ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠠᠷᠠᠳ᠎ᠤᠨ ᠵᠠᠰᠠᠭ᠎ᠤᠨ ᠣᠷᠳᠣᠨ
ᠥᠪᠥᠷ ᠵᠠᠰᠠᠭ ᠦᠰᠦᠭ 〔 2025 〕 101 ᠳ᠋ᠦ᠍ᠭᠡᠷ ᠲᠣᠭᠠᠲᠤ
ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢ ᠪᠠᠢᠭᠤᠯᠬᠤ
ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
2025 ᠣᠨ᠎ᠤ 6 ᠳ᠋ᠤᠭᠠᠷ ᠰᠠᠷ᠎ᠠ ᠳᠤ᠂ ᠰᠤᠷᠭᠠᠨ ᠬᠥᠮᠦᠵᠢᠯ᠎ᠦᠨ ᠶᠠᠮᠤᠨ 《 ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠪᠠᠢᠭᠤᠯᠬᠤ᠎ᠶᠢ ᠵᠥᠪᠰᠢᠶᠡᠷᠡᠬᠦ ᠲᠤᠬᠠᠢ ᠵᠠᠬᠢᠳᠠᠯ》 (ᠰᠤᠷᠭᠠᠨ ᠲᠠᠷᠬᠠᠭᠠᠭᠰᠠᠨ ᠵᠠᠬᠢᠳᠠᠯ 〔 2020 〕 285 ᠳ᠋ᠤᠭᠠᠷ ᠲᠣᠭᠠᠲᠤ)᠎ᠢ ᠳᠠᠷᠤᠮᠠᠯᠯᠠᠨ ᠲᠠᠷᠬᠠᠭᠠᠵᠤ᠂ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠰᠠᠭᠤᠷᠢᠨ ᠳᠡᠭᠡᠷ᠎ᠡ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠪᠠᠢᠭᠤᠯᠬᠤ᠎ᠶᠢ ᠵᠥᠪᠰᠢᠶᠡᠷᠡᠪᠡ᠂ ᠰᠤᠷᠭᠠᠭᠤᠯᠢ᠎ᠶᠢᠨ ᠢᠯᠡᠳᠬᠡᠬᠦ ᠲᠡᠮᠳᠡᠭ᠎ᠤᠨ ᠨᠣᠮᠧᠷ ᠨᠢ 4115010871 ᠪᠠᠢᠵᠤ᠂ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠪᠠᠢᠭᠤᠯᠤᠮᠵᠢ᠎ᠶᠢᠨ ᠳᠦᠷᠢᠮ᠎ᠢ ᠬᠠᠮᠲᠤ᠎ᠳᠦ ᠨᠢ ᠬᠦᠴᠦᠨ ᠦᠭᠡᠢ ᠪᠣᠯᠭᠠᠪᠠ᠃ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠪᠠᠢᠭᠤᠯᠤᠯᠲᠠ ᠪᠠ ᠴᠢᠨᠠᠷ ᠰᠠᠢᠲᠠᠢ ᠬᠥᠭᠵᠢᠯᠲᠡ᠎ᠶᠢ ᠲᠦᠷᠭᠡᠳᠬᠡᠨ ᠠᠬᠢᠭᠤᠯᠬᠤ᠎ᠶᠢᠨ ᠲᠤᠰᠠᠳᠠ᠂ ᠡᠳᠦᠭᠡ ᠬᠣᠯᠪᠣᠭᠳᠠᠯ ᠪᠦᠬᠦᠢ ᠵᠦᠢᠯᠡᠰ᠎ᠢ ᠳᠣᠣᠷᠠᠬᠢ ᠮᠡᠲᠦ ᠮᠡᠳᠡᠭᠳᠡᠪᠡ᠃
ᠨᠢᠭᠡ᠂ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠨᠢ ᠠᠯᠪᠠᠨ᠎ᠠᠴᠠ ᠡᠷᠬᠢᠯᠡᠭᠰᠡᠨ ᠦᠨᠳᠦᠰᠦᠨ ᠠᠩᠭᠢ᠎ᠶᠢᠨ ᠳᠠᠰ ᠳᠠᠪᠬᠤᠷᠭ᠎ᠠ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠪᠠᠢᠵᠤ᠂ ᠦᠨᠳᠦᠰᠦᠨ ᠠᠩᠭᠢ᠂ ᠲᠤᠰᠬᠠᠢ ᠮᠡᠷᠭᠡᠵᠢᠯ᠎ᠦᠨ ᠠᠩᠭᠢ ᠪᠠ ᠥᠷᠭᠦᠯᠵᠢᠯᠡᠭᠰᠡᠨ ᠰᠤᠷᠭᠠᠨ ᠬᠥᠮᠦᠵᠢᠯ᠎ᠢ ᠬᠡᠷᠡᠭᠵᠢᠭᠦᠯᠦᠨ᠎ᠡ᠃
ᠬᠣᠶᠠᠷ᠂ ᠰᠤᠷᠭᠠᠭᠤᠯᠢ᠎ᠶᠢᠨ ᠪᠦᠬᠦᠯᠢ ᠡᠳᠦᠷ᠎ᠤᠨ ᠳᠦᠷᠢᠮᠲᠦ ᠰᠤᠷᠭᠠᠭᠤᠯᠢ᠎ᠳᠤ ᠪᠠᠢᠭ᠎ᠠ ᠰᠤᠷᠤᠭ᠍ᠴᠢ᠎ᠶᠢᠨ ᠬᠡᠪᠴᠢᠶ᠎ᠡ᠎ᠶᠢ ᠲᠦᠷ 8500 ᠬᠥᠮᠥᠨ᠎ᠢᠶᠡᠷ ᠲᠣᠭᠲᠠᠭᠠᠨ᠎ᠠ᠃
ᠭᠤᠷᠪᠠ᠂ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠭᠣᠣᠯᠴᠢᠯᠠᠨ ᠬᠠᠮᠢᠶᠠᠷᠴᠤ᠂ ᠵᠠᠷᠤᠳᠠᠯ᠎ᠤᠨ ᠤᠷᠤᠭᠤᠯᠤᠯᠲᠠ᠎ᠶᠢ ᠨᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠦᠨ ᠵᠠᠰᠠᠭ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠠᠩᠭᠢ ᠪᠠ ᠲᠤᠰᠬᠠᠢ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠬᠣᠯᠪᠣᠭᠳᠠᠯ ᠪᠦᠬᠦᠢ ᠲᠦᠷᠦ᠎ᠶᠢᠨ ᠪᠣᠳᠣᠯᠭ᠎ᠠ᠎ᠶᠢᠨ ᠲᠣᠭᠲᠠᠭᠠᠯ᠎ᠢᠶᠠᠷ ᠯᠠᠪᠯᠠᠯᠲᠠ ᠪᠣᠯᠭᠠᠨ ᠪᠠᠲᠤᠯᠠᠨ᠎ᠠ᠃
ᠳᠥᠷᠪᠡ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠨᠢ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠳᠡᠬᠢ ᠤᠳᠤᠷᠢᠳᠤᠯᠭ᠎ᠠ᠎ᠪᠠᠨ ᠴᠢᠩᠭᠠᠳᠬᠠᠵᠤ᠂ ᠨᠠᠮ᠎ᠤᠨ ᠬᠣᠷᠢᠶᠠᠨ᠎ᠤ ᠤᠳᠤᠷᠢᠳᠤᠯᠭ᠎ᠠ ᠳᠣᠣᠷᠠᠬᠢ ᠰᠤᠷᠭᠠᠭᠤᠯᠢ᠎ᠶᠢᠨ ᠵᠠᠬᠢᠷᠤᠯ ᠬᠠᠷᠢᠭᠤᠴᠠᠬᠤ ᠳᠦᠷᠢᠮ᠎ᠢ ᠨᠠᠢᠳᠠᠪᠤᠷᠢᠵᠢᠭᠤᠯᠤᠨ᠂ ᠰᠤᠷᠭᠠᠭᠤᠯᠢ᠎ᠶᠢᠨ ᠨᠠᠮ᠎ᠤᠨ ᠵᠣᠬᠢᠶᠠᠨ ᠪᠠᠢᠭᠤᠯᠤᠯᠲᠠ ᠪᠠ ᠺᠠᠳ᠋ᠷ᠎ᠤᠨ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠰᠢᠯᠢᠳᠡᠭᠵᠢᠭᠦᠯᠦᠨ ᠵᠣᠬᠢᠴᠠᠯᠳᠤᠭᠤᠯᠵᠤ ᠥᠨᠳᠥᠷ ᠪᠦᠲᠦᠮᠵᠢᠲᠠᠢ᠎ᠪᠠᠷ ᠪᠠᠢᠭᠤᠯᠤᠮᠵᠢ ᠣᠷᠣᠨ ᠲᠣᠭ᠎ᠠ᠎ᠶᠢ ᠲᠣᠬᠢᠷᠠᠭᠤᠯᠤᠨ᠂ ᠵᠠᠷᠤᠳᠠᠯ᠎ᠤᠨ ᠣᠷᠤᠭᠤᠯᠤᠯᠲᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠰᠤᠷᠭᠠᠭᠤᠯᠢ ᠡᠷᠬᠢᠯᠡᠭᠦ ᠨᠥᠬᠥᠴᠡᠯ᠎ᠢ ᠨᠢ ᠦᠷᠭᠦᠯᠵᠢᠯᠡᠨ ᠰᠠᠢᠵᠢᠷᠠᠭᠤᠯᠵᠤ᠂ ᠬᠠᠮᠵᠢᠯᠴᠠᠨ ᠬᠥᠮᠥᠨ᠎ᠢ ᠬᠥᠮᠥᠵᠢᠭᠦᠯᠬᠦ ᠲᠣᠭᠲᠠᠴᠠ᠎ᠶᠢ ᠲᠡᠭᠦᠯᠳᠡᠷᠵᠢᠭᠦᠯᠦᠨ᠂ ᠰᠤᠷᠭᠠᠭᠤᠯᠢ᠎ᠶᠢᠨ ᠰᠢᠨᠵᠢᠯᠡᠬᠦ ᠤᠬᠠᠭᠠᠨᠴᠢ ᠪᠠᠢᠷᠢ ᠲᠣᠭᠲᠠᠭᠠᠯᠲᠠ᠂ ᠠᠭᠤᠯᠤᠭᠳᠠᠬᠤᠨ ᠮᠠᠶᠢᠭ᠋᠎ᠤᠨ ᠬᠥᠭᠵᠢᠯᠲᠡ᠎ᠳᠤ ᠨᠢ ᠵᠢᠯᠣᠭᠣᠳᠤᠯᠭ᠎ᠠ ᠦᠵᠡᠭᠦᠯᠵᠦ᠂ ᠦᠨᠳᠦᠰᠦᠨ ᠠᠩᠭᠢ᠂ ᠲᠤᠰᠬᠠᠢ ᠮᠡᠷᠭᠡᠵᠢᠯ᠎ᠦᠨ ᠠᠩᠭᠢ᠎ᠶᠢᠨ ᠰᠤᠷᠭᠠᠨ ᠬᠥᠮᠦᠵᠢᠯ᠎ᠦᠨ ᠪᠦᠲᠦᠴᠡ ᠪᠠ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ᠎ᠦᠨ ᠪᠠᠢᠷᠢᠰᠢᠭᠤᠯᠤᠯᠲᠠ᠎ᠶᠢ ᠨᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ ᠪᠠ ᠰᠢᠨᠵᠢᠯᠡᠬᠦ ᠤᠬᠠᠭᠠᠨ᠎ᠤ ᠰᠤᠳᠤᠯᠤᠯ᠎ᠤᠨ ᠴᠢᠳᠠᠪᠤᠷᠢ ᠵᠡᠷᠭᠡ ᠠᠭᠤᠯᠤᠭᠳᠠᠬᠤᠨ᠎ᠤ ᠪᠠᠢᠭᠤᠯᠤᠯᠲᠠ᠎ᠪᠠᠨ ᠴᠢᠩᠭᠠᠷᠠᠭᠤᠯᠬᠤ᠎ᠶᠢ ᠨᠢ ᠳᠡᠮᠵᠢᠬᠦ ᠬᠡᠷᠡᠭᠲᠡᠢ᠃
ᠲᠠᠪᠤ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢ ᠵᠠᠷᠤᠳᠠᠯ᠎ᠤᠨ ᠲᠠᠯ᠎ᠠ᠎ᠳᠤ ᠣᠷᠤᠭᠤᠯᠤᠯᠲᠠ ᠬᠢᠬᠦ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠣᠷᠣᠭᠤᠯᠤᠨ ᠠᠪᠴᠢᠷᠠᠬᠤ᠂ ᠳᠠᠪᠠᠭᠤᠯᠢᠭ᠋ ᠰᠢᠨᠵᠢᠯᠡᠭᠡᠨ᠎ᠦ ᠰᠠᠯᠠᠭ᠎ᠠ᠎ᠶᠢ ᠪᠣᠢᠵᠢᠭᠤᠯᠬᠤ᠂ ᠰᠢᠨᠵᠢᠯᠡᠬᠦ ᠤᠬᠠᠭᠠᠨ᠎ᠤ ᠰᠤᠳᠤᠯᠤᠯ᠎ᠤᠨ ᠲᠦᠷᠦᠯ ᠵᠦᠢᠯ᠎ᠢ ᠭᠤᠶᠤᠴᠢᠯᠠᠨ ᠮᠡᠳᠡᠭᠦᠯᠬᠦ᠂ ᠰᠠᠭᠤᠷᠢ ᠪᠡᠯᠡᠳᠬᠡᠮᠵᠢ᠎ᠶᠢ ᠪᠦᠲᠦᠭᠡᠨ ᠪᠠᠢᠭᠤᠯᠬᠤ ᠵᠡᠷᠭᠡ ᠲᠠᠯ᠎ᠠ᠎ᠳᠤ ᠪᠠᠲᠤᠯᠠᠭ᠎ᠠ ᠬᠠᠩᠭᠠᠬᠤ ᠬᠡᠷᠡᠭᠲᠡᠢ᠃
ᠵᠢᠷᠭᠤᠭ᠎ᠠ᠂ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠨᠢ ᠰᠤᠷᠭᠠᠨ ᠬᠥᠮᠦᠵᠢᠯ᠎ᠦᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠨᠠᠮ᠎ᠤᠨ ᠪᠠᠢᠭᠤᠯᠤᠯᠲᠠ᠎ᠪᠠᠨ ᠦᠨᠡᠨ ᠬᠦ᠌ ᠴᠢᠩᠭᠠᠳᠬᠠᠵᠤ᠂ ᠨᠠᠮ ᠪᠠ ᠤᠯᠤᠰ᠎ᠤᠨ ᠰᠤᠷᠭᠠᠨ ᠬᠥᠮᠦᠵᠢᠯ᠎ᠦᠨ ᠴᠢᠭᠯᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠳᠤᠮᠳᠠᠲᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠦᠨ ᠲᠣᠭᠣᠷᠢᠨ᠎ᠳᠤ ᠴᠢᠩᠭ᠎ᠠ ᠨᠢᠭ᠍ᠲᠠᠷᠠᠵᠤ᠂ ᠨᠡᠢᠭᠡᠮ ᠵᠢᠷᠤᠮ᠎ᠤᠨ ᠰᠤᠷᠭᠠᠭᠤᠯᠢ ᠡᠷᠬᠢᠯᠡᠬᠦ ᠴᠢᠭᠯᠡᠯ᠎ᠢ ᠪᠠᠷᠢᠮᠲᠠᠯᠠᠨ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠰᠤᠷᠭᠠᠭᠤᠯᠢ ᠡᠷᠭᠢᠯᠡᠬᠦ ᠪᠠᠢᠷᠢ ᠲᠣᠭᠲᠠᠭᠠᠯᠲᠠ᠎ᠶᠢ ᠪᠠᠷᠢᠮᠲᠠᠯᠠᠵᠤ᠂ ᠶᠣᠰᠣ᠌ ᠰᠤᠷᠲᠠᠬᠤᠨ᠎ᠢᠶᠠᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠤᠨ᠂ ᠠᠵᠤ ᠦᠢᠯᠡᠰ᠎ᠤᠨ ᠬᠥᠭᠵᠢᠯᠲᠡ᠂ ᠮᠡᠷᠭᠡᠵᠢᠯ᠎ᠦᠨ ᠬᠤᠪᠢᠰᠤᠯᠲᠠ᠂ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ ᠯᠤᠭ᠎ᠠ ᠨᠢᠭ᠍ᠲᠠ ᠵᠠᠯᠭᠠᠯᠳᠤᠭᠤᠯᠬᠤ᠎ᠶᠢ ᠴᠢᠩᠭᠠᠷᠠᠭᠤᠯᠵᠤ᠂ ᠡᠬᠡ ᠤᠯᠤᠰ᠎ᠤᠨ ᠤᠮᠠᠷᠠᠲᠤ ᠬᠢᠯᠢ᠎ᠶᠢᠨ ᠪᠠᠷᠢᠯᠭ᠎ᠠ᠎ᠶᠢᠨ ᠣᠨᠴᠠᠯᠢᠭ᠋᠎ᠢᠶᠠᠷ ᠢᠯᠡ ᠲᠣᠳᠣ᠌᠂ ᠣᠷᠣᠨ ᠪᠦᠰᠡ᠎ᠶᠢᠨ ᠲᠡᠷᠢᠭᠦᠨ᠎ᠦ ᠥᠨᠳᠥᠷ ᠬᠢᠷᠢ ᠲᠦᠪᠰᠢᠨ ᠲᠠᠢ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢ ᠠᠯᠬᠤᠮ ᠠᠯᠬᠤᠮ᠎ᠢᠶᠠᠷ ᠪᠠᠢᠭᠤᠯᠤᠨ᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ᠃
2025 ᠣᠨ᠎ᠤ 6 ᠳ᠋ᠤᠭᠠᠷ ᠰᠠᠷ᠎ᠠ᠎ᠶᠢᠨ 27᠎ᠤ ᠡᠳᠦᠷ
( ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)