᠭᠠᠳ ᠥᠬᠡᠶ ᠨᠡᠪᠲᠡᠷᠡᠬᠦ ᠰᠦᠶᠳᠬᠡᠯ ᠬᠤᠷᠢᠶᠠᠬᠤ ᠮᠠᠷᠭᠤᠯᠳᠤᠭᠠᠨ ᠤ ᠬᠦᠰᠡᠯ ᠱᠠᠭᠠᠷᠳᠠᠯᠭ᠎ᠠ ᠶᠢ ᠤᠷᠢᠳ ᠢᠶᠠᠷ ᠭᠦᠶᠴᠡᠳᠬᠡᠬᠦ ᠶᠢᠨ ᠬᠠᠮᠲᠤ᠂ ᠱᠠᠲᠤ ᠬᠤᠪᠢᠶᠠᠨ ᠰᠢᠶᠳᠪᠦᠷᠢᠯᠡᠵᠦ᠂ 3 ᠠᠵᠢᠯᠯᠠᠬᠤ ᠡᠳᠦᠷ ᠤᠨ ᠳᠣᠲᠣᠷ᠎ᠠ ᠰᠢᠶᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠶᠢ ᠪᠠᠲᠤᠯᠠᠬᠤ ᠬᠡᠷᠡᠭᠲᠡᠶ ᠭᠡᠵᠦ ᠲᠣᠳᠣᠷᠬᠠᠶᠢᠯᠠᠪᠠ᠃     ᠵᠠᠭᠠᠯᠳᠤᠯᠭ᠎ᠠ ᠬᠢᠭᠰᠡᠨ ᠥᠬᠡᠶ ᠨᠢ ᠤᠷᠢᠳ ᠢᠶᠠᠷ ᠭᠦᠶᠴᠡᠳᠬᠡᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ︽ᠭᠠᠵᠠᠷ ᠥᠷᠲᠡᠭᠡ — ᠡᠵᠡᠩᠨᠡᠯᠲᠡ ᠶᠢᠨ ᠨᠢᠭᠡᠴᠢ — ᠵᠣᠴᠢᠳ ᠤᠨ ᠦᠢᠯᠡᠴᠢᠯᠡᠭᠡᠨ ᠤ ᠲᠥᠪ︾ ᠭᠤᠷᠪᠠᠨ ᠱᠠᠲᠤᠨ ᠤ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠪᠣᠳᠠᠲᠤ ᠶᠠᠪᠤᠳᠠᠯ  ᠨᠢ ᠲᠣᠳᠣᠷᠬᠠᠶ᠂ ᠬᠠᠷᠢᠭᠤᠴᠠᠯᠭ᠎ᠠ ᠨᠢ ᠲᠣᠳᠣᠷᠬᠠᠶ ᠨᠡᠪᠲᠡᠷᠡᠬᠦ ᠰᠦᠢᠳᠬᠡᠯ ᠤᠨ ᠮᠠᠷᠭᠤᠯᠳᠤᠭᠠᠨ ᠳᠤ᠂ ᠭᠠᠵᠠᠷ ᠥᠷᠲᠡᠭᠡ ᠨᠢ ᠲᠤᠬᠠᠶ ᠶᠢᠨ ᠲᠠᠯᠠᠪᠠᠶ ᠳᠤ ᠬᠡᠷᠡᠭ ᠤᠨ  ᠮᠡᠳᠡᠭᠡ ᠵᠠᠩᠭᠢ ᠶᠢ ᠳᠠᠩᠰᠠᠯᠠᠨ ᠲᠡᠮᠳᠡᠭᠯᠡᠭᠰᠡᠨ ᠤ ᠬᠠᠮᠲᠤ ᠰᠢᠭᠤᠳ ᠡᠵᠡᠩᠨᠡᠯᠲᠡ ᠶᠢᠨ ᠨᠢᠭᠡᠴᠢ ᠳᠤ ᠲᠤᠰᠬᠠᠵᠤ ᠰᠦᠢᠳᠭᠡᠯ ᠪᠤᠴᠠᠭᠠᠬᠤ ᠴᠤᠪᠤᠷᠠᠯ ᠢᠶᠠᠨ ᠡᠬᠢᠯᠡᠭᠦᠯᠵᠦ᠂ ᠠᠵᠢᠯ  ᠤᠨ ᠬᠠᠭᠤᠳᠠᠰᠤ ᠶᠢ ᠳᠠᠩᠰᠠᠯᠠᠨ ᠲᠡᠮᠳᠡᠭᠯᠡᠭᠰᠡᠨ ᠠᠴᠠ ᠡᠬᠢᠯᠡᠨ 2 ᠠᠵᠢᠯᠯᠠᠬᠤ ᠡᠳᠦᠷ ᠤᠨ ᠳᠣᠲᠣᠷ᠎ᠠ ᠰᠦᠢᠳᠭᠡᠯ ᠢ ᠪᠤᠴᠠᠭᠠᠵᠤ ᠥᠭᠬᠦ ᠶᠢ ᠦᠨᠡᠨ ᠬᠦ ᠪᠠᠲᠤᠯᠠᠨ᠎ᠠ᠃    ︽ᠮᠡᠳᠡᠭᠳᠡᠯ︾ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠵᠢᠯᠲᠠᠨ ᠤ ᠬᠦᠴᠦᠨ  ᠢ ᠲᠡᠭᠦᠯᠳᠡᠷᠵᠢᠭᠦᠯᠵᠦ᠂ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠬᠠᠮᠵᠢᠯᠴᠠᠬᠤ ᠡᠷᠴᠢᠮ ᠢ ᠴᠢᠩᠭᠠᠷᠠᠭᠤᠯᠵᠤ᠂ ᠰᠢᠶᠳᠪᠦᠷᠢᠯᠡᠬᠦ ᠠᠵᠢᠯ ᠢ ᠥᠨᠳᠥᠷ ᠪᠠᠷᠢᠮᠵᠢᠶ᠎ᠠ  ᠪᠠᠷ ᠠᠬᠢᠭᠤᠯᠵᠤ᠂ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ  ᠪᠠᠷᠠᠭᠠᠨ ᠤ ᠲᠡᠷᠭᠡ ᠶᠢᠨ ᠨᠡᠪᠲᠡᠷᠡᠬᠦ ᠰᠦᠶᠳᠬᠡᠯ ᠤᠨ ᠮᠠᠷᠭᠤᠯᠳᠤᠭᠠᠨ  ᠢ ᠰᠢᠶᠳᠪᠦᠷᠢᠯᠡᠬᠦ ᠠᠵᠢᠯ ᠤᠨ ᠬᠡᠪᠰᠢᠭᠰᠡᠨ ᠬᠢᠨᠠᠯᠲᠠ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠰᠠᠶᠢᠲᠤᠷ ᠠᠬᠢᠭᠤᠯᠤᠭᠰᠠᠨ ᠥᠬᠡᠶ᠂ ᠠᠵᠢᠯ ᠤᠨ ᠬᠠᠭᠤᠳᠠᠰᠤ ᠶᠢ ᠰᠢᠶᠳᠪᠦᠷᠢᠯᠡᠬᠦ ᠨᠢ ᠤᠳᠠᠭᠠᠨ ᠪᠠᠶᠢᠪᠠᠯ᠂ ᠲᠣᠬᠢᠷᠠᠭᠰᠠᠨ ᠴᠠᠭ ᠲᠤ ᠰᠢᠮᠳᠠᠭᠤᠯᠤᠨ ᠵᠢᠯᠣᠭᠤᠳᠴᠤ᠂ ᠪᠣᠯᠵᠣᠨ ᠶᠠᠷᠢᠯᠴᠠᠬᠤ ᠶᠢ ᠥᠷᠨᠢᠭᠦᠯᠦᠨ᠎ᠡ︔ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠬᠦᠷᠦᠯᠴᠡᠬᠦ ᠥᠬᠡᠶ᠂ ᠲᠤᠰᠢᠶᠠᠯ ᠳᠤ ᠪᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠭᠰᠠᠨ ᠦᠶᠯᠡ ᠠᠵᠢᠯᠯᠠᠭ᠎ᠠ ᠣᠷᠣᠰᠢᠵᠤ ᠪᠠᠶᠢᠪᠠᠯ᠂ ᠪᠥᠬᠦ ᠰᠢᠰᠲ᠋ᠧᠮ ᠤᠨ ᠬᠡᠪᠴᠢᠶᠡᠨ ᠳᠤ ᠵᠠᠷᠯᠠᠨ ᠮᠡᠳᠡᠭᠳᠡᠨ᠎ᠡ ᠭᠡᠵᠦ ᠱᠠᠭᠠᠷᠳᠠᠪᠠ᠃    
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号