ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ
ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠠᠯᠪᠠᠨ ᠮᠡᠳᠡᠭᠡ
( 2024 ᠣᠨ᠎ᠤ 1 ᠰᠠᠷ᠎ᠠ ᠵᠢᠨ 10᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠠᠴᠠ ᠪᠠᠲᠤᠯᠠᠪᠠ )
ᠰᠢᠨᠬᠤᠸᠠ ᠬᠤᠷᠢᠶ᠎ᠠ ᠵᠢᠨ ᠪᠡᠭᠡᠵᠢᠩ᠎ᠤᠨ 1 ᠰᠠᠷ᠎ᠠ ᠵᠢᠨ 10᠎ᠤ ᠴᠠᠭᠢᠯᠭ᠋ᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ 2024 ᠣᠨ᠎ᠤ 1 ᠰᠠᠷ᠎ᠠ ᠵᠢᠨ 8᠎ᠠᠴᠠ 10᠎ᠤ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ ᠃ ᠡᠨᠡ ᠤᠳᠠᠭ᠎ᠠ ᠵᠢᠨ ᠪᠦᠭᠦᠳᠡ ᠬᠤᠷᠠᠯ᠎ᠳᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠭᠡᠰᠢᠭᠦᠨ 132 ᠬᠥᠮᠥᠨ ᠣᠷᠣᠯᠴᠠᠵᠤ ᠂ 238 ᠬᠥᠮᠥᠨ ᠰᠤᠯᠠ ᠣᠷᠣᠯᠴᠠᠪᠠ ᠃
ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠂ ᠤᠯᠤᠰ᠎ᠤᠨ ᠲᠡᠷᠢᠭᠦᠯᠡᠭᠴᠢ ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠪᠦᠭᠦᠳᠡ ᠬᠤᠷᠠᠯ᠎ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠢ ᠃ ᠯᠢ ᠴᠢᠶᠠᠩ ᠂ ᠵᠤᠤ ᠯᠧ ᠵᠢᠢ ᠂ ᠸᠠᠩ ᠬᠤ᠌ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠵᠡᠷᠭᠡ ᠨᠠᠮ ᠪᠣᠯᠣᠨ ᠲᠦᠷᠦ ᠵᠢᠨ ᠤᠳᠤᠷᠢᠳᠬᠤ ᠬᠥᠮᠥᠰ ᠬᠤᠷᠠᠯ᠎ᠳᠤ ᠣᠷᠣᠯᠴᠠᠪᠠ ᠃
ᠪᠦᠭᠦᠳᠡ ᠬᠤᠷᠠᠯ᠎ᠢ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠡᠷᠭᠢᠯᠡᠪᠡ ᠃ ᠪᠦᠭᠦᠳᠡ ᠬᠤᠷᠠᠯ᠎ᠠᠴᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠂ 2023 ᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠢ ᠡᠷᠭᠢᠴᠡᠭᠦᠯᠵᠦ ᠂ 2024 ᠣᠨ᠎ᠤ ᠡᠭᠦᠷᠭᠡ ᠵᠢ ᠪᠠᠶ᠋ᠢᠷᠢᠯᠠᠭᠤᠯᠵᠤ ᠂ ᠯᠢ ᠰᠢ ᠨᠥᠬᠦᠷ᠎ᠤᠨ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢ ᠲᠥᠯᠥᠭᠡᠯᠡᠨ ᠬᠢᠭᠰᠡᠨ 《 ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠰᠢᠨ᠎ᠡ ᠠᠶᠠᠨ᠎ᠳᠠᠬᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠭᠦᠨᠵᠡᠭᠡᠶ᠋ᠢᠷᠡᠭᠦᠯᠦᠨ ᠠᠬᠢᠭᠤᠯᠤᠶ᠎ᠠ 》 ᠭᠡᠬᠦ ᠠᠵᠢᠯ᠎ᠤᠨ ᠮᠡᠳᠡᠭᠦᠯᠦᠯᠲᠡ ᠵᠢ ᠬᠢᠨᠠᠨ ᠵᠥᠪᠯᠡᠵᠦ ᠪᠠᠲᠤᠯᠠᠪᠠ ᠃
ᠪᠦᠭᠦᠳᠡ ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠵᠢ ᠨᠠᠷᠢᠨ ᠬᠢᠨᠠᠮᠠᠭ᠋ᠠᠢ ᠰᠤᠷᠤᠯᠴᠠᠵᠤ ᠂ ᠭᠦᠨᠵᠡᠭᠡᠢ ᠣᠶ᠋ᠢᠯᠠᠭ᠋ᠠᠪᠠ ᠃ ᠶᠠᠷᠢᠶ᠎ᠠ᠎ᠨᠢ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠪᠦᠭᠦ ᠲᠠᠯ᠎ᠠ ᠪᠣᠯᠣᠨ ᠳᠡᠯᠡᠬᠡᠢ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠵᠢ ᠨᠢᠭᠡᠳᠦᠯᠲᠡᠢ ᠲᠥᠯᠥᠪᠵᠢᠭᠦᠯᠬᠦ ᠥᠨᠳᠥᠷᠴᠡ᠎ᠠᠴᠠ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠣᠳᠣᠷᠬᠠᠶ᠋ᠢᠯᠠᠨ ᠥᠭᠦᠯᠡᠵᠦ ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠲᠤᠬᠠᠢ ᠭᠤᠷᠪᠠᠨ ᠴᠢᠬᠤᠯᠠ ᠶᠡᠭᠡ ᠠᠰᠠᠭᠤᠳᠠᠯ᠎ᠳᠤ ᠰᠢᠨᠵᠢᠯᠡᠬᠦ ᠤᠬᠠᠭ᠋ᠠᠨᠴᠢ ᠬᠠᠷᠢᠭᠤᠯᠲᠠ ᠥᠭᠴᠦ᠂ ᠥᠪᠡᠷ ᠪᠡᠶ᠎ᠡ ᠵᠢᠨ ᠬᠤᠪᠢᠰᠬᠠᠯ᠎ᠢ ᠠᠬᠢᠭᠤᠯᠬᠤ 《ᠶᠢᠰᠦᠨ》 ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠲᠣᠳᠣᠷᠬᠠᠢ ᠳᠤᠷᠠᠳᠴᠤ᠂ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠦᠷᠭᠦᠯᠵᠢᠯᠡᠨ ᠬᠦᠴᠦᠯᠡᠵᠦ᠂ ᠭᠦᠨᠵᠡᠭᠡᠶ᠋ᠢᠷᠡᠭᠦᠯᠦᠨ ᠠᠬᠢᠭᠤᠯᠬᠤ ᠲᠤᠬᠠᠢ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠬᠢᠵᠦ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠺᠠᠳ᠋ᠷ᠎ᠤᠨ ᠡᠩᠨᠡᠭᠡ᠎ᠳᠤ ᠨᠠᠨᠳᠢᠨ ᠬᠦᠰᠡᠯ ᠲᠠᠯᠪᠢᠵᠤ᠂ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠥᠨᠳᠥᠷ᠎ᠲᠤ ᠵᠣᠭᠰᠣᠨ ᠠᠯᠤᠰ᠎ᠢ ᠪᠠᠷᠠᠯᠠᠵᠤ᠂ ᠬᠠᠷᠠᠭ᠎ᠠ ᠥᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠪᠠᠶᠠᠯᠢᠭ ᠪᠠᠶ᠋ᠢᠵᠤ ᠂ ᠮᠠᠨ᠎ᠤ ᠨᠠᠮ᠎ᠤᠨ ᠥᠪᠡᠷ᠎ᠢ᠎ᠪᠠᠨ ᠴᠡᠪᠡᠷᠰᠢᠭᠦᠯᠬᠦ᠂ ᠥᠪᠡᠷ᠎ᠢ᠎ᠪᠠᠨ ᠲᠡᠭᠦᠯᠳᠡᠷᠵᠢᠭᠦᠯᠬᠦ ᠂ ᠥᠪᠡᠷ᠎ᠢ᠎ᠪᠠᠨ ᠰᠢᠨᠡᠴᠢᠯᠡᠬᠦ ᠂ ᠥᠪᠡᠷ᠎ᠢ᠎ᠪᠠᠨ ᠳᠡᠭᠡᠭᠰᠢᠯᠡᠭᠦᠯᠭᠦ ᠳᠡᠭᠡᠳᠦ ᠬᠡᠮᠵᠢᠶᠡᠨ᠎ᠤ ᠤᠬᠠᠮᠰᠠᠷ᠎ᠢ ᠭᠦᠢ᠍ᠴᠡᠳ ᠢᠯᠡᠷᠡᠭᠦᠯᠪᠡ ᠃ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠲᠤᠬᠠᠢ ᠴᠢᠬᠤᠯᠠ ᠦᠵᠡᠯ ᠰᠠᠨᠠᠭ᠎ᠠ᠎ᠨᠢ ᠰᠢᠨ᠎ᠡ ᠴᠠᠭ ᠦᠶ᠎ᠡ ᠵᠢᠨ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠯᠪᠡᠭ ᠪᠠᠶᠠᠯᠢᠭ ᠦᠢ᠍ᠯᠡᠳᠦᠯᠭᠡ ᠵᠢᠨ ᠲᠤᠷᠰᠢᠯᠭ᠎ᠠ ᠪᠣᠯᠣᠨ ᠴᠢᠬᠤᠯᠠ ᠤᠨᠤᠯ᠎ᠤᠨ ᠦᠷ᠎ᠡ ᠪᠦᠲᠦᠭᠡᠯ᠎ᠢ ᠨᠢᠭᠲᠠᠷᠠᠭᠤᠯᠵᠤ᠂ ᠪᠦᠭᠦ ᠨᠠᠮ᠎ᠤᠨ ᠳᠡᠭᠡᠳᠦ ᠬᠡᠮᠵᠢᠶᠡᠨ᠎ᠤ ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠨᠠᠮ᠎ᠤᠨ ᠰᠤᠷᠲᠠᠯ ᠴᠢᠬᠡᠴᠢ ᠵᠠᠰᠠᠭ ᠤᠨ ᠪᠠᠶ᠋ᠢᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭ᠋ᠠᠵᠤ ᠂ ᠰᠢᠨ᠎ᠡ ᠠᠶᠠᠨ᠎ᠳᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠬᠦ᠎ᠳᠤ ᠬᠦᠴᠦᠷᠬᠡᠭ ᠶᠡᠭᠡ ᠦᠵᠡᠯ ᠰᠠᠨᠠᠭ᠋ᠠᠨ᠎ᠤ ᠵᠡᠪᠰᠡᠭ ᠪᠣᠯᠣᠨ ᠰᠢᠨᠵᠢᠯᠡᠬᠦ ᠤᠬᠠᠭ᠋ᠠᠨᠴᠢ ᠠᠵᠢᠯᠯᠠᠭ᠋ᠠᠨ᠎ᠤ ᠵᠦᠭᠯᠡᠭᠦᠷ ᠬᠠᠩᠭ᠋ᠠᠪᠠ ᠭᠡᠵᠦ ᠰᠠᠨᠠᠯ ᠨᠢᠭᠡᠲᠡᠢ ᠦᠵᠡᠵᠡᠭᠡᠪᠡ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠭᠤᠶ᠋ᠢᠪᠢᠰᠢ ᠦᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠯᠤᠰ ᠲᠥᠷᠥ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠲᠤᠬᠠᠢ ᠴᠢᠬᠤᠯᠠ ᠦᠵᠡᠯ ᠰᠠᠨᠠᠭ᠎ᠠ᠎ᠲᠠᠢ ᠦᠨᠡᠨ ᠬᠦ᠌ ᠨᠢᠭᠡᠳᠬᠡᠵᠦ᠂ ᠰᠢᠨ᠎ᠡ ᠠᠶᠠᠨ᠎ᠳᠤ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢ᠍ᠴᠡᠳᠬᠡᠵᠦ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠰᠢᠨ᠎ᠡ ᠪᠠᠶ᠋ᠢᠳᠠᠯ᠎ᠢ ᠨᠡᠭᠡᠭᠡᠬᠦ ᠵᠢᠨ ᠲᠥᠯᠥᠭᠡ ᠴᠥᠬᠦᠷᠡᠰᠢ ᠦᠭᠡᠢ ᠴᠢᠷᠮᠠᠶ᠋ᠢᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃
ᠪᠦᠭᠦᠳᠡ ᠬᠤᠷᠠᠯ᠎ᠠᠴᠠ ᠂ 2023 ᠣᠨ ᠪᠣᠯ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠬᠤ ᠡᠭᠢᠯᠡᠯᠲᠡ ᠵᠢᠨ ᠵᠢᠯ ᠮᠥᠨ ᠂ ᠮᠥᠨ ᠴᠤ᠌ ᠭᠤᠷᠪᠠᠨ ᠵᠢᠯ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠱᠠᠲᠤ ᠦᠶ᠎ᠡ ᠰᠢᠯᠵᠢᠭᠦᠯᠦᠭᠰᠡᠨᠤ ᠳᠠᠷᠠᠭ᠋ᠠᠬᠢ ᠠᠵᠤ ᠠᠬᠤᠢ ᠰᠡᠷᠭᠦᠨ ᠬᠥᠭᠵᠢᠭᠰᠡᠨ ᠨᠢᠭᠡ ᠵᠢᠯ ᠮᠥᠨ ᠃ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠦᠭᠦ ᠲᠠᠯ᠎ᠠ᠎ᠪᠠᠷ ᠠᠬᠢᠭᠤᠯᠵᠤ ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠨᠡᠷᠡᠮᠵᠢᠲᠦ ᠲᠣᠮᠣ ᠬᠥᠯᠭᠡ ᠣᠩᠭᠤᠴᠠ ᠵᠢ ᠵᠢᠯᠣᠭᠤᠳᠤᠨ ᠳᠠᠪᠠᠯᠭ᠋ᠠᠨ᠎ᠢ ᠵᠦᠰᠦᠨ ᠤᠷᠤᠭᠰᠢᠯᠠᠪᠠ ᠃ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠤᠯᠤᠰ᠎ᠤᠨ ᠬᠢᠨᠠᠨ ᠪᠠᠶ᠋ᠢᠴᠠᠭ᠋ᠠᠬᠤ ᠵᠥᠪᠯᠡᠯ ᠪᠣᠯᠣᠨ ᠡᠯ᠎ᠡ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠶᠡᠷᠦᠩᠬᠡᠢ ᠱᠦᠵᠢ ᠰᠢ ᠵᠢᠨ ᠫᠢᠩ᠎ᠤᠨ 《 ᠰᠢᠨ᠎ᠡ ᠤᠳᠤᠷᠢᠳᠬᠤ ᠪᠠᠭ ᠂ ᠰᠢᠨ᠎ᠡ ᠳᠦᠷᠢ ᠲᠥᠷᠬᠦ ᠂ ᠰᠢᠨ᠎ᠡ ᠪᠠᠶ᠋ᠢᠳᠠᠯ ᠂ ᠰᠢᠨ᠎ᠡ ᠠᠮᠵᠢᠯᠲᠠ ᠪᠦᠲᠦᠮᠵᠢ 》 ᠵᠢᠨ ᠲᠤᠬᠠᠢ ᠬᠦᠰᠡᠯ ᠡᠷᠡᠮᠡᠯᠵᠡᠯ ᠱᠠᠭ᠋ᠠᠷᠳᠠᠯᠭ᠎ᠠ ᠵᠢ ᠪᠠᠲᠤ ᠴᠡᠭᠡᠵᠢᠯᠡᠵᠦ ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠬᠤ᠎ᠪᠠᠷ ᠭᠤᠣᠯ ᠰᠢᠵᠢᠮ ᠪᠤᠯᠭ᠋ᠠᠵᠤ ᠂ ᠪᠦᠭᠦ ᠨᠠᠮ ᠵᠶ᠋ᠠᠷ ᠵᠶ᠋ᠠᠨ 《 ᠬᠤᠶᠠᠷ᠎ᠢ ᠲᠣᠭᠲᠠᠭ᠋ᠠᠭᠰᠠᠨ 》᠎ᠢ ᠡᠷᠡᠰ ᠬᠦᠷᠢᠶᠡᠯᠡᠬᠦ ᠂ 《 ᠬᠤᠶᠠᠷ᠎ᠢ ᠬᠠᠮᠠᠭ᠋ᠠᠯᠠᠬᠤ 》 ᠵᠢ ᠡᠷᠡᠰ ᠪᠡᠶᠡᠯᠡᠭᠦᠯᠬᠦ᠎ᠪᠠᠷ ᠡᠭᠦᠷᠭᠡ ᠬᠠᠷᠢᠭᠤᠴᠠᠯᠭ᠎ᠠ ᠪᠤᠯᠭ᠋ᠠᠵᠤ ᠂ ᠲᠣᠮᠣ ᠨᠠᠮ᠎ᠳᠤ ᠯᠡ ᠪᠠᠶ᠋ᠢᠳᠠᠭ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠭᠦᠯᠬᠦ᠎ᠪᠠᠷ ᠬᠠᠷᠠᠯᠲᠠ ᠴᠢᠭᠯᠡᠯ ᠪᠤᠯᠭ᠋ᠠᠵᠤ ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠪᠠ ᠪᠦᠭᠦ ᠤᠯᠤᠰ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠺᠠᠳ᠋ᠷ᠎ᠤᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢ ᠥᠷᠨᠢᠭᠦᠯᠬᠦ᠎ᠪᠠᠷ ᠭᠤᠣᠯᠳᠠᠯᠭ᠎ᠠ ᠪᠤᠯᠭ᠋ᠠᠵᠤ᠂ ᠭᠦᠨᠵᠡᠭᠡᠢ ᠰᠤᠷᠤᠯᠴᠠᠬᠤ᠂ ᠪᠣᠳᠠᠲᠤ ᠪᠠᠶ᠋ᠢᠴᠠᠭ᠋ᠠᠨ ᠰᠤᠳᠤᠯᠤᠯᠲᠠ ᠬᠢᠬᠦ᠂ ᠨᠠᠶ᠋ᠢᠳᠠᠪᠤᠷᠢᠵᠢᠭᠤᠯᠤᠯᠲᠠ ᠵᠢ ᠠᠳᠬᠤᠬᠤ᠂ ᠢᠮᠠᠭᠲᠠ ᠴᠢᠩᠭ᠎ᠠ ᠪᠠᠶ᠋ᠢᠬᠤ ᠦᠨᠳᠦᠰᠦᠨ ᠭᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠵᠶ᠋ᠠᠷ ᠤᠯᠤᠰ ᠲᠥᠷᠥ ᠵᠢᠨ ᠬᠢᠨᠠᠯᠲᠠ ᠵᠢ ᠴᠢᠩᠭ᠋ᠠᠳᠬᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠵᠦ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭ᠋ᠠᠪᠠ᠃ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠵᠢ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠨᠢᠭᠡᠳᠦᠭᠡᠷ ᠬᠢᠴᠢᠶᠡᠯ ᠪᠤᠯᠭ᠋ᠠᠵᠤ᠂ ᠭᠤᠣᠯᠳᠠᠯᠭ᠎ᠠ᠎ᠲᠠᠢ ᠬᠦᠴᠢᠷ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠵᠦ᠂ ᠲᠠᠪᠤᠨ ᠵᠢᠯ᠎ᠢ ᠪᠣᠳᠣᠯᠬᠢᠯᠠᠨ ᠪᠠᠶ᠋ᠢᠷᠢᠯᠠᠭᠤᠯᠵᠤ᠂ ᠰᠢᠨ᠎ᠡ ᠠᠶᠠᠨ᠎ᠳᠠᠬᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠵᠥᠪ ᠴᠢᠭᠯᠡᠯ᠎ᠢ ᠪᠠᠲᠤ ᠡᠵᠡᠮᠳᠡᠪᠡ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠵᠢ ᠯᠠᠪᠳᠠᠭᠤᠨ ᠪᠠᠲᠤᠲᠠᠢ ᠥᠷᠨᠢᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠡᠳᠬᠢᠯ ᠲᠠᠯᠪᠢᠨ ᠰᠡᠳᠬᠢᠯᠭᠡ᠎ᠲᠠᠢ᠎ᠪᠠᠷ ᠭᠦᠨᠵᠡᠭᠡᠢ ᠰᠤᠷᠤᠯᠴᠠᠨ ᠨᠠᠷᠢᠯᠢᠭ ᠣᠶ᠋ᠢᠯᠠᠭ᠋ᠠᠵᠤ᠂ 《ᠬᠤᠶᠠᠷ᠎ᠢ ᠬᠠᠮᠠᠭ᠋ᠠᠯᠠᠬᠤ》 ᠴᠢᠬᠤᠯᠠ ᠶᠡᠭᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠭᠤᠶ᠋ᠢᠪᠢᠰᠢ ᠦᠭᠡᠢ ᠡᠭᠦᠷᠭᠡᠯᠡᠵᠦ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠦᠭᠦᠨ᠎ᠢ ᠢᠯᠠᠭᠴᠢ ᠴᠡᠷᠢᠭ ᠠᠩᠭᠢ ᠵᠢ ᠪᠠᠶ᠋ᠢᠭᠤᠯᠬᠤ ᠵᠢ ᠴᠢᠩᠭ᠎ᠠ ᠬᠠᠮᠢᠶᠠᠷᠴᠤ ᠴᠢᠩᠭ᠎ᠠ ᠵᠠᠰᠠᠪᠠ᠃ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ᠎ᠲᠠᠢ ᠨᠢᠭᠲᠠ ᠤᠶᠠᠯᠳᠤᠭᠤᠯᠤᠨ ᠤᠯᠤᠰ ᠲᠦᠷᠦ ᠵᠢᠨ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠰᠢᠨ᠎ᠡ ᠠᠶᠠᠨ᠎ᠳᠤ ᠰᠠᠶ᠋ᠢᠨ ᠡᠭᠢᠯᠡᠯᠲᠡ᠎ᠲᠠᠢ ᠰᠠᠶ᠋ᠢᠲᠤᠷ ᠡᠬᠢᠯᠡᠭᠦᠯᠬᠦ ᠵᠢ ᠪᠠᠲᠤᠯᠠᠪᠠ᠃ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠮᠥᠩᠭᠦᠨ ᠭᠦᠢ᠍ᠯᠭᠡᠭᠡᠨ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠂ ᠶᠡᠭᠡ ᠳᠡᠭᠡᠳᠦ ᠰᠤᠷᠭ᠋ᠠᠭᠤᠯᠢ᠂ ᠪᠡᠶ᠎ᠡ ᠵᠢᠨ ᠲᠠᠮᠢᠷ᠂ ᠨᠠᠪᠴᠢᠨ ᠲᠠᠮᠠᠬᠢ᠂ ᠡᠮ ᠡᠮᠨᠡᠯᠭᠡ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠲᠤᠭ᠎ᠠ ᠪᠦᠷᠢᠳᠬᠡᠯ ᠵᠡᠷᠭᠡ ᠬᠦᠷᠢᠶᠡᠨ᠎ᠳᠠᠬᠢ ᠢᠯᠵᠠᠷᠠᠯ᠎ᠤᠨ ᠠᠰᠠᠭᠤᠳᠠᠯ᠎ᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠰᠢᠰᠲ᠋ᠧᠮ᠎ᠤᠨ ᠴᠢᠨᠠᠷᠲᠠᠢ ᠢᠯᠵᠠᠷᠠᠯ᠎ᠤᠨ ᠠᠶᠤᠯ ᠲᠦᠭᠰᠢᠭᠦᠷᠢ ᠵᠢᠨ ᠭᠡᠮ ᠰᠣᠭᠤᠭ᠎ᠢ ᠡᠷᠡᠰ ᠠᠷᠢᠯᠭ᠋ᠠᠵᠤ᠂ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠶ᠋ᠢᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠭᠢᠯᠪᠠᠷ ᠪᠤᠰᠤ᠎ᠪᠠᠷ ᠣᠯᠣᠭᠰᠠᠨ ᠳᠡᠶ᠋ᠢᠯᠦᠩᠭᠦᠢ ᠴᠢᠨᠠᠷᠲᠠᠢ ᠢᠯᠠᠯᠲᠠ ᠵᠢ ᠪᠦᠭᠦ ᠲᠠᠯ᠎ᠠ᠎ᠪᠠᠷ ᠪᠠᠬᠢᠵᠢᠭᠦᠯᠪᠡ᠃ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠦᠷᠡᠰᠢ ᠦᠭᠡᠢ ᠨᠠᠶ᠋ᠢᠳᠠᠪᠤᠷᠢᠵᠢᠭᠤᠯᠵᠤ ᠂ ᠵᠠᠯᠠᠷᠠᠭᠤᠯᠬᠤ ᠱᠤᠭᠤᠬᠤ ᠵᠢ ᠵᠡᠷᠭᠡ᠎ᠪᠠᠷ ᠴᠢᠬᠤᠯᠠᠴᠢᠯᠠᠵᠤ ᠰᠤᠷᠲᠠᠯ᠎ᠤᠨ ᠪᠠᠶ᠋ᠢᠭᠤᠯᠤᠯᠲᠠ ᠵᠢᠨ ᠪᠠᠶ᠋ᠢᠩᠭᠤ ᠪᠦᠲᠦᠮᠵᠢᠲᠡᠢ ᠪᠠᠶ᠋ᠢᠬᠤ ᠵᠢ ᠠᠬᠢᠭᠤᠯᠪᠠ᠃ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠵᠢ ᠠᠬᠢᠭᠤᠯᠬᠤ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠬᠤ ᠵᠢ ᠨᠢᠭᠡᠳᠬᠡᠪᠡ᠃ ᠤᠯᠤᠰ ᠲᠦᠷᠦ ᠵᠢᠨ ᠲᠣᠭᠤᠷᠢᠨ ᠪᠠᠶ᠋ᠢᠴᠠᠭ᠋ᠠᠯᠲᠠ ᠵᠢ ᠡᠷᠡᠰ ᠭᠤᠶ᠋ᠢᠪᠢᠰᠢ ᠦᠭᠡᠢ ᠭᠦᠨᠵᠡᠭᠡᠶ᠋ᠢᠷᠡᠭᠦᠯᠵᠦ᠂ ᠲᠥᠪ᠎ᠠᠴᠠ ᠬᠠᠮᠢᠶᠠᠷᠴᠤ ᠪᠠᠶ᠋ᠢᠭ᠎ᠠ ᠠᠵᠤ ᠠᠬᠤᠶ᠋ᠢᠯᠠᠯ᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠲᠣᠭᠤᠷᠢᠨ ᠪᠠᠶ᠋ᠢᠴᠠᠭ᠋ᠠᠯᠲᠠ ᠵᠢ ᠪᠦᠭᠦᠨ᠎ᠢ ᠪᠦᠷᠬᠦᠭᠦᠯᠬᠦ ᠵᠢ ᠴᠢᠨᠠᠷ ᠰᠠᠶ᠋ᠢᠲᠠᠢ ᠪᠡᠶᠡᠯᠡᠭᠦᠯᠪᠡ᠃ ᠳᠦᠷᠢᠮ ᠵᠶ᠋ᠠᠷ ᠨᠠᠮ᠎ᠢ ᠵᠠᠰᠠᠬᠤ ᠂ ᠲᠣᠭᠲᠠᠭ᠋ᠠᠯ ᠵᠶ᠋ᠠᠷ ᠨᠠᠮ ᠢ ᠵᠠᠰᠠᠬᠤ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠵᠤ ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ ᠂ ᠨᠠᠮ᠎ᠤᠨ ᠲᠥᠪ ᠬᠤᠷᠢᠶ᠎ᠠ ᠵᠢ ᠬᠠᠮᠵᠢᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ᠎ᠳᠤ ᠵᠠᠰᠠᠪᠤᠷᠢ ᠣᠷᠣᠭᠤᠯᠵᠤ ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠳᠦᠷᠢᠮ᠎ᠤᠨ ᠵᠢᠷᠤᠮᠵᠢᠯ᠎ᠤᠨ ᠰᠢᠰᠲ᠋ᠧᠮ᠎ᠢ ᠲᠡᠭᠦᠯᠳᠡᠷᠵᠢᠭᠦᠯᠬᠦ ᠵᠢ ᠠᠬᠢᠭᠤᠯᠪᠠ ᠃ ᠠᠮᠵᠢᠯᠲᠠ᠎ᠪᠠᠨ ᠨᠤᠲᠠᠯᠠᠬᠤ ᠵᠢᠨ ᠬᠠᠮᠲᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ ᠪᠠ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠲᠠ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠢ ᠦᠨᠡᠨ᠎ᠢ ᠪᠠᠷᠢᠮᠲᠠᠯᠠᠨ ᠵᠠᠳᠠᠯᠵᠤ ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠂ ᠦᠨᠡᠨ ᠬᠦ᠌ ᠰᠢᠢ᠍ᠳᠪᠦᠷᠢᠯᠡᠪᠡ ᠭᠡᠵᠦ ᠵᠢᠭ᠋ᠠᠵᠤ ᠭᠠᠷᠭ᠋ᠠᠪᠠ᠃
ᠪᠦᠭᠦᠳᠡ ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠪᠦᠭᠦ ᠨᠠᠮ᠎ᠢ ᠳᠠᠭ᠋ᠠᠭᠤᠯᠤᠨ ᠤᠷᠢᠳ ᠡᠮᠦᠨ᠎ᠡ ᠪᠠᠶ᠋ᠢᠭ᠎ᠠ ᠦᠭᠡᠢ ᠡᠷᠡᠰ ᠵᠣᠷᠢᠭ ᠴᠢᠩᠭ᠎ᠠ ᠡᠷᠴᠢᠮ ᠵᠶ᠋ᠠᠷ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠠᠬᠢᠭᠤᠯᠵᠤ᠂ ᠪᠦᠲᠦᠭᠡᠯᠴᠢ ᠴᠢᠨᠠᠷᠲᠠᠢ᠎ᠪᠠᠷ ᠠᠩᠬᠠᠨ᠎ᠤ ᠡᠭᠦᠳᠦᠯᠲᠡ ᠵᠢᠨ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ ᠠᠯᠢ ᠤᠯᠠᠨ ᠰᠢᠨ᠎ᠡ ᠣᠶ᠋ᠢᠯᠠᠭ᠋ᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶ᠋ᠢᠯᠳᠤᠬᠤ ᠪᠣᠳᠣᠯᠭ᠎ᠠ ᠵᠢ ᠳᠤᠷᠠᠳᠤᠨ ᠭᠠᠷᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠯᠳᠦᠭᠦᠯᠵᠦ᠂ ᠵᠠᠭᠤᠨ ᠵᠢᠯ᠎ᠤᠨ ᠲᠡᠦᠬᠡ᠎ᠲᠠᠢ ᠲᠣᠮᠣ ᠨᠠᠮ᠎ᠢ ᠵᠢᠯᠣᠭᠤᠳᠤᠨ ᠥᠪᠡᠷ ᠪᠡᠶ᠎ᠡ ᠵᠢᠨ ᠬᠤᠪᠢᠰᠬᠠᠯ᠎ᠤᠨ ᠰᠢᠨ᠎ᠡ ᠠᠬᠤᠢ ᠪᠠᠶ᠋ᠢᠳᠠᠯ᠎ᠢ ᠨᠡᠭᠡᠭᠡᠪᠡ᠃ ᠡᠨᠡ ᠪᠣᠯ ᠮᠠᠨ᠎ᠤ ᠨᠠᠮ᠎ᠤᠨ 《ᠬᠤᠶᠠᠷ᠎ᠢ ᠤᠶᠠᠯᠳᠤᠭᠤᠯᠬᠤ》 ᠵᠢ ᠪᠠᠷᠢᠮᠲᠠᠯᠠᠵᠤ ᠤᠨᠤᠯ᠎ᠤᠨ ᠰᠢᠨ᠎ᠡ ᠵᠢ ᠡᠭᠦᠳᠬᠦ ᠵᠢ ᠠᠬᠢᠭᠤᠯᠤᠭ᠋ᠠᠳ ᠣᠯᠣᠭᠰᠠᠨ ᠰᠢᠨ᠎ᠡ ᠦᠷ᠎ᠡ ᠪᠦᠲᠦᠭᠡᠯ ᠮᠥᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨ᠎ᠡ ᠬᠠᠭᠤᠳᠠᠰᠤ ᠮᠥᠨ᠂ ᠮᠠᠨ᠎ᠤ ᠨᠠᠮ᠎ᠤᠨ ᠮᠠᠷᠺᠰ᠎ᠤᠨ ᠦᠵᠡᠯ᠎ᠤᠨ ᠲᠦᠷᠦ ᠵᠢᠨ ᠨᠠᠮ᠎ᠤᠨ ᠪᠠᠶ᠋ᠢᠭᠤᠯᠤᠯᠲᠠ ᠵᠢᠨ ᠵᠢᠮ᠎ᠡ ᠶᠣᠰᠣ ᠂ ᠡᠪ ᠬᠠᠮᠲᠤ ᠨᠠᠮ᠎ᠤᠨ ᠲᠦᠷᠦ ᠪᠠᠷᠢᠬᠤ ᠵᠢᠮ᠎ᠡ ᠶᠣᠰᠣᠨ᠎ᠤ ᠲᠤᠬᠠᠢ ᠲᠠᠨᠢᠯᠲᠠ ᠰᠢᠨ᠎ᠡ ᠥᠨᠳᠥᠷᠴᠡ᠎ᠳᠤ ᠭᠦᠷᠦᠭᠰᠡᠨᠢ ᠬᠠᠷᠠᠭᠤᠯᠵᠤ ᠪᠠᠶ᠋ᠢᠨ᠎ᠠ᠃ ᠡᠨᠡ ᠬᠦ᠌ ᠴᠢᠬᠤᠯᠠ ᠦᠵᠡᠯ ᠰᠠᠨᠠᠭ᠎ᠠ᠎ᠨᠢ ᠮᠠᠨ᠎ᠤ ᠨᠠᠮ᠎ᠤᠨ 《 ᠶᠠᠭᠤᠨ᠎ᠳᠤ ᠥᠪᠡᠷ ᠪᠡᠶ᠎ᠡ ᠵᠢᠨ ᠬᠤᠪᠢᠰᠬᠠᠯ ᠬᠢᠬᠦ ᠪᠤᠢ 》 ᠭᠡᠬᠦ ᠴᠢᠬᠤᠯᠠ ᠶᠡᠭᠡ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠦ ᠂ ᠪᠦᠭᠦ ᠨᠠᠮ᠎ᠤᠨ ᠤᠭ ᠰᠠᠨᠠᠭ᠎ᠠ᠎ᠪᠠᠨ ᠡᠭᠦᠷᠢᠳᠡ ᠪᠠᠲᠤᠯᠠᠵᠤ ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠦᠨᠳᠦᠰᠦᠨ ᠡᠭᠦᠷᠭᠡ ᠵᠢ ᠲᠣᠳᠣᠷᠬᠠᠢ ᠵᠢᠭ᠋ᠠᠪᠠ; ᠮᠠᠨ᠎ᠤ ᠨᠠᠮ᠎ᠤᠨ 《 ᠶᠠᠭᠤᠨ᠎ᠳᠤ ᠥᠪᠡᠷ ᠪᠡᠶ᠎ᠡ ᠵᠢᠨ ᠬᠤᠪᠢᠰᠬᠠᠯ᠎ᠢ ᠬᠢᠵᠦ ᠴᠢᠳᠠᠬᠤ ᠪᠤᠢ 》 ᠭᠡᠬᠦ ᠴᠢᠬᠤᠯᠠ ᠶᠡᠭᠡ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠦ᠂ ᠪᠦᠭᠦ ᠨᠠᠮ ᠵᠶ᠋ᠠᠷ ᠵᠶ᠋ᠠᠨ 《ᠬᠤᠶᠠᠳᠤᠭ᠋ᠠᠷ ᠬᠠᠷᠢᠭᠤᠯᠲᠠ》 ᠵᠢ ᠰᠠᠶ᠋ᠢᠲᠤᠷ ᠬᠡᠷᠡᠭᠯᠡᠬᠦ ᠂ ᠲᠣᠮᠣ ᠨᠠᠮ᠎ᠳᠤ ᠯᠠ ᠪᠠᠶ᠋ᠢᠳᠠᠭ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠢᠲᠡᠭᠡᠯ ᠵᠣᠷᠢᠭ᠎ᠢ ᠪᠠᠲᠤᠳᠬᠠᠪᠠ ; ᠮᠠᠨ᠎ᠤ ᠨᠠᠮ᠎ᠤᠨ 《 ᠥᠪᠡᠷ ᠪᠡᠶ᠎ᠡ ᠵᠢᠨ ᠬᠤᠪᠢᠰᠬᠠᠯ ᠬᠢᠬᠦ ᠵᠢ ᠬᠡᠷᠬᠢᠨ ᠠᠬᠢᠭᠤᠯᠬᠤ ᠪᠤᠢ 》 ᠭᠡᠬᠦ ᠴᠢᠬᠤᠯᠠ ᠶᠡᠭᠡ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠦ᠂ ᠨᠠᠮ᠎ᠤᠨ ᠠᠮᠢᠵᠢᠷᠠᠯ᠎ᠤᠨ ᠬᠦᠴᠦᠨ ᠵᠶ᠋ᠠᠨ ᠡᠭᠦᠷᠢᠳᠡ ᠪᠠᠲᠤᠯᠠᠵᠤ ᠂ ᠰᠢᠨ᠎ᠡ ᠰᠢᠯᠭ᠋ᠠᠯᠲᠠ ᠵᠢ ᠤᠭᠲᠤᠬᠤ ᠵᠠᠮ ᠵᠶ᠋ᠠᠷ ᠰᠠᠶ᠋ᠢᠲᠤᠷ ᠵᠠᠮᠨᠠᠬᠤ ᠭᠡᠭᠡᠨ ᠰᠠᠷᠠᠭᠤᠯ ᠢᠷᠡᠭᠡᠳᠦᠢ ᠵᠢ ᠢᠯᠡᠷᠡᠭᠦᠯᠪᠡ ᠃ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠪᠣᠯ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠢ ᠠᠬᠢᠭᠤᠯᠬᠤ ᠴᠢᠬᠤᠯᠠ ᠬᠦᠴᠦᠨ ᠮᠥᠨ ᠂ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ ᠵᠢ ᠡᠪᠦᠷᠯᠡᠨ ᠂ ᠡᠷᠡᠰ ᠪᠠᠲᠤ ᠢᠲᠡᠭᠡᠯ ᠪᠢᠰᠢᠷᠡᠯ᠎ᠢ ᠡᠪᠦᠷᠯᠡᠨ ᠂ ᠪᠠᠲᠤ ᠴᠢᠩᠭ᠎ᠠ ᠡᠭᠦᠷᠭᠡ ᠬᠠᠷᠢᠭᠤᠴᠠᠯᠭ᠎ᠠ ᠵᠢ ᠡᠪᠦᠷᠯᠡᠨ ᠭᠦᠨᠵᠡᠭᠡᠢ ᠰᠤᠷᠤᠯᠴᠠᠨ ᠨᠠᠷᠢᠯᠢᠭ ᠣᠶ᠋ᠢᠯᠠᠭ᠋ᠠᠵᠤ ᠂ ᠡᠨᠡ ᠬᠦ᠌ ᠴᠢᠬᠤᠯᠠ ᠦᠵᠡᠯ ᠰᠠᠨᠠᠭ᠋ᠠᠨ᠎ᠤ ᠭᠤᠣᠯ ᠴᠢᠮᠦᠭᠡ ᠪᠠ ᠴᠢᠬᠤᠯᠠ ᠠᠭᠤᠯᠭ᠎ᠠ ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠨ ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠪᠦᠭᠦ ᠶᠠᠪᠤᠴᠠ ᠡᠯ᠎ᠡ ᠲᠠᠯ᠎ᠠ᠎ᠳᠤ ᠤᠬᠠᠮᠰᠠᠷ᠎ᠠᠴᠠ᠎ᠪᠠᠨ ᠲᠤᠭᠤᠰᠢᠯᠠᠭᠤᠯᠵᠤ ᠂ ᠡᠭᠦᠷᠢᠳᠡ ᠵᠣᠭᠰᠣᠰᠢ ᠦᠭᠡᠢ ᠡᠷᠡᠰ ᠪᠠᠲᠤ ᠵᠣᠷᠢᠭ ᠵᠶ᠋ᠠᠷ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠢ ᠡᠴᠦᠰ᠎ᠲᠤᠨᠢ ᠲᠤᠯᠲᠠᠯ᠎ᠠ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃
ᠪᠦᠭᠦᠳᠡ ᠬᠤᠷᠠᠯ᠎ᠠᠴᠠ ᠂ 2024 ᠣᠨ ᠪᠣᠯ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠣᠶ ᠪᠣᠯᠣᠨ᠎ᠠ ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠣᠨ᠎ᠠ᠃ ᠡᠨᠡ ᠵᠢᠯ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ ᠢ ᠰᠠᠶ᠋ᠢᠲᠤᠷ ᠬᠢᠬᠦ᠎ᠳᠤ ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ ᠪᠠᠶ᠋ᠢᠯᠳᠤᠬᠤ ᠪᠣᠳᠣᠯᠭ᠎ᠠ ᠵᠢᠨ ᠴᠢᠭᠯᠡᠯᠲᠡ ᠵᠢ ᠡᠷᠡᠰ ᠨᠠᠶ᠋ᠢᠳᠠᠪᠤᠷᠢᠵᠢᠭᠤᠯᠵᠤ᠂ 《ᠬᠤᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ ᠤᠬᠠᠮᠰᠠᠷ᠎ᠠᠴᠠ᠎ᠪᠠᠨ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ ᠂ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠵᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ ᠂ ᠨᠠᠮ᠎ᠤᠨ ᠳᠦᠷᠢᠮ ᠪᠠ ᠦᠨᠳᠦᠰᠦᠨ ᠬᠠᠤᠯᠢ᠎ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢ᠍ᠴᠡᠳᠬᠡᠵᠦ ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠭᠦᠯᠬᠦ ᠵᠢ ᠠᠬᠢᠭᠤᠯᠵᠤ ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ ᠠᠵᠢᠯ᠎ᠢ ᠭᠦᠨᠵᠡᠭᠡᠶ᠋ᠢᠷᠡᠭᠦᠯᠦᠨ ᠠᠬᠢᠭᠤᠯᠵᠤ ᠂ ᠰᠢᠨ᠎ᠡ ᠠᠶᠠᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠭᠦᠨᠵᠡᠭᠡᠢ ᠠᠬᠢᠭᠤᠯᠵᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠦᠭᠦ ᠲᠠᠯ᠎ᠠ᠎ᠪᠠᠷ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ ᠃
ᠨᠢᠭᠡᠳᠦᠭᠡᠷ᠎ᠲᠤ ᠂ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ ᠵᠢ ᠱᠤᠭᠤᠬᠤ ᠵᠢ ᠲᠣᠪᠤᠶ᠋ᠢᠯᠭ᠋ᠠᠨ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠭᠦᠨᠵᠡᠭᠡᠶ᠋ᠢᠷᠡᠭᠦᠯᠦᠨ ᠥᠷᠭᠡᠳᠬᠡᠬᠦ ᠬᠡᠷᠡᠭᠲᠡᠢ ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠭᠤᠣᠯ ᠰᠡᠳᠦᠪ ᠭᠤᠣᠯ ᠰᠢᠵᠢᠮ ᠪᠤᠯᠭ᠋ᠠᠵᠤ ᠂ 《 ᠨᠢᠭᠡᠳᠦᠭᠡᠷ ᠵᠥᠪᠯᠡᠬᠦ ᠰᠡᠳᠦᠪ 》᠎ᠤᠨ ᠳᠦᠷᠢᠮ ᠬᠠᠮᠲᠤ ᠵᠢᠨ ᠰᠤᠷᠤᠯᠴᠠᠯᠭ᠎ᠠ ᠵᠢᠨ ᠳᠦᠷᠢᠮ᠎ᠢ ᠪᠦᠷᠢᠨᠰᠢᠭᠦᠯᠦᠨ ᠴᠢᠩᠭ᠎ᠠ ᠬᠡᠷᠡᠭᠵᠢᠭᠦᠯᠵᠦ ᠂ ᠭᠦᠨᠵᠡᠭᠡᠶ᠋ᠢᠷᠡᠭᠦᠯᠬᠦ ᠂ ᠬᠠᠳᠠᠩᠰᠢᠭᠤᠯᠬᠤ ᠂ ᠬᠤᠪᠢᠷᠠᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ ᠂ ᠤᠬᠠᠮᠰᠠᠷ᠎ᠠᠴᠠ᠎ᠪᠠᠨ ᠨᠠᠮ᠎ᠤᠨ ᠰᠢᠨ᠎ᠡ ᠵᠢ ᠡᠭᠦᠳᠦᠭᠰᠡᠨ ᠤᠨᠤᠯ᠎ᠤᠨ ᠳᠤᠮᠳᠠ᠎ᠠᠴᠠ ᠣᠶ᠋ᠢᠯᠠᠭ᠋ᠠᠭᠳᠠᠬᠤᠨ᠎ᠢ ᠡᠷᠢᠵᠦ᠂ ᠰᠡᠳᠬᠢᠮᠵᠢ ᠵᠢ ᠡᠷᠢᠵᠦ ᠂ ᠠᠷᠭ᠎ᠠ ᠡᠷᠢᠵᠦ ᠂ ᠠᠷᠭ᠎ᠠ ᠠᠪᠴᠠᠯ᠎ᠢ ᠡᠷᠢᠵᠦ ᠂ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠲᠠᠰᠤᠷᠠᠯᠳᠠ ᠦᠭᠡᠢ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠨ ᠢᠯᠵᠠᠷᠠᠯ᠎ᠢ ᠡᠰᠡᠷᠭᠦᠴᠡᠬᠦ ᠵᠢᠨ ᠪᠣᠳᠠᠲᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ ᠬᠡᠷᠡᠭᠲᠡᠢ ᠃
ᠬᠤᠶᠠᠳᠤᠭ᠋ᠠᠷ᠎ᠲᠤ ᠂ 《 ᠬᠤᠶᠠᠷ᠎ᠢ ᠬᠠᠮᠠᠭ᠋ᠠᠯᠠᠬᠤ 》 ᠵᠢ ᠲᠣᠪᠤᠶ᠋ᠢᠯᠭ᠋ᠠᠨ ᠤᠯᠤᠰ ᠲᠦᠷᠦ ᠵᠢᠨ ᠬᠢᠨᠠᠯᠲᠠ ᠲᠠᠯᠪᠢᠬᠤ ᠵᠢ ᠭᠦᠨᠵᠡᠭᠡᠶ᠋ᠢᠷᠡᠭᠦᠯᠬᠦ ᠬᠡᠷᠡᠭᠲᠡᠢ ᠃ ᠨᠠᠮ᠎ᠤᠨ ᠤᠯᠤᠰ ᠲᠥᠷᠥ ᠵᠢᠨ ᠰᠠᠬᠢᠯᠭ᠎ᠠ ᠪᠠᠲᠤ ᠪᠠ ᠤᠯᠤᠰ ᠲᠥᠷᠥ ᠵᠢᠨ ᠶᠣᠰᠣ ᠳᠦᠷᠢᠮ᠎ᠢ ᠴᠢᠩᠳᠠᠯᠠᠬᠤ ᠵᠢ ᠲᠣᠪᠣᠶ᠋ᠢᠮ᠎ᠠ ᠪᠠᠶ᠋ᠢᠷᠢᠨ ᠳᠤ ᠲᠠᠯᠪᠢᠵᠤ᠂ ᠤᠯᠤᠰ ᠲᠥᠷᠥ ᠵᠢᠨ ᠦᠨᠡᠨᠴᠢ ᠰᠢᠳᠤᠷᠭᠤ᠂ ᠤᠯᠤᠰ ᠲᠥᠷᠥ ᠵᠢᠨ ᠠᠮᠤᠷ ᠲᠦᠪᠰᠢᠨ᠂ ᠤᠯᠤᠰ ᠲᠥᠷᠥ ᠵᠢᠨ ᠬᠠᠷᠢᠭᠤᠴᠠᠯᠭ᠎ᠠ᠂ ᠤᠯᠤᠰ ᠲᠥᠷᠥ ᠵᠢᠨ ᠵᠣᠭᠰᠣᠯᠲᠠ᠂ ᠨᠠᠮ᠎ᠤᠨ ᠳᠣᠲᠣᠭ᠋ᠠᠳᠤ ᠵᠢᠨ ᠤᠯᠤᠰ ᠲᠥᠷᠥ ᠵᠢᠨ ᠠᠮᠢᠳᠤᠷᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ ᠲᠥᠷᠥ ᠵᠢᠨ ᠵᠥᠷᠢᠶ᠎ᠡ ᠵᠢ ᠡᠷᠡᠰ ᠵᠠᠯᠠᠷᠠᠭᠤᠯᠵᠤ᠂ ᠤᠯᠤᠰ ᠲᠥᠷᠥ ᠵᠢᠨ ᠭᠡᠮ ᠰᠣᠭᠤᠭ ᠢ ᠴᠠᠭ ᠲᠤᠬᠠᠢᠳᠤᠨᠢ ᠠᠷᠢᠯᠭ᠋ᠠᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠤᠯᠠᠪᠤᠷᠢ ᠪᠠ ᠨᠠᠮ᠎ᠤᠨ ᠲᠥᠪ ᠬᠤᠷᠢᠶ᠎ᠠ ᠵᠢᠨ ᠦᠨᠳᠦᠰᠦᠨ ᠪᠣᠳᠣᠯᠭ᠎ᠠ ᠴᠢᠭᠯᠡᠯᠲᠡ᠎ᠲᠠᠢ ᠨᠢᠭᠲᠠ ᠤᠶᠠᠯᠳᠤᠭᠤᠯᠤᠨ ᠤᠯᠤᠰ ᠲᠦᠷᠦ ᠵᠢᠨ ᠬᠢᠨᠠᠯᠲᠠ ᠵᠢ ᠴᠢᠩᠭ᠋ᠠᠳᠬᠠᠵᠤ᠂ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ 《ᠡᠷᠭᠢᠨ ᠬᠠᠷᠠᠬᠤ》 ᠠᠵᠢᠯ᠎ᠢ ᠪᠠᠶ᠋ᠢᠩᠭᠤᠵᠢᠭᠤᠯᠤᠨ ᠥᠷᠨᠢᠭᠦᠯᠵᠦ᠂ ᠪᠦᠭᠦ ᠨᠠᠮ᠎ᠤᠨ ᠦᠵᠡᠯ ᠰᠠᠨᠠᠭ᠎ᠠ᠎ᠪᠠᠨ ᠨᠢᠭᠡᠳᠬᠡᠬᠦ ᠂ ᠵᠣᠷᠢᠭ ᠰᠠᠨᠠᠭ᠎ᠠ᠎ᠪᠠᠨ ᠨᠢᠭᠡᠳᠬᠡᠬᠦ᠂ ᠠᠯᠬᠤᠮ ᠨᠢᠭᠡᠲᠡᠢ ᠤᠷᠤᠭᠰᠢᠯᠠᠬᠤ ᠵᠢ ᠱᠠᠯᠠᠪᠳᠠᠭᠤᠯᠬᠤ ᠬᠡᠷᠡᠭᠲᠡᠢ ᠃
ᠭᠤᠷᠪᠠᠳᠤᠭ᠋ᠠᠷ᠎ᠲᠤ ᠂ ᠬᠥᠷᠥᠰᠥ ᠰᠢᠷᠣᠢ ᠨᠥᠬᠦᠴᠡᠯ᠎ᠢ ᠠᠷᠢᠯᠭ᠋ᠠᠬᠤ ᠵᠢ ᠲᠣᠪᠤᠶ᠋ᠢᠯᠭ᠋ᠠᠨ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠶ᠋ᠢᠷᠡᠭᠦᠯᠬᠦ ᠬᠡᠷᠡᠭᠲᠡᠢ ᠃ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠦᠷᠭᠦᠯᠵᠢᠯᠡᠨ ᠬᠦᠴᠦᠯᠡᠵᠦ ᠂ ᠭᠦᠨᠵᠡᠭᠡᠶ᠋ᠢᠷᠡᠭᠦᠯᠦᠨ ᠠᠬᠢᠭᠤᠯᠵᠤ ᠂ ᠢᠯᠵᠠᠷᠠᠬᠤ᠎ᠠᠴᠠ ᠵᠢᠷᠦᠬᠡᠰᠢᠶᠡᠬᠦ ᠂ ᠢᠯᠵᠠᠷᠠᠵᠤ ᠪᠤᠯᠬᠤ ᠦᠭᠡᠢ ᠂ ᠢᠯᠵᠠᠷᠠᠬᠤ ᠵᠢ ᠪᠤᠳᠤᠬᠤ ᠦᠭᠡᠢ ᠪᠠᠶ᠋ᠢᠬᠤ ᠵᠢ ᠨᠢᠭᠡ ᠴᠣᠭᠴᠠᠵᠢᠭᠤᠯᠤᠨ ᠠᠬᠢᠭᠤᠯᠵᠤ ᠂ ᠥᠨᠳᠥᠷ ᠳᠠᠷᠤᠯᠲᠠᠲᠤ ᠪᠠᠶ᠋ᠢᠳᠠᠯ᠎ᠢ ᠴᠢᠩᠭ᠋ᠠᠳᠬᠠᠵᠤ ᠂ ᠭᠤᠣᠯᠳᠠᠯᠭ᠎ᠠ᠎ᠲᠠᠢ ᠠᠰᠠᠭᠤᠳᠠᠯ ᠂ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ ᠂ ᠭᠤᠣᠯᠳᠠᠯᠭ᠎ᠠ᠎ᠲᠠᠢ ᠡᠲᠡᠭᠡᠳ ᠂ ᠰᠢᠨ᠎ᠡ ᠭᠡᠯᠪᠡᠷᠢ ᠵᠢᠨ ᠢᠯᠵᠠᠷᠠᠯ ᠪᠠ ᠲᠠᠯᠳᠠ ᠢᠯᠵᠠᠷᠠᠯ᠎ᠢ ᠦᠷᠭᠦᠯᠵᠢᠯᠡᠨ ᠴᠢᠩᠭ᠎ᠠ ᠠᠩᠬᠠᠷᠴᠤ ᠂ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠤ ᠰᠦᠯᠪᠡᠭᠡᠯᠡᠭᠰᠡᠨ ᠢᠯᠵᠠᠷᠠᠯ᠎ᠢ ᠴᠢᠩᠭ᠎ᠠ ᠰᠢᠢ᠍ᠳᠬᠡᠬᠦ ᠵᠢ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠤᠯᠭ᠋ᠠᠵᠤ ᠂ ᠮᠥᠩᠭᠦᠨ ᠭᠦᠢ᠍ᠯᠭᠡᠭᠡᠨ ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠂ ᠡᠨᠧᠷᠭᠢ ᠂ ᠨᠠᠪᠴᠢᠨ ᠲᠠᠮᠠᠬᠢ ᠂ ᠡᠮ ᠡᠮᠨᠡᠯᠭᠡ ᠂ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ ᠪᠠ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠵᠡᠷᠭᠡ ᠬᠦᠷᠢᠶᠡᠨ᠎ᠳᠠᠬᠢ ᠢᠯᠵᠠᠷᠠᠯ᠎ᠤᠨ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ ᠂ ᠤᠯᠠᠨ ᠲᠦᠮᠡᠨ᠎ᠤ ᠳᠡᠷᠭᠡᠳᠡᠬᠢ ᠢᠯᠵᠠᠷᠠᠯ᠎ᠢ ᠡᠷᠡᠰ ᠵᠠᠯᠬᠠᠭ᠋ᠠᠨ ᠰᠢᠢ᠍ᠳᠬᠡᠵᠦ ᠂ ᠬᠢᠯᠢ ᠠᠯᠤᠰᠯᠠᠭᠰᠠᠨ ᠢᠯᠵᠠᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠬᠡᠷᠡᠭᠲᠡᠢ ᠃ ᠬᠡᠷᠡᠭ ᠵᠶ᠋ᠠᠷ ᠴᠡᠭᠴᠡᠯᠡᠨ ᠰᠠᠶ᠋ᠢᠵᠢᠷᠠᠭᠤᠯᠤᠯᠲᠠ ᠵᠢ ᠠᠬᠢᠭᠤᠯᠬᠤ ᠂ ᠬᠡᠷᠡᠭ ᠵᠶ᠋ᠠᠷ ᠵᠠᠰᠠᠯᠲᠠ ᠵᠢ ᠠᠬᠢᠭᠤᠯᠬᠤ ᠵᠢ ᠴᠢᠩᠭ᠋ᠠᠳᠬᠠᠵᠤ ᠂ ᠭᠤᠣᠯᠳᠠᠯᠭ᠎ᠠ᠎ᠲᠠᠢ ᠬᠦᠷᠢᠶᠡᠨ᠎ᠤ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠠᠬᠢᠭᠤᠯᠬᠤ ᠬᠡᠷᠡᠭᠲᠡᠢ ᠃ ᠵᠥᠪ ᠪᠤᠷᠤᠭᠤ ᠬᠤᠶᠠᠷ ᠲᠠᠯ᠎ᠠ ᠵᠢᠨ ᠬᠥᠮᠦᠵᠢᠯ᠎ᠢ ᠴᠢᠩᠭ᠋ᠠᠳᠬᠠᠵᠤ ᠂ ᠰᠢᠨ᠎ᠡ ᠴᠠᠭ ᠦᠶ᠎ᠡ ᠵᠢᠨ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ ᠂ ᠠᠷᠢᠭᠤᠨ ᠴᠢᠬᠡᠴᠢ᠎ᠨᠢ ᠢᠷᠠᠭᠤ ᠠᠯᠳᠠᠷᠲᠠᠢ ᠱᠠᠮᠰᠢᠬᠤ᠎ᠨᠢ ᠢᠴᠢᠭᠦᠷᠢ᠎ᠲᠠᠢ ᠪᠠᠶ᠋ᠢᠬᠤ ᠨᠡᠶ᠋ᠢᠭᠡᠮ᠎ᠤᠨ ᠠᠭᠤᠷ ᠠᠮᠢᠰᠬᠤᠯ᠎ᠤᠨ ᠪᠦᠷᠢᠯᠳᠦᠬᠦ ᠵᠢ ᠠᠬᠢᠭᠤᠯᠬᠤ ᠬᠡᠷᠡᠭᠲᠡᠢ ᠃ ᠬᠡᠭᠡᠯᠢ ᠢᠳᠡᠵᠦ ᠬᠠᠭ᠍ᠤᠤᠯᠢ ᠲᠦᠯᠬᠢᠭᠰᠡᠨ ᠬᠡᠷᠡᠭ᠎ᠢ ᠬᠠᠮᠲᠤᠳᠤᠨᠢ ᠪᠠᠶ᠋ᠢᠴᠠᠭ᠋ᠠᠬᠤ ᠠᠵᠢᠯ᠎ᠢ ᠴᠢᠩᠭ᠋ᠠᠳᠬᠠᠵᠤ ᠂ ᠭᠤᠣᠯᠳᠠᠯᠭ᠎ᠠ᠎ᠲᠠᠢ ᠬᠡᠭᠡᠯᠢ ᠲᠦᠯᠬᠢᠭᠴᠢ ᠵᠢ ᠬᠤᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠢᠯᠵᠠᠷᠠᠯ᠎ᠢ ᠡᠰᠡᠷᠭᠦᠴᠡᠬᠦ ᠪᠠᠭ᠋ᠠᠵᠢ ᠵᠢᠨ ᠬᠠᠶ᠋ᠢᠷᠴᠠᠭ᠎ᠢ ᠴᠢᠩᠭ᠋ᠠᠳᠬᠠᠨ ᠲᠡᠭᠦᠯᠳᠡᠷᠵᠢᠭᠦᠯᠵᠦ᠂ ᠬᠢᠨᠠᠨ ᠪᠤᠳᠤᠬᠤ ᠵᠡᠷᠭᠡ ᠠᠰᠠᠭᠤᠳᠠᠯ᠎ᠤᠨ ᠰᠦᠪᠡᠭᠴᠢ ᠵᠢ ᠰᠢᠯᠵᠢᠭᠦᠯᠦᠨ ᠬᠦᠷᠭᠡᠵᠦ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ ᠂ ᠢᠯᠵᠠᠷᠠᠯ᠎ᠢ ᠡᠰᠡᠷᠭᠦᠴᠡᠬᠦ ᠲᠤᠬᠠᠢ ᠤᠯᠤᠰ᠎ᠤᠨ ᠬᠠᠤᠯᠢ ᠲᠣᠭᠲᠠᠭ᠋ᠠᠯᠲᠠ ᠵᠢ ᠦᠷᠭᠦᠯᠵᠢᠯᠡᠨ ᠠᠬᠢᠭᠤᠯᠬᠤ ᠬᠡᠷᠡᠭᠲᠡᠢ ᠃
ᠳᠥᠷᠪᠡᠳᠦᠭᠡᠷ᠎ᠲᠤ᠂ ᠪᠠᠶ᠋ᠢᠩᠭᠤᠵᠢᠭᠰᠠᠨ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠠᠶ᠋ᠢᠬᠤ ᠵᠢ ᠲᠣᠪᠤᠶ᠋ᠢᠯᠭ᠋ᠠᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠬᠤ ᠬᠡᠷᠡᠭᠲᠡᠢ᠃ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠤᠰᠬᠠᠢ ᠴᠡᠭᠴᠡᠯᠡᠨ ᠵᠠᠰᠠᠵᠤ᠂ 《ᠠᠯᠪᠠᠨ ᠶᠠᠪᠤᠳᠠᠯ᠎ᠤᠨ ᠨᠡᠷ᠎ᠡ᠎ᠪᠠᠷ ᠢᠳᠡᠬᠦ》᠂ 《ᠬᠤᠭᠤᠯᠠᠨ ᠭᠡᠷ᠎ᠤᠨ᠎ᠬᠢ ᠵᠢ ᠢᠳᠡᠬᠦ》᠂ 《ᠬᠤᠭᠤᠯᠠᠨ ᠭᠡᠷ᠎ᠤᠨ ᠡᠵᠡᠨ᠎ᠤ᠎ᠬᠢ ᠵᠢ ᠢᠳᠡᠬᠦ》᠂ 《ᠳᠣᠣᠷ᠎ᠠ ᠱᠠᠲᠤ ᠵᠢᠨ᠎ᠬᠢ᠎ᠪᠠᠨ ᠢᠳᠡᠬᠦ》 ᠵᠡᠷᠭᠡ ᠠᠰᠠᠭᠤᠳᠠᠯ᠎ᠢ ᠴᠢᠩᠭ᠎ᠠ ᠪᠠᠶ᠋ᠢᠴᠠᠭ᠋ᠠᠬᠤ ᠬᠡᠷᠡᠭᠲᠡᠢ᠃ ᠰᠤᠷᠲᠠᠯ᠎ᠤᠨ ᠢᠯᠵᠠᠷᠠᠯ ᠢ ᠬᠠᠮᠲᠤ᠎ᠪᠠᠷ ᠪᠠᠶ᠋ᠢᠴᠠᠭ᠋ᠠᠵᠤ ᠬᠠᠮᠲᠤ᠎ᠪᠠᠷ ᠵᠠᠰᠠᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ 《ᠰᠤᠷᠲᠠᠯ᠎ᠤᠨ ᠢᠯᠵᠠᠷᠠᠯ᠎ᠢ ᠪᠠᠶ᠋ᠢᠴᠠᠭ᠋ᠠᠬᠤ》 ᠪᠥᠭᠡᠳ 《ᠢᠯᠵᠠᠷᠠᠯ᠎ᠢ ᠢᠯᠡᠷᠡᠭᠦᠯᠬᠦ᠎ᠪᠠᠷ ᠲᠠᠮᠵᠢᠨ ᠰᠤᠷᠲᠠᠯ᠎ᠢ ᠵᠠᠯᠠᠷᠠᠭᠤᠯᠬᠤ》 ᠬᠡᠷᠡᠭᠲᠡᠢ᠃ ᠺᠠᠳ᠋ᠷ ᠤᠯᠠᠨ ᠲᠦᠮᠡᠨ᠎ᠤ ᠲᠤᠰᠬᠠᠯ ᠴᠢᠩᠭ᠎ᠠ ᠪᠠᠶ᠋ᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠵᠠᠯᠠᠷᠠᠭᠤᠯᠤᠨ ᠵᠠᠰᠠᠵᠤ᠂ ᠤᠳᠤᠷᠢᠳᠬᠤ ᠪᠠᠶ᠋ᠢᠭᠤᠯᠭ᠎ᠠ᠎ᠠᠴᠠ ᠡᠬᠢᠯᠡᠨ ᠠᠳᠬᠤᠵᠤ᠂ ᠤᠳᠤᠷᠢᠳᠬᠤ ᠺᠠᠳ᠋ᠷ᠎ᠠᠴᠠ ᠡᠬᠢᠯᠡᠨ ᠵᠠᠯᠠᠷᠠᠭᠤᠯᠵᠤ᠂ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ᠂ ᠴᠢᠨᠠᠷ ᠰᠠᠶ᠋ᠢᠲᠠᠢ ᠬᠥᠭᠵᠢᠯᠲᠡ ᠵᠢ ᠨᠥᠯᠥᠭᠡᠯᠡᠬᠦ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠦᠨᠳᠦᠷᠡᠭᠦᠯᠬᠦ᠂ ᠡᠷᠬᠡ ᠵᠢᠨ ᠦᠵᠡᠯᠲᠡ ᠭᠠᠵᠢᠭᠤᠳᠠᠭᠰᠠᠨ ᠵᠠᠰᠠᠭ᠎ᠤᠨ ᠠᠵᠢᠯ᠎ᠤᠨ ᠪᠦᠳᠦᠮᠵᠢ ᠵᠢᠨ ᠦᠵᠡᠯᠲᠡ ᠲᠥᠪ ᠪᠤᠰᠤ ᠵᠡᠷᠭᠡ ᠠᠰᠠᠭᠤᠳᠠᠯ᠎ᠢ ᠡᠷᠡᠰ ᠵᠠᠯᠠᠷᠠᠭᠤᠯᠬᠤ ᠬᠡᠷᠡᠭᠲᠡᠢ᠃
ᠲᠠᠪᠤᠳᠤᠭ᠋ᠠᠷ᠎ᠲᠤ᠂ ᠴᠢᠩᠭ᠎ᠠ ᠪᠠᠶ᠋ᠢᠬᠤ ᠦᠨᠳᠦᠰᠦᠨ ᠭᠦᠭ ᠠᠶᠠᠰ᠎ᠢ ᠲᠣᠪᠤᠶ᠋ᠢᠯᠭ᠋ᠠᠨ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ ᠬᠡᠷᠡᠭᠲᠡᠢ᠃ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ᠎ᠢ ᠰᠤᠷᠤᠯᠴᠠᠨ ᠲᠤᠭᠤᠰᠢᠯᠠᠭᠤᠯᠬᠤ᠎ᠪᠠᠷ ᠠᠵᠠ ᠲᠣᠭᠢᠶᠠᠯ ᠪᠣᠯᠭ᠋ᠠᠨ ᠰᠠᠬᠢᠯᠭ᠎ᠠ ᠪᠠᠲᠤ ᠵᠢᠨ ᠬᠥᠮᠦᠵᠢᠯ᠎ᠢ ᠴᠢᠩᠭ᠋ᠠᠳᠬᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠨᠠᠷᠢᠨ ᠬᠢᠨᠠᠮᠠᠭ᠋ᠠᠢ ᠥᠷᠨᠢᠭᠦᠯᠦᠨ᠂ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠵᠢ ᠠᠩᠬᠠᠷᠤᠯ᠎ᠳᠠᠭᠠᠨ ᠠᠪᠬᠤ ᠦᠭᠡᠢ᠂ ᠣᠶ᠋ᠢᠯᠠᠭ᠋ᠠᠬᠤ ᠦᠭᠡᠢ ᠪᠠᠶ᠋ᠢᠬᠤ᠂ ᠡᠵᠡᠮᠰᠢᠬᠦ ᠦᠭᠡᠢ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ᠃ 《ᠳᠥᠷᠪᠡᠨ ᠵᠦᠢ᠍ᠯ᠎ᠤᠨ ᠭᠡᠯᠪᠡᠷᠢ》᠎ᠢ ᠵᠢᠷᠤᠮᠵᠢᠭᠤᠯᠤᠨ ᠬᠡᠷᠡᠭᠯᠡᠬᠦ᠎ᠪᠠᠷ ᠤᠳᠤᠷᠢᠳᠤᠮᠵᠢ ᠪᠣᠯᠭ᠋ᠠᠨ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠵᠢ ᠵᠥᠷᠢᠴᠡᠭᠰᠡᠨ ᠬᠡᠮᠵᠢᠶ᠎ᠡ ᠵᠢᠨ ᠰᠢᠨᠵᠢ ᠴᠢᠨᠠᠷ᠎ᠢ ᠤᠨᠤᠪᠴᠢᠳᠠᠢ ᠲᠣᠭᠲᠠᠭ᠋ᠠᠵᠤ ᠬᠠᠤᠯᠢ ᠬᠡᠷᠡᠭᠵᠢᠭᠦᠯᠬᠦ ᠵᠢ ᠠᠬᠢᠭᠤᠯᠬᠤ ᠬᠡᠷᠡᠭᠲᠡᠢ᠃ ᠤᠯᠤᠰ ᠲᠦᠷᠦ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ ᠨᠠᠶ᠋ᠢᠳᠠᠪᠤᠷᠢᠵᠢᠭᠤᠯᠬᠤ᠎ᠪᠠᠷ ᠭᠠᠷᠳᠠᠴᠠ ᠪᠣᠯᠭ᠋ᠠᠨ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠮᠲᠤᠷᠠᠯ ᠬᠦᠴᠦᠨ᠎ᠢ ᠨᠢᠭᠲᠠᠷᠠᠭᠤᠯᠵᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠨᠢᠭᠡᠳᠦᠯᠲᠡᠢ ᠵᠣᠬᠢᠴᠠᠭᠤᠯᠬᠤ ᠬᠠᠷᠢᠭᠤᠴᠠᠯᠭ᠎ᠠ ᠵᠢᠨ ᠪᠠᠶ᠋ᠢᠷᠢᠰᠢᠯ᠎ᠢ ᠪᠦᠷᠢᠨᠰᠢᠭᠦᠯᠬᠦ ᠬᠡᠷᠡᠭᠲᠡᠢ᠃ ᠬᠠᠷᠢᠭᠤᠴᠠᠯᠭ᠎ᠠ ᠲᠤᠯᠭ᠋ᠠᠬᠤ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠢ᠃
ᠵᠢᠷᠭᠤᠳᠤᠭ᠋ᠠᠷ᠎ᠲᠤ᠂ ᠤᠯᠤᠰ ᠲᠦᠷᠦ ᠵᠢᠨ ᠪᠠᠶ᠋ᠢᠷᠢ ᠲᠣᠭᠲᠠᠭ᠋ᠠᠯᠲᠠ ᠵᠢ ᠲᠣᠪᠤᠶ᠋ᠢᠯᠭ᠋ᠠᠨ ᠲᠣᠭᠤᠷᠢᠨ ᠦᠵᠡᠵᠦ ᠲᠣᠭᠤᠷᠢᠨ ᠪᠠᠶ᠋ᠢᠴᠠᠭ᠋ᠠᠬᠤ ᠵᠢ ᠭᠦᠨᠵᠡᠭᠡᠶ᠋ᠢᠷᠡᠭᠦᠯᠬᠦ ᠬᠡᠷᠡᠭᠲᠡᠢ᠃ ᠲᠣᠭᠤᠷᠢᠨ ᠪᠠᠶ᠋ᠢᠴᠠᠭ᠋ᠠᠬᠤ ᠵᠢ ᠪᠦᠭᠦᠨ᠎ᠢ ᠪᠦᠷᠬᠦᠭᠦᠯᠬᠦ ᠵᠢ ᠯᠠᠪᠳᠠᠭᠤᠨ ᠪᠠᠲᠤᠲᠠᠢ ᠠᠬᠢᠭᠤᠯᠵᠤ᠂ ᠲᠡᠰ ᠳᠡᠪᠰᠢᠭᠦᠯᠦᠨ ᠲᠣᠭᠤᠷᠢᠨ ᠪᠠᠶ᠋ᠢᠴᠠᠭ᠋ᠠᠬᠤ᠂ ᠬᠤᠯᠪᠤᠭ᠋ᠠᠯᠠᠨ ᠲᠣᠭᠤᠷᠢᠨ ᠪᠠᠶ᠋ᠢᠴᠠᠭ᠋ᠠᠬᠤ ᠵᠢ ᠭᠦᠨᠵᠡᠭᠡᠢ ᠰᠦᠪᠡᠭᠴᠢᠯᠡᠵᠦ᠂ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠵᠢᠨ ᠲᠣᠭᠤᠷᠢᠨ ᠪᠠᠶ᠋ᠢᠴᠠᠭ᠋ᠠᠬᠤ ᠠᠵᠢᠯ᠎ᠢ ᠵᠢᠭ᠋ᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ᠎ᠪᠠᠨ ᠴᠢᠩᠭ᠋ᠠᠳᠬᠠᠵᠤ᠂ ᠲᠥᠪ᠎ᠤᠨ ᠨᠢᠭᠡᠴᠢ ᠵᠢᠨ ᠳᠣᠲᠣᠭ᠋ᠠᠳᠤ ᠵᠢᠨ ᠲᠣᠭᠤᠷᠢᠨ ᠪᠠᠶ᠋ᠢᠴᠠᠭ᠋ᠠᠯᠲᠠ ᠵᠢ ᠬᠡᠰᠡᠭ ᠬᠤᠪᠢᠶᠠᠨ᠂ ᠠᠵᠢᠯ ᠲᠦᠷᠦᠯ ᠬᠤᠪᠢᠶᠠᠨ ᠵᠢᠯᠤᠭᠤᠳᠬᠤ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠬᠤᠲᠠ ᠰᠢᠶᠠᠨ᠎ᠤ ᠲᠣᠭᠤᠷᠢᠨ ᠪᠠᠶ᠋ᠢᠴᠠᠭ᠋ᠠᠯᠲᠠ ᠵᠢ ᠦᠨᠳᠦᠰᠦᠨ ᠱᠠᠲᠤ ᠲᠡᠶ᠋ᠢᠰᠢ ᠤᠷᠲᠤᠳᠬᠠᠬᠤ ᠵᠢ ᠪᠦᠭᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠲᠣᠭᠤᠷᠢᠨ ᠪᠠᠶ᠋ᠢᠴᠠᠭ᠋ᠠᠬᠤ ᠠᠵᠢᠯ᠎ᠤᠨ ᠳᠦᠷᠢᠮ᠎ᠢ ᠰᠤᠷᠤᠯᠴᠠᠨ ᠲᠤᠭᠤᠰᠢᠯᠠᠭᠤᠯᠵᠤ ᠂ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠲᠥᠪ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠳᠤ ᠬᠠᠮᠵᠢᠯᠴᠠᠬᠤ ᠲᠣᠭᠲᠠᠭ᠋ᠠᠯ ᠵᠡᠷᠭᠡ᠎ᠳᠤ ᠵᠠᠰᠠᠪᠤᠷᠢ ᠣᠷᠣᠭᠤᠯᠵᠤ ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠪᠦᠭᠦ ᠦᠶᠡᠯᠡᠯ᠎ᠤᠨ ᠬᠤᠭᠤᠴᠠᠭ᠎ᠠ ᠵᠢ ᠬᠠᠮᠤᠷᠤᠭᠰᠠᠨ ᠬᠠᠷᠢᠭᠤᠴᠠᠯᠭ᠎ᠠ ᠵᠢᠨ ᠰᠢᠰᠲ᠋ᠧᠮ ᠪᠠ ᠳᠦᠷᠢᠮ᠎ᠤᠨ ᠶᠠᠪᠤᠴᠠ ᠵᠢ ᠪᠠᠶ᠋ᠢᠭᠤᠯᠬᠤ ᠬᠡᠷᠡᠭᠲᠡᠢ ᠃
ᠳᠣᠯᠣᠳᠤᠭ᠋ᠠᠷ᠎ᠲᠤ ᠂ ᠵᠢᠷᠤᠮᠵᠢᠭᠤᠯᠬᠤ ᠂ ᠬᠠᠤᠯᠢᠵᠢᠭᠤᠯᠬᠤ ᠂ ᠵᠢᠩᠬᠢᠨᠢᠴᠢᠯᠡᠬᠦ ᠵᠢ ᠲᠣᠪᠤᠶ᠋ᠢᠯᠭ᠋ᠠᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠪᠠ ᠳᠦᠷᠢᠮ᠎ᠤᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ ᠬᠡᠷᠡᠭᠲᠡᠢ ᠃ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠪᠠᠶ᠋ᠢᠭᠤᠯᠭ᠎ᠠ ᠵᠢᠨ ᠳᠣᠲᠣᠭ᠋ᠠᠳᠤ ᠪᠠᠶ᠋ᠢᠭᠤᠯᠤᠮᠵᠢ ᠵᠢᠨ ᠲᠣᠬᠢᠷᠠᠭᠤᠯᠤᠯᠲᠠ ᠂ ᠡᠭᠦᠷᠭᠡ ᠴᠢᠳᠠᠪᠬᠢ ᠵᠢᠨ ᠲᠣᠬᠢᠷᠠᠭᠤᠯᠤᠯᠲᠠ᠂ ᠬᠦᠴᠦᠨ᠎ᠤ ᠲᠣᠬᠢᠷᠠᠭᠤᠯᠤᠯᠲᠠ ᠵᠢ ᠲᠡᠭᠦᠯᠳᠡᠷᠵᠢᠭᠦᠯᠬᠦ ᠬᠡᠷᠡᠭᠲᠡᠢ ᠃ ᠲᠣᠮᠢᠯᠠᠨ ᠰᠠᠭᠤᠯᠭ᠋ᠠᠬᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠂ ᠲᠥᠪ᠎ᠠᠴᠠ ᠬᠠᠮᠢᠶᠠᠷᠴᠤ ᠪᠠᠶ᠋ᠢᠭ᠎ᠠ ᠶᠡᠭᠡ ᠳᠡᠭᠡᠳᠦ ᠰᠤᠷᠭ᠋ᠠᠭᠤᠯᠢ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ ᠪᠣᠯᠣᠨ ᠣᠷᠣᠨ ᠨᠤᠲᠤᠭ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ ᠬᠠᠮᠲᠤᠷᠠᠨ ᠬᠢᠨᠠᠨ ᠪᠠᠶ᠋ᠢᠴᠠᠭ᠋ᠠᠬᠤ ᠪᠠᠶ᠋ᠢᠴᠠᠭ᠋ᠠᠯᠲᠠ ᠥᠷᠨᠢᠭᠦᠯᠬᠦ ᠰᠠᠨᠠᠯ᠎ᠢ ᠲᠣᠭᠲᠠᠭ᠋ᠠᠵᠤ ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠳᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠢ ᠵᠢᠯᠣᠭᠤᠳᠤᠨ ᠮᠤᠵᠢ ᠵᠢᠨ ᠬᠠᠷᠢᠶ᠎ᠠ ᠶᠡᠭᠡ ᠳᠡᠭᠡᠳᠦ ᠰᠤᠷᠭ᠋ᠠᠭᠤᠯᠢ ᠪᠣᠯᠣᠨ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠳᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠲᠣᠮᠢᠯᠠᠨ ᠰᠠᠭᠤᠯᠭ᠋ᠠᠬᠤ ᠲᠤᠷᠰᠢᠯᠲᠠ ᠵᠢᠨ ᠴᠡᠭ᠎ᠢ ᠥᠷᠨᠢᠭᠦᠯᠵᠦ ᠂ ᠰᠢᠭᠤᠳ ᠬᠠᠮᠢᠶᠠᠷᠬᠤ ᠰᠢᠰᠲ᠋ᠧᠮ᠎ᠤᠨ ᠮᠤᠵᠢ ᠵᠢᠨ ᠱᠠᠲᠤᠨ᠎ᠠᠴᠠ ᠳᠣᠷᠣᠭᠰᠢᠬᠢ ᠨᠢᠭᠡᠴᠢ᠎ᠳᠤ ᠡᠷᠬᠡ ᠲᠤᠰᠢᠶᠠᠯ ᠵᠶ᠋ᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠢ ᠬᠡᠷᠡᠭ᠎ᠢ ᠬᠠᠮᠢᠶᠠᠷᠬᠤ ᠪᠠ ᠬᠢᠨᠠᠨ ᠪᠠᠶ᠋ᠢᠴᠠᠭ᠋ᠠᠬᠤ ᠠᠷᠭ᠎ᠠ ᠬᠡᠮᠵᠢᠶ᠎ᠡ ᠵᠢ ᠬᠡᠷᠡᠭᠯᠡᠬᠦ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠢ ᠥᠷᠨᠢᠭᠦᠯᠬᠦ ᠬᠡᠷᠡᠭᠲᠡᠢ ᠃ 《 ᠳᠤᠭᠤᠶ᠋ᠢᠯᠠᠩ ᠳᠤᠭᠤᠶ᠋ᠢᠯᠠᠩ᠎ᠤᠨ ᠬᠤᠭᠤᠷᠣᠨᠳᠤ 》᠎ᠪᠠᠨ ᠬᠠᠮᠵᠢᠯᠴᠠᠨ ᠬᠢᠨᠠᠯᠲᠠ ᠲᠠᠯᠪᠢᠬᠤ ᠂ 《 ᠲᠠᠰᠤᠭ ᠳᠤᠭᠤᠶ᠋ᠢᠯᠠᠩ᠎ᠤᠨ ᠬᠤᠭᠤᠷᠣᠨᠳᠤ 》᠎ᠪᠠᠨ ᠬᠤᠯᠪᠤᠭ᠋ᠠᠯᠠᠨ ᠬᠢᠨᠠᠯᠲᠠ ᠲᠠᠯᠪᠢᠬᠤ ᠂ 《 ᠲᠠᠰᠤᠭ ᠳᠤᠭᠤᠶ᠋ᠢᠯᠠᠩ ᠭᠠᠵᠠᠷ ᠣᠷᠣᠨ᠎ᠤ ᠬᠤᠭᠤᠷᠣᠨᠳᠤ 》᠎ᠪᠠᠨ ᠬᠤᠯᠪᠤᠭ᠋ᠠᠯᠠᠨ ᠬᠡᠷᠡᠭ ᠰᠢᠢ᠍ᠳᠪᠦᠷᠢᠯᠡᠬᠦ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ ᠃ ᠨᠠᠮ᠎ᠤᠨ ᠲᠥᠪ ᠬᠤᠷᠢᠶ᠎ᠠ ᠵᠢᠨ 《ᠨᠠᠮ᠎ᠤᠨ ᠤᠳᠤᠷᠢᠳᠬᠤ ᠳᠤᠭᠤᠶ᠋ᠢᠯᠠᠩ ᠨᠠᠮ᠎ᠤᠨ ᠭᠡᠰᠢᠭᠦᠨ᠎ᠳᠤ ᠰᠢᠢ᠍ᠳᠬᠡᠯ ᠥᠭᠬᠦ ᠤᠴᠢᠷ ᠶᠠᠪᠤᠳᠠᠯ᠎ᠢ ᠶᠠᠷᠢᠯᠴᠠᠨ ᠲᠣᠭᠲᠠᠭ᠋ᠠᠬᠤ ᠠᠵᠢᠯ᠎ᠤᠨ ᠵᠢᠷᠤᠮ ᠲᠣᠭᠲᠠᠭ᠋ᠠᠯ ( ᠲᠤᠷᠰᠢᠨ ᠬᠡᠷᠡᠭᠵᠢᠭᠦᠯᠬᠦ ) 》 ᠵᠡᠷᠭᠡ᠎ᠳᠤ ᠵᠠᠰᠠᠪᠤᠷᠢ ᠣᠷᠣᠭᠤᠯᠬᠤ᠎ᠳᠤ ᠬᠠᠮᠵᠢᠬᠤ ᠬᠡᠷᠡᠭᠲᠡᠢ ᠃ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠬᠤ᠎ᠪᠠᠷ ᠤᠳᠤᠷᠢᠳᠤᠮᠵᠢ ᠪᠤᠯᠭ᠋ᠠᠬᠰᠠᠨ ᠂ ᠡᠯ᠎ᠡ ᠲᠦᠷᠦᠯ᠎ᠤᠨ ᠬᠢᠨᠠᠯᠲᠠ ᠵᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ ᠂ ᠦᠨᠳᠦᠰᠦᠨ ᠱᠠᠲᠤᠨ᠎ᠤ ᠬᠢᠨᠠᠯᠲᠠ ᠲᠠᠯᠪᠢᠬᠤ ᠰᠢᠰᠲ᠋ᠧᠮ᠎ᠢ ᠲᠡᠭᠦᠯᠳᠡᠷᠵᠢᠭᠦᠯᠵᠦ ᠂ 《 ᠨᠢᠭᠡᠳᠦᠭᠡᠷ ᠬᠠᠷᠢᠭᠤᠴᠠᠯᠭ᠋ᠠᠲᠠᠨ 》 ᠪᠠ ᠤᠳᠤᠷᠢᠳᠬᠤ ᠪᠠᠭ᠎ᠤᠨ ᠬᠢᠨᠠᠯᠲᠠ ᠵᠢ ᠴᠢᠩᠭ᠋ᠠᠳᠬᠠᠬᠤ ᠬᠡᠷᠡᠭᠲᠡᠢ ᠃ ᠲᠣᠭ᠋ᠠᠴᠢᠯᠠᠭᠰᠠᠨ ᠮᠡᠷᠭᠡᠵᠢᠯ᠎ᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠡᠯ᠎ᠡ ᠵᠦᠢ᠍ᠯ᠎ᠤᠨ ᠲᠤᠬᠠᠶ᠋ᠢᠯᠠᠭᠰᠠᠨ ᠠᠵᠢᠯ᠎ᠳᠤ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠵᠤ ᠂ ᠨᠢᠭᠡ ᠴᠣᠭᠴᠠᠵᠢᠭᠤᠯᠤᠭᠰᠠᠨ ᠠᠵᠢᠯ᠎ᠤᠨ ᠲᠠᠪᠴᠠᠩ᠎ᠢ ᠪᠠᠶ᠋ᠢᠭᠤᠯᠬᠤ ᠬᠡᠷᠡᠭᠲᠡᠢ ᠃
ᠨᠠᠢ᠍ᠮᠠᠳᠤᠭ᠋ᠠᠷ᠎ᠲᠤ ᠂ ᠲᠤᠶ᠋ᠢᠯᠪᠤᠷᠢᠲᠠᠢ ᠥᠪᠡᠷ ᠪᠡᠶ᠎ᠡ ᠵᠢᠨ ᠬᠤᠪᠢᠰᠬᠠᠯ ᠬᠢᠬᠦ ᠵᠣᠷᠢᠭ ᠰᠠᠨᠠᠭ᠎ᠠ ᠵᠢ ᠲᠣᠪᠤᠶ᠋ᠢᠯᠭ᠋ᠠᠨ ᠪᠠᠳᠠᠷᠠᠭᠤᠯᠵᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠲᠤᠰ ᠪᠡᠶ᠎ᠡ ᠵᠢᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ ᠬᠡᠷᠡᠭᠲᠡᠢ ᠃ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠲᠦᠷᠦᠭᠦᠯᠡᠨ ᠲᠣᠰ ᠪᠡᠶ᠎ᠡ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠵᠤ ᠂ ᠪᠦᠭᠦ ᠰᠢᠰᠲ᠋ᠧᠮ᠎ᠤᠨ ᠥᠪᠡᠷ᠎ᠤᠨ ᠪᠡᠶ᠎ᠡ ᠵᠢᠨ ᠬᠤᠪᠢᠰᠬᠠᠯ᠎ᠤᠨ ᠥᠯᠢᠭᠡᠷ ᠳᠠᠭᠤᠷᠢᠶᠠᠯ ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠬᠡᠪ ᠳᠠᠭᠤᠷᠢᠶᠠᠯ ᠪᠤᠯᠬᠤ ᠵᠢ ᠳᠠᠶ᠋ᠢᠴᠢᠯᠠᠬᠤ ᠬᠡᠷᠡᠭᠲᠡᠢ ᠃ ᠦᠵᠡᠯ ᠰᠠᠨᠠᠭ᠋ᠠᠨ᠎ᠤ ᠲᠠᠯ᠎ᠠ᠎ᠪᠠᠷ ᠵᠣᠷᠢᠭᠲᠠᠢ᠎ᠪᠠᠷ ᠥᠪᠡᠷ ᠪᠡᠶ᠎ᠡ ᠵᠢᠨ ᠬᠤᠪᠢᠰᠬᠠᠯ ᠬᠢᠵᠦ ᠂ ᠤᠯᠤᠰ ᠲᠦᠷᠦ ᠵᠢᠨ ᠬᠥᠮᠦᠵᠢᠯ ᠂ ᠨᠠᠮᠴᠢ ᠴᠢᠨᠠᠷ᠎ᠤᠨ ᠬᠥᠮᠦᠵᠢᠯ᠎ᠢ ᠪᠠᠶ᠋ᠢᠩᠭᠤᠵᠢᠭᠤᠯᠤᠨ ᠥᠷᠨᠢᠭᠦᠯᠵᠦ ᠂ ᠬᠠᠷᠢᠴᠠᠯᠠᠰᠢᠭᠦᠢ ᠦᠨᠡᠨᠴᠢ ᠰᠢᠳᠤᠷᠭᠤ ᠂ ᠬᠠᠷᠢᠴᠠᠯᠠᠰᠢᠭᠦᠢ ᠨᠠᠶ᠋ᠢᠳᠠᠪᠤᠷᠢᠲᠠᠢ ᠂ ᠬᠠᠷᠢᠴᠠᠯᠠᠰᠢᠭᠦᠢ ᠠᠷᠢᠭᠤᠨ ᠴᠡᠪᠡᠷ ᠪᠠᠶ᠋ᠢᠬᠤ ᠵᠢ ᠢᠮᠠᠭᠲᠠ ᠪᠡᠶᠡᠯᠡᠭᠦᠯᠬᠦ ᠬᠡᠷᠡᠭᠲᠡᠢ ᠃ ᠰᠤᠷᠲᠠᠯ᠎ᠤᠨ ᠲᠠᠯ᠎ᠠ᠎ᠪᠠᠷ ᠵᠣᠷᠢᠭᠲᠠᠢ᠎ᠪᠠᠷ ᠥᠪᠡᠷ ᠪᠡᠶ᠎ᠡ ᠵᠢᠨ ᠬᠤᠪᠢᠰᠬᠠᠯ ᠬᠢᠵᠦ᠂ 《 ᠭᠤᠷᠪᠠᠨ ᠡᠷᠬᠡᠪᠰᠢ 》 ᠵᠢ ᠪᠠᠲᠤ ᠴᠡᠭᠡᠵᠢᠯᠡᠵᠦ᠂ 《 ᠭᠤᠷᠪᠠᠨ ᠴᠢᠩᠭ᠎ᠠ ᠭᠤᠷᠪᠠᠨ ᠪᠣᠳᠠᠲᠠᠢ 》 ᠵᠢ ᠦᠢ᠍ᠯᠡᠳᠦᠯᠭᠡᠵᠢᠭᠦᠯᠵᠦ ᠂ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠵᠤ ᠂ ᠲᠡᠮᠡᠴᠡᠯ᠎ᠤᠨ ᠵᠣᠷᠢᠭ ᠵᠶ᠋ᠠᠨ ᠪᠠᠲᠤᠳᠬᠠᠵᠤ ᠂ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ᠃ ᠠᠷᠢᠭᠤᠨ ᠴᠢᠬᠡᠴᠢ ᠵᠢᠨ ᠲᠠᠯ᠎ᠠ᠎ᠪᠠᠷ ᠵᠣᠷᠢᠭᠲᠠᠢ᠎ᠪᠠᠷ ᠥᠪᠡᠷ ᠪᠡᠶ᠎ᠡ ᠵᠢᠨ ᠬᠤᠪᠢᠰᠬᠠᠯ ᠬᠢᠵᠦ᠂ ᠺᠠᠳ᠋ᠷ᠎ᠤᠨ ᠡᠩᠨᠡᠭᠡ᠎ᠳᠤ ᠣᠷᠣᠰᠢᠵᠤ ᠪᠠᠶ᠋ᠢᠭ᠎ᠠ ᠲᠣᠪᠣᠶ᠋ᠢᠮ᠎ᠠ ᠠᠰᠠᠭᠤᠳᠠᠯ᠎ᠢ ᠪᠠᠶ᠋ᠢᠩᠭᠤ ᠪᠠᠶ᠋ᠢᠴᠠᠭ᠋ᠠᠨ ᠦᠵᠡᠵᠦ᠂ ᠬᠢᠲᠤᠭ᠋ᠠᠨ ᠢᠷ ᠵᠶ᠋ᠠᠨ ᠳᠣᠲᠣᠭᠰᠢ ᠬᠠᠨᠳᠤᠭᠤᠯᠵᠤ ᠪᠦᠭᠦᠳᠡ ᠵᠢ ᠲᠦᠢ᠍ᠳᠦᠭᠴᠢ ᠵᠢ ᠠᠷᠢᠯᠭ᠋ᠠᠵᠤ᠂ 《ᠳᠡᠷᠭᠡᠳᠡᠬᠢ ᠠᠰᠠᠭᠤᠳᠠᠯ ᠵᠶ᠋ᠠᠨ ᠣᠯᠵᠤ ᠬᠠᠷᠠᠬᠤ ᠦᠭᠡᠢ》 ᠪᠠᠶ᠋ᠢᠳᠠᠯ᠎ᠢ ᠡᠷᠡᠰ ᠰᠡᠷᠭᠡᠶ᠋ᠢᠯᠡᠨ ᠵᠠᠰᠠᠬᠤ ᠬᠡᠷᠡᠭᠲᠡᠢ ᠃ ᠴᠢᠩᠭ᠎ᠠ ᠬᠠᠮᠢᠶᠠᠷᠬᠤ ᠲᠠᠯ᠎ᠠ᠎ᠪᠠᠷ ᠵᠣᠷᠢᠭᠲᠠᠢ᠎ᠪᠠᠷ ᠥᠪᠡᠷ ᠪᠡᠶ᠎ᠡ ᠵᠢᠨ ᠬᠤᠪᠢᠰᠬᠠᠯ ᠬᠢᠵᠦ ᠂ ᠺᠠᠳ᠋ᠷ᠎ᠲᠤ ᠪᠠᠶ᠋ᠢᠩᠭᠤ ᠵᠢᠨ ᠴᠢᠨᠠᠷᠲᠠᠢ ᠬᠢᠨᠠᠯᠲᠠ ᠲᠠᠯᠪᠢᠬᠤ ᠵᠢ ᠨᠠᠷᠢᠯᠢᠭ ᠪᠣᠳᠠᠲᠠᠢ ᠬᠢᠵᠦ ᠂ ᠬᠢᠨᠠᠨ ᠪᠠᠶ᠋ᠢᠴᠠᠭ᠋ᠠᠬᠤ ᠲᠤᠰᠢᠶᠠᠯᠲᠠᠨ᠎ᠤ ᠠᠵᠢᠯ ᠮᠡᠷᠭᠡᠵᠢᠯ᠎ᠤᠨ ᠪᠠᠲᠤᠯᠠᠭ᠎ᠠ ᠵᠢᠨ ᠢᠵᠢ ᠪᠦᠷᠢᠳᠦᠭᠰᠡᠨ ᠳᠦᠷᠢᠮ᠎ᠢ ᠲᠡᠭᠦᠯᠳᠡᠷᠵᠢᠭᠦᠯᠵᠦ ᠂ ᠺᠠᠳ᠋ᠷ᠎ᠤᠨ ᠰᠡᠳᠬᠢᠯ ᠠᠮᠤᠷ ᠵᠶ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠬᠤ ᠬᠡᠷᠡᠭᠲᠡᠢ ᠭᠡᠵᠦ ᠳᠤᠷᠠᠳᠤᠨ ᠭᠠᠷᠭ᠋ᠠᠵᠠᠢ ᠃
ᠪᠦᠭᠦᠳᠠ ᠬᠤᠷᠠᠯ᠎ᠠᠴᠠ ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠂ ᠦᠨᠡᠨᠴᠢ ᠰᠢᠳᠤᠷᠭᠤ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ᠎ᠤᠨ ᠳᠦᠷᠰᠦ ᠪᠠᠶ᠋ᠢᠳᠠᠯ ᠂ ᠡᠭᠦᠷᠢᠳᠡ ᠴᠥᠬᠦᠷᠡᠰᠢ ᠦᠭᠡᠢ ᠪᠠᠶ᠋ᠢᠬᠤ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ ᠵᠶ᠋ᠠᠷ ᠰᠢᠨ᠎ᠡ ᠠᠶᠠᠨ᠎ᠳᠠᠬᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠤᠷᠢᠶᠠᠯᠠᠪᠠ!