8 ᠰᠠᠷ᠎ᠠ ᠵᠢᠨ 16᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠬᠣᠶᠠᠷ ᠶᠡᠬᠡ ᠶᠠᠪᠤᠳᠠᠯ ᠵᠶ᠋ᠠᠷ ᠭᠤᠤᠯ ᠭᠠᠷᠳᠠᠴᠠ ᠪᠣᠯᠭ᠋ᠠᠨ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ》 ᠭᠤᠤᠯ ᠰᠡᠳᠦᠪᠲᠦ ᠰᠢᠷᠢᠰ ᠰᠣᠨᠢᠨ ᠮᠡᠳᠡᠭᠡ ᠨᠡᠶ᠋ᠢᠲᠡᠯᠡᠬᠦ ᠬᠤᠷᠠᠯ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠲᠤᠰᠬᠠᠶ ᠲᠠᠯᠠᠪᠤᠷ)᠎ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ ᠵᠢᠨ ᠭᠡᠰᠢᠭᠦᠨ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠯᠢ ᠶᠢᠩ 《ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠣᠨᠣᠪᠴᠢᠲᠠᠶ ᠡᠵᠡᠮᠳᠡᠵᠦ ᠣᠷᠣᠨ ᠪᠦᠰᠡ ᠵᠢᠨ ᠬᠥᠭᠵᠢᠯᠲᠡ᠎ᠳᠤ ᠪᠥᠬᠥ ᠬᠦᠴᠦᠨ ᠵᠶ᠋ᠠᠷ ᠵᠶ᠋ᠠᠨ ᠦᠢ᠍ᠯᠡᠴᠢᠯᠡᠨ ᠣᠳᠣᠬᠢᠴᠢᠯᠠᠭᠰᠠᠨ ᠥᠪᠥᠷ ᠮᠣᠩᠭᠣᠯ᠎ᠢ ᠪᠥᠲᠥᠭᠡᠨ ᠪᠠᠶ᠋ᠢᠭᠤᠯᠬᠤ᠎ᠳᠤ ᠰᠤᠷᠭ᠋ᠠᠨ ᠬᠥᠮᠦᠵᠢᠯ᠎ᠤᠨ ᠬᠦᠴᠦᠨ ᠴᠢᠳᠠᠯ ᠵᠶ᠋ᠠᠨ ᠡᠷᠭᠦᠶ᠎ᠡ》 ᠭᠡᠬᠦ ᠭᠤᠤᠯ ᠰᠡᠳᠦᠪᠲᠦ ᠨᠡᠢ᠌ᠲᠡᠯᠡᠯ ᠬᠢᠭᠰᠡᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶᠠᠨ᠎ᠤ ᠭᠡᠰᠢᠭᠦᠨ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠮᠢᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶᠠᠨ᠎ᠤ ᠭᠡᠰᠢᠭᠦᠨ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠶᠡᠷᠦᠩᠬᠡᠢ ᠰᠤᠷᠭ᠋ᠠᠭᠤᠯᠢ ᠪᠠᠶ᠋ᠢᠴᠠᠭ᠋ᠠᠭᠴᠢ ᠵᠦ᠍ ᠪᠦᠦ ᠵᠢᠶᠠᠩ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠬᠦᠷᠢᠶᠡᠯᠡᠩ᠎ᠤᠨ ᠳᠠᠷᠤᠭ᠎ᠠ ᠠᠨ ᠯᠢ ᠮᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃ ᠬᠠᠮᠲᠤ᠎ᠳᠤ᠎ᠪᠠᠨ ᠦᠵᠡᠵᠡᠭᠡᠶ᠎ᠡ —
1 . ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠠᠶ᠋ᠢᠭᠤᠯᠬᠤ᠎ᠳᠤ ᠬᠣᠰᠢᠭᠤᠯᠠᠭᠴᠢ ᠪᠣᠯ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠰᠢᠨᠵᠢᠯᠡᠭᠡᠨ᠎ᠤ ᠰᠠᠯᠠᠭ᠎ᠠ ᠵᠢ ᠥᠳᠲᠡᠷ ᠲᠦᠷᠭᠡᠨ ᠪᠠᠶ᠋ᠢᠭᠤᠯᠬᠤ᠂ ᠰᠢᠨ᠎ᠡ ᠵᠢ ᠡᠭᠦᠳᠬᠦ ᠣᠷᠣᠶ᠋ᠢᠯᠠᠭᠰᠠᠨ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠦᠵᠢᠭᠦᠯᠬᠦ ᠵᠢ ᠴᠢᠩᠭ᠋ᠠᠳᠬᠠᠬᠤ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠵᠠᠩᠭᠢᠯᠠᠭ᠎ᠠ ᠵᠢᠨ ᠭᠤᠤᠯᠯᠠᠬᠤ ᠮᠡᠷᠭᠡᠵᠢᠯ᠎ᠢ ᠰᠢᠢ᠍ᠳᠪᠦᠷᠢᠯᠡᠬᠦ᠎ᠳᠤ ᠬᠦᠴᠦᠨ ᠨᠡᠮᠡᠷᠢᠯᠡᠬᠦ ᠵᠡᠷᠭᠡ ᠲᠠᠯ᠎ᠠ᠎ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠᠢ᠌ᠬᠤ ᠪᠣᠶ?
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ ᠵᠢᠨ ᠭᠡᠰᠢᠭᠦᠨ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠯᠢ ᠶᠢᠩ ᠄ ᠶᠠᠭ ᠰᠤᠷᠪᠤᠯᠵᠢᠯᠠᠭᠴᠢ ᠨᠠᠶ᠋ᠢᠵᠠ ᠵᠢᠨ ᠬᠡᠯᠡᠭᠰᠡᠨᠴᠢᠯᠡᠨ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠬᠣᠰᠢᠭᠤᠴᠢᠯᠠᠭᠴᠢ ᠪᠣᠯ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠪᠣᠯᠤᠨ᠎ᠠ᠃ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠣᠶᠠᠷ ᠶᠡᠬᠡ ᠶᠠᠪᠤᠳᠠᠯ᠎ᠢ ᠴᠢᠷᠮᠠᠶ᠋ᠢᠨ ᠰᠠᠶ᠋ᠢᠲᠤᠷ ᠬᠢᠬᠦ᠎ᠳᠤ ᠡᠷᠬᠡᠪᠰᠢ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠳᠠᠭ᠋ᠠᠭᠤᠯᠤᠭᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠦᠵᠢᠭᠦᠯᠬᠦ ᠴᠢᠨᠠᠷ ᠴᠢᠨᠰᠠᠭ᠎ᠠ ᠵᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠵᠢ ᠡᠭᠦᠳᠬᠦ ᠣᠷᠣᠶ᠋ᠢᠯᠠᠭᠰᠠᠨ ᠴᠢᠳᠠᠪᠤᠷᠢᠲᠠᠨ᠎ᠢ ᠬᠥᠮᠦᠵᠢᠭᠦᠯᠦᠨ ᠪᠣᠶ᠋ᠢᠵᠢᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ᠃ ᠨᠢᠭᠡ᠎ᠳᠤ᠂ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠤᠨ ᠳᠣᠭᠲᠠᠯᠴᠠᠭ᠋ᠠᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠪᠡ᠃ ᠲᠠᠪᠤᠨ ᠶᠡᠬᠡ ᠡᠭᠦᠷᠭᠡ᠎ᠳᠤ ᠦᠢ᠍ᠯᠡᠴᠢᠯᠡᠬᠦ᠎ᠳᠤ ᠠᠩᠬᠠᠷᠤᠯ ᠵᠶ᠋ᠠᠨ ᠬᠠᠨᠳᠤᠭᠤᠯᠤᠨ᠂ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠤᠨ ᠲᠣᠬᠢᠷᠠᠭᠤᠯᠤᠯᠲᠠ ᠪᠣᠯᠤᠨ ᠠᠵᠤ ᠦᠢ᠍ᠯᠡᠰ᠎ᠤᠨ ᠬᠡᠯᠬᠢᠶ᠎ᠡ᠂ ᠰᠢᠨ᠎ᠡ ᠵᠢ ᠡᠭᠦᠳᠬᠦ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ ᠵᠢᠨ ᠬᠠᠷᠢᠯᠴᠠᠨ ᠵᠣᠬᠢᠴᠠᠯᠳᠤᠬᠤ ᠪᠠ ᠬᠠᠷᠢᠯᠴᠠᠨ ᠠᠬᠢᠭᠤᠯᠬᠤ ᠵᠢ ᠠᠬᠢᠭᠤᠯᠵᠤ᠂ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠤᠨ ᠴᠢᠨᠠᠷᠯᠢᠭ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠬᠤ ᠴᠢᠳᠠᠪᠤᠷᠢ᠂ ᠲᠤᠯᠭ᠋ᠠᠭᠤᠷᠢᠯᠠᠬᠤ ᠬᠦᠴᠦᠨ ᠪᠠ ᠬᠥᠲᠥᠯᠥᠨ ᠳᠠᠭ᠋ᠠᠭᠤᠯᠬᠤ ᠬᠦᠴᠦᠨ᠎ᠢ ᠴᠢᠩᠭ᠋ᠠᠷᠠᠭᠤᠯᠪᠠ᠃ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠦᠷᠢᠶ᠎ᠡ ᠴᠠᠷᠠᠭ᠋ᠠᠨ᠎ᠤ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠰᠢᠨ᠎ᠡ ᠵᠢ ᠡᠭᠦᠳᠦᠨ ᠬᠥᠭᠵᠢᠭᠦᠯᠬᠦ ᠵᠢ ᠭᠦᠨᠵᠡᠭᠡᠶ᠋ᠢᠷᠡᠭᠦᠯᠵᠦ᠂ ᠳᠡᠭᠡᠳᠦ ᠰᠤᠷᠭ᠋ᠠᠭᠤᠯᠢ ᠵᠢ ᠬᠥᠲᠥᠯᠥᠨ ᠵᠢᠯᠣᠭᠣᠳᠴᠤ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ ᠵᠡᠷᠭᠡ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ᠎ᠳᠤ ᠲᠥᠪᠯᠡᠷᠡᠭᠦᠯᠦᠨ ᠴᠢᠳᠠᠪᠤᠷᠢᠲᠠᠨ ᠬᠥᠮᠦᠵᠢᠭᠦᠯᠬᠦ ᠴᠢᠳᠠᠪᠤᠷᠢ ᠵᠢ ᠲᠦᠷᠭᠡᠳᠭᠡᠪᠡ᠃ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠬᠦᠷᠢᠶᠡᠨ᠎ᠳᠠᠬᠢ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠤᠯᠠᠮᠵᠢᠯᠠᠯᠲᠤ ᠲᠠᠷᠢᠶᠠᠯᠠᠩ᠎ᠤᠨ ᠰᠢᠨᠵᠢᠯᠡᠭᠡᠨ᠎ᠤ ᠰᠠᠯᠠᠭ᠎ᠠ ᠵᠢᠨ ᠲᠠᠰ ᠳᠡᠪᠰᠢᠬᠦ ᠵᠢ ᠲᠦᠷᠭᠡᠳᠬᠡᠨ᠂ ᠠᠵᠤ ᠦᠢ᠍ᠯᠡᠰ᠎ᠤᠨ ᠮᠡᠷᠭᠡᠵᠢᠯ᠎ᠤᠨ ᠬᠤᠪᠢ ᠨᠡᠮᠡᠷᠢ ᠵᠢᠨ ᠨᠣᠷᠮ᠎ᠠ ᠵᠢ ᠳᠡᠭᠡᠭᠰᠢᠯᠡᠭᠦᠯᠪᠡ᠃ ᠬᠣᠶᠠᠷ᠎ᠲᠤ᠂ ᠲᠡᠷᠢᠭᠦᠨ᠎ᠤ ᠰᠢᠨᠵᠢᠯᠡᠭᠡᠨ᠎ᠤ ᠰᠠᠯᠠᠭ᠎ᠠ ᠵᠢ ᠪᠠᠢ᠌ᠭᠤᠯᠬᠤ ᠠᠵᠢᠯᠯᠠᠭ᠎ᠠ ᠵᠢ ᠥᠷᠨᠢᠭᠦᠯᠪᠡ᠃ ᠲᠠᠪᠤᠨ ᠶᠡᠬᠡ ᠡᠭᠦᠷᠭᠡ᠎ᠳᠤ ᠦᠢ᠍ᠯᠡᠴᠢᠯᠡᠬᠦ᠎ᠳᠤ ᠠᠩᠬᠠᠷᠤᠯ ᠵᠶ᠋ᠠᠨ ᠬᠠᠨᠳᠤᠭᠤᠯᠤᠨ᠂ ᠰᠢᠨ᠎ᠡ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ 《ᠲᠡᠷᠢᠭᠦᠨ᠎ᠤ ᠰᠢᠨᠵᠢᠯᠡᠭᠡᠨ᠎ᠤ ᠰᠠᠯᠠᠭ᠎ᠠ》 ᠵᠢᠨ ᠪᠠᠶ᠋ᠢᠭᠤᠯᠤᠯᠲᠠ ᠵᠢ ᠠᠬᠢᠭᠤᠯᠵᠤ᠂ 2 ᠲᠡᠷᠢᠭᠦᠨ᠎ᠤ ᠣᠷᠣᠶ᠋ᠢᠯᠠᠭᠰᠠᠨ ᠰᠢᠨᠵᠢᠯᠡᠭᠡᠨ᠎ᠤ ᠰᠠᠯᠠᠭ᠎ᠠ᠂ 19 ᠲᠡᠷᠢᠭᠦᠨ᠎ᠤ ᠣᠷᠣᠶ᠋ᠢᠯᠠᠭᠰᠠᠨ ᠬᠥᠮᠦᠵᠢᠭᠦᠯᠬᠦ ᠰᠢᠨᠵᠢᠯᠡᠭᠡᠨ᠎ᠤ ᠰᠠᠯᠠᠭ᠎ᠠ᠂ 14 ᠲᠡᠷᠢᠭᠦᠨ᠎ᠤ ᠪᠠᠶ᠋ᠢᠭᠤᠯᠬᠤ ᠰᠢᠨᠵᠢᠯᠡᠭᠡᠨ᠎ᠤ ᠰᠠᠯᠠᠭ᠎ᠠ ᠵᠢ ᠭᠤᠤᠯᠳᠠᠯᠭ᠎ᠠ᠎ᠲᠠᠢ ᠪᠥᠲᠥᠭᠡᠨ ᠪᠠᠢ᠌ᠭᠤᠯᠪᠠ᠃ ᠡᠭᠦᠨ᠎ᠳᠤ᠂ ᠡᠪᠡᠰᠦᠨ᠎ᠤ ᠰᠤᠳᠤᠯᠤᠯ᠂ ᠠᠮᠢᠳᠤ ᠪᠣᠳᠠᠰ᠎ᠤᠨ ᠰᠤᠳᠤᠯᠤᠯ᠂ ᠠᠮᠢ ᠠᠬᠤᠶ ᠵᠢᠨ ᠰᠤᠳᠤᠯᠤᠯ᠂ ᠢᠳᠡᠭᠡᠨ᠎ᠤ ᠰᠢᠨᠵᠢᠯᠡᠬᠦ ᠤᠬᠠᠭ᠋ᠠᠨ ᠪᠣᠯᠤᠨ ᠢᠨᠵᠧᠨᠧᠷᠢᠩ᠂ ᠮᠠᠯ ᠠᠵᠤ ᠠᠬᠤᠶ ᠵᠢᠨ ᠰᠤᠳᠤᠯᠤᠯ ᠵᠡᠷᠭᠡ ᠰᠢᠨᠵᠢᠯᠡᠭᠡᠨ᠎ᠤ ᠰᠠᠯᠠᠭ᠎ᠠ᠎ᠨᠢ ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠦᠢ᠍ᠯᠡᠳᠪᠦᠷᠢᠯᠡᠬᠦ ᠵᠢᠴᠢ ᠨᠠᠷᠢᠯᠢᠭ ᠭᠦᠨᠵᠡᠭᠡᠶ ᠪᠣᠯᠪᠠᠰᠤᠷᠠᠭᠤᠯᠬᠤ ᠭᠣᠣᠯᠳᠠᠯᠭ᠎ᠠ᠎ᠲᠠᠢ ᠠᠵᠤ ᠦᠢ᠍ᠯᠡᠰ᠎ᠲᠤ ᠦᠢ᠍ᠯᠡᠴᠢᠯᠡᠪᠡ; ᠬᠥᠳᠡᠯᠭᠡᠭᠴᠢ ᠬᠦᠴᠦᠨ᠎ᠤ ᠢᠨᠵᠧᠨᠧᠷᠢᠩ ᠪᠣᠯᠤᠨ ᠢᠨᠵᠧᠨᠧᠷᠢᠩ᠎ᠤᠨ ᠢᠯᠴᠢ ᠵᠢᠨ ᠹᠢᠽᠢᠺ᠂ ᠮᠠᠲ᠋ᠧᠷᠢᠶᠠᠯ ᠤᠨ ᠰᠢᠨᠵᠢᠯᠡᠬᠦ ᠤᠬᠠᠭ᠋ᠠᠨ ᠪᠣᠯᠤᠨ ᠢᠨᠵᠧᠨᠧᠷᠢᠩ᠂ ᠬᠢᠮᠢ ᠵᠢᠨ ᠢᠨᠵᠧᠨᠧᠷᠢᠩ ᠪᠣᠯᠤᠨ ᠮᠡᠷᠭᠡᠵᠢᠯ᠂ ᠲᠡᠮᠦᠷᠯᠢᠭ ᠬᠠᠶ᠋ᠢᠯᠤᠭᠤᠯᠬᠤ ᠢᠨᠵᠧᠨᠧᠷᠢᠩ᠂ ᠮᠧᠬᠠᠨᠢᠭ᠎ᠤᠨ ᠢᠨᠵᠧᠨᠧᠷᠢᠩ ᠵᠡᠷᠭᠡ ᠰᠢᠨᠵᠢᠯᠡᠭᠡᠨ᠎ᠤ ᠰᠠᠯᠠᠭ᠎ᠠ᠎ᠨᠢ ᠭᠤᠤᠯᠳᠠᠭᠤ ᠥᠪᠡᠷᠲᠡᠭᠡᠨ ᠵᠠᠰᠠᠬᠤ ᠣᠷᠣᠨ᠎ᠤ ᠰᠢᠨ᠎ᠡ ᠡᠨᠧᠷᠭᠢ ᠵᠢᠴᠢ ᠲᠣᠨᠣᠭ ᠲᠥᠬᠥᠭᠡᠷᠦᠮᠵᠢ ᠦᠢ᠍ᠯᠡᠳᠬᠦ᠂ ᠲᠡᠮᠦᠷᠯᠢᠭ ᠨᠡᠭᠡᠭᠡᠨ ᠬᠠᠶ᠋ᠢᠯᠤᠭᠤᠯᠬᠤ ᠵᠢᠴᠢ ᠰᠢᠨ᠎ᠡ ᠮᠠᠲ᠋ᠧᠷᠢᠶᠠᠯ ᠦᠢ᠍ᠯᠡᠳᠬᠦ᠂ ᠨᠡᠭᠦᠷᠡᠰᠦ ᠵᠢᠴᠢ ᠨᠡᠭᠦᠷᠡᠰᠦᠨ᠎ᠤ ᠰᠠᠭᠤᠷᠢ ᠵᠡᠷᠭᠡ ᠭᠤᠤᠯᠳᠠᠯᠭ᠎ᠠ᠎ᠲᠠᠢ ᠠᠵᠤ ᠦᠢ᠍ᠯᠡᠰ᠎ᠲᠤ ᠦᠢ᠍ᠯᠡᠴᠢᠯᠡᠪᠡ; ᠮᠠᠷᠺᠰ᠎ᠤᠨ ᠦᠵᠡᠯ᠎ᠤᠨ ᠣᠨᠣᠯ᠂ ᠦᠨᠳᠦᠰᠦᠲᠡᠨ᠎ᠤ ᠰᠤᠳᠤᠯᠤᠯ ᠵᠡᠷᠭᠡ ᠬᠢᠴᠢᠶᠡᠯ ᠲᠥᠷᠥᠯ᠎ᠨᠢ ᠭᠤᠤᠯᠳᠠᠭᠤ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ ᠪᠥᠬᠥ ᠲᠠᠯ᠎ᠠ᠎ᠪᠠᠷ ᠪᠠᠶ᠋ᠢᠭᠤᠯᠬᠤ᠎ᠳᠤ ᠦᠢ᠍ᠯᠡᠴᠢᠯᠡᠪᠡ᠃ ᠭᠤᠷᠪᠠ᠎ᠳᠤ᠂ ᠬᠡᠷᠡᠭᠯᠡᠭᠡᠨ᠎ᠤ ᠬᠡᠯᠪᠡᠷᠢᠲᠦ ᠴᠢᠳᠠᠪᠤᠷᠢᠲᠠᠨ᠎ᠢ ᠶᠡᠬᠡ᠎ᠪᠠᠷ ᠬᠥᠮᠥᠵᠢᠭᠦᠯᠪᠡ᠃ ᠲᠠᠪᠤᠨ ᠶᠡᠬᠡ ᠡᠭᠦᠷᠭᠡ᠎ᠳᠤ ᠦᠢ᠍ᠯᠡᠴᠢᠯᠡᠬᠦ᠎ᠳᠤ ᠠᠩᠬᠠᠷᠤᠯ ᠵᠶ᠋ᠠᠨ ᠬᠠᠨᠳᠤᠭᠤᠯᠤᠨ᠂ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ᠂ ᠰᠢᠨᠵᠢᠯᠡᠬᠦ ᠤᠬᠠᠭ᠋ᠠᠨ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠭᠦᠨᠵᠡᠭᠡᠶ ᠠᠬᠢᠭᠤᠯᠵᠤ᠂ ᠰᠤᠷᠭ᠋ᠠᠭᠤᠯᠢ ᠵᠢᠨ ᠲᠠᠰ᠎ᠤᠨ ᠣᠲᠣ ᠦᠶ᠎ᠡ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠵᠢ 100 ᠣᠷᠴᠢᠮ ᠪᠠᠶ᠋ᠢᠷᠢᠯᠠᠭᠤᠯᠤᠨ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠲᠣ ᠦᠶ᠎ᠡ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠵᠢ 20᠎ᠠᠴᠠ ᠳᠡᠭᠡᠭᠰᠢ ᠪᠠᠢ᠌ᠭᠤᠯᠤᠨ᠂ ᠤᠯᠤᠰ᠎ᠤᠨ ᠲᠠᠰ᠎ᠤᠨ ᠣᠲᠣ ᠦᠶ᠎ᠡ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠵᠢ 3᠎ᠠᠴᠠ ᠳᠡᠭᠡᠭᠰᠢ ᠪᠣᠶ᠋ᠢᠵᠢᠭᠤᠯᠤᠨ ᠪᠠᠶ᠋ᠢᠭᠤᠯᠵᠤ᠂ 《ᠤᠯᠤᠰ - ᠥᠪᠡᠷᠲᠡᠭᠡᠨ ᠵᠠᠰᠠᠬᠤ ᠣᠷᠣᠨ - ᠰᠤᠷᠭ᠋ᠠᠭᠤᠯᠢ》 ᠭᠤᠷᠪᠠᠨ ᠱᠠᠲᠤᠨ᠎ᠤ ᠣᠲᠣ ᠦᠶ᠎ᠡ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠵᠢ ᠪᠦᠷᠢᠯᠳᠦᠭᠦᠯᠵᠦ᠂ ᠬᠡᠰᠡᠭ ᠪᠦᠯᠦᠭ ᠴᠢᠳᠠᠪᠤᠷᠢᠲᠠᠨ᠎ᠢ ᠬᠥᠮᠦᠵᠢᠭᠦᠯᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ᠂ ᠮᠡᠷᠭᠡᠵᠢᠯ᠎ᠤᠨ ᠰᠢᠨ᠎ᠡ ᠵᠢ ᠡᠭᠦᠳᠬᠦ᠂ ᠠᠵᠤ ᠠᠬᠤᠶ᠋ᠢᠯᠠᠯ᠎ᠳᠤ ᠦᠢ᠍ᠯᠡᠴᠢᠯᠡᠬᠦ᠂ ᠰᠤᠷᠤᠭᠴᠢᠳ᠎ᠤᠨ ᠦᠢ᠍ᠯᠡᠰ ᠪᠣᠰᠬᠠᠬᠤ ᠵᠡᠷᠭᠡ ᠴᠢᠳᠠᠮᠵᠢ ᠵᠢ ᠨᠢᠭᠡ ᠴᠣᠭᠴᠠᠵᠢᠭᠤᠯᠤᠭᠰᠠᠨ ᠳᠠᠭᠤᠢ᠌ᠶᠠᠯ ᠦᠵᠡᠭᠦᠯᠬᠦ ᠴᠢᠨᠠᠷᠲᠠᠶ ᠴᠢᠳᠠᠪᠤᠷᠢᠲᠠᠨ᠎ᠢ ᠬᠥᠮᠦᠵᠢᠭᠦᠯᠬᠦ ᠪᠣᠳᠠᠲᠤ ᠴᠣᠭᠴᠠ ᠵᠢ ᠬᠦᠴᠦᠯᠡᠨ ᠪᠠᠢ᠌ᠭᠤᠯᠪᠠ᠃ ᠳᠥᠷᠪᠡ᠎ᠳᠤ᠂ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠪᠡ᠃ ᠳᠡᠭᠡᠳᠦ ᠰᠤᠷᠭ᠋ᠠᠭᠤᠯᠢ ᠵᠢᠨ ᠵᠣᠬᠢᠶᠠᠨ ᠪᠠᠶ᠋ᠢᠭᠤᠯᠤᠯᠲᠠ᠎ᠲᠠᠢ ᠡᠷᠳᠡᠮ ᠰᠢᠨᠵᠢᠯᠡᠭᠡᠨ᠎ᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ 8 ᠶᠡᠬᠡ ᠠᠵᠤ ᠦᠢ᠍ᠯᠡᠰ᠎ᠤᠨ ᠪᠦᠯᠦᠭᠵᠢᠯ ᠪᠠ 16 ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ᠎ᠲᠠᠢ ᠬᠠᠷᠠᠭ᠋ᠠᠯᠵᠠᠭᠤᠯᠤᠨ᠂ ᠨᠢᠭᠡ ᠪᠦᠯᠦᠭ ᠳᠡᠭᠡᠳᠦ ᠰᠤᠷᠭ᠋ᠠᠭᠤᠯᠢ ᠵᠢᠨ ᠢᠨᠵᠧᠨᠧᠷᠢᠩ᠎ᠤᠨ ᠰᠤᠳᠤᠯᠭ᠋ᠠᠨ᠎ᠤ ᠲᠥᠪ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠭᠰᠠᠨ ᠲᠤᠷᠰᠢᠯᠲᠠ ᠵᠢᠨ ᠲᠠᠰᠤᠭ ᠵᠡᠷᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠠᠶ᠋ᠢᠷᠢᠰᠢᠭᠤᠯᠵᠤ᠂ ᠳᠡᠭᠡᠳᠦ ᠰᠤᠷᠭ᠋ᠠᠭᠤᠯᠢ ᠪᠠ ᠳᠠᠭ᠋ᠠᠭᠤᠯᠤᠭᠴᠢ ᠠᠵᠤ ᠠᠬᠤᠶ᠋ᠢᠯᠠᠯ᠂ ᠳᠤᠮᠳᠠ ᠪᠠᠭ᠎ᠠ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠠᠬᠢᠭᠤᠯᠵᠤ᠂ ᠠᠵᠤ ᠦᠢ᠍ᠯᠡᠰ᠎ᠤᠨ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ ᠵᠠᠩᠭᠢᠯᠠᠭ᠎ᠠ ᠵᠢᠨ ᠭᠤᠤᠯᠯᠠᠬᠤ ᠮᠡᠷᠭᠡᠵᠢᠯ᠎ᠢ ᠬᠦᠴᠦᠯᠡᠨ ᠰᠢᠪᠲᠤᠯᠪᠠ᠃ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯᠯᠠᠭ᠋ᠠᠨ᠎ᠤ ᠬᠣᠯᠪᠣᠭ᠎ᠠ ᠵᠢ ᠪᠠᠶ᠋ᠢᠭᠤᠯᠵᠤ᠂ ᠳᠡᠭᠡᠳᠦ ᠰᠤᠷᠭ᠋ᠠᠭᠤᠯᠢ ᠵᠢᠨ ᠦᠷ᠎ᠡ ᠪᠦᠲᠦᠭᠡᠯ᠎ᠢ ᠤᠯᠠᠷᠢᠭᠤᠯᠬᠤ ᠲᠥᠷᠥᠯ ᠵᠦᠢ᠍ᠯ᠎ᠢ ᠪᠠᠶ᠋ᠢᠭᠤᠯᠤᠨ᠂ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠥᠳᠲᠡᠷ ᠲᠦᠷᠭᠡᠨ ᠠᠬᠢᠭᠤᠯᠪᠠ᠃
2 . ᠣᠲᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ ᠢ ᠠᠬᠢᠭᠤᠯᠬᠤ᠂ ᠣᠨᠴᠠᠭ᠋ᠠᠢ᠌ᠯᠠᠨ ᠠᠵᠤ ᠦᠢ᠍ᠯᠡᠰ᠎ᠤᠨ ᠬᠡᠯᠬᠢᠶ᠎ᠡ ᠵᠢᠨ ᠲᠣᠭᠣᠷᠢᠨ᠎ᠳᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠡᠯᠬᠢᠶ᠎ᠡ ᠵᠢ ᠪᠠᠶ᠋ᠢᠷᠢᠯᠠᠭᠤᠯᠬᠤ ᠲᠠᠯ᠎ᠠ᠎ᠪᠠᠷ ᠶᠠᠮᠠᠷ ᠠᠵᠢᠯ ᠥᠷᠨᠢᠭᠦᠯᠦᠭᠰᠡᠨ ᠪᠣᠶ?
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠬᠦᠷᠢᠶᠡᠯᠡᠩ᠎ᠤᠨ ᠳᠠᠷᠤᠭ᠎ᠠ ᠠᠨ ᠯᠢ ᠮᠢᠨ ᠄ 《ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠪᠠ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ》 ᠪᠣᠯ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠤᠯᠢ》᠎ᠳᠤ ᠲᠣᠭᠲᠠᠭ᠋ᠠᠭᠰᠠᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠪᠣᠯᠤᠨ᠎ᠠ᠃ ᠪᠢᠳᠡ 《ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯᠯᠠᠭ᠋ᠠᠨ᠎ᠤ ᠭᠠᠷᠠᠭ》᠂ 《ᠪᠦᠬᠦ ᠠᠷᠠᠳ᠎ᠤᠨ ᠨᠠᠰᠤᠨ ᠲᠤᠷᠰᠢᠳᠠ ᠰᠤᠷᠤᠯᠴᠠᠬᠤ ᠠᠵᠢᠯᠯᠠᠭ᠋ᠠᠨ᠎ᠤ ᠭᠠᠷᠠᠭ》 ᠵᠡᠷᠭᠡ ᠠᠵᠢᠯᠯᠠᠭ᠎ᠠ ᠵᠢ ᠡᠷᠬᠢᠯᠡᠬᠦ᠎ᠪᠠᠷ ᠳᠠᠮᠵᠢᠭᠤᠯᠤᠨ᠂ ᠨᠠᠮ ᠪᠠ ᠤᠯᠤᠰ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠶᠡᠬᠡ᠎ᠪᠠᠷ ᠬᠥᠭᠵᠢᠭᠦᠯᠬᠦ ᠰᠠᠢ᠍ᠢ᠍ᠨ ᠲᠦᠷᠦ ᠵᠢᠨ ᠪᠤᠳᠤᠯᠭ᠎ᠠ ᠵᠢ ᠶᠡᠬᠡ᠎ᠪᠠᠷ ᠤᠬᠠᠭᠤᠯᠵᠤ᠂ ᠤᠯᠠᠨ ᠲᠦᠮᠡᠨ᠎ᠢ ᠲᠠᠳᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠬᠦᠷᠲᠡᠭᠡᠪᠡ᠃ ᠮᠠᠨ᠎ᠤ ᠣᠷᠣᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠥᠷᠭᠡᠳᠬᠡᠨ ᠡᠯᠰᠡᠬᠦ ᠡᠭᠦᠷᠭᠡ ᠵᠢ ᠳᠠᠪᠠᠭᠤᠯᠤᠨ ᠪᠡᠶᠡᠯᠡᠭᠦᠯᠵᠦ᠂ ᠴᠡᠷᠢᠭ᠎ᠤᠨ ᠠᠯᠪᠠᠨ᠎ᠠᠴᠠ ᠪᠠᠭᠤᠭᠰᠠᠳ᠂ ᠠᠵᠢᠯ᠎ᠤᠨ ᠪᠠᠶ᠋ᠢᠷᠢ᠎ᠠᠴᠠ᠎ᠪᠠᠨ ᠪᠠᠭᠤᠵᠤ ᠠᠵᠢᠯ ᠠᠯᠳᠠᠭᠰᠠᠳ᠂ ᠬᠥᠯᠥᠰᠥᠨ ᠠᠵᠢᠯᠴᠢᠨ ᠪᠠ ᠰᠢᠨ᠎ᠡ ᠮᠠᠶᠢᠭ᠎ᠤᠨ ᠠᠵᠢᠯ ᠮᠡᠷᠭᠡᠵᠢᠯ᠎ᠤᠨ ᠮᠠᠯᠴᠢᠨ ᠲᠠᠷᠢᠶᠠᠴᠢᠨ᠂ ᠠᠵᠢᠯ᠎ᠤᠨ ᠪᠠᠶ᠋ᠢᠷᠢ᠎ᠳᠤ ᠪᠠᠶ᠋ᠢᠭ᠎ᠠ 5 ᠲᠦᠮᠡ ᠭᠠᠷᠤᠶ ᠠᠵᠢᠯᠲᠠᠨ ᠠᠵᠢᠯᠴᠢᠨ᠎ᠢ ᠬᠠᠪᠰᠤᠷᠴᠤ ᠶᠡᠬᠡ ᠰᠤᠷᠭ᠋ᠠᠭᠤᠯᠢ᠎ᠳᠤ ᠰᠤᠷᠤᠯᠴᠠᠬᠤ ᠬᠦᠰᠡᠯ᠎ᠢ᠎ᠨᠢ ᠪᠡᠶᠡᠯᠡᠭᠦᠯᠪᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠰᠤᠷᠤᠯᠭ᠎ᠠ ᠵᠢᠨ ᠨᠠᠮᠲᠠᠷ ᠪᠣᠯᠤᠨ ᠴᠢᠳᠠᠪᠤᠷᠢ ᠵᠢ ᠳᠡᠭᠡᠭᠰᠢᠯᠡᠭᠦᠯᠬᠦ 《ᠰᠤᠷᠤᠯᠴᠠᠬᠤ ᠬᠦᠰᠡᠯ ᠵᠶ᠋ᠠᠨ ᠲᠡᠷᠭᠡᠯᠰᠢᠭᠦᠯᠬᠦ ᠠᠵᠢᠯᠯᠠᠭ᠎ᠠ》 ᠵᠢᠨ ᠲᠥᠯᠥᠪᠯᠡᠭᠡ ᠵᠢ ᠬᠡᠷᠡᠭᠵᠢᠭᠦᠯᠵᠦ᠂ 2018 ᠣᠨ᠎ᠠᠴᠠ ᠨᠠᠭ᠋ᠠᠰᠢ 23494 ᠬᠥᠮᠦᠨ ᠡᠯᠰᠡᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠰᠤᠷᠤᠯᠭ᠎ᠠ ᠵᠢᠨ ᠨᠠᠮᠲᠠᠷ᠎ᠤᠨ ᠲᠠᠰ ᠪᠠ ᠮᠡᠷᠭᠡᠵᠢᠯ ᠴᠢᠳᠠᠪᠤᠷᠢ ᠵᠢᠨ ᠲᠦᠪᠰᠢᠨ᠎ᠢ ᠳᠡᠭᠡᠭᠰᠢᠯᠡᠭᠦᠯᠪᠡ᠃ 《ᠨᠢᠭᠡ ᠲᠣᠰᠬᠣᠨ ᠨᠢᠭᠡ ᠣᠶᠤᠲᠠᠨ᠎ᠲᠠᠢ ᠪᠣᠯᠬᠤ ᠲᠥᠯᠥᠪᠯᠡᠭᠡ》 ᠵᠢ ᠰᠠᠶ᠋ᠢᠲᠤᠷ ᠠᠳᠬᠤᠵᠤ᠂ 《ᠲᠥᠪᠯᠡᠷᠡᠭᠦᠯᠦᠨ ᠨᠢᠭᠤᠷᠲᠠᠨ ᠰᠤᠷᠭ᠋ᠠᠬᠤ + ᠰᠦᠯᠵᠢᠶᠡᠨ᠎ᠳᠠᠬᠢ ᠵᠢᠭ᠋ᠠᠨ ᠰᠤᠷᠭ᠋ᠠᠯᠲᠠ ᠵᠢᠨ ᠬᠠᠪᠰᠤᠷᠤᠨ ᠵᠢᠯᠣᠭᠣᠳᠣᠯᠭ᠎ᠠ + ᠰᠤᠷᠭ᠋ᠠᠨ ᠬᠥᠮᠦᠵᠢᠯ᠎ᠢ ᠬᠥᠳᠡᠭᠡ ᠬᠦᠷᠭᠡᠬᠦ》 ᠬᠣᠯᠢᠮᠠᠭ ᠵᠢᠭ᠋ᠠᠨ ᠰᠤᠷᠭ᠋ᠠᠯᠲᠠ ᠵᠢᠨ ᠵᠠᠭᠪᠤᠷ᠎ᠢ ᠬᠡᠷᠡᠭᠵᠢᠭᠦᠯᠵᠦ᠂ 8347 ᠰᠣᠷᠣᠭᠴᠢ ᠡᠯᠰᠡᠪᠡ᠃ ᠠᠵᠢᠯ ᠮᠡᠷᠭᠡᠵᠢᠯ ᠤᠨ ᠳᠡᠭᠡᠳᠦ ᠰᠤᠷᠭ᠋ᠠᠭᠤᠯᠢ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠡᠭᠡᠳᠦ ᠰᠤᠷᠭ᠋ᠠᠭᠤᠯᠢ 7᠂ ᠤᠷᠠᠨ ᠳᠠᠷᠬᠠᠨ᠎ᠤ ᠳᠡᠭᠡᠳᠦ ᠰᠤᠷᠭ᠋ᠠᠭᠤᠯᠢ 6 ᠵᠢ ᠪᠠᠶ᠋ᠢᠭᠤᠯᠵᠤ᠂ ᠠᠵᠢᠯᠲᠠᠨ ᠲᠦᠷ ᠴᠠᠭ ᠲᠤᠰᠢᠶᠠᠯ ᠡᠭᠦᠷᠭᠡᠯᠡᠬᠦ᠂ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠎ᠢ ᠤᠯᠠᠷᠢᠭᠤᠯᠬᠤ᠂ ᠳᠤᠲᠠᠭᠳᠠᠵᠤ ᠪᠠᠶ᠋ᠢᠭ᠎ᠠ ᠴᠢᠳᠠᠪᠤᠷᠢᠲᠠᠨ᠎ᠢ ᠬᠥᠮᠦᠵᠢᠭᠦᠯᠬᠦ ᠵᠢ ᠥᠷᠨᠢᠭᠦᠯᠪᠡ᠃ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠢ ᠳᠡᠭᠡᠭᠰᠢᠯᠡᠭᠦᠯᠬᠦ ᠠᠵᠢᠯᠯᠠᠭ᠎ᠠ ᠵᠢ ᠥᠷᠨᠢᠭᠦᠯᠦᠨ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ ᠵᠣᠬᠢᠶᠠᠨ ᠪᠠᠶ᠋ᠢᠭᠤᠯᠵᠤ ᠠᠵᠢᠯ ᠤᠯᠬᠤ᠎ᠳᠤ ᠬᠦᠴᠢᠷᠲᠡᠶ ᠵᠡᠷᠭᠡ ᠬᠥᠮᠦᠰ᠎ᠲᠤ ᠲᠥᠯᠦᠪᠦᠷᠢ ᠥᠬᠡᠶ ᠪᠣᠯᠪᠠᠰᠤᠷᠠᠭᠤᠯᠤᠯ᠎ᠢ ᠥᠷᠨᠢᠭᠦᠯᠪᠡ᠃ 2021 ᠣᠨ᠎ᠠᠴᠠ ᠨᠠᠭ᠋ᠠᠰᠢ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ ᠢ 24 . 5 ᠲᠦᠮᠡᠨ ᠬᠥᠮᠦᠨ ᠤᠳᠠᠭ᠎ᠠ ᠥᠷᠨᠢᠭᠦᠯᠪᠡ᠃ ᠠᠵᠤ ᠦᠢ᠍ᠯᠡᠰ᠎ᠤᠨ ᠬᠡᠯᠬᠢᠶ᠎ᠡ ᠵᠢ ᠴᠢᠩᠭ᠎ᠠ ᠡᠵᠡᠮᠳᠡᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠡᠯᠬᠢᠶ᠎ᠡ ᠵᠢ ᠪᠠᠶ᠋ᠢᠷᠢᠰᠢᠭᠤᠯᠵᠤ᠂ ᠤᠷ᠎ᠠ ᠴᠢᠳᠠᠪᠤᠷᠢᠲᠤ ᠴᠢᠳᠠᠪᠤᠷᠢᠲᠠᠨ᠎ᠢ ᠶᠡᠬᠡ᠎ᠪᠠᠷ ᠬᠥᠮᠥᠵᠢᠭᠦᠯᠪᠡ᠃ 3 ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠤᠯᠤᠰ᠎ᠤᠨ 《ᠬᠣᠣᠰ ᠳᠡᠭᠡᠳᠦ ᠲᠥᠯᠥᠪᠯᠡᠭᠡ》 ᠵᠢ ᠪᠦᠲᠦᠭᠡᠨ ᠪᠠᠶ᠋ᠢᠭᠤᠯᠬᠤ ᠨᠢᠭᠡᠴᠢ᠎ᠳᠤ ᠵᠢᠭᠰᠠᠭ᠋ᠠᠨ ᠣᠷᠣᠭᠤᠯᠵᠤ᠂ ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠥᠪᠥᠷ ᠮᠣᠩᠭᠣᠯ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ ᠤᠯᠤᠰ᠎ᠤᠨ ᠲᠠᠰ᠎ᠤᠨ 《ᠬᠣᠣᠰ ᠳᠡᠭᠡᠳᠦ ᠲᠥᠯᠥᠪᠯᠡᠭᠡ》 ᠵᠢᠨ ᠳᠡᠭᠡᠳᠦ ᠰᠤᠷᠭ᠋ᠠᠭᠤᠯᠢ᠎ᠪᠠᠷ ᠪᠦᠲᠦᠭᠡᠨ ᠪᠠᠢ᠌ᠭᠤᠯᠬᠤ ᠵᠢ ᠶᠡᠬᠡ᠎ᠪᠠᠷ ᠲᠦᠯᠬᠢᠨ ᠠᠬᠢᠭᠤᠯᠪᠠ᠃ ᠰᠤᠷᠭ᠋ᠠᠨ ᠬᠥᠮᠦᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ 《ᠬᠣᠶᠠᠷ ᠥᠨᠳᠥᠷ》 《ᠬᠣᠶᠠᠷ ᠰᠢᠯᠢᠳᠡᠭ》 ᠲᠥᠯᠥᠪᠯᠡᠭᠡ᠂ 15 ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ 35 ᠲᠤᠰᠬᠠᠶ ᠮᠡᠷᠭᠡᠵᠢᠯ᠎ᠤᠨ ᠴᠤᠭᠯᠠᠷᠠᠯ ᠪᠠ 42 ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ 126 ᠲᠤᠰᠬᠠᠶ ᠮᠡᠷᠭᠡᠵᠢᠯ᠎ᠤᠨ ᠲᠥᠷᠥᠯ ᠵᠦᠢ᠍ᠯ᠎ᠢ ᠪᠠᠶ᠋ᠢᠭᠤᠯᠬᠤ ᠪᠥᠲᠥᠭᠡᠨ ᠪᠠᠶ᠋ᠢᠭᠤᠯᠤᠯᠲᠠ ᠵᠢ ᠥᠷᠨᠢᠭᠦᠯᠪᠡ᠃ 137 ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠵᠦ ᠰᠢᠯᠢᠳᠡᠭ᠎ᠢ ᠬᠥᠮᠦᠵᠢᠭᠦᠯᠬᠦ ᠠᠵᠢᠯᠯᠠᠭ᠋ᠠᠨ᠎ᠤ ᠲᠥᠯᠥᠪᠯᠡᠭᠡ ᠵᠢ ᠬᠡᠷᠡᠭᠵᠢᠭᠦᠯᠪᠡ᠃ 《ᠲᠠᠪᠤᠨ ᠶᠡᠬᠡ ᠡᠭᠦᠷᠭᠡ》 ᠪᠠ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠤᠰᠬᠠᠢ ᠮᠡᠷᠭᠡᠵᠢᠯ᠎ᠤᠨ ᠪᠦᠲᠦᠴᠡ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠪᠡ᠃ 2023 ᠣᠨ᠎ᠳᠤ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠶ ᠮᠡᠷᠭᠡᠵᠢᠯ)᠎ᠤᠨ ᠰᠣᠷᠣᠭᠴᠢ ᠡᠯᠰᠡᠬᠦ᠎ᠪᠠᠷ ᠪᠠᠶ᠋ᠢᠭ᠎ᠠ ᠲᠤᠰᠬᠠᠶ ᠮᠡᠷᠭᠡᠵᠢᠯ 1424᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠭᠴᠢ ᠡᠯᠰᠡᠬᠦ᠎ᠪᠠᠷ ᠪᠠᠶ᠋ᠢᠭ᠎ᠠ ᠲᠤᠰᠬᠠᠶ ᠮᠡᠷᠭᠡᠵᠢᠯ 1542 ᠪᠠᠶ᠋ᠢᠵᠤ᠂ 19 ᠲᠤᠰᠬᠠᠶ ᠮᠡᠷᠭᠡᠵᠢᠯ᠎ᠤᠨ ᠶᠡᠬᠡ ᠲᠥᠷᠥᠯ᠂ 77 ᠲᠤᠰᠬᠠᠶ ᠮᠡᠷᠭᠡᠵᠢᠯ᠎ᠤᠨ ᠲᠥᠷᠥᠯ᠎ᠢ ᠬᠠᠮᠤᠷᠪᠠ᠂ ᠡᠭᠦᠨ᠎ᠳᠤ ᠪᠠᠶ᠋ᠢᠭ᠋ᠠᠯᠢ ᠠᠵᠤ ᠦᠢ᠍ᠯᠡᠳᠪᠦᠷᠢ ᠲᠠᠷᠢᠶᠠᠯᠠᠩ ᠠᠨᠠᠭ᠋ᠠᠬᠤ ᠤᠬᠠᠭ᠋ᠠᠨ᠎ᠤ ᠲᠥᠷᠥᠯ᠎ᠤᠨ ᠲᠤᠰᠬᠠᠶ ᠮᠡᠷᠭᠡᠵᠢᠯ᠎ᠤᠨ ᠡᠵᠡᠯᠡᠬᠦ ᠬᠠᠷᠢᠴᠠᠯ 63 . 1 %᠎ᠳᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠲᠤᠰᠬᠠᠶ ᠮᠡᠷᠭᠡᠵᠢᠯ᠎ᠤᠨ ᠡᠵᠡᠯᠡᠬᠦ ᠬᠠᠷᠢᠴᠠᠯ 77 . 6 %᠎ᠳᠤ ᠬᠦᠷᠴᠡᠶ᠃ 128 ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 239 ᠠᠵᠤ ᠠᠬᠤᠶ᠋ᠢᠯᠠᠯ᠎ᠲᠠᠢ ᠬᠠᠮᠲᠤᠷᠠᠨ 448 《ᠵᠠᠬᠢᠶᠠᠯᠠᠭ᠎ᠠ ᠵᠢᠨ ᠠᠩᠭᠢ》 《ᠨᠡᠷ᠎ᠡ ᠬᠠᠳᠠᠬᠤ ᠠᠩᠭᠢ》 ᠡᠷᠭᠢᠯᠡᠪᠡ᠃ 27 ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯᠤᠨ 101 ᠠᠵᠤ ᠠᠬᠤᠶ᠋ᠢᠯᠠᠯ ᠬᠠᠮᠲᠤᠷᠠᠨ ᠫᠠᠶ᠋ᠢᠰᠠ ᠡᠯᠭᠦᠨ 74 ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠪᠠᠢ᠌ᠭᠤᠯᠪᠠ᠃ ᠰᠤᠷᠤᠭᠴᠢᠳ᠎ᠤᠨ ᠪᠦᠬᠦ ᠲᠠᠯ᠎ᠠ ᠵᠢᠨ ᠬᠥᠭᠵᠢᠯᠲᠡ᠎ᠳᠤ ᠦᠢ᠍ᠯᠡᠴᠢᠯᠡᠬᠦ ᠪᠠ ᠣᠷᠣᠨ ᠪᠦᠰᠡ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠣᠬᠢᠴᠠᠬᠤ ᠴᠢᠨᠠᠷ ᠪᠣᠯᠤᠨ ᠲᠠᠲᠠᠬᠤ ᠬᠦᠴᠦᠨ ᠢᠯᠡᠷᠬᠡᠶ ᠴᠢᠩᠭ᠋ᠠᠷᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ 《ᠶᠡᠬᠡ ᠦᠢ᠍ᠯᠡᠰ᠎ᠢ ᠪᠥᠲᠦᠭᠡᠬᠦ》 ᠪᠠᠶ᠋ᠢᠭᠰᠠᠨ᠎ᠠᠴᠠ᠎ᠪᠠᠨ 《ᠶᠡᠬᠡ ᠦᠢ᠍ᠯᠡᠰ᠎ᠢ ᠪᠦᠲᠦᠭᠡᠵᠦ ᠴᠢᠳᠠᠬᠤ》 ᠲᠡᠢ᠌ᠰᠢ ᠬᠠᠲᠠᠭᠤᠵᠢᠨ ᠤᠷᠤᠭᠰᠢᠯᠠᠵᠤ ᠪᠠᠶ᠋ᠢᠨ᠎ᠠ᠃
3 . ᠶᠡᠷᠦᠩᠬᠡᠶ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠡᠣᠯᠣᠰ ᠲᠥᠷᠦ ᠵᠢᠨ ᠲᠣᠪᠴᠢᠶᠠᠨ᠎ᠤ ᠲᠠᠪᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷ᠎ᠡ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠰᠠᠭᠤᠷᠢ ᠰᠤᠷᠭ᠋ᠠᠨ ᠬᠥᠮᠦᠵᠢᠯ᠂ ᠰᠠᠭᠤᠷᠢ ᠰᠤᠷᠭ᠋ᠠᠨ ᠬᠥᠮᠦᠵᠢᠯ᠎ᠢ ᠤᠯᠠᠮ ᠯᠠᠪᠳᠠᠭᠤᠨ ᠪᠠᠲᠤᠲᠠᠶ ᠬᠢᠬᠦ ᠲᠤᠲᠤᠮ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠠᠯᠬᠤᠴᠠ ᠤᠯᠠᠮ ᠯᠠᠪᠳᠠᠭᠤᠨ ᠪᠣᠯᠵᠤ᠂ ᠨᠥᠭᠡᠴᠡ ᠬᠦᠴᠦᠨ ᠤᠯᠠᠮ ᠲᠡᠭᠦᠯᠳᠡᠷ ᠪᠣᠯᠤᠨ᠎ᠠ ᠭᠡᠵᠦ ᠴᠢᠬᠤᠯᠠᠴᠢᠯᠠᠪᠠ᠃ ᠲᠡᠭᠡᠪᠡᠯ᠂ ᠥᠪᠡᠷᠲᠡᠭᠡᠨ ᠵᠠᠰᠠᠬᠤ ᠣᠷᠣᠨ ᠶᠠᠮᠠᠷ ᠠᠷᠭ᠎ᠠ ᠬᠡᠮᠵᠢᠶ᠎ᠡ ᠠᠪᠴᠤ ᠰᠠᠭᠤᠷᠢ ᠰᠤᠷᠭ᠋ᠠᠨ ᠬᠥᠮᠦᠵᠢᠯ᠎ᠢ ᠠᠬᠢᠭᠤᠯᠬᠤ ᠪᠣᠶ?
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ ᠵᠢᠨ ᠭᠡᠰᠢᠭᠦᠨ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠶᠡᠷᠦᠩᠬᠡᠢ ᠰᠤᠷᠭ᠋ᠠᠭᠤᠯᠢ ᠪᠠᠶ᠋ᠢᠴᠠᠭ᠋ᠠᠭᠴᠢ ᠵᠦ᠍ ᠪᠦᠦ ᠵᠢᠶᠠᠩ᠄ ᠣᠶ᠋ᠢᠷ᠎ᠠ ᠵᠢᠨ ᠵᠢᠯ᠎ᠤᠨ ᠲᠤᠷᠰᠢ᠂ ᠮᠠᠨ᠎ᠤ ᠣᠷᠣᠨ ᠲᠦᠭᠡᠮᠡᠯ ᠬᠠᠷᠠᠭ᠋ᠠᠯᠵᠠᠯᠲᠤ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠪᠠᠲᠤᠯᠠᠭ᠋ᠠᠨ᠎ᠤ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠬᠦ ᠵᠢ ᠠᠬᠢᠭᠤᠯᠤᠨ᠂ ᠰᠢᠶᠠᠨ᠎ᠤ ᠬᠡᠪᠴᠢᠶᠡᠨ᠎ᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠬᠢᠷᠢ ᠲᠦᠪᠰᠢᠨ᠎ᠢ ᠳᠡᠭᠡᠭᠰᠢᠯᠡᠭᠦᠯᠪᠡ᠃ ᠳᠠᠷᠠᠭ᠎ᠠ ᠠᠯᠬᠤᠮ᠎ᠳᠤ᠂ ᠪᠢᠳᠡ ᠳᠣᠣᠷᠠᠬᠢ ᠬᠡᠳᠦᠨ ᠲᠠᠯ᠎ᠠ᠎ᠪᠠᠷ ᠶᠡᠷᠦᠩᠬᠡᠢ ᠱᠦᠵᠢ ᠰᠢ ᠵᠢᠨ ᠫᠢᠩ᠎ᠤᠨ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠤᠨ᠎ᠠ᠃ ᠨᠢᠭᠡ ᠳᠤ᠂ ᠲᠦᠭᠡᠮᠡᠯ ᠬᠠᠷᠠᠭ᠋ᠠᠯᠵᠠᠯ᠎ᠢ ᠲᠦᠭᠡᠮᠡᠯᠵᠢᠭᠦᠯᠬᠦ᠎ᠪᠠᠷ ᠭᠤᠤᠯ ᠰᠢᠵᠢᠮ ᠪᠣᠯᠭ᠋ᠠᠵᠤ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠠᠮᠤᠷ ᠲᠦᠪᠰᠢᠨ ᠴᠢᠨᠠᠷᠯᠢᠭ ᠬᠥᠭᠵᠢᠯᠲᠡ ᠵᠢ ᠦᠷᠭᠦᠯᠵᠢᠯᠡᠨ ᠠᠬᠢᠭᠤᠯᠤᠨ᠎ᠠ᠃ ᠡᠯ᠎ᠡ ᠠᠶ᠋ᠢᠮᠠᠭ ᠬᠣᠲᠠ ᠵᠢᠨ ᠲᠦᠭᠡᠮᠡᠯ ᠬᠠᠷᠠᠭ᠋ᠠᠯᠵᠠᠯᠲᠤ ᠡᠬᠢ ᠪᠠᠶᠠᠯᠢᠭ᠎ᠤᠨ ᠪᠠᠶ᠋ᠢᠷᠢᠰᠢᠭᠤᠯᠤᠯᠲᠠ ᠵᠢᠨ ᠲᠥᠯᠥᠪᠵᠢᠭᠦᠯᠭᠡ ᠵᠢ ᠲᠡᠭᠦᠯᠳᠡᠷᠵᠢᠭᠦᠯᠬᠦ ᠵᠢ ᠤᠯᠠᠮ ᠨᠢᠭᠡ ᠠᠯᠬᠤᠮ ᠰᠢᠪᠠᠳᠠᠭᠤᠯᠤᠨ ᠵᠢᠯᠣᠭᠣᠳᠴᠤ᠂ ᠬᠣᠲᠠ ᠪᠠᠯᠭ᠋ᠠᠰᠤᠨ᠎ᠤ ᠰᠢᠨ᠎ᠡ᠎ᠪᠠᠷ ᠨᠡᠮᠡᠭᠳᠡᠭᠰᠡᠨ ᠬᠥᠮᠦᠨ ᠠᠮᠠ᠂ ᠨᠡᠭᠦᠳᠡᠯ ᠬᠥᠮᠦᠨ ᠠᠮᠠ ᠲᠥᠪᠯᠡᠷᠡᠭᠰᠡᠨ ᠭᠠᠵᠠᠷ ᠣᠷᠣᠨ᠎ᠤ ᠬᠡᠦᠬᠡᠳ᠎ᠤᠨ ᠴᠡᠴᠡᠷᠯᠢᠭ᠎ᠤᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠲᠦᠭᠡᠮᠡᠯ ᠬᠠᠷᠠᠭ᠋ᠠᠯᠵᠠᠯᠲᠤ ᠡᠬᠢ ᠪᠠᠶᠠᠯᠢᠭ᠎ᠤᠨ ᠪᠠᠲᠤᠯᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠲᠦᠭᠡᠮᠡᠯ ᠬᠠᠷᠠᠭ᠋ᠠᠯᠵᠠᠯᠲᠤ ᠬᠡᠦᠬᠡᠳ᠎ᠤᠨ ᠴᠡᠴᠡᠷᠯᠢᠭ᠎ᠤᠨ ᠰᠤᠷᠤᠭᠴᠢᠳ᠎ᠲᠤ ᠲᠡᠭᠰᠢᠳᠬᠡᠭᠰᠡᠨ ᠨᠥᠬᠥᠪᠥᠷᠢ ᠵᠢᠨ ᠪᠠᠷᠢᠮᠵᠢᠶ᠎ᠠ ᠵᠢ ᠨᠠᠶ᠋ᠢᠳᠠᠪᠤᠷᠢᠵᠢᠭᠤᠯᠵᠤ᠂ ᠬᠤᠳᠠ ᠪᠠᠯᠭ᠋ᠠᠰᠤᠨ᠎ᠤ ᠰᠠᠭᠤᠭ᠋ᠠᠯᠢ ᠲᠣᠭᠣᠷᠢᠭ᠎ᠤᠨ ᠢᠵᠢ ᠪᠦᠷᠢᠳᠦᠬᠦᠯᠬᠦ ᠬᠡᠦᠬᠡᠳ᠎ᠤᠨ ᠴᠡᠴᠡᠷᠯᠢᠭ᠎ᠤᠨ ᠵᠠᠰᠠᠯᠲᠠ ᠵᠢᠨ ᠠᠵᠢᠯ᠎ᠢ ᠦᠷᠭᠦᠯᠵᠢᠯᠡᠨ ᠥᠷᠨᠢᠭᠦᠯᠦᠨ᠎ᠡ᠃ 《ᠬᠡᠦᠬᠡᠳ᠎ᠤᠨ ᠴᠡᠴᠡᠷᠯᠢᠭ᠎ᠤᠨ ᠠᠰᠠᠷᠠᠨ ᠬᠥᠮᠦᠵᠢᠭᠦᠯᠬᠦ ᠴᠢᠨᠠᠷ ᠴᠢᠨᠰᠠᠭ᠎ᠠ ᠵᠢ ᠦᠨᠡᠯᠡᠨ ᠵᠢᠱ᠌ᠢᠬᠦ ᠵᠦᠭᠯᠡᠭᠦᠷ》᠎ᠢ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ ᠤᠨ ᠳᠠᠭᠤᠷᠢᠶᠠᠯ ᠦᠵᠡᠭᠦᠯᠬᠦ ᠴᠢᠨᠠᠷᠲᠠᠶ ᠬᠡᠦᠬᠡᠳ᠎ᠤᠨ ᠴᠡᠴᠡᠷᠯᠢᠭ᠎ᠢ ᠦᠨᠡᠯᠡᠨ ᠵᠢᠱ᠌ᠢᠬᠦ ᠠᠵᠢᠯ ᠢ ᠥᠷᠨᠢᠭᠦᠯᠦᠨ᠂ ᠴᠡᠭ ᠵᠶ᠋ᠠᠷ ᠨᠡᠶ᠋ᠢᠳᠡᠮ᠎ᠢ ᠳᠠᠶ᠋ᠢᠴᠢᠯᠠᠵᠤ᠂ ᠳᠠᠭᠤᠷᠢᠶᠠᠯ ᠦᠵᠡᠭᠦᠯᠦᠨ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠂ ᠰᠢᠨᠵᠢᠯᠡᠬᠦ ᠤᠬᠠᠭ᠋ᠠᠨᠴᠢ᠎ᠪᠠᠷ ᠠᠰᠠᠷᠠᠨ ᠬᠥᠮᠦᠵᠢᠭᠦᠯᠬᠦ ᠴᠢᠨᠠᠷ ᠴᠢᠨᠰᠠᠭ᠎ᠠ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠣᠶᠠᠷ᠎ᠲᠤ᠂ ᠴᠢᠨᠠᠷᠯᠢᠭ ᠲᠡᠩᠴᠡᠭᠦᠷᠢᠲᠡᠶ ᠪᠠᠶ᠋ᠢᠬᠤ᠎ᠠᠴᠠ ᠭᠠᠷᠳᠠᠵᠤ᠂ ᠬᠣᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠤᠷᠠᠢ ᠭᠣᠭᠴᠣᠭ᠎ᠠ ᠵᠢ ᠰᠠᠶ᠋ᠢᠵᠢᠷᠠᠭᠤᠯᠬᠤ ᠪᠠ ᠴᠢᠳᠠᠪᠤᠷᠢ ᠵᠢ ᠳᠡᠭᠡᠭᠰᠢᠯᠡᠭᠦᠯᠬᠦ ᠲᠥᠷᠥᠯ ᠵᠦᠢ᠍ᠯ᠎ᠢ ᠭᠦᠨᠵᠡᠭᠡᠢ ᠬᠡᠷᠡᠭᠵᠢᠭᠦᠯᠵᠦ᠂ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠨᠥᠬᠥᠴᠡᠯ᠎ᠢ ᠰᠠᠢ᠌ᠵᠢᠷᠠᠭᠤᠯᠤᠨ᠎ᠠ᠃ ᠪᠦᠯᠦᠭᠯᠡᠯᠵᠢᠭᠰᠡᠨ ᠰᠤᠷᠭ᠋ᠠᠭᠤᠯᠢ ᠡᠷᠬᠢᠯᠡᠬᠦ ᠬᠠᠮᠢᠶᠠᠷᠤᠯᠲᠠ ᠵᠢ ᠠᠬᠢᠭᠤᠯᠵᠤ᠂ ᠰᠤᠷᠭ᠋ᠠᠭᠤᠯᠢ ᠵᠢᠨ ᠬᠣᠭᠣᠷᠣᠨᠳᠣᠬᠢ ᠬᠠᠮᠵᠢᠯᠴᠠᠨ ᠬᠥᠭᠵᠢᠬᠦ ᠵᠢ ᠠᠬᠢᠭᠤᠯᠤᠨ᠂ ᠬᠣᠲᠠ ᠬᠥᠳᠡᠭᠡ ᠵᠢᠨ ᠬᠠᠪᠰᠤᠷᠤᠯᠴᠠᠭ᠎ᠠ ᠪᠠᠶ᠋ᠢᠭᠤᠯᠤᠨ ᠬᠠᠪᠰᠤᠷᠤᠨ ᠲᠡᠳᠬᠦᠬᠦ ᠵᠢ ᠥᠷᠨᠢᠭᠦᠯᠵᠦ᠂ ᠵᠢᠯ ᠪᠦᠷᠢ 1000 ᠭᠠᠷᠤᠶ ᠪᠠᠭᠰᠢ ᠵᠢ ᠰᠣᠩᠭᠣᠨ ᠬᠥᠳᠡᠭᠡ ᠲᠣᠰᠬᠣᠨ᠂ ᠪᠠᠭᠤᠷᠠᠶ ᠰᠤᠷᠭ᠋ᠠᠭᠤᠯᠢ᠎ᠪᠠᠷ ᠰᠤᠷᠭ᠋ᠠᠨ ᠬᠥᠮᠦᠵᠢᠯ᠎ᠢ ᠳᠡᠮᠵᠢᠭᠦᠯᠦᠨ᠎ᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠴᠢᠨᠠᠷᠯᠢᠭ ᠲᠡᠩᠴᠡᠭᠦᠷᠢᠲᠡᠶ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠵᠦ᠂ ᠡᠭᠦᠳᠦᠨ ᠪᠠᠶ᠋ᠢᠭᠤᠯᠬᠤ ᠬᠣᠰᠢᠭᠤ ᠰᠢᠶᠠᠨ ᠪᠠ ᠲᠤᠷᠰᠢᠯᠲᠠ ᠵᠢᠨ ᠬᠣᠰᠢᠭᠤ ᠰᠢᠶᠠᠨ᠎ᠢ ᠵᠢᠯᠣᠭᠣᠳᠤᠨ ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠦ ᠴᠢᠨᠠᠷᠯᠢᠭ ᠬᠥᠭᠵᠢᠭᠦᠯᠬᠦ ᠵᠢ ᠳᠠᠢ᠌ᠴᠢᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠪᠠᠭᠰᠢ ᠵᠢ ᠬᠠᠨᠳᠤᠯᠭ᠎ᠠ᠎ᠲᠠᠢ ᠬᠥᠮᠦᠵᠢᠭᠦᠯᠬᠦ᠂ ᠠᠯᠪᠠᠨ᠎ᠤ ᠰᠦᠢ᠍ᠳᠭᠡᠯ ᠵᠶ᠋ᠡᠷ ᠰᠤᠷᠤᠯᠴᠠᠬᠤ ᠪᠠᠭᠰᠢ ᠵᠢ ᠬᠠᠨᠳᠤᠯᠭ᠎ᠠ᠎ᠲᠠᠢ ᠬᠥᠮᠦᠵᠢᠭᠦᠯᠬᠦ᠂ ᠮᠠᠯᠵᠢᠬᠤ ᠲᠠᠷᠢᠶᠠᠯᠠᠬᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠣᠨᠴᠠ ᠲᠣᠬᠢᠷᠠᠭᠤᠯᠤᠭᠰᠠᠨ ᠠᠵᠢᠯ᠎ᠤᠨ ᠪᠠᠶ᠋ᠢᠷᠢ᠂ ᠪᠤᠭᠤᠷᠤᠯᠴᠤᠳ᠎ᠤᠨ ᠡᠷᠳᠡᠮ ᠰᠢᠨᠵᠢᠯᠡᠭᠡᠨ᠎ᠤ ᠶᠠᠷᠢᠶ᠎ᠠ᠂ ᠭᠤᠷᠪᠠᠨ ᠣᠷᠣᠨ᠎ᠤ ᠴᠢᠳᠠᠪᠤᠷᠢᠲᠠᠨ᠎ᠤ ᠳᠡᠮᠵᠢᠯᠭᠡ ᠵᠡᠷᠭᠡ ᠲᠤᠰᠬᠠᠶ ᠲᠥᠷᠥᠯ᠎ᠤᠨ ᠪᠠᠭᠰᠢ ᠵᠢ ᠬᠥᠮᠦᠵᠢᠭᠦᠯᠬᠦ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠵᠦ᠂ ᠪᠠᠭᠰᠢ ᠵᠢᠨ ᠵᠢᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢᠴᠢᠯᠠᠯᠲᠠ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ 《ᠰᠦᠯᠵᠢᠶᠡᠨ᠎ᠳᠠᠬᠢ ᠰᠢᠯᠢᠳᠡᠭ ᠬᠢᠴᠢᠶᠡᠯ》᠎ᠢ ᠪᠡᠶ᠎ᠡ᠎ᠪᠠᠨ ᠳᠠᠭ᠋ᠠᠭ᠋ᠠᠵᠤ ᠰᠤᠷᠤᠯᠴᠠᠬᠤ ᠲᠠᠪᠴᠠᠩ᠎ᠤᠨ ᠡᠬᠢ ᠪᠠᠶᠠᠯᠢᠭ ᠢ ᠪᠠᠶᠠᠯᠢᠭᠵᠢᠭᠤᠯᠵᠤ᠂ 《ᠭᠤᠷᠪᠠᠨ ᠬᠢᠴᠢᠶᠡᠯ᠎ᠤᠨ ᠲᠠᠩᠬᠢᠮ》᠎ᠢ ᠮᠠᠯᠵᠢᠬᠤ ᠲᠠᠷᠢᠶᠠᠯᠠᠬᠤ ᠣᠷᠣᠨ᠎ᠤ ᠰᠤᠷᠭ᠋ᠠᠭᠤᠯᠢ᠎ᠳᠤ ᠪᠠᠢ᠌ᠩᠭᠤ ᠬᠡᠷᠡᠭᠯᠡᠬᠦ ᠵᠢ ᠠᠬᠢᠭᠤᠯᠤᠨ᠂ ᠣᠷᠣᠨ ᠪᠦᠰᠡ᠂ ᠬᠣᠲᠠ ᠬᠥᠳᠡᠭᠡ᠂ ᠰᠤᠷᠭ᠋ᠠᠭᠤᠯᠢ ᠵᠢᠨ ᠬᠣᠭᠣᠷᠣᠨᠳᠣᠬᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠴᠢᠨᠠᠷᠯᠢᠭ ᠲᠡᠩᠴᠡᠭᠦᠷᠢᠲᠡᠶ ᠪᠠᠶ᠋ᠢᠯᠭ᠋ᠠᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠦᠨᠳᠦᠰᠦᠨ ᠱᠠᠲᠤᠨ᠎ᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠭᠤᠷᠪᠠ ᠳᠤ᠂ ᠥᠪᠡᠷᠮᠢᠴᠡ ᠣᠨᠴᠠᠯᠢᠭᠲᠤ ᠣᠯᠠᠨ ᠶᠠᠩᠵᠤᠵᠢᠭᠤᠯᠬᠤᠪᠠᠷ ᠬᠠᠷᠠᠯᠲᠠ ᠪᠣᠯᠭ᠋ᠠᠨ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠪᠦᠬᠦᠯᠢ ᠴᠣᠭᠴᠠ᠎ᠪᠠᠷ ᠳᠡᠭᠡᠭᠰᠢᠯᠡᠭᠦᠯᠬᠦ ᠵᠢ ᠠᠬᠢᠭᠤᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ᠎ᠤᠨ ᠰᠢᠶᠠᠨ᠎ᠤ ᠬᠡᠪᠴᠢᠶᠡᠨ᠎ᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠭᠵᠢᠯᠲᠡ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠢ ᠨᠠᠶ᠋ᠢᠳᠠᠪᠤᠷᠢᠵᠢᠭᠤᠯᠵᠤ᠂ ᠬᠣᠰᠢᠭᠤ ᠰᠢᠶᠠᠨ᠎ᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠨᠥᠬᠥᠴᠡᠯ᠎ᠢ ᠰᠠᠶ᠋ᠢᠵᠢᠷᠠᠭᠤᠯᠬᠤ ᠲᠥᠷᠥᠯ ᠵᠦᠢ᠍ᠯ᠎ᠢ ᠬᠡᠷᠡᠭᠵᠢᠭᠦᠯᠵᠦ᠂ ᠰᠢᠶᠠᠨ᠎ᠤ ᠳᠣᠲᠣᠷᠠᠬᠢ ᠲᠥᠯᠥᠪᠵᠢᠭᠦᠯᠭᠡ ᠪᠠᠶ᠋ᠢᠷᠢᠰᠢᠭᠤᠯᠤᠯᠲᠠ᠂ ᠵᠠᠷᠤᠳᠠᠯ᠎ᠤᠨ ᠪᠡᠯᠡ ᠣᠷᠣᠭᠤᠯᠤᠯᠲᠠ᠂ ᠪᠥᠲᠥᠭᠡᠨ ᠪᠠᠢ᠌ᠭᠤᠯᠬᠤ ᠠᠵᠢᠯᠯᠠᠭ᠎ᠠ᠂ ᠬᠥᠭᠵᠢᠭᠦᠯᠦᠯᠲᠡ ᠳᠡᠭᠡᠭᠰᠢᠯᠡᠯᠲᠡ ᠵᠡᠷᠭᠡ ᠲᠠᠯ᠎ᠠ᠎ᠪᠠᠷ ᠣᠷᠣᠰᠢᠵᠤ ᠪᠠᠶ᠋ᠢᠭ᠎ᠠ ᠬᠦᠷᠦᠯᠴᠡᠬᠦ ᠦᠭᠡᠢ ᠲᠠᠯ᠎ᠠ ᠵᠢ ᠬᠦᠴᠦᠯᠡᠨ ᠰᠢᠢ᠍ᠳᠪᠦᠷᠢᠯᠡᠨ᠎ᠡ᠃ 《ᠶᠠᠮᠤᠨ᠎ᠤ ᠬᠠᠷᠢᠶ᠎ᠠ ᠳᠡᠭᠡᠳᠦ ᠰᠤᠷᠭ᠋ᠠᠭᠤᠯᠢ ᠵᠢᠨ ᠰᠢᠶᠠᠨ᠎ᠤ ᠳᠣᠲᠣᠷᠠᠬᠢ ᠨᠠᠶ᠋ᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ ᠲᠥᠷᠥᠯ ᠵᠦᠢ᠍ᠯ》 ᠪᠠ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠶᠠᠪᠤᠴᠠ᠎ᠳᠠᠬᠢ ᠭᠤᠤᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ ᠪᠦᠯᠬᠦᠮ ᠪᠠᠶ᠋ᠢᠭᠤᠯᠬᠤ ᠮᠠᠶᠢᠭ᠎ᠤᠨ ᠠᠵᠢᠯ ᠲᠥᠷᠥᠯ ᠵᠶ᠋ᠠᠷ ᠬᠠᠪᠰᠤᠷᠤᠨ ᠲᠡᠳᠬᠦᠬᠦ ᠲᠥᠷᠥᠯ ᠵᠦᠢ᠍ᠯ》᠎ᠳᠤ ᠲᠦᠰᠢᠭᠯᠡᠨ᠂ ᠤᠯᠤᠰ᠎ᠤᠨ ᠳᠠᠭᠤᠷᠢᠶᠠᠯ ᠦᠵᠡᠭᠦᠯᠬᠦ᠂ ᠣᠷᠣᠨ ᠨᠤᠲᠤᠭ ᠵᠶ᠋ᠠᠷ ᠭᠤᠤᠯ ᠪᠣᠯᠭ᠋ᠠᠭᠰᠠᠨ ᠰᠢᠶᠠᠨ᠎ᠤ ᠬᠡᠪᠴᠢᠶᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠠᠶ᠋ᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ ᠳᠣᠭᠲᠠᠯᠴᠠᠭ᠎ᠠ ᠵᠢ ᠢᠳᠡᠪᠬᠢᠲᠡᠶ᠎ᠪᠠᠷ ᠪᠦᠷᠢᠯᠳᠦᠭᠦᠯᠦᠨ᠎ᠡ᠃ ᠡᠩ ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠲᠥᠷᠥᠯ ᠬᠤᠪᠢᠶᠠᠨ ᠰᠤᠷᠭ᠋ᠠᠭᠤᠯᠢ ᠡᠷᠬᠢᠯᠡᠬᠦ ᠵᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠰᠢᠶᠠᠨ᠎ᠤ ᠬᠡᠪᠴᠢᠶᠡᠨ᠎ᠤ ᠴᠢᠨᠠᠷᠯᠢᠭ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠣᠨᠴᠠᠯᠢᠭᠲᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢ ᠦᠨᠡᠯᠡᠨ ᠵᠢᠱ᠌ᠢᠵᠦ ᠡᠭᠦᠳᠦᠨ ᠪᠠᠶ᠋ᠢᠭᠤᠯᠬᠤ ᠠᠵᠢᠯ᠎ᠢ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠰᠢᠯᠭ᠋ᠠᠯᠲᠠ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠲᠥᠷᠥᠯ ᠵᠦᠢ᠍ᠯ᠎ᠤᠨ ᠰᠤᠷᠭ᠋ᠠᠭᠤᠯᠢ ᠵᠢ ᠰᠣᠩᠭᠣᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠭᠡᠨ᠎ᠤ ᠰᠠᠯᠠᠭ᠋ᠠᠨ᠎ᠤ ᠬᠢᠴᠢᠶᠡᠯ᠎ᠤᠨ ᠰᠤᠳᠤᠯᠭ᠋ᠠᠨ᠎ᠤ ᠰᠠᠭᠤᠷᠢᠨ ᠭᠠᠵᠠᠷ᠎ᠢ ᠡᠭᠦᠳᠦᠨ ᠪᠠᠶ᠋ᠢᠭᠤᠯᠵᠤ᠂ ᠴᠢᠨᠠᠷᠯᠢᠭ ᠰᠤᠷᠭ᠋ᠠᠭᠤᠯᠢ ᠵᠢᠴᠢ ᠰᠢᠨᠵᠢᠯᠡᠭᠡᠨ᠎ᠤ ᠰᠠᠯᠠᠭ᠋ᠠᠨ᠎ᠤ ᠰᠠᠭᠤᠷᠢᠨ ᠭᠠᠵᠠᠷ᠎ᠤᠨ ᠳᠠᠭᠤᠷᠢᠶᠠᠯ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠴᠢᠨᠠᠷ ᠴᠢᠨᠰᠠᠭ᠎ᠠ ᠵᠢ ᠪᠦᠬᠦᠯᠢ ᠴᠣᠭᠴᠠ᠎ᠪᠠᠷ ᠳᠡᠭᠡᠭᠰᠢᠯᠡᠭᠦᠯᠦᠨ᠎ᠡ᠃
4 . ᠣᠳᠣᠬᠠᠨ᠎ᠳᠤ᠂ ᠪᠥᠬᠥ ᠣᠷᠣᠨ ᠳᠠᠶᠠᠭ᠋ᠠᠷ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ ᠪᠠᠶ᠋ᠢᠨ᠎ᠠ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠤ ᠲᠠᠯᠪᠢᠭᠰᠠᠨ ᠬᠠᠯᠠᠮᠵᠢᠯᠠᠯ ᠪᠠ ᠳᠡᠮᠵᠢᠯᠭᠡ ᠵᠢ ᠶᠠᠭ᠋ᠠᠬᠢᠵᠤ ᠥᠷᠭᠡᠨ ᠣᠯᠠᠨ ᠪᠠᠭᠰᠢ ᠰᠤᠷᠤᠭᠴᠢ᠎ᠳᠤ ᠳᠠᠮᠵᠢᠭᠤᠯᠵᠤ ᠥᠭᠭᠦᠭᠰᠡᠨ ᠪᠣᠶ?
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ ᠵᠢᠨ ᠭᠡᠰᠢᠭᠦᠨ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠮᠢᠨ᠄ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠠᠬᠢ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ ᠪᠣᠯᠤᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠥᠷᠭᠡᠨ ᠤᠯᠠᠨ ᠪᠠᠭᠰᠢ ᠰᠤᠷᠤᠭᠴᠢ᠎ᠳᠤ ᠳᠠᠮᠵᠢᠭᠤᠯᠪᠠ᠃ ᠨᠢᠭᠡ᠎ᠳᠤ᠂ ᠣᠨᠣᠯ ᠵᠶ᠋ᠠᠷ ᠵᠡᠪᠰᠡᠭᠯᠡᠬᠦ ᠵᠢ ᠴᠢᠩᠭ᠋ᠠᠳᠬᠠᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶ᠋ᠢᠯᠠᠭ᠋ᠠᠬᠤ ᠳᠡᠭᠡᠷ᠎ᠡ ᠬᠦᠴᠦ ᠲᠠᠯᠪᠢᠪᠠ᠃ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ᠎ᠢ ᠱᠤᠭᠤᠵᠤ ᠬᠥᠮᠦᠨ ᠬᠥᠮᠦᠵᠢᠭᠦᠯᠬᠦ ᠵᠢ ᠪᠠᠷᠢᠮᠲᠠᠯᠠᠨ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠰᠤᠷᠤᠯᠴᠠᠭ᠎ᠠ ᠵᠢ ᠵᠢᠯᠤᠭᠤᠳᠤᠭᠤᠯᠵᠤ᠂ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠵᠦ᠂ ᠬᠠᠮᠲᠤ᠎ᠳᠤ᠎ᠪᠠᠨ 20 ᠭᠠᠷᠤᠢ ᠲᠠᠯᠠᠪᠤᠷ ᠬᠢᠴᠢᠶᠡᠯ ᠪᠡᠯᠡᠳᠬᠡᠵᠦ᠂ ᠵᠠᠯᠠᠭᠤ ᠪᠠᠭᠰᠢ ᠰᠤᠷᠤᠭᠴᠢᠳ᠎ᠤᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠂ ᠤᠯᠠᠭ᠋ᠠᠨ ᠪᠦᠴᠡᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠢ ᠵᠣᠬᠢᠶᠠᠨ ᠪᠠᠶ᠋ᠢᠭᠤᠯᠵᠤ ᠦᠨᠳᠦᠰᠦᠨ ᠱᠠᠲᠤᠨ᠎ᠳᠤ ᠭᠦᠨᠵᠡᠭᠡᠶ᠋ᠢᠷᠡᠨ 80 ᠭᠠᠷᠤᠢ ᠲᠠᠯᠠᠪᠤᠷ ᠤᠬᠠᠭᠤᠯᠤᠨ ᠲᠠᠶ᠋ᠢᠯᠪᠤᠷᠢᠯᠠᠵᠤ᠂ ᠳᠡᠭᠡᠳᠦ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ 700 ᠭᠠᠷᠤᠢ ᠪᠠᠭᠰᠢ ᠵᠢ ᠵᠣᠬᠢᠶᠠᠨ ᠪᠠᠶ᠋ᠢᠭᠤᠯᠤᠨ ᠮᠠᠯᠵᠢᠬᠤ ᠲᠠᠷᠢᠶᠠᠯᠠᠬᠤ ᠣᠷᠣᠨ᠂ ᠦᠢ᠍ᠯᠡᠳᠪᠦᠷᠢ ᠠᠭᠤᠷᠬᠠᠢ ᠠᠵᠤ ᠠᠬᠤᠶ᠋ᠢᠯᠠᠯ ᠳᠤ ᠭᠦᠨᠵᠡᠭᠡᠶ᠋ᠢᠷᠡᠨ ᠦᠢ᠍ᠯᠡᠳᠦᠯᠭᠡ ᠵᠢᠨ ᠦᠯᠢᠬᠡᠷ᠎ᠢ ᠰᠠᠶ᠋ᠢᠲᠤᠷ ᠶᠠᠷᠢᠭᠤᠯᠪᠠ᠃ ᠬᠣᠶᠠᠳᠤᠭ᠋ᠠᠷ ᠬᠤᠭᠤᠴᠠᠭ᠋ᠠᠨ᠎ᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ ᠬᠢᠴᠢᠶᠡᠯ᠎ᠤᠨ ᠲᠠᠩᠬᠢᠮ᠎ᠳᠤ ᠣᠷᠣᠭᠤᠯᠬᠤ ᠲᠠᠷᠢᠬᠢ ᠲᠣᠯᠣᠭ᠋ᠠᠢ᠎ᠳᠤᠨᠢ ᠬᠠᠳᠠᠩᠰᠢᠭᠤᠯᠬᠤ ᠰᠤᠳᠤᠯᠤᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠨᠡᠷᠡᠳᠤ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ 《ᠬᠣᠶᠠᠷ ᠶᠡᠬᠡ ᠶᠠᠪᠤᠳᠠᠯ》᠎ᠳᠤ ᠠᠩᠬᠠᠷᠤᠯ ᠵᠶ᠋ᠠᠨ ᠬᠠᠨᠳᠤᠭᠤᠯᠤᠨ ᠵᠠᠬᠢᠶᠠᠯᠠᠭ᠎ᠠ ᠪᠠᠷ ᠬᠠᠪᠰᠤᠷᠤᠨ ᠵᠢᠯᠣᠭᠣᠳᠴᠤ᠂ ᠤᠯᠠᠭ᠋ᠠᠨᠰᠤᠬᠠᠢ ᠵᠢᠨ ᠠᠵᠤ ᠦᠢ᠍ᠯᠡᠰ᠎ᠤᠨ ᠺᠣᠮᠫᠠᠨᠢ᠂ ᠥᠪᠥᠷ ᠮᠣᠩᠭᠣᠯ᠎ᠤᠨ ᠵᠦᠩ ᠬᠤᠸᠠᠨ ᠡᠳ᠋ ᠬᠦᠷᠦᠩᠭᠡ ᠵᠢᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ ᠵᠡᠷᠭᠡ ᠶᠡᠷᠦᠩᠬᠡᠢ ᠱᠦᠵᠢ ᠰᠢ ᠵᠢᠨ ᠫᠢᠩ᠎ᠤᠨ ᠰᠢᠨᠵᠢᠯᠡᠨ ᠪᠠᠶ᠋ᠢᠴᠠᠭ᠋ᠠᠵᠤ ᠥᠩᠭᠡᠷᠡᠭᠰᠡᠨ ᠨᠢᠭᠡᠴᠢ ᠵᠢᠨ ᠲᠥᠯᠥᠭᠡᠯᠡᠭᠴᠢᠳ᠎ᠢ ᠤᠷᠢᠵᠤ ᠰᠠᠨᠠᠯ ᠵᠶ᠋ᠠᠨ ᠰᠣᠯᠢᠯᠴᠠᠨ ᠬᠤᠪᠢᠶᠠᠯᠴᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠳᠠᠷᠤᠢ᠎ᠳᠤ᠎ᠨᠢ ᠪᠠᠭᠰᠢ ᠰᠤᠷᠤᠭᠴᠢᠳ᠎ᠲᠤ ᠤᠯᠠᠮᠵᠢᠯᠠᠪᠠ᠃ ᠬᠣᠶᠠᠷ᠎ᠲᠤ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠭᠦᠨᠵᠡᠭᠡᠢ ᠰᠤᠷᠤᠯᠴᠠᠵᠦ᠂ ᠠᠭᠤᠰᠬᠠᠨ ᠣᠢ᠌ᠯᠠᠭ᠋ᠠᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠳᠡᠭᠡᠳᠦ ᠰᠤᠷᠭ᠋ᠠᠭᠤᠯᠢ ᠵᠢ ᠵᠢᠯᠣᠭᠣᠳᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠤᠳᠤᠷᠢᠳᠬᠠᠯ᠎ᠤᠨ ᠬᠢᠴᠢᠶᠡᠯ᠎ᠢ ᠡᠮᠬᠢ ᠵᠢᠷᠤᠮ᠎ᠲᠠᠢ ᠨᠡᠭᠡᠭᠡᠵᠦ᠂ ᠳᠤᠮᠳᠠᠳᠤ ᠪᠠᠭ᠎ᠠ ᠰᠤᠷᠭ᠋ᠠᠭᠤᠯᠢ ᠵᠢ ᠵᠢᠯᠣᠭᠣᠳᠤᠨ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ》 ᠭᠡᠬᠦ ᠰᠤᠷᠤᠭᠴᠢᠳ᠎ᠤᠨ ᠤᠩᠰᠢᠬᠤ ᠪᠢᠴᠢᠭ ᠪᠠ 《ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ》 ᠵᠡᠷᠭᠡ ᠵᠢᠭ᠋ᠠᠬᠤ ᠮᠠᠲ᠋ᠧᠷᠢᠶᠠᠯ᠎ᠢ ᠰᠠᠶ᠋ᠢᠲᠤᠷ ᠬᠡᠷᠡᠭᠯᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠴᠢ 《ᠬᠣᠶᠠᠷ ᠶᠡᠬᠡ ᠶᠠᠪᠤᠳᠠᠯ》᠎ᠢ ᠴᠢᠷᠮᠠᠶ᠋ᠢᠨ ᠰᠠᠶ᠋ᠢᠲᠤᠷ ᠪᠡᠶᠡᠯᠡᠭᠦᠯᠬᠦ ᠡᠭᠦᠷᠭᠡ ᠱᠠᠭ᠋ᠠᠷᠳᠠᠯᠭ᠎ᠠ ᠵᠢ ᠬᠢᠴᠢᠶᠡᠯ᠎ᠤᠨ ᠵᠢᠭ᠋ᠠᠨ ᠰᠤᠷᠭ᠋ᠠᠯᠲᠠ ᠪᠠ ᠠᠩᠬᠢ ᠪᠦᠯᠬᠦᠮ᠎ᠤᠨ ᠠᠵᠢᠯᠯᠠᠭ᠎ᠠ᠎ᠳᠤ ᠠᠭᠤᠰᠬᠠᠪᠠ᠃ ᠭᠣᠣᠯ ᠰᠡᠳᠦᠪᠲᠦ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ 36 ᠮᠤᠵᠢ ᠵᠢᠨ ᠲᠡᠰ᠎ᠤᠨ ᠤᠳᠤᠷᠢᠳᠤᠯᠭ᠎ᠠ ᠳᠡᠭᠡᠳᠦ ᠰᠤᠷᠭ᠋ᠠᠭᠤᠯᠢ ᠵᠢ ᠪᠠᠶ᠋ᠢᠴᠠᠭ᠋ᠠᠨ ᠰᠣᠳᠤᠯᠵᠤ᠂ ᠶᠠᠷᠢᠶᠠᠨ᠎ᠤ ᠲᠠᠪᠴᠠᠩ᠎ᠳᠤ ᠭᠠᠷᠴᠤ ᠲᠤᠰᠬᠠᠢ ᠰᠡᠳᠦᠪᠲᠦ ᠮᠡᠳᠡᠭᠦᠯᠦᠯᠲᠡ ᠬᠢᠵᠦ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠠᠬᠢ ᠬᠠᠯᠠᠮᠵᠢᠯᠠᠯ ᠪᠠ ᠳᠡᠮᠵᠢᠯᠭᠡ ᠵᠢ ᠳᠠᠷᠤᠢ᠎ᠳᠤ᠎ᠨᠢ ᠥᠷᠭᠡᠨ ᠤᠯᠠᠨ ᠪᠠᠭᠰᠢ ᠰᠤᠷᠤᠭᠴᠢᠳ᠎ᠲᠤ ᠳᠠᠮᠵᠢᠭᠤᠯᠪᠠ᠃ ᠥᠪᠥᠷ ᠮᠣᠩᠭᠣᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠥᠪᠥᠷ ᠮᠣᠩᠭᠣᠯ᠎ᠳᠠᠬᠢ ᠠᠮᠢᠳᠤᠯᠢᠭ ᠦᠢ᠍ᠯᠡᠳᠦᠯᠭᠡ ᠵᠢᠨ ᠬᠡᠷᠡᠭ᠎ᠤᠨ ᠵᠢᠱ᠌ᠢᠶ᠎ᠡ》 ᠪᠠ 《ᠲᠠᠪᠤᠨ ᠪᠣᠳᠠᠲᠤ ᠶᠠᠪᠤᠳᠠᠯ ᠪᠠ ᠶᠣᠰᠣ ᠵᠦᠢ》 ᠭᠡᠬᠦ ᠦᠵᠡᠯ ᠰᠠᠨᠠᠭ᠎ᠠ ᠤᠯᠤᠰ ᠲᠥᠷᠥ ᠵᠢᠨ ᠲᠠᠢ᠌ᠯᠤᠨᠢ ᠨᠠᠶ᠋ᠢᠷᠠᠭᠤᠯᠤᠨ ᠵᠣᠬᠢᠶᠠᠵᠤ᠂ 《ᠮᠣᠩᠭᠣᠯ ᠮᠣᠷᠢᠨ᠎ᠤ ᠵᠣᠷᠢᠭ ᠰᠠᠨᠠᠭ᠎ᠠ》᠂ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠡᠷᠭᠡ ᠦᠢ᠍ᠯᠡᠳᠭᠡᠯ᠎ᠤᠨ ᠳᠠᠭᠤᠷᠢᠶᠠᠯ ᠦᠵᠡᠭᠦᠯᠬᠦ ᠡᠬᠢ ᠪᠠᠶᠠᠯᠢᠭ᠎ᠤᠨ ᠪᠣᠭᠣᠳᠠᠯ᠎ᠳᠤ ᠠᠩᠬᠠᠷᠤᠯ ᠵᠶ᠋ᠠᠨ ᠬᠠᠨᠳᠤᠭᠤᠯᠵᠤ᠂ 《ᠠᠨᠠᠷ ᠤᠯᠠᠭ᠋ᠠᠨ》᠂ 《ᠤᠮᠠᠷᠠᠲᠤ ᠬᠢᠯᠢ ᠨᠣᠭᠣᠭ᠋ᠠᠨ》᠂ 《ᠰᠠᠨᠰᠠᠷ᠎ᠤᠨ ᠠᠶᠠᠯᠠᠯ ᠬᠥᠬᠡ》 ᠵᠡᠷᠭᠡ ᠣᠨᠴᠠᠯᠢᠭᠲᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠪᠣᠶ ᠪᠣᠯᠭ᠋ᠠᠵᠤ᠂ ᠥᠷᠭᠡᠨ ᠣᠯᠠᠨ ᠪᠠᠭᠰᠢ ᠨᠠᠷ᠎ᠢ ᠵᠢᠯᠣᠭᠣᠳᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠥᠪᠥᠷ ᠮᠣᠩᠭᠣᠯ᠎ᠤᠨ ᠲᠤᠬᠠᠶ ᠭᠦᠨ ᠭᠦᠨᠵᠡᠭᠡᠶ ᠪᠥᠭᠡᠳ ᠨᠡᠪᠲᠡᠷᠡᠲᠡᠯ᠎ᠡ ᠶᠠᠷᠢᠭᠤᠯᠪᠠ᠃ ᠭᠤᠷᠪᠠ᠎ᠳᠤ᠂ ᠦᠢ᠍ᠯᠡᠳᠦᠯᠭᠡ ᠵᠢᠨ ᠠᠤᠭ᠎ᠠ ᠬᠦᠴᠦᠨ᠎ᠢ ᠭᠦᠨᠵᠡᠭᠡᠶ᠋ᠢᠷᠡᠭᠦᠯᠵᠦ᠂ ᠮᠡᠳᠡᠬᠦᠢ ᠬᠢᠬᠦᠢ ᠵᠢ ᠨᠢᠭᠡᠳᠬᠡᠬᠦ ᠳᠡᠭᠡᠷ᠎ᠡ ᠬᠦᠴᠦ ᠲᠠᠯᠪᠢᠪᠠ᠃ 《ᠶᠡᠷᠦᠩᠬᠡᠶ ᠱᠦᠵᠢ ᠰᠢ ᠵᠢᠨ ᠫᠢᠩ ᠤᠶᠤᠲᠠᠳ᠎ᠲᠠᠢ ᠬᠠᠮᠲᠤ》 ᠭᠡᠬᠦ ᠰᠢᠷᠢᠰ ᠠᠵᠢᠯᠯᠠᠭ᠎ᠠ ᠵᠢ ᠥᠷᠨᠢᠭᠦᠯᠵᠦ᠂ 《ᠤᠮᠠᠷᠠᠲᠤ ᠵᠢᠨ ᠵᠠᠯᠠᠭᠤᠴᠤᠳ᠎ᠤᠨ ᠮᠡᠳᠡᠬᠦᠢ ᠪᠠ ᠦᠢ᠍ᠯᠡᠳᠦᠯᠭᠡ ᠵᠢᠨ ᠠᠶᠠᠯᠠᠯ》 ᠭᠡᠬᠦ ᠵᠤᠰᠠᠯᠠᠩ᠎ᠢ ᠡᠷᠭᠢᠯᠡᠵᠦ᠂ ᠪᠠᠭᠰᠢ ᠰᠤᠷᠤᠭᠴᠢᠳ᠎ᠢ ᠬᠥᠲᠥᠯᠥᠨ ᠵᠢᠯᠣᠭᠣᠳᠴᠤ 《ᠬᠤᠪᠢᠰᠬᠠᠯ᠎ᠤᠨ ᠰᠣᠶᠤᠯ᠎ᠤᠨ ᠰᠤᠷᠭ᠋ᠠᠨ ᠬᠥᠮᠥᠵᠢᠯ᠎ᠤᠨ ᠰᠠᠭᠤᠷᠢᠨ ᠭᠠᠵᠠᠷ᠎ᠢ ᠲᠣᠭᠣᠷᠢᠨ ᠦᠵᠡᠵᠦ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠶᠠᠪᠤᠵᠤ ᠰᠤᠷᠬᠤ》᠂ 《ᠶᠡᠬᠡ ᠰᠤᠷᠤᠯᠴᠠᠯᠭ᠎ᠠ᠎ᠪᠠᠷ ᠵᠠᠮᠴᠢᠯᠠᠭᠤᠯᠬᠤ ᠲᠥᠯᠥᠪᠯᠡᠭᠡ》 ᠵᠡᠷᠭᠡ ᠭᠤᠤᠯ ᠰᠡᠳᠦᠪᠲᠦ ᠠᠵᠢᠯᠯᠠᠭ᠎ᠠ᠎ᠳᠤ ᠣᠷᠣᠯᠴᠠᠭᠤᠯᠵᠤ᠂ ᠡᠯ᠎ᠡ ᠭᠠᠵᠠᠷ᠎ᠤᠨ᠎ᠬᠢᠨ᠎ᠤ 《ᠶᠠᠪᠤᠵᠤ ᠰᠤᠷᠬᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠂ 《ᠤᠯᠠᠭ᠋ᠠᠨ ᠪᠦᠴᠡᠲᠡᠨ᠎ᠤ ᠰᠤᠷᠪᠤᠯᠵᠢᠯᠠᠭᠰᠠᠨ ᠲᠡᠮᠳᠡᠭᠯᠡᠯ》 ᠵᠡᠷᠭᠡ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠬᠦ ᠵᠢ ᠠᠬᠢᠭᠤᠯᠵᠤ᠂ 《ᠶᠠᠭ᠋ᠠᠬᠢᠭ᠋ᠠᠳ ᠳᠤᠮᠳᠠᠳᠤ ᠤᠯᠤᠰ ᠪᠣᠶ》 《ᠵᠠᠯᠠᠭᠤᠴᠤᠳ ᠶᠠᠷᠢᠬᠤ᠎ᠨᠢ》 《ᠡᠷᠡᠮᠡᠬᠡᠢ᠌ᠯᠡᠨ ᠤᠷᠤᠭᠰᠢᠯᠠᠭ᠋ᠠᠷᠠᠶ! ᠤᠮᠠᠷᠠᠲᠤ ᠵᠢᠨ ᠪᠠᠭ᠋ᠠᠴᠤᠳ》 ᠵᠡᠷᠭᠡ 《ᠤᠮᠠᠷᠠᠲᠤ ᠬᠢᠯᠢ ᠵᠢᠨ ᠰᠣᠶᠣᠯ》᠎ᠢ ᠢᠯᠡᠷᠡᠭᠦᠯᠬᠦ ᠲᠦᠷᠦᠯ ᠲᠡᠮᠳᠡᠭᠲᠦ ᠵᠢᠨ ᠬᠥᠮᠦᠨ ᠬᠥᠮᠦᠵᠢᠭᠦᠯᠬᠦ ᠠᠵᠢᠯᠯᠠᠭ᠎ᠠ ᠵᠢ ᠡᠭᠦᠰᠭᠡᠵᠦ᠂ ᠪᠠᠭᠰᠢ ᠰᠤᠷᠤᠭᠴᠢᠳ ᠤᠬᠠᠮᠰᠠᠷ᠎ᠠᠴᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠭᠦᠨ ᠵᠤᠵᠠᠭ᠋ᠠᠨ ᠬᠠᠶ᠋ᠢᠷ᠎ᠠ ᠬᠠᠯᠠᠮᠵᠢ ᠵᠢ ᠠᠴᠢ ᠬᠠᠷᠢᠭᠤᠯᠵᠤ ᠡᠷᠡᠮᠡᠬᠡᠶ᠋ᠢᠯᠡᠨ ᠤᠷᠤᠭᠰᠢᠯᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠰᠤᠷᠭ᠋ᠠᠨ ᠬᠥᠮᠦᠵᠢᠯ᠎ᠤᠨ ᠹᠷᠣᠨᠲ᠎ᠤᠨ ᠤᠶᠤᠨ ᠤᠬᠠᠭ᠋ᠠᠨ ᠬᠦᠴᠦᠨ ᠴᠢᠳᠠᠯ ᠵᠶ᠋ᠠᠨ ᠡᠷᠭᠦᠬᠦ ᠵᠢ ᠬᠦᠳᠦᠯᠦᠨ ᠵᠢᠯᠣᠭᠣᠳᠪᠠ!