ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《2023 ᠣᠨ᠎ᠢ ᠪᠤᠴᠠᠨ ᠬᠠᠷᠠᠬᠤ》 ᠭᠣᠣᠯ ᠰᠡᠳᠦᠪᠲᠦ ᠰᠢᠷᠢᠰ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠪᠠ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ᠎ᠤᠨ ᠳᠤᠰᠬᠠᠢ ᠲᠠᠯᠠᠪᠤᠷ)
ᠨᠡᠶ᠋ᠢᠲᠡᠯᠡᠭᠰᠡᠨ ᠴᠠᠭ᠄ 2024-01-12

3ecba362486619420101fec26be40c42_W020240110612932304505_ORIGIN.jpg


   

     1 ᠰᠠᠷ᠎ᠠ ᠵᠢᠨ 10᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《2023 ᠣᠨ᠎ᠢ ᠪᠤᠴᠠᠨ ᠬᠠᠷᠠᠬᠤ》 ᠭᠣᠣᠯ ᠰᠡᠳᠦᠪᠲᠦ ᠰᠢᠷᠢᠰ ᠰᠣᠨᠢᠨ ᠮᠡᠳᠡᠭᠡ           ᠨᠡᠶ᠋ᠢᠲᠡᠯᠡᠬᠦ ᠬᠤᠷᠠᠯ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠲᠤᠰᠬᠠᠢ ᠲᠠᠯᠠᠪᠤᠷ)᠎ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ ᠎ᠤᠨ ᠬᠣᠷᠢᠶᠠᠨ᠎ᠤ ᠳᠡᠳ᠋ ᠱᠦᠵᠢ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠯᠢ ᠶᠢᠩ ᠭᠣᠣᠯ ᠰᠡᠳᠦᠪᠲᠦ ᠨᠡᠢ᠌ᠲᠡᠯᠡᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠎ᠤᠨ ᠰᠠᠭᠤᠷᠢ ᠰᠤᠷᠭ᠋ᠠᠨ ᠬᠥᠮᠦᠵᠢᠯ᠎ᠤᠨ ᠨᠢᠭᠡᠳᠦᠭᠡᠷ ᠠᠵᠢᠯ᠎ᠤᠨ ᠭᠠᠵᠠᠷ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠭᠠᠵᠠᠷ᠂ ᠳᠡᠭᠡᠳᠦ ᠰᠤᠷᠭ᠋ᠠᠭᠤᠯᠢ ᠵᠢᠨ ᠰᠤᠷᠤᠭᠴᠢ ᠵᠢᠨ ᠠᠵᠢᠯ᠎ᠤᠨ ᠭᠠᠵᠠᠷ᠂ ᠪᠠᠭᠰᠢ ᠵᠢᠨ ᠠᠵᠢᠯ᠎ᠤᠨ ᠭᠠᠵᠠᠷ᠎ᠤᠨ ᠬᠠᠷᠢᠭᠤᠴᠠᠯᠭ᠋ᠠᠲᠠᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃


     《2023 ᠣᠨ᠎ᠢ ᠪᠤᠴᠠᠨ ᠬᠠᠷᠠᠬᠤ》 ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ
        ᠰᠤᠷᠭ᠋ᠠᠨ ᠬᠥᠮᠦᠵᠢᠯ᠎ᠤᠨ ᠲᠢᠩᠬᠢᠮ᠎ᠤᠨ ᠲᠤᠰᠬᠠᠢ ᠲᠠᠯᠠᠪᠤᠷ ᠬᠤᠷᠠᠯ᠎ᠤᠨ ᠭᠣᠣᠯ ᠨᠡᠢ᠌ᠲᠡᠯᠡᠯ᠎ᠤᠨ ᠦᠭᠡ

         ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ

         ᠬᠣᠷᠢᠶᠠᠨ᠎ᠤ ᠳᠡᠳ᠋ ᠱᠦᠵᠢ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ

         ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠯᠢ ᠶᠢᠩ


      2023 ᠣᠨ᠎ᠳᠤ᠂ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠨᠠᠶ᠋ᠢᠳᠠᠪᠤᠷᠢᠵᠢᠭᠤᠯᠬᠤ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ ᠎ᠤᠨ ᠣᠷᠳᠣᠨ᠎ᠤ ᠤᠳᠤᠷᠢᠳᠤᠯᠭ᠎ᠠ᠂ ᠰᠤᠷᠭ᠋ᠠᠨ ᠬᠥᠮᠦᠵᠢᠯ᠎ᠤᠨ ᠶᠠᠮᠤᠨ᠎ᠤ ᠵᠢᠯᠣᠭᠣᠳᠣᠯᠭ᠎ᠠ ᠳᠣᠣᠷ᠎ᠠ᠂ ᠠᠷᠠᠳ ᠲᠦᠮᠡᠨ ᠵᠶ᠋ᠠᠷ ᠭᠣᠣᠯ ᠪᠣᠯᠭ᠋ᠠᠨ ᠰᠤᠷᠭ᠋ᠠᠨ ᠬᠥᠮᠦᠵᠢᠯ᠎ᠢ ᠬᠥᠭᠵᠢᠭᠦᠯᠬᠦ ᠵᠢ ᠪᠠᠷᠢᠮᠲᠠᠯᠠᠨ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ᠎ᠢ ᠪᠣᠢ ᠪᠣᠯᠭ᠋ᠠᠨ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠎ᠢ ᠪᠠᠲᠤ ᠴᠣᠭᠴᠠᠯᠠᠬᠤ ᠭᠣᠣᠯ ᠱᠤᠭᠤᠮ᠎ᠢ ᠰᠤᠷᠭ᠋ᠠᠭᠤᠯᠢ ᠡᠷᠬᠢᠯᠡᠬᠦ ᠪᠦᠬᠦ ᠶᠠᠪᠤᠴᠠ᠂ ᠡᠯ᠎ᠡ ᠬᠦᠷᠢᠶᠡᠨ᠎ᠳᠤ ᠲᠤᠭᠤᠰᠢᠯᠠᠭᠤᠯᠵᠤ᠂ ᠴᠢᠨᠠᠷᠯᠢᠭ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠵᠤ᠂ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠪᠠ᠃
      ᠨᠢᠭᠡ᠂ ᠨᠠᠮ᠎ᠤᠨ ᠰᠤᠷᠭ᠋ᠠᠨ ᠬᠥᠮᠦᠵᠢᠯ᠎ᠤᠨ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠪᠠ ᠴᠢᠩᠭ᠋ᠠᠳᠬᠠᠵᠤ᠂ ᠶᠣᠰᠣ ᠰᠤᠷᠲᠠᠬᠤᠨ᠎ᠢ ᠪᠣᠢ ᠪᠣᠯᠭ᠋ᠠᠨ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠪᠠᠲᠤ ᠡᠵᠡᠮᠳᠡᠪᠡ
      ᠨᠢᠭᠡ᠎ᠳᠤ᠂ ᠵᠣᠬᠢᠶᠠᠨ ᠪᠠᠶ᠋ᠢᠭᠤᠯᠤᠯᠲᠠ ᠵᠢ ᠠᠳᠬᠤᠨ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠷᠭᠦᠯᠵᠢᠯᠡᠨ ᠬᠦᠴᠦ᠎ᠪᠠᠨ ᠲᠥᠪᠯᠡᠷᠡᠭᠦᠯᠦᠨ ᠰᠠᠭᠤᠷᠢ ᠵᠢ ᠪᠠᠲᠤᠳᠬᠠᠨ ᠦᠨᠳᠦᠰᠦ ᠵᠢ ᠪᠡᠬᠢᠵᠢᠭᠦᠯᠪᠡ᠃ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠢᠮᠠᠭᠲᠠ ᠨᠠᠮ᠎ᠤᠨ ᠤᠯᠤᠰ ᠲᠥᠷᠥ ᠵᠢᠨ ᠪᠠᠶ᠋ᠢᠭᠤᠯᠤᠯᠲᠠ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠨᠠᠮ᠎ᠤᠨ ᠤᠳᠤᠷᠢᠳᠤᠯᠭ᠎ᠠ ᠵᠢ ᠰᠤᠷᠭ᠋ᠠᠨ ᠬᠥᠮᠦᠵᠢᠯ᠎ᠤᠨ ᠠᠵᠢᠯ᠎ᠤᠨ ᠡᠯ᠎ᠡ ᠲᠠᠯ᠎ᠠ ᠡᠯ᠎ᠡ ᠭᠣᠭᠴᠣᠭ᠎ᠠ ᠎ᠳᠤ ᠲᠤᠭᠤᠰᠢᠯᠠᠭᠤᠯᠤᠨ᠂ ᠶᠡᠬᠡ ᠳᠡᠭᠡᠳᠦ ᠰᠤᠷᠭ᠋ᠠᠭᠤᠯᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠳᠣᠣᠷᠠᠬᠢ ᠰᠤᠷᠭ᠋ᠠᠭᠤᠯᠢ ᠵᠢᠨ ᠵᠠᠬᠢᠷᠤᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠭᠰᠠᠨ ᠰᠤᠷᠭ᠋ᠠᠭᠤᠯᠢ ᠵᠢᠨ ᠵᠠᠬᠢᠷᠤᠯ᠎ᠤᠨ ᠬᠠᠷᠢᠭᠤᠴᠠᠯᠭ᠎ᠠ  ᠵᠢᠨ ᠳᠦᠷᠢᠮ᠎ᠢ ᠢᠳᠡᠪᠬᠢᠲᠡᠢ ᠠᠬᠢᠭᠤᠯᠤᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ 《ᠤᠮᠠᠷᠠᠲᠤ ᠬᠢᠯᠢ ᠵᠢᠨ ᠰᠤᠷᠭ᠋ᠠᠨ ᠬᠥᠮᠦᠵᠢᠯ ᠡᠭᠦᠷᠢᠲᠡ ᠨᠠᠮ ᠵᠶ᠋ᠠᠨ ᠳᠠᠭ᠋ᠠᠨᠠᠮ》 ᠭᠡᠬᠦ ᠨᠠᠮ᠎ᠤᠨ ᠪᠠᠶ᠋ᠢᠭᠤᠯᠤᠯᠲᠠ ᠵᠢᠨ ᠲᠦᠷᠦᠯ ᠲᠡᠮᠳᠡᠭᠲᠦ ᠵᠢ ᠪᠦᠬᠦ ᠲᠠᠯ᠎ᠠ᠎ᠪᠠᠷ ᠡᠭᠦᠳᠦᠨ ᠪᠠᠶ᠋ᠢᠭᠤᠯᠵᠤ᠂ 31 ᠶᠡᠬᠡ ᠳᠡᠭᠡᠳᠦ ᠰᠤᠷᠭ᠋ᠠᠭᠤᠯᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠰᠤᠷᠭ᠋ᠠᠨ ᠬᠥᠮᠦᠵᠢᠯ᠎ᠤᠨ ᠶᠠᠮᠤᠨ᠎ᠤ ᠰᠢᠨ᠎ᠡ ᠴᠠᠭ ᠦᠶ᠎ᠡ ᠵᠢᠨ ᠶᠡᠬᠡ ᠳᠡᠭᠡᠳᠦ ᠰᠤᠷᠭ᠋ᠠᠭᠤᠯᠢ ᠵᠢᠨ ᠨᠠᠮ᠎ᠤᠨ ᠪᠠᠶ᠋ᠢᠭᠤᠯᠤᠯᠲᠠ ᠵᠢᠨ ᠦᠯᠢᠭᠡᠷ ᠳᠠᠭᠤᠷᠢᠶᠠᠯ᠎ᠢ ᠡᠭᠦᠳᠦᠨ ᠪᠠᠢ᠌ᠭᠤᠯᠤᠭᠰᠠᠨ ᠪᠠ ᠴᠢᠨᠠᠷ ᠴᠢᠨᠰᠠᠭ᠋ᠠᠨ᠎ᠤ ᠰᠢᠯᠢᠳᠡᠭ᠎ᠢ ᠡᠭᠦᠳᠦᠭᠰᠡᠨ ᠨᠢᠭᠡᠴᠢ᠎ᠪᠠᠷ ᠰᠣᠩᠭᠣᠭᠳᠠᠵᠤ᠂ ᠪᠠᠭᠰᠢ ᠨᠠᠮ᠎ᠤᠨ ᠡᠭᠦᠷ᠎ᠤᠨ ᠱᠦᠵᠢ ᠵᠢᠨ 《ᠬᠣᠣᠰ ᠳᠠᠭ᠋ᠠᠭᠤᠯᠤᠭᠴᠢ》  ᠵᠢᠨ ᠲᠣᠬᠢᠷᠠᠭᠤᠯᠪᠠᠰᠤ ᠵᠣᠬᠢᠰᠲᠠᠢ ᠪᠦᠬᠦᠨ᠎ᠢ ᠲᠣᠬᠢᠷᠠᠭᠤᠯᠬᠤ ᠵᠢ ᠪᠡᠶᠡᠯᠡᠭᠦᠯᠪᠡ᠃ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠥᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠴᠠᠭ ᠦᠶ᠎ᠡ  ᠵᠢᠨ ᠰᠢᠨ᠎ᠡ ᠬᠥᠮᠦᠨ᠎ᠤ ᠰᠦᠭ᠎ᠢ ᠱᠤᠭᠤᠬᠤ ᠢᠨᠵᠧᠨᠧᠷᠢᠩ᠎ᠢ ᠡᠬᠢᠯᠡᠭᠦᠯᠵᠦ᠂ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠲᠣᠢ᠌ᠮᠤᠯᠠᠯ》 ᠭᠡᠬᠦ ᠬᠢᠴᠢᠶᠡᠯ᠎ᠢ ᠰᠠᠶ᠋ᠢᠲᠤᠷ ᠨᠡᠭᠡᠭᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠲᠤᠬᠠᠢ ᠴᠢᠬᠤᠯᠠ ᠵᠢᠭ᠋ᠠᠪᠤᠷᠢ ᠵᠢ ᠬᠣᠶᠠᠷ ᠪᠦᠯᠦᠭ ᠭᠣᠣᠯ ᠰᠡᠳᠦᠪᠲᠦ ᠬᠥᠮᠦᠵᠢᠯ᠎ᠤᠨ ᠵᠠᠪᠠᠯ ᠰᠤᠷᠬᠤ ᠠᠭᠤᠯᠭ᠎ᠠ ᠪᠣᠯᠭ᠋ᠠᠪᠠ᠃ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠢ ᠵᠣᠬᠢᠶᠠᠨ ᠪᠠᠶ᠋ᠢᠭᠤᠯᠤᠨ ᠰᠤᠷᠭ᠋ᠠᠭᠤᠯᠢ ᠡᠬᠢᠯᠡᠭᠰᠡᠨ ᠠᠩᠬᠠᠨ᠎ᠤ ᠬᠢᠴᠢᠶᠡᠯ᠎ᠢ ᠬᠠᠮᠲᠤ᠎ᠳᠤ᠎ᠪᠠᠨ ᠣᠷᠣᠵᠤ᠂ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ  ᠰᠠᠨᠠᠭ᠎ᠠ ᠵᠢ ᠥᠪᠥᠷ ᠮᠣᠩᠭᠣᠯ᠎ᠳᠤ ᠠᠮᠢᠳᠤᠯᠢᠭ ᠵᠶ᠋ᠠᠷ ᠦᠢ᠍ᠯᠡᠳᠦᠯᠭᠡᠵᠢᠭᠦᠯᠦᠭᠰᠡᠨ ᠵᠢᠱ᠌ᠢᠶ᠎ᠡ》 ᠵᠢ ᠨᠠᠶ᠋ᠢᠷᠠᠭᠤᠯᠤᠨ ᠪᠢᠴᠢᠵᠦ᠂ ᠥᠷᠭᠡᠨ ᠣᠯᠠᠨ ᠪᠠᠭᠰᠢ ᠰᠤᠷᠤᠭᠴᠢ ᠵᠢᠨ ᠨᠠᠮ᠎ᠤᠨ ᠠᠴᠢ ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ ᠠᠤᠭ᠎ᠠ ᠬᠦᠴᠦᠨ ᠎ᠢ ᠤᠯᠠᠮ ᠨᠢᠭᠡ ᠠᠯᠬᠤᠮ ᠨᠢᠭᠲᠠᠷᠠᠭᠤᠯᠪᠠ᠃
      ᠬᠣᠶᠠᠷ᠎ᠲᠤ᠂ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠪᠣᠳᠠᠲᠠᠢ᠂ ᠲᠥᠷᠦᠭᠳᠡᠯᠲᠡᠢ  ᠮᠥᠷᠲᠡᠭᠡᠨ ᠪᠦᠲᠦᠮᠵᠢᠲᠡᠢ ᠪᠣᠯᠭ᠋ᠠᠪᠠ᠃ ᠬᠢᠴᠢᠶᠡᠯ᠎ᠤᠨ ᠬᠥᠮᠦᠨ ᠬᠥᠮᠦᠵᠢᠭᠦᠯᠬᠦ ᠭᠣᠣᠯ ᠠᠷᠭ᠎ᠠ ᠵᠠᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠡᠦᠬᠡᠳ᠎ᠤᠨ ᠴᠡᠴᠡᠷᠯᠢᠭ᠎ᠤᠨ ᠵᠢᠷᠤᠭᠲᠤ ᠳᠡᠪᠲᠡᠷ᠂ ᠪᠠᠭ᠎ᠠ ᠰᠤᠷᠭ᠋ᠠᠭᠤᠯᠢ ᠵᠢᠨ ᠠᠨᠠᠷ᠎ᠤᠨ ᠦᠷ᠎ᠡ ᠣᠩᠰᠢᠬᠤ ᠪᠢᠴᠢᠭ᠂ 《ᠳᠤᠮᠳᠠᠳᠤ ᠵᠢᠨ ᠦᠨᠳᠦᠰᠦᠲᠡᠨ᠎ᠤ ᠬᠠᠮᠲᠤ  ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ》 ᠵᠢᠨ ᠵᠢᠭ᠋ᠠᠨ ᠰᠤᠷᠭ᠋ᠠᠯᠲᠠ ᠵᠢᠨ ᠬᠥᠲᠥᠯᠪᠦᠷᠢ  ᠵᠢ ᠨᠠᠶ᠋ᠢᠷᠠᠭᠤᠯᠤᠨ ᠲᠠᠷᠬᠠᠭ᠋ᠠᠵᠤ᠂ 《ᠭᠤᠷᠪᠠᠨ ᠵᠢᠷᠤᠬᠠᠢ᠌ᠲᠤ ᠬᠣᠰᠢᠭᠤᠨ᠎ᠤ ᠬᠠᠮᠤᠭ᠎ᠤᠨ ᠰᠠᠢ᠌ᠨ ᠮᠠᠯᠵᠢᠯ᠎ᠤᠨ ᠲᠠᠯᠠᠪᠠᠢ ᠵᠢ ᠰᠠᠨᠰᠠᠷ᠎ᠤᠨ ᠠᠶᠠᠯᠠᠯ᠎ᠳᠤ》 ᠵᠡᠷᠭᠡ ᠵᠢᠱ᠌ᠢᠮᠡᠭ ᠬᠢᠴᠢᠶᠡᠯ᠎ᠢ ᠨᠡᠭᠡᠭᠡᠨ ᠬᠥᠭᠵᠢᠭᠦᠯᠵᠦ᠂ 《ᠤᠯᠠᠭ᠋ᠠᠨ ᠠᠨᠠᠷ》᠂ 《ᠨᠣᠮᠢᠨ ᠤᠮᠠᠷᠠᠲᠤ ᠬᠢᠯᠢ》᠂ 《ᠬᠥᠬᠡᠮᠳᠦᠭ ᠰᠠᠨᠰᠠᠷ᠎ᠤᠨ           ᠠᠶᠠᠯᠠᠯ》 ᠭᠡᠬᠦ ᠣᠨᠴᠠᠯᠢᠭᠲᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠪᠠᠶ᠋ᠢᠭᠤᠯᠵᠤ᠂ ᠪᠦᠬᠦ ᠤᠯᠤᠰ᠎ᠲᠤ ᠶᠡᠬᠡ ᠳᠡᠭᠡᠳᠦ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠵᠠᠪᠠᠯ ᠰᠤᠷᠬᠤ ᠬᠢᠴᠢᠶᠡᠯ ᠵᠶ᠋ᠠᠷ ᠲᠦᠷᠦᠭᠦᠯᠡᠨ ᠨᠡᠭᠡᠭᠡᠪᠡ᠃ ᠦᠢ᠍ᠯᠡᠳᠦᠯᠭᠡ᠎ᠪᠠᠷ ᠬᠥᠮᠦᠨ ᠬᠥᠮᠦᠵᠢᠭᠦᠯᠬᠦ ᠵᠢ ᠴᠢᠩᠭ᠋ᠠᠳᠬᠠᠵᠤ᠂ 《ᠦᠵᠡᠯ ᠰᠠᠨᠠᠭ᠎ᠠ ᠤᠯᠤᠰ ᠲᠥᠷᠥ ᠵᠢᠨ ᠨᠡᠭᠦᠳᠡᠯ ᠬᠢᠴᠢᠶᠡᠯᠯᠡᠭᠡ》 ᠵᠡᠷᠭᠡ ᠦᠢ᠍ᠯᠡᠳᠦᠯᠭᠡ ᠵᠢᠨ ᠠᠵᠢᠯᠯᠠᠭ᠎ᠠ ᠵᠢᠨ ᠨᠡᠷᠡᠲᠦ ᠳᠡᠮᠳᠡᠭᠲᠦ ᠵᠢ ᠡᠭᠦᠳᠦᠨ᠂ ᠳᠣᠯᠣᠭ᠋ᠠᠨ ᠲᠣᠮᠤ ᠲᠥᠷᠥᠯ᠎ᠤᠨ ᠦᠢ᠍ᠯᠡᠳᠦᠯᠭᠡ ᠵᠢᠨ ᠰᠠᠭᠤᠷᠢᠨ ᠭᠠᠵᠠᠷ 123᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠳᠠᠭᠤᠷᠢᠶᠠᠯ ᠦᠵᠡᠭᠦᠯᠬᠦ ᠰᠤᠷᠭ᠋ᠠᠭᠤᠯᠢ 12᠂ ᠠᠶ᠋ᠢᠮᠠᠭ ᠬᠣᠲᠠ ᠵᠢᠨ ᠬᠤᠪᠢᠰᠬᠠᠯ᠎ᠤᠨ ᠰᠣᠳᠤᠯᠤᠨ ᠰᠤᠷᠤᠯᠴᠠᠬᠤ ᠭᠠᠵᠠᠷ᠎ᠤᠨ ᠵᠢᠷᠤᠭ 12᠂ ᠬᠤᠪᠢᠰᠬᠠᠯ᠎ᠤᠨ ᠰᠣᠶᠤᠯ᠎ᠤᠨ ᠰᠤᠷᠭ᠋ᠠᠨ ᠬᠥᠮᠥᠵᠢᠯ᠎ᠤᠨ ᠰᠠᠭᠤᠷᠢᠨ ᠭᠠᠵᠠᠷ 110᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠰᠠᠭᠤᠷᠢᠨ ᠭᠠᠵᠠᠷ 61 ᠵᠢ ᠪᠠᠶ᠋ᠢᠭᠤᠯᠵᠤ᠂ ᠡᠯ᠎ᠡ ᠰᠤᠷᠤᠯᠭ᠎ᠠ ᠵᠢᠨ ᠱᠠᠲᠤ ᠵᠢ ᠡᠮᠬᠢ ᠵᠢᠷᠤᠮ᠎ᠲᠠᠢ ᠵᠣᠯᠭ᠋ᠠᠭᠤᠯᠤᠭᠰᠠᠨ ᠨᠢᠭᠡ ᠴᠣᠭᠴᠠᠵᠢᠭᠤᠯᠤᠭᠰᠠᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠠᠯᠬᠤᠮ ᠠᠯᠬᠤᠮ ᠵᠶ᠋ᠠᠷ ᠪᠠᠶ᠋ᠢᠭᠤᠯᠪᠠ᠃ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠠᠭᠤᠰᠬᠠᠨ ᠬᠥᠮᠥᠵᠢᠭᠦᠯᠬᠦ ᠴᠢᠳᠠᠮᠵᠢ ᠵᠢ ᠪᠠᠳᠠᠷᠠᠭᠤᠯᠵᠤ᠂ ᠰᠤᠷᠭ᠋ᠠᠭᠤᠯᠢ ᠵᠢᠨ ᠬᠤᠪᠢᠰᠬᠠᠯᠲᠤ ᠲᠡᠦᠬᠡ ᠵᠢᠨ ᠦᠯᠢᠭᠡᠷ 72᠎ᠢ ᠢᠯᠡᠷᠡᠭᠦᠯᠵᠦ᠂ ᠨᠣᠮᠲᠠᠢ ᠰᠤᠷᠭ᠋ᠠᠭᠤᠯᠢ ᠵᠢᠨ ᠬᠦᠷᠢᠶ᠎ᠡ ᠵᠢ ᠪᠠᠢ᠌ᠭᠤᠯᠤᠨ᠂ ᠳᠤᠮᠳᠠᠳᠤ ᠵᠢᠨ ᠰᠣᠩᠭᠣᠳᠠᠭ ᠵᠣᠬᠢᠶᠠᠯ᠎ᠢ ᠤᠩᠰᠢᠬᠤ ᠢᠨᠵᠧᠨᠧᠷᠢᠩ᠎ᠢ ᠬᠡᠷᠡᠭᠵᠢᠭᠦᠯᠵᠦ᠂ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ 《ᠨᠢᠭᠡ ᠥᠷᠲᠡᠭᠡ ᠮᠠᠶᠢᠭ》᠎ᠤᠨ ᠨᠡᠶ᠋ᠢᠭᠡᠮ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠪᠠ᠃ ᠡᠷᠳᠡᠮ ᠰᠢᠨᠵᠢᠯᠡᠭᠡᠨ᠎ᠤ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠮᠠᠷᠺᠰ᠎ᠤᠨ ᠦᠵᠡᠯ᠎ᠤᠨ ᠣᠨᠣᠯ᠂ ᠦᠨᠳᠦᠰᠦᠲᠡᠨ᠎ᠤ ᠤᠬᠠᠭ᠋ᠠᠨ ᠵᠡᠷᠭᠡ ᠰᠢᠨᠵᠢᠯᠡᠭᠡᠨ᠎ᠤ ᠰᠠᠯᠠᠭ᠎ᠠ᠎ᠳᠤ ᠲᠥᠷᠥᠯ ᠵᠦᠢ᠍ᠯ ᠲᠣᠭᠲᠠᠭ᠋ᠠᠨ ᠳᠡᠮᠵᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠡᠷᠡᠭᠴᠡᠭᠡ᠎ᠳᠤ ᠵᠣᠬᠢᠴᠠᠭᠰᠠᠨ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠳᠣᠭᠲᠠᠯᠴᠠᠭ᠎ᠠ ᠵᠢ ᠪᠠᠢ᠌ᠭᠤᠯᠪᠠ᠃ ᠶᠡᠬᠡ ᠳᠡᠭᠡᠳᠦ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠤᠳᠤᠯᠭ᠋ᠠᠨ᠎ᠤ ᠰᠠᠭᠤᠷᠢᠨ ᠭᠠᠵᠠᠷ᠎ᠢ ᠨᠡᠮᠡᠨ 17 ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠂ ᠤᠮᠠᠷᠠᠲᠤ ᠬᠢᠯᠢ ᠵᠢᠨ ᠰᠣᠶᠣᠯ᠎ᠢ ᠪᠠᠲᠤ ᠴᠣᠭᠴᠠᠯᠠᠬᠤ ᠲᠣᠭᠣᠷᠢᠨ᠎ᠳᠤ ᠣᠨᠣᠯ᠎ᠤᠨ ᠰᠤᠳᠤᠯᠭ᠋ᠠᠨ ᠥᠷᠨᠢᠭᠦᠯᠪᠡ᠃
      ᠭᠤᠷᠪᠠ᠎ᠳᠤ᠂ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠰᠢᠨ᠎ᠡ ᠦᠷ᠎ᠡ ᠪᠦᠲᠦᠮᠵᠢ ᠣᠯᠪᠠ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠵᠢᠨ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠬᠢᠴᠢᠶᠡᠯ ᠲᠥᠷᠥᠯ᠎ᠳᠤ ᠠᠩᠬ᠎ᠠ ᠤᠳᠠᠭ᠎ᠠ 《ᠨᠢᠭᠡ ᠰᠢᠯᠭ᠋ᠠᠯᠲᠠ ᠵᠢᠨ ᠬᠠᠭᠤᠳᠠᠰᠤ᠎ᠪᠠᠷ ᠰᠢᠯᠭ᠋ᠠᠬᠤ》 ᠵᠢ ᠬᠡᠷᠡᠭᠵᠢᠭᠦᠯᠦᠭᠰᠡᠨ᠎ᠤ ᠬᠠᠮᠲᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠠᠷ ᠰᠡᠳᠦᠪ ᠬᠠᠷᠢᠭᠤᠯᠵᠤ᠂ ᠪᠦᠬᠦ ᠣᠷᠣᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠨᠢᠭᠡᠳᠦᠭᠡᠷ ᠣᠨ ᠎ᠳᠤ ᠴᠥᠮ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠪᠡ᠃ ᠪᠦᠬᠦ ᠣᠷᠣᠨ᠎ᠤ ᠤᠯᠤᠰ᠎ᠤᠨ ᠨᠡᠢ᠌ᠲᠡᠯᠢᠭ ᠬᠡᠯᠡ ᠵᠢ ᠵᠢᠷᠤᠮᠵᠢᠭᠤᠯᠤᠭᠰᠠᠨ ᠰᠤᠷᠭ᠋ᠠᠭᠤᠯᠢ ᠵᠢᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ 93.3% ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ ᠵᠠᠭᠤᠨ᠎ᠤ 8 ᠵᠢᠨ ᠬᠠᠷᠢᠴᠠᠯ ᠵᠶ᠋ᠠᠷ ᠳᠡᠭᠡᠭᠰᠢᠯᠡᠪᠡ᠃ ᠨᠡᠶ᠋ᠢᠲᠡᠯᠢᠭ ᠬᠡᠯᠡ ᠵᠢ ᠳᠡᠯᠭᠡᠷᠡᠭᠦᠯᠦᠨ ᠬᠡᠷᠡᠭᠯᠡᠬᠦ ᠵᠢ ᠪᠠᠶ᠋ᠢᠩᠭᠤ ᠵᠢᠨ ᠠᠵᠢᠯ ᠪᠣᠯᠭ᠋ᠠᠨ ᠴᠥᠬᠥᠷᠡᠰᠢ ᠦᠭᠡᠢ ᠠᠳᠬᠤᠵᠤ᠂ ᠪᠦᠬᠦ ᠣᠷᠣᠨ᠎ᠤ 8.9 ᠲᠦᠮᠡᠨ ᠠᠵᠢᠯ᠎ᠤᠨ ᠪᠠᠶ᠋ᠢᠷᠢ᠎ᠳᠤ ᠪᠠᠶ᠋ᠢᠭ᠎ᠠ ᠠᠯᠪᠠᠲᠠᠨ᠎ᠳᠤ ᠨᠡᠶ᠋ᠢᠲᠡᠯᠢᠭ ᠬᠡᠯᠡᠨ᠎ᠤ ᠪᠣᠯᠪᠠᠰᠤᠷᠠᠭᠤᠯᠤᠯ᠎ᠤᠨ ᠰᠢᠯᠭ᠋ᠠᠯᠲᠠ ᠬᠢᠵᠦ᠂ ᠠᠵᠢᠯ᠎ᠤᠨ ᠪᠠᠶ᠋ᠢᠷᠢ᠎ᠳᠤ ᠪᠠᠶ᠋ᠢᠭ᠎ᠠ 85% ᠵᠢᠨ ᠠᠯᠪᠠᠲᠠᠨ᠎ᠤ ᠨᠡᠶ᠋ᠢᠲᠡᠯᠢᠭ ᠬᠡᠯᠡᠨ᠎ᠤ ᠬᠢᠷᠢ ᠲᠦᠪᠰᠢᠨ᠎ᠢ ᠭᠤᠷᠪᠠᠳᠤᠭ᠋ᠠᠷ ᠳᠡᠰ᠎ᠤᠨ ᠬᠥᠬᠡ ᠳᠡᠰ᠎ᠠᠴᠠ ᠳᠡᠭᠡᠭᠰᠢ᠎ᠳᠤ ᠬᠦᠷᠭᠡᠪᠡ᠃
      ᠬᠣᠶᠠᠷ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ᠎ᠳᠤ ᠰᠤᠷᠭ᠋ᠠᠨ ᠬᠥᠮᠦᠵᠢᠯ᠎ᠤᠨ ᠬᠦᠴᠦᠨ ᠴᠢᠳᠠᠯ ᠵᠶ᠋ᠠᠨ ᠡᠷᠭᠦᠪᠡ
      ᠨᠢᠭᠡ᠎ᠳᠤ᠂ ᠰᠠᠭᠤᠷᠢ ᠰᠤᠷᠭ᠋ᠠᠨ ᠬᠥᠮᠦᠵᠢᠯ᠎ᠤᠨ ᠰᠠᠭᠤᠷᠢ ᠪᠣᠯᠬᠤ ᠦᠢ᠍ᠯᠡᠳᠦᠯ᠎ᠢ ᠦᠷᠭᠦᠯᠵᠢᠯᠡᠨ           ᠪᠠᠲᠤᠳᠬᠠᠪᠠ᠃ ᠡᠷᠳᠡᠮ᠎ᠤᠨ ᠴᠣᠯᠠ ᠵᠢᠨ ᠬᠠᠩᠭ᠋ᠠᠯᠭ᠎ᠠ ᠵᠢ ᠦᠷᠭᠦᠯᠵᠢᠯᠡᠨ ᠥᠷᠭᠡᠳᠬᠡᠵᠦ᠂ ᠪᠦᠬᠦ ᠣᠷᠣᠨ᠎ᠳᠤ ᠬᠡᠦᠬᠡᠳ᠎ᠤᠨ ᠴᠡᠴᠡᠷᠯᠢᠭ 204᠂ ᠳᠤᠮᠳᠠᠳᠤ ᠪᠠᠭ᠎ᠠ ᠰᠤᠷᠭ᠋ᠠᠭᠤᠯᠢ 676᠂ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ 13 ᠵᠢ ᠰᠢᠨ᠎ᠡ᠎ᠪᠠᠷ ᠥᠭᠡᠷᠡᠴᠢᠯᠡᠵᠦ ᠥᠷᠭᠡᠳᠬᠡᠨ ᠪᠠᠢ᠌ᠭᠤᠯᠬᠤ ᠠᠵᠢᠯ᠎ᠢ ᠪᠥᠬᠦᠨ᠎ᠢ ᠡᠬᠢᠯᠡᠭᠦᠯᠵᠦ᠂           7.06 ᠲᠥᠮᠡᠨ ᠡᠷᠳᠡᠮ᠎ᠤᠨ ᠴᠤᠯᠠ ᠵᠢ ᠰᠢᠨ᠎ᠡ᠎ᠪᠠᠷ ᠨᠡᠮᠡᠪᠡ᠃ ᠪᠦᠬᠦ ᠣᠷᠣᠨ᠎ᠤ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠭᠤᠷᠪᠠᠨ ᠵᠢᠯ᠎ᠤᠨ ᠬᠡᠦᠬᠡᠳ᠎ᠤᠨ ᠴᠡᠴᠡᠷᠯᠢᠭ᠎ᠲᠤ ᠤᠷᠤᠭᠰᠠᠨ ᠨᠣᠷᠮ᠎ᠠ 94.96%᠂ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠪᠠᠲᠤᠳᠬᠠᠭᠰᠠᠨ ᠨᠤᠷᠮ᠎ᠡ 98.3%᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ᠎ᠳᠤ ᠤᠷᠤᠭᠰᠠᠨ ᠪᠦᠬᠦ ᠨᠣᠷᠮ᠎ᠠ 95.24% ᠬᠦᠷᠴᠡᠢ᠃ ᠵᠡᠮᠳᠡᠭ ᠬᠡᠦᠬᠡᠳ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠤᠷᠤᠭᠰᠠᠨ ᠨᠤᠷᠮ᠎ᠠ 97%᠎ᠠᠴᠠ ᠳᠡᠭᠡᠭᠰᠢ ᠪᠠᠶ᠋ᠢᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠵᠢ ᠤᠷᠢᠳᠴᠢᠯᠠᠨ ᠪᠡᠶᠡᠯᠡᠭᠦᠯᠪᠡ᠃ 9 ᠬᠣᠰᠢᠭᠤ ᠰᠢᠶᠠᠨ (ᠬᠣᠲᠠ᠂ ᠲᠣᠭᠣᠷᠢᠭ) ᠤᠯᠤᠰ᠎ᠤᠨ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠲᠥᠭᠡᠮᠡᠯ ᠬᠠᠷᠠᠭ᠋ᠠᠯᠵᠠᠯᠲᠤ ᠰᠢᠶᠠᠨ᠎ᠢ ᠰᠢᠯᠭ᠋ᠠᠨ ᠠᠪᠬᠤ᠎ᠳᠤ ᠬᠢᠷᠢ ᠲᠡᠩᠴᠡᠵᠦ᠂ 10 ᠬᠣᠰᠢᠭᠤ ᠰᠢᠶᠠᠨ (ᠬᠣᠲᠠ᠂ ᠲᠣᠭᠣᠷᠢᠭ)᠎ᠨᠢ ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠦᠭᠰᠡᠨ ᠮᠤᠵᠢ ᠵᠢᠨ ᠱᠠᠲᠤᠨ᠎ᠤ ᠬᠢᠨᠠᠨ ᠵᠢᠯᠣᠭᠣᠳᠴᠤ ᠦᠨᠡᠯᠡᠨ ᠵᠢᠱ᠌ᠢᠬᠦ᠎ᠳᠤ ᠬᠢᠷᠢ ᠲᠡᠩᠴᠡᠵᠦ᠂ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠬᠦ ᠲᠠᠯ᠎ᠠ᠎ᠪᠠᠷ ᠰᠢᠨ᠎ᠡ ᠠᠬᠢᠴᠠ᠎ᠲᠠᠢ ᠪᠣᠯᠪᠠ᠃
      ᠬᠣᠶᠠᠷ᠎ᠲᠤ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠭᠣᠣᠯᠯᠠᠭᠴᠢ ᠦᠢ᠍ᠯᠡᠳᠦᠯ ᠡᠳᠦᠷ ᠢᠷᠡᠬᠦᠶ᠎ᠡ ᠲᠣᠪᠤᠢ᠌ᠪᠠ᠃ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠬᠠᠨᠳᠤᠭᠤᠯᠤᠨ᠂ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠪᠦᠲᠦᠴᠡ ᠵᠢᠨ ᠪᠠᠶ᠋ᠢᠷᠢᠰᠢᠭᠤᠯᠤᠯᠲᠠ ᠵᠢ ᠦᠷᠭᠦᠯᠵᠢᠯᠡᠨ ᠰᠢᠯᠢᠳᠡᠭᠵᠢᠭᠦᠯᠵᠦ᠂ ᠠᠮᠢᠳᠤ ᠪᠣᠳᠠᠰ᠂ ᠡᠪᠡᠰᠦᠨ᠎ᠤ ᠦᠢ᠍ᠯᠡᠰ᠂ ᠰᠦᠨ᠎ᠤ ᠦᠢ᠍ᠯᠡᠰ᠂ ᠲᠡᠮᠦᠷᠯᠢᠭ ᠬᠠᠶ᠋ᠢᠯᠤᠭᠤᠯᠬᠤ᠂ ᠰᠢᠨ᠎ᠡ ᠡᠨᠧᠷᠭᠢ ᠵᠡᠷᠭᠡ ᠳᠠᠪᠠᠭᠤᠯᠢᠭ ᠣᠨᠴᠠᠯᠢᠭᠲᠤ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ 97 ᠵᠢ ᠪᠠᠢ᠌ᠭᠤᠯᠤᠨ᠂ ᠶᠡᠬᠡ ᠳᠡᠭᠡᠳᠦ ᠰᠤᠷᠭ᠋ᠠᠭᠤᠯᠢ ᠵᠢᠨ 11 ᠬᠤᠷᠠᠮᠠᠯ ᠪᠣᠭᠣᠮᠲᠠ ᠰᠢᠪᠲᠤᠯᠬᠤ ᠲᠣᠮᠣ ᠲᠠᠪᠴᠠᠩ᠎ᠤᠨ ᠪᠠᠶ᠋ᠢᠭᠤᠯᠤᠯᠲᠠ ᠵᠢ ᠠᠬᠢᠭᠤᠯᠵᠤ᠂ ᠴᠢᠳᠠᠪᠤᠷᠢᠲᠠᠨ ᠬᠥᠮᠦᠵᠢᠭᠦᠯᠬᠦ ᠵᠠᠭᠪᠤᠷ᠎ᠤᠨ ᠰᠢᠨ᠎ᠡ ᠵᠢ ᠴᠢᠷᠮᠠᠶ᠋ᠢᠨ ᠡᠭᠦᠳᠪᠡ᠃ 2023 ᠣᠨ᠎ᠳᠤ ᠪᠦᠬᠦ ᠣᠷᠣᠨ᠎ᠤ ᠰᠣᠳᠤᠯᠬᠤ ᠰᠤᠷᠤᠭᠴᠢ ᠡᠯᠰᠡᠬᠦ ᠬᠡᠪᠴᠢᠶ᠎ᠡ ᠵᠢ 14199 ᠬᠥᠮᠦᠨ᠎ᠳᠤ ᠬᠦᠷᠭᠡᠵᠦ᠂ ᠳᠡᠭᠡᠷ᠎ᠡ ᠵᠢᠯ᠎ᠤᠨ᠎ᠬᠢ᠎ᠠᠴᠠ 4.82% ᠨᠡᠮᠡᠭᠳᠡᠭᠦᠯᠪᠡ᠃ ᠤᠯᠤᠰ᠎ᠤᠨ ᠳᠡᠰ᠎ᠤᠨ ᠲᠡᠷᠢᠭᠦᠨ᠎ᠤ ᠵᠢᠩᠬᠢᠨᠢ ᠠᠩᠭᠢ ᠵᠢᠨ ᠬᠢᠴᠢᠶᠡᠯ 27 ᠪᠠᠶ᠋ᠢᠭᠰᠠᠨ᠎ᠢ 81 ᠪᠣᠯᠭ᠋ᠠᠨ ᠨᠡᠮᠡᠪᠡ᠃ ᠰᠢᠨ᠎ᠡ᠎ᠪᠠᠷ ᠨᠡᠮᠡᠭᠳᠡᠭᠰᠡᠨ ᠵᠢᠩᠬᠢᠨᠢ ᠠᠩᠭᠢ ᠵᠢᠨ ᠲᠤᠰᠬᠠᠢ ᠮᠡᠷᠭᠡᠵᠢᠯ 38᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ ᠵᠢᠨ 20 ᠵᠢᠩᠬᠢᠨᠢ ᠠᠩᠭᠢ ᠵᠢᠨ ᠲᠤᠰᠬᠠᠢ ᠮᠡᠷᠭᠡᠵᠢᠯ᠎ᠳᠤ ᠮᠠᠨ᠎ᠤ ᠣᠷᠣᠨ ᠠᠩᠬ᠎ᠠ ᠤᠳᠠᠭ᠎ᠠ ᠲᠠᠷᠬᠠᠯᠲᠠ ᠵᠢᠨ ᠴᠡᠭ᠎ᠢ ᠪᠠᠢ᠌ᠷᠢᠯᠠᠭᠤᠯᠵᠤ ᠲᠣᠬᠢᠷᠠᠭᠤᠯᠪᠠ᠃ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ 《ᠨᠢᠭᠡ ᠪᠦᠰᠡ ᠨᠢᠭᠡ ᠵᠠᠮ》 ᠪᠣᠯᠤᠨ ᠳᠤᠮᠳᠠᠳᠤ ᠮᠣᠩᠭᠣᠯ ᠣᠷᠣᠰ᠎ᠤᠨ ᠠᠵᠤ ᠠᠬᠤᠢ ᠵᠢᠨ ᠬᠤᠩᠭᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠳᠤᠮᠳᠠᠳᠤ ᠮᠣᠩᠭᠣᠯ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠦᠵᠡᠭᠦᠯᠭᠡ ᠵᠢ ᠠᠮᠵᠢᠯᠲᠠ᠎ᠲᠠᠢ ᠡᠷᠬᠢᠯᠡᠨ᠂ ᠮᠣᠩᠭᠣᠯ ᠤᠯᠤᠰ᠎ᠤᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ᠎ᠤ ᠶᠠᠮᠤᠨ᠎ᠲᠠᠢ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠵᠤ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠲᠤᠯᠭ᠋ᠠᠭᠤᠷᠢᠯᠠᠨ ᠬᠥᠲᠥᠯᠥᠨ ᠳᠠᠭ᠋ᠠᠭᠤᠯᠬᠤ ᠴᠢᠳᠠᠪᠤᠷᠢ ᠵᠢ ᠢᠯᠡᠳᠲᠡ ᠳᠡᠭᠡᠭᠰᠢᠯᠡᠭᠦᠯᠪᠡ᠃
      ᠭᠤᠷᠪᠠ᠎ᠳᠤ᠂ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠨ ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠬᠤ ᠵᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠬᠠᠨᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠬᠣᠲᠠ ᠵᠢᠨ ᠬᠡᠪᠴᠢᠶᠡᠨ᠎ᠳᠠᠬᠢ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ 6 ᠵᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯ ᠲᠥᠷᠥᠯ᠎ᠤᠨ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ ᠬᠠᠮᠲᠤ ᠵᠢᠨ ᠴᠣᠭᠴᠠ 11 ᠪᠠ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠨ ᠦᠢ᠍ᠯᠡᠳᠦᠯᠭᠡᠵᠢᠭᠦᠯᠬᠦ ᠲᠥᠪ 122᠎ᠢ ᠪᠠᠢ᠌ᠭᠤᠯᠪᠠ᠃ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠶ᠋ᠢᠭ᠋ᠠᠯᠢ ᠲᠧᠭᠨᠢᠭ᠂ ᠲᠠᠷᠢᠶᠠᠯᠠᠩ᠂ ᠡᠮᠨᠡᠯᠭᠡ ᠵᠢᠨ ᠲᠥᠷᠥᠯ᠎ᠤᠨ ᠲᠤᠰᠬᠠᠢ ᠮᠡᠷᠭᠡᠵᠢᠯ᠎ᠤᠨ ᠡᠵᠡᠯᠡᠬᠦ ᠬᠠᠷᠢᠴᠠᠯ᠎ᠢ 63.1%᠎ᠳᠤ ᠬᠦᠷᠭᠡᠵᠦ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠲᠤᠰᠬᠠᠢ ᠮᠡᠷᠭᠡᠵᠢᠯ᠎ᠤᠨ ᠡᠵᠡᠯᠡᠬᠦ ᠬᠠᠷᠢᠴᠠᠯ᠎ᠢ           77.6%᠎ᠳᠤ ᠬᠦᠷᠭᠡᠨ᠂ ᠴᠢᠳᠠᠪᠤᠷᠢᠲᠠᠨ ᠬᠥᠮᠦᠵᠢᠭᠦᠯᠬᠦ ᠪᠠ ᠠᠵᠤ ᠦᠢ᠍ᠯᠡᠰ᠎ᠤᠨ ᠬᠥᠭᠵᠢᠯᠲᠡ ᠵᠢ ᠵᠣᠬᠢᠴᠠᠭᠤᠯᠬᠤ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠪᠡ᠃ 《ᠵᠠᠬᠢᠶᠠᠯᠠᠭ᠎ᠠ ᠵᠢᠨ ᠠᠩᠭᠢ》 《ᠨᠡᠷ᠎ᠡ ᠬᠠᠳᠠᠬᠤ ᠠᠩᠭᠢ》 ᠵᠢ 448 ᠡᠷᠭᠢᠯᠡᠵᠦ᠂ ᠨᠤᠲᠤᠭ᠎ᠤᠨ ᠠᠵᠤ ᠠᠬᠤᠶ᠋ᠢᠯᠠᠯ᠎ᠳᠤ ᠤᠷ᠎ᠠ ᠴᠢᠳᠠᠪᠤᠷᠢᠲᠤ ᠴᠢᠳᠠᠪᠤᠷᠢᠲᠠᠨ 4.15 ᠲᠦᠮᠡᠨ ᠬᠥᠮᠦᠨ ᠬᠦᠷᠭᠡᠪᠡ᠃ ᠪᠦᠬᠦ ᠤᠯᠤᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠠᠩᠬ᠎ᠠ ᠤᠳᠠᠭ᠎ᠠ ᠳᠠᠭ᠋ᠠᠭ᠋ᠠᠴᠢᠯᠠᠨ ᠡᠷᠬᠢᠯᠡᠵᠦ᠂ ᠨᠢᠭᠡᠳᠦᠭᠡᠷ ᠳᠡᠰ᠎ᠤᠨ ᠱᠠᠩᠨᠠᠯ 8 ᠬᠦᠷᠲᠡᠵᠦ᠂ ᠲᠣᠭ᠎ᠠ᠎ᠨᠢ ᠥᠩᠭᠡᠷᠡᠭᠰᠡᠨ ᠵᠢᠯ᠎ᠤᠨ ᠨᠡᠶ᠋ᠢᠯᠡᠪᠦᠷᠢ᠎ᠲᠠᠢ ᠣᠢ᠌ᠷᠠᠲᠤᠵᠤ᠂ ᠬᠣᠶᠠᠳᠤᠭ᠋ᠠᠷ ᠳᠡᠰ᠎ᠤᠨ ᠱᠠᠩᠨᠠᠯ 17᠂ ᠭᠤᠷᠪᠠᠳᠤᠭ᠋ᠠᠷ ᠳᠡᠰ᠎ᠤᠨ ᠱᠠᠩᠨᠠᠯ 53 ᠪᠣᠯᠵᠣ᠂ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃
      ᠭᠤᠷᠪᠠ᠂ ᠰᠤᠷᠭ᠋ᠠᠨ ᠬᠥᠮᠥᠵᠢᠯ᠎ᠤᠨ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠠᠷᠠᠳ ᠣᠯᠠᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠳᠤ ᠬᠠᠷᠢᠭᠤᠯᠲᠠ  ᠥᠭᠪᠡ
      ᠨᠢᠭᠡ᠎ᠳᠤ᠂ 《ᠬᠣᠶᠠᠷ᠎ᠢ ᠬᠥᠩᠭᠡᠷᠡᠭᠦᠯᠬᠦ》 ᠠᠵᠢᠯ ᠰᠢᠨ᠎ᠡ ᠠᠬᠢᠴᠠ᠎ᠲᠠᠢ ᠪᠣᠯᠪᠠ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠬᠢᠴᠢᠶᠡᠯ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ 2647 ᠵᠢ ᠪᠦᠬᠦᠨ᠎ᠢ ᠪᠠᠭ᠋ᠠᠰᠠᠬ᠍ᠪᠠ᠃ ᠬᠢᠴᠢᠶᠡᠯ ᠲᠥᠷᠥᠯ᠎ᠤᠨ ᠬᠡᠯᠪᠡᠷᠢ᠎ᠪᠠᠨ ᠥᠭᠡᠷᠡᠲᠦᠭᠦᠯᠬᠦ ᠵᠢ ᠰᠡᠷᠭᠡᠶ᠋ᠢᠯᠡᠨ ᠵᠠᠰᠠᠬᠤ ᠠᠵᠢᠯ᠎ᠢ ᠦᠷᠭᠦᠯᠵᠢᠯᠡᠨ ᠥᠷᠨᠢᠭᠦᠯᠵᠦ᠂ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ 102᠎ᠢ ᠪᠠᠶ᠋ᠢᠴᠠᠭ᠋ᠠᠨ ᠰᠢᠢ᠍ᠳᠪᠦᠷᠢᠯᠡᠪᠡ᠃ ᠬᠢᠴᠢᠶᠡᠯ ᠲᠥᠷᠥᠯ᠎ᠤᠨ ᠪᠣᠰᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠢ ᠵᠢᠷᠤᠮᠵᠢᠭᠤᠯᠵᠤ᠂ 31 ᠠᠰᠠᠭᠤᠳᠠᠯ᠎ᠲᠠᠢ ᠪᠠᠶ᠋ᠢᠭᠤᠯᠤᠮᠵᠢ ᠵᠢ ᠪᠠᠶ᠋ᠢᠴᠠᠭ᠋ᠠᠨ ᠰᠢᠢ᠍ᠳᠪᠦᠷᠢᠯᠡᠵᠦ᠂ 《ᠬᠣᠶᠠᠷ᠎ᠢ ᠬᠥᠩᠭᠡᠷᠡᠭᠦᠯᠬᠦ》 ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ ᠰᠠᠭᠤᠷᠢ ᠵᠢ ᠪᠠᠲᠤᠳᠬᠠᠪᠠ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢ ᠵᠢᠯᠣᠭᠣᠳᠤᠨ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠨᠠᠶ᠋ᠢᠳᠠᠨ ᠬᠠᠮᠢᠶᠠᠷᠤᠭᠤᠯᠬᠤ ᠦᠢ᠍ᠯᠡᠴᠢᠯᠡᠭᠡ ᠵᠢ ᠪᠦᠬᠦ ᠲᠠᠯ᠎ᠠ᠎ᠪᠠᠷ ᠬᠠᠩᠭ᠋ᠠᠵᠤ᠂ ᠭᠡᠷ᠎ᠤᠨ ᠠᠬᠠᠮᠠᠳ᠎ᠤᠨ 《ᠬᠠᠷᠠᠭ᠋ᠠᠯᠵᠠᠬᠤ᠎ᠳᠤ ᠬᠦᠴᠢᠷ》 ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠨ᠂ ᠠᠷᠠᠳ ᠣᠯᠠᠨ᠎ᠤ ᠰᠤᠷᠭ᠋ᠠᠨ ᠬᠥᠮᠦᠵᠢᠯ᠎ᠤᠨ ᠲᠤᠬᠠᠢ ᠭᠦᠷᠲᠡᠭᠡᠮᠵᠢ ᠵᠢᠨ ᠲᠥᠷᠥᠭᠳᠡᠯ᠂ ᠬᠠᠨᠤᠮᠵᠢ ᠵᠢᠨ ᠬᠡᠮᠵᠢᠶ᠎ᠡ ᠵᠢ ᠦᠷᠭᠦᠯᠵᠢᠯᠡᠨ           ᠳᠡᠭᠡᠭᠰᠢᠯᠡᠭᠦᠯᠪᠡ᠃
      ᠬᠣᠶᠠᠷ᠎ᠲᠤ᠂ ᠰᠤᠷᠭ᠋ᠠᠨ ᠬᠥᠮᠦᠵᠢᠯ᠎ᠢ ᠲᠣᠭ᠋ᠠᠵᠢᠭᠤᠯᠤᠭᠰᠠᠨ ᠬᠡᠯᠪᠡᠷᠢ ᠲᠡᠢ᠌ᠰᠢ ᠬᠤᠪᠢᠷᠠᠭᠤᠯᠬᠤ ᠰᠢᠨ᠎ᠡ ᠦᠷ᠎ᠡ ᠪᠦᠲᠦᠮᠵᠢ ᠣᠯᠪᠠ᠃ ᠤᠯᠤᠰ᠎ᠤᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠤᠨ ᠪᠦᠬᠦ ᠣᠷᠣᠨ᠎ᠳᠠᠬᠢ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠵᠤ᠂ ᠪᠦᠬᠦ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠪᠦᠬᠦᠨ ᠵᠶ᠋ᠠᠷ ᠵᠶ᠋ᠠᠨ ᠲᠠᠪᠴᠠᠩ᠎ᠳᠤ ᠳᠠᠩᠰᠠᠯᠠᠭᠤᠯᠬᠤ ᠵᠢ ᠪᠡᠶᠡᠯᠡᠭᠦᠯᠦᠨ᠂ ᠣᠳᠣ ᠪᠣᠯᠲᠠᠯ᠎ᠠ᠂ ᠳᠠᠩᠰᠠᠯᠠᠭᠤᠯᠤᠭᠰᠠᠨ ᠰᠤᠷᠤᠭᠴᠢ ᠵᠢᠨ ᠲᠣᠭ᠎ᠠ 298.42 ᠲᠦᠮᠡ᠂ ᠪᠠᠭᠰᠢ ᠵᠢᠨ ᠲᠣᠭ᠎ᠠ 41.61 ᠲᠦᠮᠡ ᠬᠦᠷᠴᠦ᠂ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠳᠤ ᠬᠠᠢ᠌ᠭᠰᠠᠨ ᠬᠡᠮᠵᠢᠶ᠎ᠡ 9.91 ᠳ᠋ᠦᠩᠰᠢᠭᠤᠷ ᠤᠳᠠᠭ᠎ᠠ᠎ᠳᠤ ᠬᠦᠷᠴᠡᠢ᠃ ᠲᠠᠪᠴᠠᠩ ᠵᠶ᠋ᠠᠷ ᠳᠠᠮᠵᠢᠭᠤᠯᠤᠨ ᠰᠠᠭᠤᠷᠢ ᠰᠤᠷᠭ᠋ᠠᠨ ᠬᠥᠮᠦᠵᠢᠯ᠎ᠤᠨ 《ᠰᠦᠯᠵᠢᠶᠡᠨ᠎ᠳᠠᠬᠢ ᠰᠢᠯᠢᠳᠡᠭ ᠬᠢᠴᠢᠶᠡᠯ》᠎ᠤᠨ ᠡᠬᠢ ᠪᠠᠶᠠᠯᠢᠭ 3400 ᠭᠠᠷᠤᠢ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ 9 ᠬᠢᠴᠢᠶᠡᠯ ᠲᠥᠷᠦᠯ᠎ᠤᠨ ᠡᠬᠢ ᠪᠠᠶᠠᠯᠢᠭ 5302᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠦᠯᠵᠢᠶᠡᠨ᠎ᠳᠠᠬᠢ ᠰᠢᠯᠢᠳᠡᠭ ᠬᠢᠴᠢᠶᠡᠯ 55 ᠵᠢ ᠨᠡᠭᠡᠭᠡᠵᠦ᠂  ᠴᠢᠨᠠᠷᠯᠢᠭ ᠲᠣᠭ᠋ᠠᠵᠢᠭᠰᠠᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠲᠠᠰᠤᠷᠠᠯᠲᠠ ᠦᠭᠡᠢ ᠥᠷᠭᠡᠳᠬᠡᠨ᠂ ᠣᠷᠣᠨ ᠪᠦᠰᠡ᠂ ᠬᠣᠲᠠ ᠬᠥᠳᠡᠭᠡ ᠵᠢᠨ ᠰᠤᠷᠭ᠋ᠠᠨ ᠬᠥᠮᠦᠵᠢᠯ᠎ᠤᠨ ᠵᠥᠷᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠵᠤ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠵᠢ ᠠᠬᠢᠭᠤᠯᠪᠠ᠃ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠨᠡᠶ᠋ᠢᠲᠡᠯᠡᠭᠰᠡᠨ ᠲᠡᠷᠢᠭᠦᠨ᠎ᠤ ᠬᠢᠴᠢᠶᠡᠯ᠎ᠤᠨ ᠡᠬᠢ ᠪᠠᠶᠠᠯᠢᠭ 72᠂ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠳᠤ 208 ᠬᠢᠴᠢᠶᠡᠯ ᠬᠠᠩᠭ᠋ᠠᠵᠤ᠂ 120 ᠭᠠᠷᠤᠢ ᠲᠦᠮᠡᠨ ᠬᠥᠮᠦᠨ ᠬᠢᠴᠢᠶᠡᠯ ᠰᠣᠩᠭᠣᠨ ᠰᠤᠷᠤᠯᠴᠠᠪᠠ᠃ ᠤᠯᠠᠮ᠎ᠠᠴᠠ ᠤᠯᠠᠮ ᠣᠯᠠᠨ ᠪᠠᠭᠰᠢ ᠨᠠᠷ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠳᠤ ᠲᠦᠰᠢᠭᠯᠡᠨ ᠬᠢᠴᠢᠶᠡᠯᠯᠡᠭᠡ ᠵᠢ ᠳᠠᠬᠢᠨ ᠪᠠᠶ᠋ᠢᠭᠤᠯᠵᠤ᠂ ᠣᠨᠴᠠᠯᠢᠭᠲᠤ ᠬᠢᠴᠢᠶᠡᠯ᠎ᠢ ᠥᠷᠭᠡᠳᠬᠡᠵᠦ ᠪᠣᠢ᠃
      ᠭᠤᠷᠪᠠ᠎ᠳᠤ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠰᠢᠨ᠎ᠡ ᠰᠢᠪᠲᠤᠯᠤᠯᠲᠠ᠎ᠲᠠᠢ ᠪᠣᠯᠪᠠ᠃ ᠪᠠᠭᠰᠢ ᠵᠢᠨ ᠮᠣᠷᠠᠯ ᠰᠤᠷᠲᠠᠯ᠎ᠢ ᠤᠷᠢᠳᠴᠢᠯᠠᠨ ᠰᠡᠷᠡᠮᠵᠢᠯᠡᠭᠦᠯᠬᠦ᠂ ᠪᠠᠭᠰᠢ ᠵᠢᠨ ᠮᠣᠷᠠᠯ᠎ᠤᠨ ᠲᠣᠭᠲᠠᠭ᠋ᠠᠯ᠎ᠠᠴᠠ ᠵᠥᠷᠢᠴᠡᠭᠰᠡᠨ ᠬᠡᠷᠡᠭ᠎ᠤᠨ ᠵᠢᠱ᠌ᠢᠶ᠎ᠡ ᠵᠢ ᠮᠡᠳᠡᠭᠡᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠠᠵᠢᠯ ᠡᠷᠬᠢᠯᠡᠬᠦ ᠵᠢ ᠬᠣᠷᠢᠭᠯᠠᠬᠤ ᠪᠠ ᠯᠠᠪᠯᠠᠬᠤ᠎ᠪᠠᠷ ᠣᠷᠣᠬᠤ ᠵᠢ ᠵᠥᠪᠰᠢᠶᠡᠷᠡᠬᠦ ᠳᠦᠷᠢᠮ᠎ᠢ ᠪᠠᠢ᠌ᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ 《ᠬᠠᠮᠤᠭ᠎ᠤᠨ ᠭᠣᠶᠣ ᠪᠠᠭᠰᠢ》 ᠵᠢ ᠰᠢᠯᠭ᠋ᠠᠷᠠᠭᠤᠯᠬᠤ ᠠᠵᠢᠯᠯᠠᠭ᠎ᠠ ᠵᠢ ᠡᠷᠬᠢᠯᠡᠵᠦ᠂ ᠪᠦᠬᠦ ᠤᠯᠤᠰ᠎ᠤᠨ ᠠᠷᠪᠠᠨ ᠶᠡᠬᠡ ᠬᠠᠮᠤᠭ᠎ᠤᠨ ᠭᠣᠶᠣ ᠪᠠᠭᠰᠢ᠎ᠪᠠᠷ 1 ᠬᠥᠮᠦᠨ ᠰᠣᠩᠭᠣᠭᠳᠠᠵᠤ᠂ ᠰᠢᠨ᠎ᠡ ᠰᠢᠪᠲᠤᠯᠤᠯᠲᠠ ᠵᠢ ᠪᠡᠶᠡᠯᠡᠭᠦᠯᠪᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ 《ᠰᠢᠶᠠᠨ᠎ᠠᠴᠠ ᠬᠠᠮᠢᠶᠠᠷᠴᠤ ᠰᠤᠷᠭ᠋ᠠᠭᠤᠯᠢ᠎ᠠᠴᠠ ᠤᠷᠢᠬᠤ》 ᠪᠠ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠶᠡᠷᠦᠩᠬᠡᠢ ᠲᠣᠭ᠋ᠠᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠤᠨ᠂ ᠪᠦᠬᠦ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠲᠤᠰᠬᠠᠢ ᠪᠠᠭᠰᠢ ᠵᠢᠨ ᠬᠡᠪᠴᠢᠶ᠎ᠡ ᠵᠢ 31.26 ᠲᠦᠮᠡᠨ ᠬᠥᠮᠦᠨ᠎ᠳᠤ ᠭᠦᠷᠭᠡᠨ᠂ ᠳᠡᠭᠡᠷ᠎ᠡ ᠵᠢᠯ᠎ᠤᠨ᠎ᠬᠢ᠎ᠠᠴᠠ 1.9% ᠨᠡᠮᠡᠭᠳᠡᠭᠦᠯᠦᠨ᠂ ᠲᠤᠰᠬᠠᠢ ᠪᠠᠭᠰᠢ ᠵᠢᠨ ᠰᠤᠷᠤᠯᠭ᠎ᠠ ᠵᠢᠨ ᠨᠠᠮᠲᠠᠷ᠎ᠤᠨ ᠪᠦᠲᠦᠴᠡ ᠵᠢ ᠢᠯᠡᠳᠲᠡ ᠳᠡᠭᠡᠭᠰᠢᠯᠡᠭᠦᠯᠪᠡ᠃
      ᠳᠥᠷᠪᠡ᠎ᠳᠤ᠂ ᠰᠤᠷᠭ᠋ᠠᠨ ᠬᠥᠮᠦᠵᠢᠯ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠦᠷᠭᠦᠯᠵᠢᠯᠡᠨ ᠨᠡᠮᠡᠭᠳᠡᠭᠦᠯᠪᠡ᠃ 2023 ᠣᠨ᠎ᠳᠤ᠂ ᠪᠦᠬᠦ ᠣᠷᠣᠨ ᠡᠯ᠎ᠡ ᠲᠥᠷᠥᠯ᠎ᠤᠨ ᠰᠤᠷᠤᠭᠴᠢᠳ᠎ᠢ ᠳᠡᠳᠬᠦᠨ ᠲᠤᠰᠠᠯᠠᠬᠤ ᠪᠡᠯᠡ ᠮᠥᠩᠭᠥ ᠵᠢ 48.1 ᠳ᠋ᠦᠩᠰᠢᠭᠤᠷ ᠲᠥᠭᠥᠷᠢᠭ ᠨᠠᠶ᠋ᠢᠳᠠᠪᠤᠷᠢᠵᠢᠭᠤᠯᠵᠤ᠂ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢ 14.04 ᠳ᠋ᠦᠩᠰᠢᠭᠤᠷ ᠲᠥᠭᠥᠷᠢᠭ ᠲᠠᠯᠪᠢᠨ᠂ ᠰᠤᠷᠤᠭᠴᠢ ᠵᠢᠨ ᠢᠷᠡᠯᠲᠡ ᠵᠢᠨ ᠭᠠᠵᠠᠷ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠳᠦᠷᠢᠮ᠎ᠢ ᠦᠷᠭᠦᠯᠵᠢᠯᠡᠨ ᠲᠡᠭᠦᠯᠳᠡᠷᠵᠢᠭᠦᠯᠵᠦ᠂ 《ᠨᠢᠭᠡ ᠰᠤᠷᠤᠭᠴᠢ ᠵᠢ ᠴᠤ᠌ ᠭᠡᠷ ᠪᠦᠯᠢ ᠵᠢᠨ ᠠᠵᠤ ᠠᠬᠤᠢ᠎ᠨᠢ ᠬᠦᠴᠢᠷᠲᠡᠢ᠎ᠠᠴᠠ ᠪᠣᠯᠵᠤ ᠰᠤᠷᠤᠯᠭ᠎ᠠ ᠠᠯᠳᠠᠭᠤᠯᠬᠤ         ᠦᠭᠡᠢ》 ᠭᠡᠬᠦ ᠲᠥᠪ ᠴᠢᠩᠭ᠎ᠠ ᠠᠮᠠᠯᠠᠯᠲᠠ ᠵᠢ ᠪᠣᠳᠠᠲᠤ ᠠᠵᠢᠯᠯᠠᠭ᠎ᠠ᠎ᠪᠠᠷ ᠵᠶ᠋ᠠᠨ ᠦᠢ᠍ᠯᠡᠳᠦᠯᠭᠡᠵᠢᠭᠦᠯᠪᠡ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠨᠢᠭᠡᠳᠦᠯᠲᠡᠢ ᠬᠢᠨᠠᠨ ᠬᠠᠮᠢᠶᠠᠷᠬᠤ ᠰᠢᠰᠲ᠋ᠧᠮ᠎ᠢ ᠪᠠᠶ᠋ᠢᠭᠤᠯᠵᠤ᠂ 16 ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯ᠎ᠢ 《ᠮᠥᠩᠬᠡ ᠰᠤᠪᠠᠭ》᠎ᠲᠤ ᠵᠠᠯᠭ᠋ᠠᠨ ᠣᠷᠣᠭᠤᠯᠵᠤ᠂ ᠬᠡᠷᠡᠭᠯᠡᠭᠴᠢ 631 ᠲᠦᠮᠡᠨ ᠤᠳᠠᠭ᠎ᠠ ᠪᠠᠶ᠋ᠢᠴᠠᠭ᠋ᠠᠨ ᠯᠠᠪᠯᠠᠪᠠ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠣᠷᠣᠬᠤ ᠪᠠ ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠤᠨ 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠭᠡᠬᠦ》 ᠵᠢ ᠪᠦᠬᠦ ᠲᠠᠯ᠎ᠠ᠎ᠪᠠᠷ ᠪᠡᠶᠡᠯᠡᠭᠦᠯᠦᠨ᠂ ᠠᠩᠬ᠎ᠠ ᠵᠡᠷᠭᠡ ᠵᠢᠨ ᠪᠠ  ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠨ ᠦᠨᠡᠮᠯᠡᠯ ᠪᠠ 《ᠭᠤᠷᠪᠠ ᠰᠢᠯᠢᠳᠡᠭ           ᠰᠤᠷᠤᠭᠴᠢ》᠂ 《ᠬᠥᠳᠡᠭᠡ ᠲᠣᠰᠬᠣᠨ᠎ᠤ ᠪᠠᠭᠰᠢ ᠵᠢᠨ ᠠᠵᠢᠯ᠎ᠤᠨ 20 ᠵᠢᠯ》᠎ᠤᠨ ᠢᠷᠠᠭᠤ ᠠᠯᠳᠠᠷ᠎ᠤᠨ ᠦᠨᠡᠮᠯᠡᠯ ᠵᠡᠷᠭᠡ ᠡᠯᠧᠺᠲᠷᠣᠨ ᠦᠨᠡᠮᠯᠡᠯ᠎ᠤᠨ ᠦᠢ᠍ᠯᠡᠴᠢᠯᠡᠭᠡ ᠵᠢ ᠶᠡᠬᠡ᠎ᠪᠠᠷ ᠠᠬᠢᠭᠤᠯᠵᠤ᠂ ᠮᠡᠳᠡᠭᠦᠯᠬᠦ ᠮᠠᠲ᠋ᠧᠷᠢᠶᠠᠯ᠎ᠢ ᠴᠣᠮᠬᠠᠳᠬᠠᠨ᠂ ᠬᠢᠨᠠᠨ ᠵᠥᠪᠰᠢᠶᠡᠷᠡᠬᠦ ᠴᠤᠪᠤᠷᠠᠯ᠎ᠢ ᠰᠢᠯᠢᠳᠡᠭᠵᠢᠭᠦᠯᠵᠦ᠂ ᠰᠤᠷᠭ᠋ᠠᠨ ᠬᠥᠮᠦᠵᠢᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠳᠦᠯ ᠪᠠ ᠴᠢᠳᠠᠪᠤᠷᠢ ᠵᠢ ᠪᠦᠲᠦᠮᠵᠢᠲᠡᠢ ᠳᠡᠭᠡᠭᠰᠢᠯᠡᠭᠦᠯᠪᠡ᠃
      2024 ᠣᠨ᠎ᠳᠤ᠂ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠲᠥᠷᠥ ᠵᠢᠨ ᠶᠠᠪᠤᠳᠠᠯ᠎ᠤᠨ ᠬᠣᠷᠢᠶᠠᠨ᠎ᠤ ᠥᠪᠥᠷ ᠮᠣᠩᠭᠣᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠢ ᠰᠠᠨᠠᠯ》᠎ᠢ ᠨᠠᠢ᠌ᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠪᠦᠭᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠪᠠ ᠱᠠᠭ᠋ᠠᠷᠳᠠᠯᠭ᠎ᠠ ᠶᠣᠰᠣᠭ᠋ᠠᠷ᠂ ᠴᠢᠨᠠᠷᠯᠢᠭ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠥᠳᠲᠡᠷ ᠲᠦᠷᠭᠡᠨ ᠪᠠᠶ᠋ᠢᠭᠤᠯᠵᠤ᠂ ᠲᠦᠷᠭᠡᠨ ᠮᠥᠷᠲᠡᠭᠡᠨ ᠯᠠᠪᠳᠠᠭᠤᠨ ᠵᠶ᠋ᠠᠷ ᠭᠦᠢ᠍ᠴᠡᠳᠭᠡᠵᠦ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ᠎ᠳᠤ ᠰᠤᠷᠭ᠋ᠠᠨ ᠬᠥᠮᠦᠵᠢᠯ᠎ᠤᠨ ᠬᠦᠴᠦᠨ ᠴᠢᠳᠠᠯ ᠵᠶ᠋ᠠᠨ ᠡᠷᠭᠦᠨ᠎ᠡ᠃
      ᠨᠢᠭᠡ᠎ᠳᠤ᠂ ᠨᠠᠮ᠎ᠤᠨ ᠰᠢᠨ᠎ᠡ ᠵᠢ ᠡᠭᠦᠳᠬᠦ ᠣᠨᠣᠯ ᠵᠶ᠋ᠠᠷ ᠰᠡᠳᠬᠢᠯ᠎ᠢ ᠨᠢᠭᠲᠠᠷᠠᠭᠤᠯᠵᠤ ᠰᠦᠭ᠎ᠢ ᠴᠥᠬᠥᠷᠡᠰᠢ ᠦᠭᠡᠢ ᠴᠣᠭᠴᠠᠯᠠᠬᠤ ᠵᠢ ᠪᠠᠷᠢᠮᠲᠠᠯᠠᠨ᠎ᠠ᠃ 《ᠴᠠᠭ ᠦᠶ᠎ᠡ ᠵᠢᠨ ᠰᠢᠨ᠎ᠡ ᠬᠥᠮᠦᠨ᠎ᠤ ᠰᠦᠭ᠎ᠢ ᠱᠤᠭᠤᠬᠤ           ᠢᠨᠵᠧᠨᠧᠷᠢᠩ》᠎ᠢ ᠭᠦᠨᠵᠡᠭᠡᠢ ᠬᠡᠷᠡᠭᠵᠢᠭᠦᠯᠵᠦ᠂ ᠦᠵᠡᠯ ᠰᠠᠨᠠᠭ᠎ᠠ ᠤᠯᠤᠰ ᠲᠥᠷᠥ ᠵᠢᠨ ᠠᠵᠢᠯ᠎ᠤᠨ ᠴᠢᠨᠠᠷ ᠴᠢᠨᠰᠠᠭ᠋ᠠᠨ᠎ᠤ ᠳᠡᠭᠡᠭᠰᠢᠯᠡᠯᠲᠡ ᠵᠢ ᠠᠬᠢᠭᠤᠯᠤᠨ᠂ 《ᠤᠮᠠᠷᠠᠲᠤ ᠬᠢᠯᠢ ᠵᠢᠨ ᠰᠤᠷᠭ᠋ᠠᠨ ᠬᠥᠮᠦᠵᠢᠯ ᠨᠠᠮ ᠵᠶ᠋ᠠᠨ           ᠳᠠᠭ᠋ᠠᠨᠠᠮ》 ᠭᠡᠬᠦ ᠨᠠᠮ᠎ᠤᠨ ᠪᠠᠶ᠋ᠢᠭᠤᠯᠤᠯᠲᠠ ᠵᠢᠨ ᠨᠡᠷᠡᠲᠦ  ᠲᠡᠮᠳᠡᠭᠲᠦ ᠵᠢ ᠡᠭᠦᠳᠴᠦ᠂ ᠴᠢᠨᠠᠷᠯᠢᠭ ᠨᠠᠮ᠎ᠤᠨ ᠪᠠᠶ᠋ᠢᠭᠤᠯᠤᠯᠲᠠ᠎ᠪᠠᠷ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠬᠥᠲᠥᠯᠥᠨ ᠳᠠᠭ᠋ᠠᠭᠤᠯᠤᠨ᠎ᠠ᠃
      ᠬᠣᠶᠠᠷ᠎ᠲᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠤᠨ ᠳᠠᠭᠤᠷᠢᠶᠠᠯ ᠦᠵᠡᠭᠦᠯᠬᠦ ᠣᠷᠣᠨ᠎ᠢ ᠢᠳᠡᠪᠬᠢᠲᠡᠢ ᠡᠭᠦᠳᠦᠨ ᠪᠠᠶ᠋ᠢᠭᠤᠯᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠤᠨ ᠳᠠᠭᠤᠷᠢᠶᠠᠯ ᠦᠵᠡᠭᠦᠯᠬᠦ ᠣᠷᠣᠨ᠎ᠢ ᠡᠭᠦᠳᠦᠨ ᠪᠠᠶ᠋ᠢᠭᠤᠯᠬᠤ ᠲᠤᠬᠠᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠰᠤᠷᠭ᠋ᠠᠭᠤᠯᠢ ᠵᠢᠨ ᠬᠦᠷᠢᠶᠡᠨ᠎ᠳᠤ 《ᠤᠮᠠᠷᠠᠲᠤ ᠬᠢᠯᠢ ᠵᠢᠨ ᠰᠣᠶᠣᠯ》᠎ᠤᠨ ᠨᠡᠷᠡᠲᠦ ᠳᠡᠮᠳᠡᠭᠲᠦ᠎ᠢ ᠳᠠᠭᠤᠷᠢᠰᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠣᠨᠣᠯ᠎ᠤᠨ ᠰᠤᠳᠤᠯᠭ᠋ᠠᠨ᠎ᠤ ᠰᠢᠨᠵᠢᠯᠡᠭᠡᠨ᠎ᠤ ᠰᠠᠯᠭ᠋ᠠᠨ᠎ᠤ ᠳᠣᠭᠲᠠᠯᠴᠠᠭ᠎ᠠ᠂ ᠡᠷᠳᠡᠮ ᠰᠢᠨᠵᠢᠯᠡᠭᠡᠨ᠎ᠤ  ᠳᠣᠭᠲᠠᠯᠴᠠᠭ᠎ᠠ ᠪᠠ ᠦᠭᠡ ᠬᠡᠯᠡᠨ ᠎ᠤ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠪᠡ᠃
      ᠭᠤᠷᠪᠠ᠎ᠳᠤ᠂ ᠰᠠᠭᠤᠷᠢ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠵᠢ ᠲᠦᠷᠭᠡᠳᠬᠡᠨ᠎ᠡ᠃ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠲᠥᠭᠡᠮᠡᠯ ᠬᠠᠷᠠᠭ᠋ᠠᠯᠵᠠᠯᠲᠤ ᠠᠮᠤᠷ ᠲᠦᠪᠰᠢᠨ ᠴᠢᠨᠠᠷᠯᠢᠭ ᠬᠥᠭᠵᠢᠯᠲᠡ ᠵᠢ ᠠᠬᠢᠭᠤᠯᠤᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠤᠷᠠᠢ ᠭᠣᠭᠴᠣᠭ᠎ᠠ ᠵᠢ ᠰᠠᠶ᠋ᠢᠵᠢᠷᠠᠭᠤᠯᠬᠤ ᠪᠠ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠵᠢ ᠠᠬᠢᠭᠤᠯᠤᠨ᠎ᠠ᠃ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠣᠨᠴᠠᠯᠢᠭᠲᠤ ᠣᠯᠠᠨ ᠶᠠᠩᠵᠤᠴᠢᠯᠠᠭᠰᠠᠨ ᠬᠥᠭᠵᠢᠯᠲᠡ ᠵᠢ ᠠᠬᠢᠭᠤᠯᠵᠤ᠂ ᠤᠯᠤᠰ᠎ᠤᠨ ᠡᠭᠦᠳᠡᠨ᠎ᠳᠠᠬᠢ ᠰᠤᠷᠭ᠋ᠠᠭᠤᠯᠢ ᠵᠢ ᠰᠠᠶ᠋ᠢᠲᠤᠷ ᠡᠷᠬᠢᠯᠡᠨ᠎ᠡ᠃
      ᠳᠥᠷᠪᠡ᠎ᠳᠤ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠠᠭᠤᠯᠤᠭᠳᠠᠬᠤᠨᠲᠤ ᠬᠥᠭᠵᠢᠯᠲᠡ ᠵᠢ ᠠᠬᠢᠭᠤᠯᠤᠨ᠎ᠠ᠃ 《ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠲᠠᠪᠤᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢ ᠡᠬᠢᠯᠡᠭᠦᠯᠵᠦ᠂ ᠤᠯᠤᠰ᠎ᠤᠨ ᠳᠡᠰ᠎ᠤᠨ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠠᠮᠢᠳᠤ ᠪᠣᠳᠠᠰ᠎ᠤᠨ ᠤᠬᠠᠭ᠋ᠠᠨ᠂ ᠢᠳᠡᠭᠡᠨ᠎ᠤ ᠰᠢᠨᠵᠢᠯᠡᠬᠦ ᠤᠬᠠᠭ᠋ᠠᠨ᠂ ᠠᠮᠢ ᠠᠬᠤᠢ ᠵᠢᠨ ᠤᠬᠠᠭ᠋ᠠᠨ᠂ ᠡᠪᠡᠰᠦᠨ᠎ᠤ ᠰᠤᠳᠤᠯᠤᠯ᠂ ᠲᠡᠮᠦᠷᠯᠢᠭ ᠪᠣᠯᠪᠠᠰᠤᠷᠠᠭᠤᠯᠬᠤ᠂ ᠬᠣᠪᠣᠷ ᠰᠢᠷᠣᠢ᠂ ᠰᠢᠨ᠎ᠡ ᠡᠨᠧᠷᠭᠢ ᠵᠢᠴᠢ ᠦᠨᠳᠦᠰᠦᠲᠡᠨ᠎ᠤ ᠰᠤᠳᠤᠯᠤᠯ ᠵᠡᠷᠭᠡ ᠳᠠᠪᠠᠭᠤᠯᠢᠭ ᠣᠨᠴᠠᠯᠢᠭᠲᠤ ᠰᠢᠨᠵᠢᠯᠡᠭᠡᠨ᠎ᠤ ᠰᠠᠯᠠᠭ᠋ᠠᠨ᠎ᠤ ᠬᠥᠭᠵᠢᠯᠲᠡ ᠵᠢ ᠭᠣᠣᠯᠳᠠᠯᠭ᠎ᠠ᠎ᠲᠠᠢ ᠳᠡᠮᠵᠢᠨ᠎ᠡ᠃ ᠬᠣᠪᠣᠷ ᠰᠢᠷᠤᠢ᠂ ᠰᠦᠨ᠎ᠤ ᠦᠢ᠍ᠯᠡᠰ᠂ ᠡᠨᠧᠷᠭᠢ᠂ ᠲᠡᠷᠢᠭᠦᠨ᠎ᠤ  ᠦᠢ᠍ᠯᠡᠳᠬᠦ ᠦᠢ᠍ᠯᠡᠰ᠎ᠤᠨ ᠬᠡᠪᠴᠢᠶᠡᠨ᠎ᠳᠠᠬᠢ ᠪᠠ ᠰᠤᠷᠭ᠋ᠠᠨ ᠬᠥᠮᠦᠵᠢᠯ᠎ᠤᠨ ᠶᠠᠮᠤᠨ᠎ᠤ ᠬᠠᠮᠲᠤᠷᠠᠨ ᠪᠠᠢ᠌ᠭᠤᠯᠤᠭᠰᠠᠨ ᠳᠡᠭᠡᠳᠦ ᠵᠡᠷᠭᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠲᠣᠭᠣᠷᠢᠨ᠎ᠳᠤ᠂ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠪᠦᠲᠦᠴᠡ ᠵᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠵᠦ᠂ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠴᠢᠳᠠᠪᠤᠷᠢ ᠵᠢ ᠴᠢᠩᠭ᠋ᠠᠷᠠᠭᠤᠯᠤᠨ᠎ᠠ᠃
      ᠲᠠᠪᠤ᠎ᠳᠤ᠂ ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠤᠨ᠎ᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ᠂ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ᠂ ᠰᠢᠨᠵᠢᠯᠡᠬᠦ ᠤᠬᠠᠭ᠋ᠠᠨ ᠪᠠ ᠰᠤᠷᠭ᠋ᠠᠨ ᠬᠥᠮᠦᠵᠢᠯ᠎ᠢ ᠠᠭᠤᠰᠬᠠᠬᠤ ᠵᠢ  ᠭᠦᠨᠵᠡᠭᠡᠢ᠌ᠷᠡᠭᠦᠯᠦᠨ᠂ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ ᠬᠡᠯᠪᠡᠷᠢ ᠵᠢᠨ ᠠᠵᠤ ᠠᠬᠤᠶ᠋ᠢᠯᠠᠯ᠎ᠢ 50 ᠪᠣᠯᠭ᠋ᠠᠨ᠂ ᠠᠵᠤ ᠦᠢ᠍ᠯᠡᠰ᠎ᠤᠨ ᠬᠡᠷᠡᠭᠴᠡᠭᠡ ᠱᠠᠭ᠋ᠠᠷᠳᠠᠯᠭ᠎ᠠ ᠶᠣᠰᠣᠭ᠋ᠠᠷ 《ᠤᠷᠠᠨ ᠳᠠᠷᠬᠠᠨ᠎ᠤ ᠠᠩᠭᠢ》᠂ 《ᠵᠠᠬᠢᠶᠠᠯᠠᠭ᠎ᠠ  ᠵᠢᠨ ᠠᠩᠭᠢ》 ᠵᠢᠨ ᠲᠥᠯᠥᠪᠯᠡᠭᠡ ᠵᠢ ᠪᠠᠶ᠋ᠢᠭᠤᠯᠵᠤ᠂ ᠠᠵᠤ ᠦᠢ᠍ᠯᠡᠰ᠎ᠤᠨ ᠬᠥᠭᠵᠢᠯᠲᠡ᠎ᠳᠤ ᠲᠠᠰᠤᠷᠠᠯᠲᠠ ᠥᠬᠡᠶ ᠥᠨᠳᠥᠷ ᠬᠡᠪ ᠪᠣᠯᠪᠠᠰᠤᠷᠠᠯ᠎ᠲᠠᠢ ᠤᠷ᠎ᠠ  ᠴᠢᠳᠠᠪᠤᠷᠢᠲᠤ ᠴᠢᠳᠠᠪᠤᠷᠢᠲᠠᠨ᠎ᠢ  ᠬᠥᠮᠥᠵᠢᠭᠦᠯᠦᠨ᠎ᠡ᠃
      ᠵᠢᠷᠭᠤᠭ᠎ᠠ᠎ᠳᠤ᠂ ᠰᠤᠷᠭ᠋ᠠᠨ ᠬᠥᠮᠦᠵᠢᠯ᠎ᠤᠨ ᠬᠦᠷᠢᠶᠡᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠰᠠᠶ᠋ᠢᠲᠤᠷ ᠠᠳᠬᠤᠵᠤ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠪᠠ ᠡᠩ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠤᠨ᠂ ᠶᠡᠬᠡ ᠳᠡᠭᠡᠳᠦ ᠰᠤᠷᠭ᠋ᠠᠭᠤᠯᠢ ᠵᠢ ᠲᠥᠷᠥᠯ ᠬᠤᠪᠢᠶᠠᠨ ᠦᠨᠡᠯᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠶᠡᠬᠡ ᠳᠡᠭᠡᠳᠦ ᠰᠤᠷᠭ᠋ᠠᠭᠤᠯᠢ ᠵᠢᠨ ᠠᠵᠢᠯᠲᠠᠨ᠎ᠤ ᠶᠡᠷᠦᠩᠬᠡᠢ ᠲᠣᠭ᠋ᠠᠨ᠎ᠤ ᠬᠠᠮᠢᠶᠠᠷᠤᠯᠲᠠ ᠵᠢ ᠠᠬᠢᠭᠤᠯᠵᠤ᠂ ᠠᠵᠢᠯ᠎ᠤᠨ ᠬᠢᠷᠢ ᠪᠦᠲᠦᠮᠵᠢ ᠵᠢᠨ ᠴᠠᠯᠢᠩ᠎ᠢ ᠰᠢᠯᠭ᠋ᠠᠨ ᠬᠢᠨᠠᠭᠰᠠᠨ ᠦᠷ᠎ᠡ ᠳ᠋ᠦᠩ᠎ᠲᠠᠢ ᠬᠣᠯᠪᠣᠭᠳᠠᠭᠤᠯᠤᠨ᠂ ᠶᠡᠬᠡ ᠳᠡᠭᠡᠳᠦ ᠰᠤᠷᠭ᠋ᠠᠭᠤᠯᠢ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠨ᠎ᠡ᠃ ᠰᠤᠷᠭ᠋ᠠᠨ ᠬᠥᠮᠦᠵᠢᠯ᠎ᠢ ᠲᠣᠭ᠋ᠠᠵᠢᠭᠤᠯᠤᠭᠰᠠᠨ ᠬᠡᠯᠪᠡᠷᠢ ᠲᠡᠢ᠌ᠰᠢ ᠬᠤᠪᠢᠷᠠᠭᠤᠯᠬᠤ ᠵᠢ ᠦᠷᠭᠦᠯᠵᠢᠯᠡᠨ ᠠᠬᠢᠭᠤᠯᠤᠨ᠎ᠠ᠃ 《ᠬᠣᠶᠠᠷ᠎ᠢ ᠬᠥᠩᠭᠡᠷᠡᠭᠦᠯᠬᠦ》 ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂  ᠬᠢᠴᠢᠶᠡᠯᠯᠡᠭᠡ᠂ ᠳᠠᠰᠬᠠᠯ᠎ᠤᠨ ᠬᠠᠮᠢᠶᠠᠷᠤᠯᠲᠠ᠂ ᠬᠢᠴᠢᠶᠡᠯ ᠎ᠤᠨ ᠳᠠᠷᠠᠭ᠋ᠠᠬᠢ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
 
      ᠳᠤᠮᠳᠠᠳᠤ ᠤᠯᠤᠰ᠎ᠤᠨ ᠠᠵᠤ ᠠᠬᠤᠢ ᠵᠢᠨ ᠬᠥᠲᠦᠯᠬᠦ ᠰᠣᠨᠢᠨ᠎ᠤ ᠰᠤᠷᠪᠤᠯᠵᠢᠯᠠᠭᠴᠢ ᠄ ᠲᠠ ᠰᠠᠶ᠋ᠢᠨ ᠤᠤ? ᠣᠶ᠋ᠢᠷ᠎ᠠ ᠵᠢᠨ ᠵᠢᠯ ᠮᠠᠨ᠎ᠤ ᠣᠷᠣᠨ ᠰᠤᠷᠭ᠋ᠠᠨ ᠬᠥᠮᠦᠵᠢᠯ᠎ᠤᠨ ᠬᠦᠷᠢᠶᠡᠨ ᠎ᠳᠠᠬᠢ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠳᠣᠭᠲᠠᠯᠴᠠᠭ᠎ᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠵᠢ ᠣᠯᠵᠤ ᠬᠠᠷᠠᠯ᠎ᠠ᠂ ᠥᠪᠡᠷᠲᠡᠭᠡᠨ ᠵᠠᠰᠠᠬᠤ ᠣᠷᠣᠨ ᠰᠠᠭᠤᠷᠢ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠠᠷᠠᠳ ᠣᠯᠠᠨ᠎ᠤ ᠪᠠᠴᠢᠮᠳᠠᠯ ᠬᠦᠴᠢᠷᠳᠡᠯ ᠵᠣᠪᠠᠨᠢᠯ ᠬᠦᠰᠡᠯ᠎ᠤᠨ ᠠᠰᠠᠭᠤᠳᠠᠯ᠎ᠢ ᠰᠢᠢ᠍ᠳᠪᠦᠷᠢᠯᠡᠬᠦ ᠲᠠᠯ᠎ᠠ᠎ᠪᠠᠷ ᠪᠣᠳᠠᠲᠠᠢ ᠶᠠᠮᠠᠷ ᠠᠵᠢᠯ ᠬᠢᠭᠰᠡᠨ ᠪᠣᠢ?  ᠳᠠᠷᠠᠭ᠎ᠠ ᠠᠯᠬᠤᠮ᠎ᠳᠤ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠤᠢ?
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠰᠠᠭᠤᠷᠢ ᠰᠤᠷᠭ᠋ᠠᠨ ᠬᠥᠮᠦᠵᠢᠯ᠎ᠤᠨ ᠨᠢᠭᠡᠳᠦᠭᠡᠷ ᠭᠠᠵᠠᠷ᠎ᠤᠨ ᠳᠠᠷᠤᠭ᠎ᠠ ᠯᠢᠦ ᠰᠢᠩ ᠴᠧᠩ᠄ ᠲᠠᠨ᠎ᠳᠤ ᠲᠠᠯᠠᠷᠬᠠᠵᠤ ᠪᠠᠶ᠋ᠢᠨ᠎ᠠ᠂ 2023 ᠣᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ᠎ᠳᠤ ᠠᠩᠬᠠᠷᠤᠯ  ᠵᠶ᠋ᠠᠨ ᠬᠠᠨᠳᠤᠭᠤᠯᠤᠨ᠂ ᠣᠯᠠᠨ ᠲᠦᠮᠡᠨ᠎ᠤ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠲᠤᠯᠭ᠋ᠠᠮ᠎ᠠ ᠬᠡᠷᠡᠭᠴᠡᠭᠡ ᠵᠢ ᠢᠳᠡᠪᠬᠢᠲᠡᠢ ᠬᠠᠩᠭ᠋ᠠᠪᠠ᠃
      ᠨᠢᠭᠡ᠎ᠳᠤ᠂ ᠡᠷᠳᠡᠮ᠎ᠤᠨ ᠴᠣᠯᠠ ᠣᠯᠭᠣᠬᠤ ᠵᠢ ᠦᠷᠭᠦᠯᠵᠢᠯᠡᠨ ᠥᠷᠭᠡᠳᠭᠡᠪᠡ᠃ 2023 ᠣᠨ᠎ᠳᠤ ᠪᠦᠬᠦ ᠣᠷᠣᠨ᠎ᠳᠤ ᠬᠡᠦᠬᠡᠳ᠎ᠤᠨ ᠴᠡᠴᠡᠷᠯᠢᠭ 204᠂  ᠳᠤᠮᠳᠠᠳᠤ ᠪᠠᠭ᠎ᠠ ᠰᠤᠷᠭ᠋ᠠᠭᠤᠯᠢ 676᠂ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ 13 ᠵᠢ ᠰᠢᠨ᠎ᠡ᠎ᠪᠠᠷ ᠥᠭᠡᠷᠡᠴᠢᠯᠡᠵᠦ ᠥᠷᠭᠡᠳᠬᠡᠨ ᠪᠠᠶ᠋ᠢᠭᠤᠯᠵᠤ᠂ ᠵᠢᠯ᠎ᠤᠨ ᠳᠣᠲᠣᠷ᠎ᠠ 649 ᠰᠠᠭᠤᠷᠢ ᠪᠠᠷᠢᠯᠭ᠎ᠠ ᠵᠢ ᠳᠠᠭᠤᠰᠬᠠᠬᠤ᠎ᠪᠠᠷ ᠲᠥᠯᠦᠪᠯᠡᠨ᠂ ᠣᠳᠣ ᠨᠢᠭᠡᠨᠲᠡ 665 ᠰᠠᠭᠤᠷᠢ ᠪᠠᠷᠢᠯᠭ᠎ᠠ ᠵᠢ ᠳᠠᠭᠤᠰᠬᠠᠵᠤ᠂ 7.06 ᠲᠦᠮᠡᠨ ᠡᠷᠳᠡᠮ᠎ᠤᠨ ᠴᠣᠯᠠ᠎ᠢ ᠰᠢᠨ᠎ᠡ᠎ᠪᠠᠷ ᠨᠡᠮᠡᠪᠡ᠃ 2023 ᠣᠨ᠎ᠳᠤ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠲᠤᠰᠬᠠᠢ ᠪᠡᠯᠡ ᠮᠥᠩᠭᠥ ᠵᠢ 12.81 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠲᠦᠭᠡᠮᠡᠯ ᠬᠠᠷᠠᠭ᠋ᠠᠯᠵᠠᠯᠲᠤ ᠡᠬᠢ ᠪᠠᠶᠠᠯᠢᠭ᠎ᠤᠨ ᠬᠠᠩᠭ᠋ᠠᠯᠭ᠎ᠠ ᠵᠢ ᠤᠯᠠᠮ ᠨᠢᠭᠡ ᠠᠯᠬᠤᠮ ᠨᠡᠮᠡᠭᠳᠡᠭᠦᠯᠵᠦ ᠰᠢᠯᠢᠳᠡᠭᠵᠢᠭᠦᠯᠪᠡ; ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠤᠷᠠᠢ ᠭᠣᠭᠴᠣᠭ᠎ᠠ ᠵᠢ ᠰᠠᠶ᠋ᠢᠵᠢᠷᠠᠭᠤᠯᠬᠤ ᠪᠠ ᠴᠢᠳᠠᠪᠤᠷᠢ ᠵᠢ ᠳᠡᠭᠡᠭᠰᠢᠯᠡᠭᠦᠯᠬᠦ ᠲᠤᠰᠬᠠᠢ ᠪᠡᠯᠡ ᠮᠥᠩᠭᠥ ᠵᠢ 10.55 ᠳ᠋ᠦᠩᠰᠢᠭᠤᠷ ᠲᠥᠭᠥᠷᠢᠭ ᠪᠠᠭᠤᠯᠭ᠋ᠠᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ  ᠵᠢᠨ ᠰᠤᠷᠭ᠋ᠠᠭᠤᠯᠢ ᠡᠷᠬᠢᠯᠡᠬᠦ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠪᠡ; ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠤᠰᠬᠠᠢ ᠬᠥᠭᠵᠢᠭᠦᠯᠬᠦ ᠪᠡᠯᠡ ᠮᠥᠩᠭᠥ ᠵᠢ 6.95 ᠳ᠋ᠦᠩᠰᠢᠭᠤᠷ ᠲᠥᠭᠥᠷᠢᠭ ᠪᠠᠭᠤᠯᠭ᠋ᠠᠨ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠨᠥᠬᠥᠴᠡᠯ᠎ᠢ ᠰᠠᠶ᠋ᠢᠵᠢᠷᠠᠭᠤᠯᠬᠤ ᠵᠢ ᠳᠡᠮᠵᠢᠵᠦ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠪᠠ ᠡᠩ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ           ᠨᠢᠭᠡᠳᠦᠯᠲᠡᠢ ᠰᠢᠯᠭ᠋ᠠᠯᠲᠠ ᠵᠢᠨ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠪᠠ᠃ 《ᠴᠡᠴᠡᠷᠯᠢᠭ᠎ᠲᠤ ᠣᠷᠣᠬᠤ᠎ᠳᠤ ᠦᠨᠡᠲᠡᠢ》᠂ 《ᠴᠡᠴᠡᠷᠯᠢᠭ᠎ᠲᠤ ᠣᠷᠣᠬᠤ᠎ᠳᠤ           ᠬᠦᠴᠢᠷᠲᠡᠢ》᠂ 《ᠰᠤᠷᠭ᠋ᠠᠭᠤᠯᠢ᠎ᠳᠤ ᠣᠷᠣᠬᠤ᠎ᠳᠤ ᠬᠦᠴᠢᠷᠲᠡᠢ》 ᠪᠠᠶ᠋ᠢᠬᠤ ᠵᠥᠷᠢᠴᠡᠯ᠎ᠢ ᠪᠦᠲᠦᠮᠵᠢᠲᠡᠢ           ᠨᠠᠮᠳᠠᠭᠤᠯᠪᠠ᠃
      ᠬᠣᠶᠠᠷ᠎ᠲᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠵᠢ ᠠᠬᠢᠭᠤᠯᠪᠠ᠃ 《ᠴᠢᠨᠠᠷᠯᠢᠭ ᠲᠡᠩᠴᠡᠭᠦᠷᠢᠲᠡᠢ ᠦᠨᠳᠦᠰᠦᠨ ᠣᠯᠠᠨ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡᠨ᠎ᠤ ᠳᠣᠭᠲᠠᠯᠴᠠᠭ᠎ᠠ ᠵᠢ ᠪᠠᠶ᠋ᠢᠭᠤᠯᠬᠤ ᠲᠤᠬᠠᠢ ᠵᠢᠯᠣᠭᠣᠳᠬᠤ ᠰᠠᠨᠠᠯ》᠂ 《ᠰᠠᠭᠤᠷᠢ ᠰᠤᠷᠭ᠋ᠠᠨ ᠬᠥᠮᠦᠵᠢᠯ᠎ᠤᠨ ᠰᠢᠯᠢᠳᠡᠭ᠎ᠢ ᠥᠷᠭᠡᠳᠬᠡᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠠᠵᠢᠯᠯᠠᠭ᠋ᠠᠨ᠎ᠤ ᠲᠥᠯᠥᠪᠯᠡᠭᠡ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠪᠡᠯᠡ ᠣᠷᠣᠭᠤᠯᠤᠯᠲᠠ ᠵᠢ ᠦᠷᠭᠦᠯᠵᠢᠯᠡᠨ ᠥᠷᠭᠡᠳᠬᠡᠬᠦ᠂ ᠰᠤᠷᠭ᠋ᠠᠭᠤᠯᠢ ᠡᠷᠬᠢᠯᠡᠬᠦ ᠨᠥᠬᠥᠴᠡᠯ᠎ᠢ ᠰᠠᠶ᠋ᠢᠵᠢᠷᠠᠭᠤᠯᠬᠤ᠂ ᠪᠠᠭᠰᠢ ᠵᠢᠨ ᠬᠢᠷᠢ  ᠲᠦᠪᠰᠢᠨ ᠵᠢ ᠳᠡᠭᠡᠭᠰᠢᠯᠡᠭᠦᠯᠬᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠡᠷᠭᠡ ᠲᠠᠯ᠎ᠠ ᠵᠢᠨ ᠪᠣᠳᠠᠲᠠᠢ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠪᠠ᠃  ᠴᠢᠨᠠᠷᠯᠢᠭ ᠲᠡᠩᠴᠡᠭᠦᠷᠢᠲᠡᠢ ᠬᠣᠰᠢᠭᠤ ᠰᠢᠶᠠᠨ᠎ᠢ ᠡᠭᠦᠳᠦᠨ ᠪᠠᠶ᠋ᠢᠭᠤᠯᠵᠤ ᠰᠢᠯᠭ᠋ᠠᠨ ᠠᠪᠬᠤ ᠠᠵᠢᠯ᠎ᠢ ᠥᠷᠨᠢᠭᠦᠯᠵᠦ᠂ ᠣᠳᠣᠬᠠᠨ᠎ᠳᠤ 10 ᠬᠣᠰᠢᠭᠤ ᠰᠢᠶᠠᠨ (ᠬᠣᠲᠠ᠂ ᠲᠣᠭᠣᠷᠢᠭ) ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠢ ᠬᠥᠭᠵᠢᠭᠦᠯᠦᠭᠰᠡᠨ ᠮᠤᠵᠢ ᠵᠢᠨ ᠱᠠᠲᠤᠨ᠎ᠤ ᠬᠢᠨᠠᠨ ᠵᠢᠯᠣᠭᠣᠳᠴᠤ ᠦᠨᠡᠯᠡᠨ ᠵᠢᠱ᠌ᠢᠬᠦ᠎ᠳᠤ ᠬᠢᠷᠢ ᠲᠡᠩᠴᠡᠵᠦ᠂ ᠴᠢᠨᠠᠷᠯᠢᠭ ᠲᠡᠩᠴᠡᠭᠦᠷᠢᠲᠡᠢ ᠬᠥᠭᠵᠢᠯᠲᠡ ᠰᠢᠨ᠎ᠡ ᠭᠠᠷᠤᠭ᠎ᠠ᠎ᠳᠤ ᠭᠠᠷᠪᠠ᠃
      ᠭᠤᠷᠪᠠ᠎ᠳᠤ᠂ ᠬᠣᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠠᠬᠢᠭᠤᠯᠪᠠ᠃ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠦᠯᠦᠭᠵᠢᠭᠦᠯᠦᠨ ᠰᠤᠷᠭ᠋ᠠᠭᠤᠯᠢ ᠡᠷᠬᠢᠯᠡᠬᠦ ᠵᠢᠯᠣᠭᠣᠳᠬᠤ ᠰᠠᠨᠠᠯ》᠎ᠢ ᠨᠡᠶ᠋ᠢᠲᠡᠯᠡᠵᠦ᠂ ᠡᠯ᠎ᠡ ᠭᠠᠵᠠᠷ᠎ᠤᠨ᠎ᠬᠢᠨ᠎ᠢ ᠵᠢᠯᠣᠭᠣᠳᠤᠨ ᠨᠡᠷᠡᠲᠦ ᠰᠤᠷᠭ᠋ᠠᠭᠤᠯᠢ ᠵᠢᠨ ᠬᠤᠪᠢᠶᠠᠷᠢ ᠰᠤᠷᠭ᠋ᠠᠭᠤᠯᠢ ᠡᠷᠬᠢᠯᠡᠬᠦ᠂ ᠬᠦᠴᠦᠷᠬᠡᠭ ᠰᠤᠷᠭ᠋ᠠᠭᠤᠯᠢ᠎ᠨᠢ ᠪᠠᠭᠤᠷᠠᠢ ᠰᠤᠷᠭ᠋ᠠᠭᠤᠯᠢ᠎ᠪᠠᠨ ᠳᠠᠭ᠋ᠠᠭᠤᠯᠬᠤ᠂ ᠰᠢᠶᠠᠨ᠎ᠤ ᠬᠡᠪᠴᠢᠶᠡᠨ᠎ᠤ ᠬᠣᠯᠪᠣᠭ᠎ᠠ ᠵᠡᠷᠭᠡ ᠵᠠᠭᠪᠤᠷ ᠵᠶ᠋ᠠᠷ ᠳᠠᠮᠵᠢᠭᠤᠯᠤᠨ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ ᠵᠢ ᠠᠬᠢᠭᠤᠯᠪᠠ᠃ 2026 ᠣᠨ ᠪᠣᠯᠬᠤ᠎ᠳᠤ᠂ ᠪᠦᠬᠦ ᠣᠷᠣᠨ᠎ᠤ ᠪᠦᠯᠦᠭᠵᠢᠭᠦᠯᠦᠨ ᠰᠤᠷᠭ᠋ᠠᠭᠤᠯᠢ ᠡᠷᠬᠢᠯᠡᠬᠦ ᠰᠤᠷᠭ᠋ᠠᠭᠤᠯᠢ ᠵᠢᠨ ᠪᠦᠷᠬᠦᠴᠡ ᠵᠢᠨ ᠨᠣᠷᠮ᠎ᠠ ᠵᠢ 50% ᠬᠦᠷᠭᠡᠵᠦ᠂ ᠬᠥᠳᠡᠭᠡ ᠲᠣᠰᠬᠣᠨ᠎ᠤ ᠪᠠᠭ᠎ᠠ ᠬᠡᠪᠴᠢᠶᠡᠨ᠎ᠤ ᠰᠤᠷᠭ᠋ᠠᠭᠤᠯᠢ ᠵᠢᠨ ᠪᠦᠷᠬᠦᠴᠡ ᠵᠢᠨ ᠨᠣᠷᠮ᠎ᠠ ᠵᠢ 100% ᠬᠦᠷᠭᠡᠨ᠎ᠡ᠃ ᠬᠣᠲᠠ ᠵᠢᠨ ᠲᠣᠭᠣᠷᠢᠭ᠎ᠤᠨ ᠰᠢᠯᠢᠳᠡᠭ ᠪᠠᠭᠰᠢ 1122᠎ᠢ ᠰᠣᠩᠭᠣᠨ ᠲᠣᠮᠢᠯᠠᠵᠤ ᠬᠥᠳᠡᠭᠡ ᠲᠣᠰᠬᠣᠨ᠎ᠤ ᠪᠠᠭᠤᠷᠠᠢ ᠰᠤᠷᠭ᠋ᠠᠭᠤᠯᠢ᠎ᠳᠤ ᠣᠴᠢᠭᠤᠯᠤᠨ 《ᠪᠦᠯᠬᠦᠮ ᠪᠠᠶ᠋ᠢᠭᠤᠯᠬᠤ ᠮᠠᠶᠢᠭ》 ᠵᠶ᠋ᠠᠷ ᠬᠣᠷᠰᠢᠶᠠᠯᠠᠨ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠵᠦ᠂ ᠬᠠᠮᠲᠤ᠎ᠳᠤ᠎ᠪᠠᠨ ᠵᠢᠭ᠋ᠠᠬᠤ ᠵᠢ ᠰᠤᠳᠤᠯᠬᠤ᠂ ᠬᠡᠷᠡᠭ᠎ᠤᠨ ᠵᠢᠱ᠌ᠢᠶ᠎ᠡ᠎ᠪᠠᠷ ᠵᠢᠭ᠋ᠠᠨ ᠰᠤᠷᠭ᠋ᠠᠬᠤ᠂ ᠬᠢᠴᠢᠶᠡᠯ ᠰᠣᠨᠣᠰᠴᠤ ᠣᠨᠣᠰᠢᠯᠠᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠲᠤᠰᠠᠯᠠᠮᠵᠢ ᠬᠦᠷᠲᠡᠬᠦ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠬᠢᠷᠢ ᠲᠦᠪᠰᠢᠨ ᠪᠠ ᠪᠠᠭᠰᠢ ᠵᠢᠨ ᠬᠦᠴᠦᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃
      ᠳᠥᠷᠪᠡ᠎ᠳᠤ᠂ 《ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠲᠤ ᠣᠷᠣᠬᠤ》 ᠪᠠ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠣᠷᠣᠬᠤ》 ᠵᠢ ᠨᠢᠭᠡ ᠯᠡ ᠰᠦᠯᠵᠢᠶ᠎ᠡ᠎ᠪᠠᠷ ᠨᠡᠢ᠌ᠲᠡᠮ ᠭᠦᠢ᠍ᠴᠡᠳᠭᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠪᠡ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠡᠷᠭᠡ 7 ᠲᠢᠩᠬᠢᠮ ᠲᠣᠪᠴᠢᠶ᠎ᠠ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠡᠴᠡᠷᠯᠢᠭ᠎ᠲᠤ  ᠣᠷᠣᠬᠤ ᠰᠤᠷᠭ᠋ᠠᠭᠤᠯᠢ᠎ᠳᠤ ᠣᠷᠣᠬᠤ ᠨᠢᠭᠡ ᠶᠠᠪᠤᠳᠠᠯ᠎ᠢ ᠭᠦᠢ᠍ᠴᠡᠳᠭᠡᠬᠦ ᠲᠤᠬᠠᠢ ᠵᠢᠯᠣᠭᠣᠳᠬᠤ           ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠴᠡᠴᠡᠷᠯᠢᠭ᠎ᠲᠤ ᠣᠷᠣᠬᠤ ᠰᠤᠷᠭ᠋ᠠᠭᠤᠯᠢ᠎ᠳᠤ ᠣᠷᠣᠬᠤ ᠵᠢ ᠨᠢᠭᠡ ᠯᠡ ᠰᠦᠯᠵᠢᠶ᠎ᠡ᠎ᠪᠠᠷ ᠨᠡᠢ᠌ᠲᠡᠮ ᠭᠦᠢ᠍ᠴᠡᠳᠭᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠪᠡ᠃ 2023 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠳᠤ᠂ ᠪᠦᠬᠦ ᠣᠷᠣᠨ᠎ᠤ ᠡᠯ᠎ᠡ ᠠᠶ᠋ᠢᠮᠠᠭ ᠬᠣᠲᠠ ᠴᠥᠮ 《ᠨᠢᠭᠡ ᠯᠡ ᠳᠠᠷᠤᠪᠴᠢ᠎ᠪᠠᠷ ᠴᠡᠴᠡᠷᠯᠢᠭ᠎ᠲᠤ ᠣᠷᠣᠬᠤ》 ᠪᠠ 《ᠨᠢᠭᠡ ᠯᠡ ᠳᠠᠷᠤᠪᠴᠢ᠎ᠪᠠᠷ ᠰᠤᠷᠭ᠋ᠠᠭᠤᠯᠢ᠎ᠳᠤ ᠣᠷᠣᠬᠤ》 ᠮᠡᠳᠡᠭᠡ ᠵᠠᠩᠭᠢᠴᠢᠯᠠᠯᠲᠠ ᠵᠢᠨ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠤᠭᠰᠠᠨ᠎ᠤ ᠬᠠᠮᠲᠤ ᠠᠰᠢᠭᠯᠠᠯᠲᠠ᠎ᠳᠤ ᠣᠷᠣᠭᠤᠯᠵᠤ᠂ ᠪᠦᠷᠢᠳᠬᠡᠯ᠎ᠢ ᠦᠨᠳᠦᠰᠦᠯᠡᠪᠡᠯ᠂ ᠪᠠᠷᠤᠭ 36.4 ᠲᠦᠮᠡᠨ ᠰᠢᠨ᠎ᠡ ᠰᠤᠷᠤᠭᠴᠢ ᠲᠤᠰ ᠰᠢᠰᠲ᠋ᠧᠮ᠎ᠳᠤ ᠨᠡᠷ᠎ᠡ ᠮᠡᠳᠡᠭᠦᠯᠵᠦ᠂ ᠭᠡᠷ᠎ᠤᠨ ᠠᠬᠠᠮᠠᠳ ᠰᠤᠷᠭ᠋ᠠᠭᠤᠯᠢ᠎ᠳᠤ ᠨᠡᠷ᠎ᠡ ᠮᠡᠳᠡᠭᠦᠯᠬᠦ ᠭᠠᠷ ᠭᠦᠢ᠍ᠴᠡᠳᠭᠡᠯ ᠬᠢᠬᠦ ᠦᠶ᠎ᠡ᠎ᠳᠤ ᠰᠦᠯᠵᠢᠶᠡᠨ ᠭᠠᠳᠠᠨ᠎ᠠ ᠣᠯᠠᠨ ᠰᠠᠯᠠᠭ᠎ᠠ ᠮᠥᠴᠢᠷ᠎ᠠᠴᠠ ᠨᠣᠮᠧᠷ ᠠᠪᠴᠤ ᠮᠥᠷᠯᠡᠨ᠂ ᠠᠬᠤᠢ ᠲᠠᠯᠠᠪᠠᠢ᠎ᠳᠤ ᠮᠠᠲ᠋ᠧᠷᠢᠶᠠᠯ ᠵᠶ᠋ᠠᠨ ᠬᠢᠨᠠᠨ ᠪᠠᠢ᠌ᠴᠠᠭ᠋ᠠᠯᠭ᠋ᠠᠵᠤ ᠪᠠᠢ᠌ᠭᠰᠠᠨ᠎ᠢ ᠰᠦᠯᠵᠢᠶᠡᠨ᠎ᠳᠤ ᠨᠢᠭᠡ ᠯᠡ ᠳᠠᠷᠤᠪᠴᠢ᠎ᠪᠠᠷ ᠨᠡᠷ᠎ᠡ ᠮᠡᠳᠡᠭᠦᠯᠵᠦ ᠦᠷ᠎ᠡ ᠳ᠋ᠦᠩ᠎ᠢ ᠬᠦᠯᠢᠶᠡᠬᠦ ᠪᠣᠯᠭ᠋ᠠᠵᠤ᠂ ᠰᠤᠷᠭ᠋ᠠᠭᠤᠯᠢ᠎ᠳᠤ ᠣᠷᠣᠬᠤ ᠭᠠᠷ ᠭᠦᠢ᠍ᠴᠡᠳᠭᠡᠯ᠎ᠢ ᠬᠢᠬᠦ ᠶᠠᠪᠤᠴᠠ᠎ᠳᠤ ᠣᠯᠠᠨ ᠭᠠᠵᠠᠷ᠎ᠲᠤ ᠭᠦᠶᠦᠬᠦ᠂ ᠣᠯᠠᠨ ᠤᠳᠠᠭ᠎ᠠ ᠭᠦᠶᠦᠬᠦ᠂ ᠮᠠᠲ᠋ᠧᠷᠢᠶᠠᠯ ᠣᠯᠠᠨ᠂ ᠳᠡᠰ ᠳᠠᠷᠠᠭ᠋ᠠᠯᠠᠯ ᠪᠤᠳᠤᠯᠢᠶᠠᠨᠲᠠᠢ ᠵᠡᠷᠭᠡ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠵᠦ᠂ ᠭᠡᠷ᠎ᠤᠨ ᠠᠬᠠᠮᠠᠳ᠎ᠤᠨ 《ᠠᠯᠠᠭ᠋ᠠᠨ ᠳᠡᠭᠡᠷ᠎ᠡ ᠨᠡᠷ᠎ᠡ ᠮᠡᠳᠡᠭᠦᠯᠬᠦ》 ᠵᠢ ᠪᠡᠶᠡᠯᠡᠭᠦᠯᠪᠡ᠃
      ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠲᠥᠪ ᠪᠠ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠭᠵᠢᠯᠲᠡ ᠪᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠤᠷᠠᠢ ᠭᠣᠭᠴᠣᠭ᠎ᠠ ᠵᠢ ᠥᠭᠡᠷᠡᠴᠢᠯᠡᠨ ᠳᠡᠭᠡᠭᠰᠢᠯᠡᠭᠦᠯᠬᠦ ᠵᠢ ᠳᠡᠮᠵᠢᠬᠦ ᠲᠤᠰᠬᠠᠢ ᠪᠡᠯᠡ ᠮᠥᠩᠭᠥ ᠵᠢ ᠦᠷᠭᠦᠯᠵᠢᠯᠡᠨ ᠰᠠᠶ᠋ᠢᠲᠤᠷ ᠬᠡᠷᠡᠭᠯᠡᠵᠦ᠂ ᠲᠦᠭᠡᠮᠡᠯ  ᠬᠠᠷᠠᠭ᠋ᠠᠯᠵᠠᠯᠲᠤ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠦᠷᠭᠦᠯᠵᠢᠯᠡᠨ ᠥᠷᠭᠡᠳᠬᠡᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠨᠥᠬᠥᠴᠡᠯ᠎ᠢ ᠰᠠᠶ᠋ᠢᠵᠢᠷᠠᠭᠤᠯᠤᠨ᠂ ᠰᠢᠶᠠᠨ᠎ᠤ ᠬᠡᠪᠴᠢᠶᠡᠨ᠎ᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢ ᠰᠠᠶ᠋ᠢᠲᠤᠷ ᠡᠷᠬᠢᠯᠡᠨ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠣᠯᠠᠨ ᠶᠠᠩᠵᠤᠴᠢᠯᠠᠭᠰᠠᠨ ᠥᠪᠡᠷᠮᠢᠴᠡ  ᠣᠨᠴᠠᠯᠢᠭᠲᠤ ᠬᠥᠭᠵᠢᠯᠲᠡ ᠵᠢ ᠠᠬᠢᠭᠤᠯᠤᠨ᠂ ᠮᠠᠨ᠎ᠤ ᠣᠷᠣᠨ᠎ᠤ ᠨᠠᠩ ᠡᠷᠬᠡ ᠲᠡᠭᠰᠢ᠂ ᠨᠠᠩ ᠴᠢᠨᠠᠷᠯᠢᠭ ᠰᠠᠭᠤᠷᠢ ᠰᠤᠷᠭ᠋ᠠᠨ ᠬᠥᠮᠦᠵᠢᠯ᠎ᠢ ᠦᠨᠡᠨ ᠬᠦ᠌ ᠰᠠᠶ᠋ᠢᠲᠤᠷ ᠡᠷᠬᠢᠯᠡᠨ᠎ᠡ᠃
      ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠲᠠ ᠰᠠᠶ᠋ᠢᠨ ᠤᠤ? ᠰᠠᠶᠢᠬᠠᠨ ᠲᠠᠨᠢᠯᠴᠠᠭᠤᠯᠤᠭᠰᠠᠨ᠎ᠢ ᠦᠨᠳᠦᠰᠦᠯᠡᠪᠡᠯ᠂ ᠣᠶ᠋ᠢᠷ᠎ᠠ ᠵᠢᠨ ᠵᠢᠯ᠂ ᠥᠪᠥᠷ ᠮᠣᠩᠭᠣᠯ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠲᠤᠯᠭ᠋ᠠᠭᠤᠷᠢᠯᠠᠨ ᠳᠠᠭ᠋ᠠᠭᠤᠯᠬᠤ ᠴᠢᠳᠠᠪᠤᠷᠢ ᠢᠯᠡᠳᠲᠡ ᠳᠡᠭᠡᠭᠰᠢᠯᠡᠪᠡ᠂ ᠪᠢᠳᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠪᠠᠶ᠋ᠢᠷᠢᠯᠠᠭᠤᠯᠤᠯᠲᠠ ᠵᠢ ᠲᠣᠬᠢᠷᠠᠭᠤᠯᠤᠨ ᠰᠢᠯᠢᠳᠡᠭᠵᠢᠭᠦᠯᠬᠦ ᠲᠠᠯ᠎ᠠ᠎ᠪᠠᠷ ᠶᠠᠮᠠᠷ ᠦᠷ᠎ᠡ ᠪᠦᠲᠦᠮᠵᠢ ᠣᠯᠤᠭᠰᠠᠨ ᠎ᠢ ᠨᠠᠷᠢᠨ ᠣᠢ᠌ᠯᠠᠭ᠋ᠠᠶ᠎ᠠ ᠭᠡᠵᠦ ᠪᠣᠳᠣᠵᠤ ᠪᠠᠢ᠌ᠨ᠎ᠠ᠂ ᠳᠠᠷᠠᠭ᠎ᠠ ᠠᠯᠬᠤᠮ᠎ᠳᠤ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠳᠤ ᠦᠢ᠍ᠯᠡᠴᠢᠯᠡᠬᠦ ᠲᠠᠯ᠎ᠠ᠎ᠪᠠᠷ ᠶᠠᠮᠠᠷ ᠠᠷᠭ᠎ᠠ ᠬᠡᠮᠵᠢᠶ᠎ᠡ ᠠᠪᠬᠤ ᠪᠣᠢ?
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠭᠠᠵᠠᠷ᠎ᠤᠨ ᠳᠠᠷᠤᠭ᠎ᠠ ᠢᠳᠡᠷ᠄ ᠮᠠᠨ᠎ᠤ ᠣᠷᠣᠨ ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ᠎ᠤᠨ 《ᠡᠩ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠪᠠᠢ᠌ᠷᠢᠯᠠᠭᠤᠯᠤᠯᠲᠠ ᠵᠢ ᠲᠣᠬᠢᠷᠠᠭᠤᠯᠤᠨ ᠰᠢᠯᠢᠳᠡᠭᠵᠢᠭᠦᠯᠬᠦ ᠥᠭᠡᠷᠡᠴᠢᠯᠡᠯᠲᠡ ᠵᠢᠨ ᠲᠥᠰᠦᠯ》᠎ᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠬᠦ ᠪᠠ ᠬᠠᠮᠢᠶᠠᠷᠬᠤ ᠵᠢ ᠴᠢᠩᠭ᠋ᠠᠳᠬᠠᠨ᠂ ᠳᠡᠭᠡᠳᠦ ᠰᠤᠷᠭ᠋ᠠᠭᠤᠯᠢ ᠵᠢ ᠵᠢᠯᠣᠭᠣᠳᠴᠤ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠢ ᠲᠣᠬᠢᠷᠠᠭᠤᠯᠬᠤ ᠠᠵᠢᠯ᠎ᠢ ᠰᠠᠶ᠋ᠢᠲᠤᠷ  ᠬᠢᠵᠦ ᠢᠳᠡᠪᠬᠢᠲᠡᠢ ᠦᠷ᠎ᠡ ᠪᠦᠲᠦᠮᠵᠢ ᠣᠯᠪᠠ᠃
      ᠰᠢᠨᠵᠢᠯᠡᠭᠡᠨ᠎ᠤ ᠰᠠᠯᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ᠂ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠬᠠᠮᠲᠤᠷᠠᠨ ᠬᠣᠶᠠᠳᠤᠭ᠋ᠠᠷ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ 《ᠲᠡᠷᠢᠭᠦᠨ᠎ᠤ ᠰᠢᠨᠵᠢᠯᠡᠭᠡᠨ᠎ᠤ ᠰᠠᠯᠠᠭ᠎ᠠ》 ᠵᠢ ᠪᠦᠲᠦᠭᠡᠨ ᠪᠠᠢ᠌ᠭᠤᠯᠤᠭᠰᠠᠨ ᠶᠡᠬᠡ ᠳᠡᠭᠡᠳᠦ ᠰᠤᠷᠭ᠋ᠠᠭᠤᠯᠢ ᠵᠢᠴᠢ ᠪᠦᠲᠦᠭᠡᠨ ᠪᠠᠢ᠌ᠭᠤᠯᠤᠭᠰᠠᠨ ᠰᠢᠨᠵᠢᠯᠡᠭᠡᠨ᠎ᠤ ᠰᠠᠯᠠᠭ᠋ᠠᠨ᠎ᠤ ᠨᠡᠷᠡᠰ᠎ᠢ ᠨᠡᠶ᠋ᠢᠲᠡᠯᠡᠵᠦ᠂ ᠲᠡᠷᠢᠭᠦᠨ᠎ᠤ ᠣᠷᠣᠶ᠋ᠢᠯᠠᠭᠰᠠᠨ ᠰᠢᠨᠵᠢᠯᠡᠭᠡᠨ᠎ᠤ ᠰᠠᠯᠠᠭ᠎ᠠ 2᠂ ᠲᠡᠷᠢᠭᠦᠨ᠎ᠤ ᠣᠷᠣᠶ᠋ᠢᠯᠠᠭᠰᠠᠨ ᠬᠥᠮᠥᠵᠢᠭᠦᠯᠬᠦ ᠰᠢᠨᠵᠢᠯᠡᠭᠡᠨ᠎ᠤ ᠰᠠᠯᠠᠭ᠎ᠠ 19᠂ ᠲᠡᠷᠢᠭᠦᠨ᠎ᠤ ᠪᠠᠶ᠋ᠢᠭᠤᠯᠤᠯᠲᠠ ᠵᠢᠨ ᠰᠢᠨᠵᠢᠯᠡᠭᠡᠨ᠎ᠤ ᠰᠠᠯᠠᠭ᠎ᠠ 14᠎ᠳᠤ ᠲᠥᠷᠦᠯ ᠵᠦᠢ᠍ᠯ ᠲᠣᠭᠲᠠᠭ᠋ᠠᠵᠤ᠂ ᠳᠡᠰ ᠳᠠᠪᠬᠤᠷᠭ᠎ᠠ ᠬᠤᠪᠢᠶᠠᠨ ᠪᠦᠲᠦᠭᠡᠨ  ᠪᠠᠢ᠌ᠭᠤᠯᠬᠤ ᠵᠢ ᠳᠡᠮᠵᠢᠪᠡ᠃ ᠲᠠᠪᠤᠳᠤᠭ᠋ᠠᠷ ᠡᠭᠡᠯᠵᠢ ᠵᠢᠨ ᠰᠢᠨᠵᠢᠯᠡᠭᠡᠨ᠎ᠤ ᠰᠠᠯᠠᠭ᠋ᠠᠨ᠎ᠤ ᠦᠨᠡᠯᠡᠨ ᠵᠢᠱ᠌ᠢᠯᠲᠡ᠎ᠳᠤ᠂ ᠥᠪᠥᠷ ᠮᠣᠩᠭᠣᠯ᠎ᠤᠨ ᠲᠠᠷᠢᠶᠠᠯᠠᠩ ᠎ᠤᠨ ᠶᠡᠬᠡ ᠰᠤᠷᠭ᠋ᠠᠭᠤᠯᠢ ᠵᠢᠨ ᠡᠪᠡᠰᠦᠨ᠎ᠤ ᠤᠬᠠᠭ᠋ᠠᠨ ᠪᠦᠬᠦ ᠤᠯᠤᠰ᠎ᠤᠨ ᠳᠡᠰ᠎ᠤᠨ ᠵᠢᠭᠰᠠᠭ᠋ᠠᠯᠲᠠ ᠵᠢᠨ ᠡᠮᠦᠨ᠎ᠡ 10%᠎ᠳᠤ ᠣᠷᠣᠵᠤ᠂ ᠲᠡᠦᠬᠡᠲᠦ ᠴᠢᠨᠠᠷᠲᠠᠢ ᠰᠢᠪᠲᠤᠯᠤᠯᠲᠠ ᠵᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ C ᠳᠡᠰ᠎ᠠᠴᠠ ᠳᠡᠭᠡᠭᠰᠢᠬᠢ ᠰᠢᠨᠵᠢᠯᠡᠭᠡᠨ᠎ᠤ ᠰᠠᠯᠠᠭ᠎ᠠ 59 ᠪᠠᠶ᠋ᠢᠵᠤ᠂ ᠳᠥᠷᠪᠡᠳᠦᠭᠡᠷ ᠡᠭᠡᠯᠵᠢ ᠵᠢᠨ᠎ᠬᠢ᠎ᠠᠴᠠ 31% ᠨᠡᠮᠡᠭᠳᠡᠪᠡ᠃ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠰᠣᠳᠤᠯᠬᠤ ᠰᠤᠷᠤᠭᠴᠢ ᠵᠢᠨ ᠰᠤᠷᠭ᠋ᠠᠨ ᠬᠥᠮᠦᠵᠢᠯ᠎ᠤᠨ ᠦᠷ᠎ᠡ ᠪᠦᠲᠦᠭᠡᠯ᠎ᠤᠨ 《ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ》 ᠵᠢᠨ ᠳᠥᠷᠪᠡᠨ ᠠᠷᠭ᠎ᠠ ᠬᠡᠮᠵᠢᠶ᠎ᠡ ᠵᠢ ᠵᠡᠷᠭᠡ᠎ᠪᠠᠷ ᠠᠳᠬᠤᠪᠠ᠄ ᠣᠷᠣᠨ ᠨᠤᠲᠤᠭ᠎ᠤᠨ ᠶᠡᠬᠡ ᠳᠡᠭᠡᠳᠦ ᠰᠤᠷᠭ᠋ᠠᠭᠤᠯᠢ ᠵᠢᠨ ᠮᠠᠰᠲ᠋ᠧᠷ᠎ᠤᠨ ᠲᠤᠰᠬᠠᠢ ᠮᠡᠷᠭᠡᠵᠢᠯ᠎ᠤᠨ ᠡᠷᠳᠡᠮ᠎ᠤᠨ ᠴᠣᠯᠠ᠎ᠲᠠᠢ ᠰᠣᠳᠤᠯᠬᠤ ᠰᠤᠷᠤᠭᠴᠢ ᠵᠢᠨ ᠦᠢ᠍ᠯᠡᠳᠦᠯᠭᠡ ᠵᠢᠨ ᠴᠢᠳᠠᠪᠤᠷᠢ ᠵᠢ ᠬᠥᠮᠦᠵᠢᠭᠦᠯᠬᠦ ᠠᠷᠭ᠎ᠠ ᠵᠠᠮ᠎ᠤᠨ ᠰᠦᠪᠡᠭᠴᠢᠯᠡᠯᠲᠡ ᠪᠠ ᠦᠢ᠍ᠯᠡᠳᠦᠯᠭᠡ》᠎ᠨᠢ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ (ᠰᠣᠳᠤᠯᠬᠤ ᠰᠤᠷᠤᠭᠴᠢ)᠎ᠤᠨ ᠤᠯᠤᠰ᠎ᠤᠨ ᠳᠡᠰ᠎ᠤᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠬᠣᠶᠠᠳᠤᠭ᠋ᠠᠷ ᠳᠡᠰ᠎ᠤᠨ ᠱᠠᠩᠨᠠᠯ ᠬᠦᠷᠲᠡᠪᠡ᠃
      ᠲᠤᠰᠬᠠᠢ ᠮᠡᠷᠭᠡᠵᠢᠯ᠎ᠤᠨ ᠪᠠᠶ᠋ᠢᠭᠤᠯᠤᠯᠲᠠ ᠵᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《2023 - 2025 ᠣᠨ᠎ᠳᠤ ᠪᠠᠴᠢᠮ ᠬᠡᠷᠡᠭᠴᠡᠭᠡ᠎ᠲᠠᠢ ᠪᠠᠴᠢᠮ ᠳᠤᠲᠠᠭᠳᠠᠵᠤ ᠪᠠᠶ᠋ᠢᠭ᠎ᠠ ᠠᠰᠠᠭᠤᠳᠠᠯ / ᠮᠡᠳᠡᠭᠦᠯᠬᠦ ᠵᠢ ᠬᠢᠵᠠᠭ᠋ᠠᠷᠯᠠᠬᠤ ᠲᠤᠰᠬᠠᠢ ᠮᠡᠷᠭᠡᠵᠢᠯ᠎ᠤᠨ ᠰᠠᠨᠠᠭᠤᠯᠭ᠎ᠠ ᠵᠢᠨ ᠭᠠᠷᠴᠠᠭ》᠎ᠢ ᠨᠠᠶ᠋ᠢᠷᠠᠭᠤᠯᠤᠨ ᠲᠠᠷᠬᠠᠭ᠋ᠠᠵᠤ᠂ ᠶᠡᠬᠡ ᠳᠡᠭᠡᠳᠦ ᠰᠤᠷᠭ᠋ᠠᠭᠤᠯᠢ ᠵᠢᠨ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠳᠤ ᠰᠠᠨᠠᠭ᠋ᠠᠴᠢᠯᠠᠭ᠎ᠠ᠎ᠠᠴᠠ᠎ᠪᠠᠨ  ᠦᠢ᠍ᠯᠡᠴᠢᠯᠡᠬᠦ ᠵᠢ ᠬᠥᠲᠦᠯᠦᠨ ᠵᠢᠯᠣᠭᠣᠳᠴᠤ᠂ ᠲᠤᠰᠬᠠᠢ ᠮᠡᠷᠭᠡᠵᠢᠯ᠎ᠤᠨ ᠪᠠᠶ᠋ᠢᠷᠢᠯᠠᠭᠤᠯᠤᠯᠲᠠ ᠵᠢᠨ ᠵᠣᠯᠭ᠋ᠠᠭᠤᠯᠬᠤ ᠬᠡᠮᠵᠢᠶ᠎ᠡ᠂ ᠵᠣᠬᠢᠴᠠᠭᠤᠯᠬᠤ ᠬᠡᠮᠵᠢᠶ᠎ᠡ ᠵᠢ ᠳᠡᠭᠡᠭᠰᠢᠯᠡᠭᠦᠯᠪᠡ᠃ ᠡᠨᠡ ᠵᠢᠯ᠂ ᠮᠠᠨ᠎ᠤ ᠣᠷᠣᠨ 12 ᠶᠡᠬᠡ ᠳᠡᠭᠡᠳᠦ ᠰᠤᠷᠭ᠋ᠠᠭᠤᠯᠢ ᠵᠢᠨ ᠵᠢᠩᠬᠢᠨᠢ ᠠᠩᠭᠢ ᠵᠢᠨ ᠲᠤᠰᠬᠠᠢ ᠮᠡᠷᠭᠡᠵᠢᠯ 38 ᠵᠢ ᠰᠢᠨ᠎ᠡ᠎ᠪᠠᠷ ᠨᠡᠮᠡᠵᠦ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠲᠣᠭ᠋ᠠᠵᠢᠭᠰᠠᠨ ᠬᠥᠮᠦᠨ ᠨᠡᠶ᠋ᠢᠭᠡᠮ᠎ᠤᠨ ᠲᠤᠰᠬᠠᠢ ᠮᠡᠷᠭᠡᠵᠢᠯ᠎ᠢ ᠭᠠᠷᠴᠠᠭ᠎ᠠᠴᠠ ᠭᠠᠳᠠᠨᠠᠬᠢ ᠲᠤᠰᠬᠠᠢ ᠮᠡᠷᠭᠡᠵᠢᠯ ᠵᠶ᠋ᠠᠷ ᠰᠢᠨ᠎ᠡ᠎ᠪᠠᠷ ᠨᠡᠮᠡᠬᠦ᠎ᠪᠠᠷ ᠵᠦᠪᠰᠢᠶᠡᠷᠡᠭᠦᠯᠵᠦ᠂ ᠪᠦᠬᠦ ᠤᠯᠤᠰ᠎ᠤᠨ ᠠᠩᠬᠠᠳᠠᠭᠴᠢ ᠲᠤᠰ ᠵᠢᠩᠬᠢᠨᠢ ᠠᠩᠭᠢ ᠵᠢᠨ ᠲᠤᠰᠬᠠᠢ ᠮᠡᠷᠭᠡᠵᠢᠯ᠎ᠢ ᠪᠠᠶ᠋ᠢᠭᠤᠯᠤᠭᠰᠠᠨ ᠶᠡᠬᠡ ᠳᠡᠭᠡᠳᠦ ᠰᠤᠷᠭ᠋ᠠᠭᠤᠯᠢ ᠪᠣᠯᠪᠠ᠃ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠰᠢᠨ᠎ᠡ ᠡᠨᠧᠷᠭᠢ ᠵᠢᠨ ᠮᠠᠲ᠋ᠧᠷᠢᠶᠠᠯ ᠪᠣᠯᠤᠨ ᠲᠣᠨᠣᠭᠯᠠᠭ᠋ᠠᠰᠤ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠴᠢᠳᠠᠮᠵᠢᠲᠤ ᠮᠠᠲ᠋ᠧᠷᠢᠶᠠᠯ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠲᠠᠷᠢᠶᠠᠯᠠᠩ᠎ᠤᠨ ᠣᠶᠤᠨᠴᠢ ᠲᠣᠨᠣᠭᠯᠠᠯ᠎ᠤᠨ ᠢᠨᠵᠧᠨᠧᠷᠢᠩ ᠵᠡᠷᠭᠡ 20 ᠲᠤᠰᠬᠠᠢ ᠮᠡᠷᠭᠡᠵᠢᠯ ᠮᠠᠨ᠎ᠤ ᠣᠷᠣᠨ᠎ᠳᠤ ᠠᠩᠬ᠎ᠠ ᠤᠳᠠᠭ᠎ᠠ ᠴᠡᠭ ᠪᠠᠶ᠋ᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠳᠣ ᠦᠶ᠎ᠡ ᠵᠢᠨ ᠲᠣᠨᠣᠭ ᠲᠥᠬᠥᠭᠡᠷᠦᠮᠵᠢ ᠦᠢ᠍ᠯᠡᠳᠬᠦ ᠵᠡᠷᠭᠡ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠬᠠᠮᠢᠶ᠎ᠠ ᠪᠦᠬᠦᠢ ᠬᠦᠷᠢᠶᠡᠨ᠎ᠤ ᠲᠤᠰᠬᠠᠢ ᠮᠡᠷᠭᠡᠵᠢᠯ᠎ᠤᠨ ᠪᠠᠶ᠋ᠢᠷᠢᠯᠠᠭᠤᠯᠤᠯᠲᠠ ᠵᠢᠨ ᠬᠣᠭᠣᠰᠣᠨ᠎ᠢ ᠨᠥᠬᠥᠪᠥᠷᠢᠯᠡᠪᠡ᠃
      ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠨ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠬᠠᠨᠳᠤᠭᠤᠯᠵᠤ᠂ ᠶᠡᠬᠡ ᠳᠡᠭᠡᠳᠦ ᠰᠤᠷᠭ᠋ᠠᠭᠤᠯᠢ ᠵᠢᠨ ᠣᠷᠣᠨ ᠪᠠᠶ᠋ᠢᠷᠢ ᠳᠡᠪᠰᠢᠭᠦᠯᠦᠨ ᠳᠡᠰ ᠳᠡᠪᠰᠢᠭᠦᠯᠬᠦ ᠵᠢ ᠠᠬᠢᠭᠤᠯᠬᠤ᠎ᠪᠠᠷ ᠬᠠᠷᠠᠯᠲᠠ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠪᠠ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ᠎ᠠᠴᠠ ᠭᠠᠷᠳᠠᠨ᠂ ᠲᠡᠷᠢᠭᠦᠨ᠎ᠤ ᠰᠢᠨᠵᠢᠯᠡᠭᠡᠨ᠎ᠤ ᠰᠠᠯᠠᠭ᠎ᠠ᠂ ᠲᠡᠷᠢᠭᠦᠨ᠎ᠤ ᠲᠤᠰᠬᠠᠢ ᠮᠡᠷᠭᠡᠵᠢᠯ᠎ᠤᠨ ᠪᠠᠶ᠋ᠢᠭᠤᠯᠤᠯᠲᠠ ᠵᠢᠨ ᠠᠵᠢᠯᠯᠠᠭ᠋ᠠᠨ᠎ᠤ ᠲᠥᠯᠥᠪᠯᠡᠭᠡ ᠵᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠎ᠤ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠪᠠᠶ᠋ᠢᠭᠤᠯᠤᠯᠲᠠ ᠵᠢᠨ ᠲᠦᠪᠰᠢᠨ᠎ᠢ ᠦᠨᠡᠨ ᠬᠦ᠌ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ᠎ᠳᠤ ᠬᠦᠴᠦᠲᠡᠢ ᠴᠢᠳᠠᠪᠤᠷᠢᠲᠠᠨ᠎ᠤ ᠪᠠᠲᠤᠯᠠᠭ᠎ᠠ ᠪᠠ ᠣᠶᠤᠨ᠎ᠤ ᠲᠤᠯᠭ᠋ᠠᠭᠤᠷᠢᠯᠠᠯ ᠬᠠᠩᠭ᠋ᠠᠨ᠎ᠠ᠃
      ᠨᠢᠭᠡ᠎ᠳᠤ᠂ ᠵᠠᠷᠤᠳᠠᠯ᠎ᠤᠨ ᠪᠡᠯᠡ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ᠃ ᠡᠪᠡᠰᠦᠨ᠎ᠤ ᠤᠬᠠᠭ᠋ᠠᠨ᠂ ᠠᠮᠢᠳᠤ ᠪᠣᠳᠠᠰ᠎ᠤᠨ ᠤᠬᠠᠭ᠋ᠠᠨ ᠵᠡᠷᠭᠡ ᠲᠡᠷᠢᠭᠦᠨ᠎ᠤ ᠣᠷᠣᠶ᠋ᠢᠯᠠᠭᠰᠠᠨ ᠰᠢᠨᠵᠢᠯᠡᠭᠡᠨ᠎ᠤ ᠰᠠᠯᠠᠭ᠋ᠠᠨ᠎ᠤ ᠪᠡᠯᠡ ᠣᠷᠣᠭᠤᠯᠤᠯᠲᠠ ᠵᠢᠨ ᠣᠨ᠎ᠤ ᠪᠦᠲᠦᠭᠡᠨ ᠪᠠᠶ᠋ᠢᠭᠤᠯᠤᠯᠲᠠ ᠵᠢᠨ ᠵᠠᠷᠤᠳᠠᠯ᠎ᠢ 5000 ᠲᠦᠮᠡᠨ ᠲᠥᠭᠥᠷᠢᠭ᠎ᠠᠴᠠ ᠳᠣᠣᠷ᠎ᠠ ᠦᠭᠡᠢ ᠪᠠᠶ᠋ᠢᠯᠭ᠋ᠠᠵᠤ᠂ ᠢᠳᠡᠭᠡᠨ᠎ᠤ ᠰᠢᠨᠵᠢᠯᠡᠬᠦ ᠤᠬᠠᠭ᠋ᠠᠨ ᠪᠣᠯᠤᠨ ᠢᠨᠵᠧᠨᠧᠷᠢᠩ᠂ ᠠᠮᠢ ᠠᠬᠤᠢ ᠵᠢᠨ ᠤᠬᠠᠭ᠋ᠠᠨ᠂ ᠬᠥᠳᠡᠯᠭᠡᠬᠦ ᠬᠦᠴᠦᠨ᠎ᠤ ᠢᠨᠵᠧᠨᠧᠷᠢᠩ ᠵᠢᠴᠢ ᠢᠨᠵᠧᠨᠧᠷᠢᠩ᠎ᠤᠨ ᠢᠯᠴᠢ ᠵᠢᠨ ᠹᠢᠽᠢᠺ᠂ ᠲᠡᠮᠦᠷᠯᠢᠭ ᠪᠣᠯᠪᠠᠰᠤᠷᠠᠭᠤᠯᠬᠤ ᠢᠨᠵᠧᠨᠧᠷᠢᠩ ᠵᠡᠷᠭᠡ᠎ᠳᠤ ᠥᠪᠡᠷᠲᠡᠭᠡᠨ ᠵᠠᠰᠠᠬᠤ ᠣᠷᠣᠨ᠎ᠤ ᠳᠥᠷᠪᠡᠨ ᠶᠡᠬᠡ ᠲᠤᠯᠭ᠋ᠠᠭᠤᠷᠢ ᠠᠵᠤ ᠦᠢ᠍ᠯᠡᠰ᠎ᠤᠨ ᠲᠡᠷᠢᠭᠦᠨ᠎ᠤ ᠣᠷᠣᠶ᠋ᠢᠯᠠᠭᠰᠠᠨ ᠬᠥᠮᠦᠵᠢᠭᠦᠯᠬᠦ ᠰᠢᠨᠵᠢᠯᠡᠭᠡᠨ᠎ᠤ ᠰᠠᠯᠠᠭ᠋ᠠᠨ᠎ᠤ ᠪᠡᠯᠡ ᠣᠷᠣᠭᠤᠯᠤᠯᠲᠠ ᠵᠢᠨ ᠣᠨ᠎ᠤ ᠪᠦᠲᠦᠭᠡᠨ ᠪᠠᠶ᠋ᠢᠭᠤᠯᠤᠯᠲᠠ ᠵᠢᠨ ᠵᠠᠷᠤᠳᠠᠯ᠎ᠢ 3000 ᠲᠦᠮᠡᠨ ᠲᠥᠭᠥᠷᠢᠭ᠎ᠠᠴᠠ ᠳᠣᠣᠷ᠎ᠠ ᠦᠭᠡᠢ ᠪᠠᠶ᠋ᠢᠯᠭ᠋ᠠᠵᠤ᠂ ᠬᠠᠮᠢᠶ᠎ᠠ ᠪᠦᠬᠦᠢ ᠰᠢᠨᠵᠢᠯᠡᠭᠡᠨ᠎ᠤ ᠰᠠᠯᠠᠭ᠎ᠠ᠎ᠳᠤ ᠤᠯᠤᠰ᠎ᠤᠨ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠰᠢᠨ᠎ᠡ ᠰᠢᠪᠲᠤᠯᠤᠯᠲᠠ ᠵᠢ ᠲᠦᠷᠭᠡᠬᠡᠨ ᠪᠡᠶᠡᠯᠡᠭᠦᠯᠬᠦ ᠵᠢ ᠠᠬᠢᠭᠤᠯᠤᠨ᠎ᠠ᠃
      ᠬᠣᠶᠠᠷ᠎ᠲᠤ᠂ ᠳᠡᠭᠡᠳᠦ ᠳᠡᠰ᠎ᠤᠨ ᠰᠢᠨᠵᠢᠯᠡᠭᠡᠨ᠎ᠤ ᠰᠠᠯᠠᠭ᠋ᠠᠨ᠎ᠤ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠡᠬᠢ ᠪᠠᠶᠠᠯᠢᠭ ᠪᠣᠯᠤᠨ ᠣᠷᠴᠢᠨ ᠲᠣᠭᠣᠷᠢᠨ᠂ ᠮᠠᠲ᠋ᠧᠷᠢᠶᠠᠯ ᠪᠣᠯᠤᠨ ᠬᠢᠮᠢ ᠵᠢᠨ ᠠᠵᠤ ᠦᠢ᠍ᠯᠡᠳᠪᠦᠷᠢ᠂ ᠡᠨᠧᠷᠭᠢ ᠪᠠ ᠬᠥᠳᠡᠯᠭᠡᠬᠦ ᠬᠦᠴᠦᠨ᠂ ᠰᠢᠷᠣᠢ ᠮᠣᠳᠣᠨ᠎ᠤ ᠤᠰᠤᠨ ᠠᠰᠢᠭᠯᠠᠯᠲᠠ᠂ ᠲᠠᠷᠢᠶᠠᠯᠠᠩ᠂ ᠮᠠᠯ ᠡᠮᠨᠡᠯᠭᠡ ᠵᠡᠷᠭᠡ ᠬᠦᠷᠢᠶ᠎ᠡ ᠴᠠᠷᠠᠭ᠋ᠠᠨ᠎ᠳᠤ ᠳ᠋ᠣᠺᠲ᠋ᠣᠷ᠎ᠤᠨ ᠲᠤᠰᠬᠠᠢ ᠮᠡᠷᠭᠡᠵᠢᠯ᠎ᠤᠨ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠢ 10 ᠣᠷᠴᠢᠮ ᠪᠠᠶ᠋ᠢᠷᠢᠰᠢᠭᠤᠯᠤᠨ ᠪᠠᠶ᠋ᠢᠭᠤᠯᠵᠤ᠂ ᠬᠥᠷᠥᠰᠥ ᠰᠢᠷᠣᠢ ᠵᠢ ᠬᠠᠮᠠᠭ᠋ᠠᠯᠠᠬᠤ ᠪᠣᠯᠤᠨ ᠴᠦᠯᠯᠡᠷᠬᠡᠭᠵᠢᠯ᠎ᠢ ᠰᠡᠷᠭᠡᠶ᠋ᠢᠯᠡᠨ ᠵᠠᠰᠠᠬᠤ ᠰᠣᠳᠤᠯᠭ᠋ᠠᠨ᠂ ᠡᠮᠴᠢᠯᠡᠭᠡᠨ᠎ᠤ ᠠᠨᠠᠭ᠋ᠠᠬᠤ ᠤᠬᠠᠭ᠋ᠠᠨ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ ᠪᠣᠯᠤᠨ ᠤᠷᠢᠳᠴᠢᠯᠠᠨ ᠰᠡᠷᠭᠡᠶ᠋ᠢᠯᠡᠬᠦ ᠠᠨᠠᠭ᠋ᠠᠬᠤ ᠤᠬᠠᠭ᠋ᠠᠨ᠂ ᠰᠤᠷᠭ᠋ᠠᠨ ᠬᠥᠮᠥᠵᠢᠭᠦᠯᠬᠦ ᠤᠬᠠᠭ᠋ᠠᠨ᠂ ᠬᠡᠷᠡᠭᠯᠡᠭᠡᠨ᠎ᠤ ᠠᠵᠤ ᠠᠬᠤᠢ ᠵᠢᠨ ᠤᠬᠠᠭ᠋ᠠᠨ ᠵᠡᠷᠭᠡ ᠨᠢᠭᠡᠳᠦᠭᠡᠷ ᠳᠡᠰ᠎ᠤᠨ ᠰᠢᠨᠵᠢᠯᠡᠭᠡᠨ᠎ᠤ ᠰᠠᠯᠠᠭ᠋ᠠᠨ᠎ᠤ ᠳ᠋ᠣᠺᠲ᠋ᠣᠷ᠎ᠤᠨ ᠡᠷᠳᠡᠮ᠎ᠤᠨ ᠴᠣᠯᠠ ᠬᠠᠮᠠᠭ᠋ᠠᠯᠠᠬᠤ ᠴᠡᠭ᠎ᠢ ᠭᠣᠣᠯᠳᠠᠯᠭ᠎ᠠ᠎ᠲᠠᠢ ᠪᠦᠲᠦᠭᠡᠨ ᠪᠠᠶ᠋ᠢᠭᠤᠯᠵᠤ᠂ 2027 ᠣᠨ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠳ᠋ᠣᠺᠲ᠋ᠣᠷ᠎ᠤᠨ ᠡᠷᠳᠡᠮ᠎ᠤᠨ ᠴᠣᠯᠠ ᠬᠠᠮᠠᠭ᠋ᠠᠯᠠᠬᠤ ᠴᠡᠭ᠎ᠤᠨ ᠶᠡᠷᠦᠩᠬᠡᠢ ᠲᠣᠭ᠎ᠠ ᠵᠢ 70 ᠣᠷᠴᠢᠮ᠎ᠳᠤ ᠬᠦᠷᠭᠡᠬᠦ᠎ᠪᠠᠷ ᠴᠢᠷᠮᠠᠶ᠋ᠢᠨ᠎ᠠ᠃ ᠰᠦᠨ᠎ᠤ ᠦᠢ᠍ᠯᠡᠰ᠂ ᠬᠣᠪᠣᠷ ᠰᠢᠷᠣᠢ᠂ ᠰᠢᠨ᠎ᠡ ᠡᠨᠧᠷᠭᠢ ᠵᠡᠷᠭᠡ ᠬᠦᠷᠢᠶ᠎ᠡ ᠴᠠᠷᠠᠭ᠋ᠠᠨ᠎ᠤ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠨ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠳᠡᠰ᠎ᠤᠨ ᠰᠤᠳᠤᠯᠭ᠋ᠠᠨ᠎ᠤ ᠬᠦᠷᠢᠶᠡᠯᠡᠩ᠎ᠢ ᠵᠣᠬᠢᠶᠠᠨ ᠪᠠᠶ᠋ᠢᠭᠤᠯᠵᠤ᠂ ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠵᠢᠯᠴᠠᠨ ᠰᠢᠨ᠎ᠡ ᠵᠢ ᠡᠭᠦᠳᠬᠦ ᠲᠠᠪᠴᠠᠩ᠎ᠢ ᠪᠠᠶ᠋ᠢᠭᠤᠯᠵᠤ᠂ 《ᠲᠠᠪᠤᠨ ᠶᠡᠬᠡ ᠡᠭᠦᠷᠭᠡ》 ᠵᠢᠨ ᠲᠣᠭᠣᠷᠢᠨ᠎ᠳᠤ ᠪᠠᠴᠢᠮ ᠬᠡᠷᠡᠭᠴᠡᠭᠡ᠎ᠲᠠᠢ ᠪᠠᠴᠢᠮ ᠳᠤᠲᠠᠭᠳᠠᠵᠤ ᠪᠦᠬᠦᠢ ᠳᠡᠭᠡᠳᠦ ᠳᠡᠰ᠎ᠤᠨ ᠴᠢᠳᠠᠪᠤᠷᠢᠲᠠᠨ᠎ᠢ ᠬᠥᠮᠦᠵᠢᠭᠦᠯᠬᠦ ᠴᠢᠳᠠᠪᠤᠷᠢ ᠵᠢ ᠲᠦᠷᠭᠡᠳᠬᠡᠨ ᠳᠡᠭᠡᠭᠰᠢᠯᠡᠭᠦᠯᠦᠨ᠎ᠡ᠃
      ᠭᠤᠷᠪᠠ᠎ᠳᠤ᠂ ᠲᠡᠷᠢᠭᠦᠨ᠎ᠤ ᠵᠢᠩᠬᠢᠨᠢ ᠠᠩᠭᠢ ᠵᠢᠨ ᠲᠤᠰᠬᠠᠢ ᠮᠡᠷᠭᠡᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠶᠡᠬᠡ ᠳᠡᠭᠡᠳᠦ ᠰᠤᠷᠭ᠋ᠠᠭᠤᠯᠢ ᠵᠢ ᠬᠥᠲᠥᠯᠥᠨ ᠵᠢᠯᠣᠭᠣᠳᠴᠤ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠳᠤ ᠦᠢ᠍ᠯᠡᠴᠢᠯᠡᠭᠦᠯᠬᠦ ᠲᠣᠭᠣᠷᠢᠨ᠎ᠳᠤ᠂ ᠤᠯᠤᠰ᠎ᠤᠨ ᠳᠡᠰ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠲᠡᠷᠢᠭᠦᠨ᠎ᠤ ᠵᠢᠩᠬᠢᠨᠢ ᠠᠩᠭᠢ ᠵᠢᠨ ᠲᠤᠰᠬᠠᠢ ᠮᠡᠷᠭᠡᠵᠢᠯ᠎ᠤᠨ ᠪᠠᠶ᠋ᠢᠭᠤᠯᠤᠯᠲᠠ ᠵᠢᠨ ᠴᠡᠭ᠎ᠢ ᠪᠠᠢ᠌ᠭᠤᠯᠬᠤ ᠴᠢᠨᠠᠷ ᠴᠢᠨᠰᠠᠭ᠎ᠠ ᠵᠢ ᠦᠷᠭᠦᠯᠵᠢᠯᠡᠨ ᠴᠢᠩᠭ᠋ᠠᠳᠬᠠᠵᠤ᠂ ᠳᠠᠭᠤᠷᠢᠶᠠᠯ ᠦᠵᠡᠭᠦᠯᠵᠦ ᠨᠥᠯᠥᠭᠡᠯᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠣᠳᠣ ᠦᠶ᠎ᠡ ᠵᠢᠨ ᠠᠵᠤ ᠦᠢ᠍ᠯᠡᠰ ᠎ᠤᠨ ᠳᠡᠭᠡᠳᠦ ᠰᠤᠷᠭ᠋ᠠᠭᠤᠯᠢ᠂ ᠲᠤᠰᠬᠠᠢ ᠮᠡᠷᠭᠡᠵᠢᠯ᠎ᠤᠨ ᠣᠨᠴᠠᠯᠢᠭᠲᠤ ᠳᠡᠭᠡᠳᠦ ᠰᠤᠷᠭ᠋ᠠᠭᠤᠯᠢ᠂ ᠢᠷᠡᠭᠡᠳᠦᠢ ᠵᠢᠨ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯᠤᠨ ᠰᠠᠭᠤᠷᠢ ᠰᠢᠨᠵᠢᠯᠡᠭᠡᠨ᠎ᠤ ᠰᠠᠯᠠᠭ᠋ᠠᠨ ᠎ᠤ ᠣᠷᠣᠶ᠋ᠢᠯᠠᠭᠰᠠᠨ ᠰᠤᠷᠤᠭᠴᠢ ᠵᠢ ᠬᠥᠮᠦᠵᠢᠭᠦᠯᠬᠦ ᠰᠠᠭᠤᠷᠢᠨ ᠭᠠᠵᠠᠷ᠎ᠢ ᠰᠠᠶ᠋ᠢᠲᠤᠷ ᠪᠠᠶ᠋ᠢᠭᠤᠯᠤᠨ ᠬᠦᠴᠦᠷᠬᠡᠭᠵᠢᠭᠦᠯᠵᠦ᠂ ᠰᠢᠯᠭ᠋ᠠᠷᠠᠭᠰᠠᠨ ᠣᠷᠣᠶ᠋ᠢᠯᠠᠭᠰᠠᠨ ᠴᠢᠳᠠᠪᠤᠷᠢᠲᠠᠨ᠎ᠢ ᠶᠡᠬᠡ᠎ᠪᠠᠷ ᠬᠥᠮᠦᠵᠢᠭᠦᠯᠵᠦ᠂ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠨ ᠬᠥᠮᠦᠵᠢᠭᠦᠯᠬᠦ ᠴᠢᠳᠠᠪᠤᠷᠢ ᠪᠣᠯᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃
      ᠰᠢᠨᠬᠤᠸᠠ ᠰᠦᠯᠵᠢᠶᠡᠨ᠎ᠤ ᠰᠤᠷᠪᠤᠯᠵᠢᠯᠠᠭᠴᠢ᠄ ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ ᠭᠡᠳᠡᠭ᠎ᠢ ᠪᠢᠳᠡ ᠣᠢ᠌ᠯᠠᠭ᠋ᠠᠵᠤ ᠪᠣᠢ᠂ ᠥᠪᠡᠷᠲᠡᠭᠡᠨ ᠵᠠᠰᠠᠬᠤ ᠣᠷᠣᠨ᠎ᠠᠴᠠ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠴᠢᠨᠠᠷᠯᠢᠭ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠲᠠᠯ᠎ᠠ᠎ᠪᠠᠷ ᠶᠠᠮᠠᠷ  ᠠᠵᠢᠯ ᠬᠢᠭᠰᠡᠨ           ᠪᠣᠢ?
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢ ᠵᠢᠨ ᠭᠠᠵᠠᠷ᠎ᠤᠨ ᠳᠠᠷᠤᠭ᠎ᠠ ᠸᠠᠩ ᠶᠥᠩ᠄ ᠲᠠᠨ᠎ᠳᠤ ᠲᠠᠯᠠᠷᠬᠠᠵᠤ ᠪᠠᠶ᠋ᠢᠨ᠎ᠠ᠃ ᠲᠠᠨ᠎ᠤ ᠬᠡᠯᠡᠭᠰᠡᠨᠴᠢᠯᠡᠨ ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ᠂ ᠪᠠᠰᠠ ᠴᠤ᠌ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠭ᠎ᠠ ᠪᠠ ᠬᠠᠯᠠᠮᠵᠢᠯᠠᠵᠤ ᠪᠠᠶ᠋ᠢᠭ᠎ᠠ ᠬᠦᠷᠢᠶ᠎ᠡ ᠴᠠᠷᠠᠭ᠎ᠠ᠂ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠠᠵᠢᠯ᠎ᠢ ᠰᠠᠶ᠋ᠢᠲᠤᠷ ᠬᠢᠬᠦ ᠪᠣᠯ ᠰᠤᠷᠭ᠋ᠠᠨ ᠬᠥᠮᠦᠵᠢᠯ᠎ᠤᠨ ᠲᠢᠩᠬᠢᠮ᠎ᠤᠨ ᠴᠢᠬᠤᠯᠠ᠎ᠠᠴᠠ ᠴᠢᠬᠤᠯᠠ ᠠᠵᠢᠯ ᠡᠭᠦᠷᠭᠡ ᠮᠥᠨ᠃ 2023 ᠣᠨ᠎ᠳᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠢᠨᠲ᠋ᠧᠷ ᠰᠦᠯᠵᠢᠶ᠎ᠡ + ᠠᠵᠢᠯ ᠣᠯᠭᠣᠯᠲᠠ》 ᠵᠢᠨ ᠰᠢᠨ᠎ᠡ ᠵᠠᠭᠪᠤᠷ᠎ᠢ ᠬᠦᠴᠦᠯᠡᠨ ᠪᠣᠢ ᠪᠣᠯᠭ᠋ᠠᠵᠤ᠂ 《ᠥᠪᠥᠷ ᠮᠣᠩᠭᠣᠯ 24365 ᠤᠶᠤᠲᠠᠳ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠠᠪᠴᠠᠩ》᠎ᠢ ᠦᠷᠭᠦᠯᠵᠢᠯᠡᠨ ᠲᠡᠭᠦᠯᠳᠡᠷᠵᠢᠭᠦᠯᠦᠨ ᠳᠡᠰ ᠳᠡᠪᠰᠢᠭᠦᠯᠬᠦ᠎ᠪᠠᠷ ᠳᠠᠮᠵᠢᠨ᠂ 24 ᠴᠠᠭ 365 ᠡᠳᠦᠷ᠎ᠲᠤ 《ᠪᠦᠬᠦ ᠴᠠᠭᠴᠢᠯᠠᠭᠰᠠᠨ᠂ ᠤᠶᠤᠨᠴᠢᠯᠠᠭᠰᠠᠨ》 ᠲᠠᠪᠴᠠᠩ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ 《ᠡᠭᠦᠯᠡᠨ ᠳᠠᠪᠴᠠᠩ᠎ᠳᠤ ᠠᠵᠢᠯ ᠡᠷᠢᠬᠦ》 ᠵᠢ ᠲᠣᠭ᠋ᠠᠵᠢᠭᠤᠯᠪᠠ᠃ ᠣᠳᠣ ᠪᠣᠯᠲᠠᠯ᠎ᠠ᠂ ᠲᠠᠪᠴᠠᠩ᠎ᠢ ᠰᠤᠷᠪᠤᠯᠵᠢᠯᠠᠭᠰᠠᠨ ᠬᠡᠮᠵᠢᠶ᠎ᠡ 14 ᠳ᠋ᠦᠩᠰᠢᠭᠤᠷ ᠬᠥᠮᠦᠨ ᠤᠳᠠᠭ᠎ᠠ ᠵᠢ ᠳᠠᠪᠠᠵᠠᠢ᠃
      ᠨᠢᠭᠡ᠎ᠳᠤ᠂ 《ᠡᠭᠦᠯᠡᠨ ᠳᠠᠪᠴᠠᠩ᠎ᠳᠤ ᠤᠷᠢᠬᠤ》᠎ᠪᠠᠷ ᠬᠠᠩᠭ᠋ᠠᠯᠭ᠎ᠠ ᠪᠠ ᠬᠡᠷᠡᠭᠴᠡᠭᠡ ᠵᠢ ᠣᠨᠣᠪᠴᠢᠲᠠᠢ ᠵᠣᠯᠭ᠋ᠠᠭᠤᠯᠬᠤ ᠵᠢ ᠠᠬᠢᠭᠤᠯᠪᠠ᠃ 2023 ᠣᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠰᠦᠯᠵᠢᠶᠡᠨ ᠭᠠᠳᠠᠨᠠᠬᠢ 《ᠠᠵᠤ ᠠᠬᠤᠶ᠋ᠢᠯᠠᠯ᠎ᠢ ᠰᠤᠷᠪᠤᠯᠵᠢᠯᠠᠨ ᠠᠵᠢᠯ᠎ᠤᠨ ᠪᠠᠶ᠋ᠢᠷᠢ ᠵᠢ ᠥᠷᠭᠡᠳᠬᠡᠵᠦ ᠠᠵᠢᠯ ᠣᠯᠭᠣᠯᠲᠠ ᠵᠢ ᠠᠬᠢᠭᠤᠯᠬᠤ》 ᠠᠵᠢᠯᠯᠠᠭ᠎ᠠ᠂ 《ᠲᠦᠮᠡᠨ ᠠᠵᠤ ᠠᠬᠤᠶ᠋ᠢᠯᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》 ᠠᠵᠢᠯᠲᠠᠨ ᠤᠷᠢᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠦᠭᠰᠡᠨ᠎ᠤ ᠬᠠᠮᠲᠤ᠂ ᠰᠦᠯᠵᠢᠶᠡᠨ᠎ᠳᠠᠬᠢ ᠰᠤᠷᠭ᠋ᠠᠭᠤᠯᠢ ᠵᠢᠨ ᠬᠦᠷᠢᠶᠡᠨ᠎ᠳᠤ ᠠᠵᠢᠯᠲᠠᠨ ᠤᠷᠢᠬᠤ ᠠᠵᠢᠯᠯᠠᠭ᠋ᠠᠨ᠎ᠤ ᠰᠦᠯᠵᠢᠶ᠎ᠡ ᠵᠢ ᠬᠦᠴᠦᠯᠡᠨ ᠨᠢᠭᠲᠠᠷᠠᠭᠤᠯᠵᠤ᠂ 2023 ᠣᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠬᠠᠨᠳᠤᠭᠤᠯᠤᠨ ᠤᠷᠢᠳ ᠬᠣᠵᠢᠳ 《ᠡᠭᠦᠯᠡᠨ ᠳᠠᠪᠴᠠᠩ᠎ᠤᠨ ᠰᠢᠭᠤᠳ ᠨᠡᠪᠲᠡᠷᠡᠭᠦᠯᠭᠡ》᠂ 《ᠡᠭᠦᠯᠡᠨ ᠳᠠᠪᠴᠠᠩ᠎ᠳᠤ ᠠᠵᠢᠯ᠎ᠤᠨ ᠪᠠᠶ᠋ᠢᠷᠢ᠎ᠳᠤ ᠳᠠᠭ᠋ᠠᠭᠤᠯᠬᠤ》 ᠵᠡᠷᠭᠡ ᠠᠵᠢᠯᠯᠠᠭ᠎ᠠ ᠵᠢ ᠥᠷᠨᠢᠭᠦᠯᠵᠦ᠂ 300 ᠭᠠᠷᠤᠢ ᠲᠠᠯᠠᠪᠤᠷ ᠲᠤᠰᠬᠠᠶ᠋ᠢᠵᠢᠭᠰᠠᠨ᠂ ᠠᠵᠢᠯ ᠳᠥᠷᠥᠯᠵᠢᠭᠰᠡᠨ ᠰᠦᠯᠵᠢᠶᠡᠨ᠎ᠳᠠᠬᠢ ᠠᠵᠢᠯᠲᠠᠨ ᠤᠷᠢᠬᠤ ᠠᠵᠢᠯᠯᠠᠭ᠎ᠠ ᠵᠢ ᠡᠷᠬᠢᠯᠡᠵᠦ᠂ 8.5 ᠲᠦᠮᠡᠨ ᠵᠤᠷᠪᠤᠰ ᠠᠵᠢᠯᠲᠠᠨ ᠤᠷᠢᠬᠤ ᠮᠡᠳᠡᠭᠡ ᠵᠠᠩᠭᠢ ᠵᠢ ᠨᠡᠢ᠌ᠲᠡᠯᠡᠨ᠂ 62 ᠲᠦᠮᠡ ᠭᠠᠷᠤᠢ ᠠᠵᠢᠯ᠎ᠤᠨ ᠪᠠᠶ᠋ᠢᠷᠢ ᠬᠠᠩᠭ᠋ᠠᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠤᠷᠢᠬᠤ ᠦᠢ᠍ᠯᠡᠴᠢᠯᠡᠭᠡ 《ᠰᠠᠭ᠋ᠠᠳ ᠦᠭᠡᠢ》 ᠪᠠᠢ᠌ᠬᠤ ᠵᠢ ᠪᠦᠬᠦ ᠬᠦᠴᠦᠨ ᠵᠶ᠋ᠠᠷ ᠵᠶ᠋ᠠᠨ ᠪᠠᠲᠤᠯᠠᠪᠠ᠃
      ᠬᠣᠶᠠᠷ᠎ᠲᠤ᠂ 《ᠡᠭᠦᠯᠡᠨ ᠳᠠᠪᠴᠠᠩ᠎ᠳᠤ ᠵᠢᠯᠣᠭᠣᠳᠬᠤ》᠎ᠪᠠᠷ ᠠᠵᠢᠯ ᠣᠯᠭᠣᠵᠤ ᠬᠥᠮᠦᠨ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠶᠡᠬᠡ ᠳᠡᠭᠡᠳᠦ ᠰᠤᠷᠭ᠋ᠠᠭᠤᠯᠢ᠎ᠳᠤ 《ᠨᠢᠭᠤᠷᠲᠠᠨ》 ᠠᠵᠢᠯ ᠣᠯᠭᠣᠬᠤ ᠵᠢᠯᠣᠭᠣᠳᠣᠯᠭ᠎ᠠ ᠥᠷᠨᠢᠭᠦᠯᠬᠦ ᠵᠢ ᠠᠬᠢᠭᠤᠯᠬᠤ ᠵᠢᠨ ᠬᠠᠮᠲᠤ᠂ ᠠᠵᠢᠯ ᠮᠡᠷᠭᠡᠵᠢᠯ᠎ᠤᠨ ᠠᠮᠢᠳᠤᠷᠠᠬᠤᠢ ᠵᠢᠨ ᠲᠥᠯᠥᠪᠵᠢᠭᠦᠯᠭᠡ ᠪᠠ ᠠᠵᠢᠯ ᠣᠯᠭᠣᠯᠲᠠ ᠵᠢ ᠵᠢᠯᠣᠭᠣᠳᠬᠤ ᠬᠢᠴᠢᠶᠡᠯ᠎ᠤᠨ 《ᠳᠡᠯᠭᠡᠴᠡ᠎ᠪᠠᠷ ᠬᠣᠯᠪᠣᠬᠤ》 ᠵᠢ ᠪᠡᠶᠡᠯᠡᠭᠦᠯᠬᠦ ᠵᠢ ᠲᠠᠰᠤᠷᠠᠯᠲᠠ ᠥᠬᠡᠶ ᠠᠬᠢᠭᠤᠯᠵᠤ᠂ 2023 ᠣᠨ᠎ᠳᠤ ᠲᠡᠭᠦᠰᠦᠭᠰᠡᠳ᠎ᠲᠤ ᠬᠠᠨᠳᠤᠭᠤᠯᠤᠨ ᠠᠵᠢᠯ ᠣᠯᠵᠤ ᠦᠢ᠍ᠯᠡᠰ ᠪᠣᠰᠬᠠᠬᠤ ᠲᠥᠷᠥ ᠵᠢᠨ ᠪᠣᠳᠣᠯᠭ᠎ᠠ ᠵᠢᠨ ᠲᠣᠮᠤ ᠲᠤᠰᠬᠠᠢ ᠰᠡᠳᠦᠪᠲᠦ ᠲᠠᠶ᠋ᠢᠯᠤᠮᠵᠢ ᠵᠢ 6 ᠬᠤᠭᠤᠴᠠᠭ᠎ᠠ ᠥᠷᠨᠢᠭᠦᠯᠪᠡ; ᠡᠯ᠎ᠡ ᠲᠥᠷᠥᠯ᠎ᠤᠨ ᠨᠡᠶ᠋ᠢᠲᠡ ᠵᠢᠨ ᠠᠰᠠᠷᠠᠮᠵᠢ ᠵᠢᠨ ᠬᠢᠴᠢᠶᠡᠯ᠎ᠢ 1500 ᠭᠠᠷᠤᠢ ᠬᠢᠴᠢᠶᠡᠯ ᠲᠠᠯᠪᠢᠵᠤ᠂ ᠣᠷᠣᠯᠴᠠᠭᠰᠠᠨ ᠰᠤᠷᠤᠭᠴᠢ 120 ᠲᠦᠮᠡᠨ ᠬᠥᠮᠦᠨ ᠤᠳᠠᠭ᠎ᠠ ᠵᠢ ᠳᠠᠪᠠᠪᠠ᠃ ᠡᠭᠦᠨ᠎ᠠᠴᠠ ᠭᠠᠳᠠᠨ᠎ᠠ᠂ ᠪᠠᠰᠠ ᠲᠠᠪᠴᠠᠩ᠎ᠳᠤ ᠲᠦᠰᠢᠭᠯᠡᠨ ᠰᠦᠯᠵᠢᠶᠡᠨ᠎ᠳᠠᠬᠢ ᠠᠵᠢᠯ ᠮᠡᠷᠭᠡᠵᠢᠯ᠎ᠤᠨ ᠰᠢᠯᠭ᠋ᠠᠨ ᠦᠨᠡᠯᠡᠯᠲᠡ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠠᠵᠢᠯ᠎ᠤᠨ ᠪᠠᠶ᠋ᠢᠷᠢ᠎ᠳᠤ ᠰᠢᠯᠭ᠋ᠠᠨ ᠡᠯᠰᠡᠬᠦ ᠸᠢᠳᠢᠣ᠋ ᠵᠢᠨ ᠡᠬᠢ ᠪᠠᠶᠠᠯᠢᠭ᠂ 《ᠭᠡᠷᠡᠯ ᠭᠢᠯᠪᠠᠭ᠋ᠠᠲᠤ ᠡᠳᠦᠷ》 ᠭᠡᠬᠦ ᠨᠡᠶ᠋ᠢᠲᠡᠯᠢᠭ ᠤᠬᠠᠭᠤᠯᠤᠨ ᠲᠠᠶ᠋ᠢᠯᠪᠤᠷᠢᠯᠠᠯᠲᠠ ᠵᠡᠷᠭᠡ ᠭᠡᠰᠡᠭ᠎ᠢ ᠲᠣᠬᠢᠷᠠᠭᠤᠯᠵᠤ᠂ ᠠᠮᠢᠳᠤᠷᠠᠬᠤᠢ ᠵᠢᠨ ᠬᠥᠮᠦᠵᠢᠯ᠎ᠤᠨ ᠠᠴᠢᠶᠠᠯᠠᠪᠤᠷᠢ ᠵᠢ ᠤᠯᠠᠮ ᠨᠢᠭᠡ ᠠᠯᠬᠤᠮ ᠥᠷᠭᠡᠳᠬᠡᠪᠡ᠃
      ᠭᠤᠷᠪᠠ᠎ᠳᠤ᠂ 《ᠡᠭᠦᠯᠡᠨ ᠳᠠᠪᠴᠠᠩ᠎ᠳᠠᠬᠢ ᠦᠢ᠍ᠯᠡᠴᠢᠯᠡᠭᠡ》᠎ᠨᠢ ᠠᠵᠢᠯ ᠣᠯᠬᠤ 《ᠡᠴᠦᠰ᠎ᠤᠨ ᠨᠢᠭᠡ  ᠺᠢᠯᠤᠮᠧᠲᠷ》᠎ᠢ ᠨᠡᠪᠲᠡᠷᠡᠭᠦᠯᠪᠡ᠃ ᠠᠵᠢᠯ᠎ᠳᠤ ᠣᠷᠣᠬᠤ ᠨᠡᠷ᠎ᠡ ᠮᠡᠳᠡᠭᠦᠯᠬᠦ ᠦᠨᠡᠮᠯᠡᠯ᠎ᠤᠨ ᠳᠦᠷᠢᠮ᠎ᠢ ᠬᠦᠴᠦᠨ ᠦᠭᠡᠢ ᠪᠣᠯᠭ᠋ᠠᠬᠤ ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠨᠠᠷᠢᠯᠢᠭᠵᠢᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠬᠠᠩᠭ᠋ᠠᠯᠭ᠎ᠠ ᠪᠠ ᠬᠡᠷᠡᠭᠴᠡᠭᠡᠨ᠎ᠤ ᠬᠣᠶᠠᠷ ᠲᠠᠯ᠎ᠠ ᠵᠢᠨ ᠠᠵᠢᠯᠲᠠᠨ ᠤᠷᠢᠬᠤ᠎ᠢ ᠳᠥᠲᠡᠴᠢᠯᠡᠬᠦ᠂ ᠳᠥᠭᠥᠮ ᠦᠵᠡᠭᠦᠯᠬᠦ᠎ᠠᠴᠠ ᠭᠠᠷᠳᠠᠵᠤ᠂ 《ᠲᠡᠭᠦᠰᠦᠭᠰᠡᠳ᠎ᠲᠤ ᠠᠵᠢᠯ ᠣᠯᠭᠣᠬᠤ ᠨᠢᠭᠡ ᠶᠠᠪᠤᠳᠠᠯ》 ᠪᠠ 《ᠬᠥᠮᠦᠨ ᠬᠡᠷᠡᠭᠯᠡᠬᠦ ᠨᠢᠭᠡᠴᠢ ᠤᠷᠢᠬᠤ ᠨᠢᠭᠡ ᠶᠠᠪᠤᠳᠠᠯ》 ᠭᠡᠬᠦ ᠲᠤᠰᠬᠠᠢ ᠪᠤᠯᠤᠩ᠎ᠢ ᠪᠠᠶ᠋ᠢᠭᠤᠯᠵᠤ᠂ ᠲᠡᠭᠦᠰᠦᠭᠰᠡᠳ ᠪᠠ ᠬᠥᠮᠦᠨ ᠬᠡᠷᠡᠭᠯᠡᠬᠦ ᠨᠢᠭᠡᠴᠢ᠎ᠳᠤ ᠬᠠᠨᠳᠤᠭᠤᠯᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ᠂ ᠠᠵᠢᠯ᠎ᠤᠨ ᠪᠠᠶ᠋ᠢᠷᠢ ᠵᠢᠨ ᠬᠠᠶ᠋ᠢᠯᠲᠠ᠂ ᠨᠢᠭᠤᠷᠳᠠᠨ ᠰᠢᠯᠭ᠋ᠠᠯᠲᠠ᠂ ᠠᠵᠢᠯ᠎ᠤᠨ ᠪᠠᠶ᠋ᠢᠷᠢ ᠲᠠᠨᠢᠯᠴᠠᠭᠤᠯᠬᠤ᠂ ᠳᠠᠩᠰᠠ ᠡᠪᠬᠡᠮᠡᠯ᠎ᠢ ᠰᠢᠯᠵᠢᠭᠦᠯᠦᠨ ᠬᠦᠷᠭᠡᠬᠦ ᠵᠡᠷᠭᠡ ᠪᠦᠬᠦ ᠲᠠᠯ᠎ᠠ ᠵᠢᠨ ᠵᠢᠯᠣᠭᠣᠳᠬᠤ ᠦᠢ᠍ᠯᠡᠴᠢᠯᠡᠭᠡ ᠬᠠᠩᠭ᠋ᠠᠪᠠ; 2023 ᠣᠨ᠎ᠳᠤ 7.27 ᠲᠦᠮᠡᠨ ᠳᠡᠭᠡᠳᠦ ᠰᠤᠷᠭ᠋ᠠᠭᠤᠯᠢ ᠲᠡᠭᠦᠰᠦᠭᠰᠡᠳ ᠳᠠᠪᠴᠠᠩ᠎ᠢ ᠬᠡᠷᠡᠭᠯᠡᠨ ᠭᠡᠷ᠎ᠡ ᠳᠣᠭᠲᠠᠵᠤ᠂ 《ᠮᠡᠳᠡᠭᠡ ᠵᠠᠩᠭᠢ ᠵᠢ ᠢᠯᠡᠭᠦᠬᠡᠨ ᠭᠦᠶᠦᠯᠭᠡᠵᠦ᠂ ᠰᠤᠷᠤᠭᠴᠢ ᠵᠢ ᠳᠤᠲᠠᠭᠤ ᠭᠦᠶᠦᠯᠭᠡᠬᠦ》 ᠵᠢ ᠪᠡᠶᠡᠯᠡᠭᠦᠯᠪᠡ᠃
      ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠢᠨᠲ᠋ᠧᠷ ᠰᠦᠯᠵᠢᠶ᠎ᠡ + ᠠᠵᠢᠯ ᠣᠯᠭᠣᠯᠲᠠ》 ᠭᠡᠬᠦ ᠰᠢᠨ᠎ᠡ ᠵᠠᠭᠪᠤᠷ᠎ᠢ ᠦᠷᠭᠦᠯᠵᠢᠯᠡᠨ ᠰᠠᠶ᠋ᠢᠲᠤᠷ ᠬᠡᠷᠡᠭᠯᠡᠵᠦ᠂ ᠮᠡᠳᠡᠭᠡ ᠵᠠᠩᠭᠢ ᠵᠢ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ᠂ ᠲᠣᠭ᠎ᠠ ᠪᠠᠷᠢᠮᠲᠠ ᠵᠢ ᠵᠠᠳᠠᠯᠬᠤ ᠵᠡᠷᠭᠡ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠲᠡᠭᠦᠰᠦᠭᠰᠡᠳ᠎ᠲᠤ ᠨᠡᠩ ᠣᠯᠠᠨ ᠠᠵᠢᠯ᠎ᠤᠨ ᠪᠠᠶ᠋ᠢᠷᠢ ᠵᠢᠨ ᠡᠬᠢ ᠪᠠᠶᠠᠯᠢᠭ᠎ᠢ  ᠢᠯᠡᠷᠡᠭᠦᠯᠦᠨ ᠥᠭᠴᠦ᠂ ᠨᠡᠩ ᠣᠯᠠᠨ ᠠᠵᠢᠯ᠎ᠤᠨ ᠮᠡᠳᠡᠭᠡ ᠵᠠᠩᠭᠢ ᠵᠢ ᠬᠠᠩᠭ᠋ᠠᠵᠤ᠂ ᠠᠵᠢᠯ ᠡᠷᠢᠬᠦ 《ᠳᠡᠯᠭᠡᠴᠡ》᠎ᠳᠤ ᠬᠦᠴᠦᠨ ᠨᠡᠮᠡᠷᠢᠯᠡᠨ᠎ᠡ᠃
      ᠥᠪᠥᠷ ᠮᠣᠩᠭᠣᠯ᠎ᠤᠨ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠪᠠᠭᠰᠢ ᠪᠣᠯ ᠰᠤᠷᠭ᠋ᠠᠨ ᠬᠥᠮᠦᠵᠢᠯ᠎ᠤᠨ ᠦᠨᠳᠦᠰᠦ᠂ ᠰᠤᠷᠭ᠋ᠠᠨ ᠬᠥᠮᠦᠵᠢᠯ᠎ᠢ ᠮᠠᠨᠳᠤᠭᠤᠯᠬᠤ ᠵᠢᠨ ᠡᠬᠢ ᠰᠤᠷᠪᠤᠯᠵᠢ ᠮᠥᠨ᠂ ᠮᠠᠨ᠎ᠤ ᠣᠷᠣᠨ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠪᠠᠲᠤᠯᠠᠬᠤ ᠲᠠᠯ᠎ᠠ᠎ᠪᠠᠷ ᠶᠠᠮᠠᠷ ᠠᠵᠢᠯ ᠬᠢᠭᠰᠡᠨ ᠪᠤᠢ? ᠦᠷ᠎ᠡ ᠪᠦᠲᠦᠮᠵᠢ ᠶᠠᠭᠤ ᠪᠤᠢ?
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠠᠭᠰᠢ ᠵᠢᠨ ᠠᠵᠢᠯ᠎ᠤᠨ ᠭᠠᠵᠠᠷ᠎ᠤᠨ ᠳᠠᠷᠤᠭ᠎ᠠ ᠸᠠᠩ ᠵᠢᠶᠦ᠋ᠨ ᠸᠧᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠳᠡᠭᠡᠳᠦ ᠬᠡᠮᠵᠢᠶᠡᠨ᠎ᠤ ᠴᠢᠬᠤᠯᠠᠴᠢᠯᠠᠯ ᠪᠠ ᠪᠦᠬᠦ ᠨᠡᠶ᠋ᠢᠭᠡᠮ᠎ᠤᠨ ᠬᠠᠯᠠᠮᠵᠢᠯᠠᠯ ᠳᠡᠮᠵᠢᠯᠭᠡ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ᠎ᠤᠨ ᠪᠠᠭᠰᠢ ᠵᠢᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ  ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠡᠩᠨᠡᠭᠡ᠎ᠪᠠᠨ ᠬᠦᠴᠦᠷᠬᠡᠭᠵᠢᠭᠦᠯᠵᠦ᠂ ᠪᠦᠲᠦᠴᠡ᠎ᠪᠠᠨ ᠰᠢᠯᠢᠳᠡᠭᠵᠢᠭᠦᠯᠦᠨ᠂ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠵᠦ᠂ ᠬᠠᠷᠠᠭ᠋ᠠᠯᠵᠠᠯ᠎ᠢ ᠪᠠᠲᠤᠯᠠᠨ᠂ ᠪᠠᠭᠰᠢ ᠵᠢᠨ ᠡᠩᠨᠡᠭᠡᠨ᠎ᠤ ᠪᠦᠬᠦᠯᠢ ᠴᠣᠭᠴᠠ ᠵᠢᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠪᠠ᠃
      ᠨᠢᠭᠡ᠂ ᠬᠡᠪᠴᠢᠶᠡᠵᠢᠯ ᠬᠡᠪ ᠴᠢᠨᠠᠷ ᠲᠣᠭᠲᠠᠭᠤᠨ ᠵᠶ᠋ᠠᠷ ᠳᠡᠭᠡᠭᠰᠢᠯᠡᠪᠡ᠂ ᠡᠨᠡ ᠨᠢᠭᠡ ᠵᠢᠯ ᠎ᠳᠤ᠂ ᠪᠢᠳᠡ ᠳᠤᠲᠠᠭᠳᠠᠵᠤ ᠪᠠᠶ᠋ᠢᠭ᠎ᠠ ᠰᠢᠨᠵᠢᠯᠡᠭᠡᠨ᠎ᠤ ᠰᠠᠯᠠᠭ᠋ᠠᠨ᠎ᠤ ᠪᠠᠭᠰᠢ ᠵᠢ ᠨᠥᠬᠥᠪᠥᠷᠢᠯᠡᠬᠦ ᠵᠢ ᠴᠢᠩᠭ᠋ᠠᠳᠬᠠᠵᠤ᠂ ᠬᠣᠲᠠ ᠪᠠᠯᠭ᠋ᠠᠰᠤᠨ᠎ᠤ ᠰᠢᠯᠢᠳᠡᠭ ᠪᠠᠭᠰᠢ᠂ ᠰᠤᠷᠭ᠋ᠠᠭᠤᠯᠢ ᠵᠢᠨ ᠵᠠᠬᠢᠷᠤᠯ᠎ᠢ ᠬᠥᠳᠡᠭᠡ ᠲᠣᠰᠬᠣᠨ᠎ᠤ ᠰᠤᠷᠭ᠋ᠠᠭᠤᠯᠢ᠂ ᠪᠠᠭᠤᠷᠠᠢ ᠰᠤᠷᠭ᠋ᠠᠭᠤᠯᠢ ᠲᠡᠢ᠌ᠰᠢ ᠰᠢᠯᠵᠢᠭᠦᠯᠬᠦ ᠵᠢ ᠭᠣᠣᠯᠳᠠᠯᠭ᠎ᠠ᠎ᠲᠠᠢ ᠴᠢᠩᠭ᠋ᠠᠳᠬᠠᠵᠤ᠂ ᠪᠦᠬᠦ ᠣᠷᠣᠨ᠎ᠳᠤ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠪᠠᠭᠰᠢ ᠵᠢ ᠲᠦᠮᠡ ᠰᠢᠬᠠᠮ ᠤᠷᠢᠵᠤ᠂ ᠡᠭᠦᠨ᠎ᠳᠤ ᠬᠥᠳᠡᠭᠡ ᠲᠣᠰᠬᠣᠨ᠎ᠤ ᠪᠠᠭᠰᠢ 1000 ᠭᠠᠷᠤᠢ ᠪᠠᠶ᠋ᠢᠵᠤ᠂ 6700 ᠭᠠᠷᠤᠢ ᠪᠠᠭᠰᠢ᠂ ᠰᠤᠷᠭ᠋ᠠᠭᠤᠯᠢ ᠵᠢᠨ ᠵᠠᠬᠢᠷᠤᠯ ᠠᠵᠢᠯ᠎ᠤᠨ ᠪᠠᠶ᠋ᠢᠷᠢ ᠰᠣᠯᠢᠯᠴᠠᠬᠤ ᠠᠵᠢᠯ᠎ᠳᠤ ᠣᠷᠣᠯᠴᠠᠪᠠ᠃ ᠣᠳᠣ ᠪᠣᠯᠲᠠᠯ᠎ᠠ᠂ ᠪᠦᠬᠦ ᠣᠷᠣᠨ᠎ᠤ ᠪᠠᠭᠰᠢ ᠠᠵᠢᠯᠲᠠᠨ᠎ᠤ ᠶᠡᠷᠦᠩᠬᠡᠢ ᠲᠣᠭ᠎ᠠ 41.38 ᠲᠦᠮᠡᠨ ᠬᠥᠮᠦᠨ᠎ᠳᠤ ᠬᠦᠷᠴᠦ᠂ ᠡᠭᠦᠨ᠎ᠳᠤ ᠲᠤᠰᠬᠠᠢ ᠪᠠᠭᠰᠢ 31.26 ᠲᠦᠮᠡᠨ ᠬᠥᠮᠦᠨ ᠪᠠᠶ᠋ᠢᠵᠤ᠂ ᠳᠡᠭᠡᠷ᠎ᠡ ᠨᠢᠭᠡ ᠵᠢᠯ᠎ᠤᠨ᠎ᠬᠢ ᠎ᠠᠴᠠ 1.9% ᠨᠡᠮᠡᠭᠳᠡᠪᠡ᠃ ᠬᠣᠲᠠ᠂ ᠬᠥᠳᠡᠭᠡ ᠲᠣᠰᠬᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠵᠢᠩᠬᠢᠨᠢ ᠠᠩᠭᠢ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠲᠤᠰᠬᠠᠢ ᠪᠠᠭᠰᠢ ᠵᠢᠨ ᠡᠵᠡᠯᠡᠬᠦ ᠬᠠᠷᠢᠴᠠᠯ᠎ᠢ ᠳᠡᠭᠡᠷ᠎ᠡ ᠵᠢᠯ᠎ᠤᠨ᠎ᠬᠢ᠎ᠠᠴᠠ ᠲᠤᠰ ᠲᠤᠰ 1.16% ᠪᠠ 2.72% ᠨᠡᠮᠡᠭᠳᠡᠭᠦᠯᠵᠦ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠳᠤᠯᠤᠨ ᠰᠤᠷᠤᠭᠴᠢ ᠵᠢᠨ ᠰᠤᠷᠤᠯᠭ᠎ᠠ ᠵᠢᠨ ᠨᠠᠮᠲᠠᠷ᠎ᠲᠠᠢ ᠲᠤᠰᠬᠠᠢ ᠪᠠᠭᠰᠢ ᠵᠢᠨ ᠡᠵᠡᠯᠡᠬᠦ ᠬᠠᠷᠢᠴᠠᠯ᠎ᠢ 19.09%  ᠬᠦᠷᠭᠡᠵᠦ᠂ ᠶᠡᠬᠡ ᠳᠡᠭᠡᠳᠦ ᠰᠤᠷᠭ᠋ᠠᠭᠤᠯᠢ ᠵᠢᠨ ᠳ᠋ᠣᠺᠲ᠋ᠣᠷ᠎ᠤᠨ ᠡᠷᠳᠡᠮ᠎ᠤᠨ ᠴᠣᠯᠠ᠎ᠲᠠᠢ ᠪᠠᠭᠰᠢ ᠵᠢᠨ ᠡᠵᠡᠯᠡᠬᠦ ᠬᠠᠷᠢᠴᠠᠯ᠎ᠢ 21.57% ᠬᠦᠷᠭᠡᠵᠦ᠂ ᠪᠠᠭᠰᠢ ᠵᠢ  ᠬᠥᠭᠵᠢᠭᠦᠯᠬᠦ ᠪᠠᠲᠤᠯᠠᠭ᠎ᠠ ᠬᠦᠴᠦᠲᠡᠢ ᠪᠣᠯᠵᠤ᠂ ᠪᠠᠭᠰᠢ ᠵᠢᠨ ᠡᠩᠨᠡᠭᠡᠨ᠎ᠤ ᠬᠠᠮᠢᠶᠠᠷᠤᠯᠲᠠ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠪᠡ᠃
      ᠬᠣᠶᠠᠷ᠂ ᠪᠠᠭᠰᠢ ᠵᠢᠨ ᠮᠣᠷᠠᠯ ᠰᠤᠷᠲᠠᠯ᠎ᠢ ᠦᠷᠭᠦᠯᠵᠢᠯᠡᠨ ᠰᠠᠢ᠌ᠵᠢᠷᠠᠭᠤᠯᠪᠠ᠂ ᠡᠨᠡ ᠨᠢᠭᠡ ᠵᠢᠯ᠎ᠳᠤ᠂ ᠪᠢᠳᠡ ᠪᠠᠭᠰᠢ ᠵᠢᠨ ᠮᠣᠷᠠᠯ ᠰᠤᠷᠲᠠᠯ᠎ᠤᠨ ᠨᠢᠭᠡᠳᠦᠭᠡᠷ ᠪᠠᠷᠢᠮᠵᠢᠶ᠎ᠠ ᠵᠢ ᠢᠮᠠᠭᠲᠠ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠯᠠᠪᠳᠠᠭᠤᠨ ᠪᠠᠲᠤᠲᠠᠢ ᠠᠬᠢᠭᠤᠯᠤᠨ᠂ ᠤᠯᠤᠰ ᠲᠥᠷᠥ ᠵᠢᠨ ᠪᠠᠶ᠋ᠢᠭᠤᠯᠤᠯᠲᠠ ᠵᠢᠨ 《ᠦᠵᠡᠯ ᠰᠠᠨᠠᠭ᠋ᠠᠨ᠎ᠤ ᠰᠦᠭ᠎ᠢ ᠱᠤᠭᠤᠬᠤ》 ᠵᠡᠷᠭᠡ 6 ᠵᠦᠢ᠍ᠯ᠎ᠤᠨ ᠠᠵᠢᠯᠯᠠᠭ᠎ᠠ ᠵᠢ ᠬᠡᠷᠡᠭᠵᠢᠭᠦᠯᠪᠡ᠃ ᠪᠠᠭᠰᠢ ᠵᠢᠨ ᠮᠣᠷᠠᠯ ᠰᠤᠷᠲᠠᠯ᠎ᠢ ᠤᠷᠢᠳᠴᠢᠯᠠᠨ ᠰᠡᠷᠡᠮᠵᠢᠯᠡᠭᠦᠯᠬᠦ᠂ ᠪᠠᠭᠰᠢ ᠵᠢᠨ ᠮᠣᠷᠠᠯ ᠰᠤᠷᠲᠠᠯ᠎ᠳᠤ ᠬᠣᠯᠪᠣᠭᠳᠠᠭᠰᠠᠨ ᠬᠡᠷᠡᠭ᠎ᠢ ᠬᠢᠨᠠᠨ ᠪᠠᠶ᠋ᠢᠴᠠᠭ᠋ᠠᠭᠰᠠᠨ ᠮᠡᠳᠡᠭᠦᠯᠦᠯᠲᠡ᠂ ᠪᠠᠭᠰᠢ ᠵᠢᠨ ᠮᠣᠷᠠᠯ᠎ᠤᠨ ᠲᠣᠭᠲᠠᠭ᠋ᠠᠯ᠎ᠠᠴᠠ ᠵᠥᠷᠢᠴᠡᠭᠰᠡᠨ ᠬᠡᠷᠡᠭ᠎ᠤᠨ ᠵᠢᠱ᠌ᠢᠶ᠎ᠡ ᠵᠢ ᠵᠠᠷᠯᠠᠨ ᠮᠡᠳᠡᠭᠳᠡᠵᠦ ᠢᠯᠡᠴᠢᠯᠡᠬᠦ ᠲᠣᠭᠲᠠᠴᠠ ᠵᠢ  ᠲᠡᠭᠦᠯᠳᠡᠷᠵᠢᠭᠦᠯᠵᠦ᠂ ᠪᠠᠭᠰᠢ ᠵᠢᠨ ᠠᠵᠢᠯ ᠡᠷᠬᠢᠯᠡᠬᠦ ᠵᠢ ᠬᠣᠷᠢᠭᠯᠠᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠂ ᠪᠠᠭᠰᠢ ᠠᠵᠢᠯᠲᠠᠨ ᠠᠵᠢᠯᠴᠢᠨ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠰᠢᠰᠲ᠋ᠧᠮ ᠪᠦᠷᠢᠨ ᠲᠡᠭᠦᠯᠳᠡᠷ᠂ ᠬᠡᠷᠡᠭᠵᠢᠭᠦᠯᠦᠯᠲᠡ ᠬᠦᠴᠦᠲᠡᠢ᠂ ᠬᠠᠷᠢᠭᠤᠴᠠᠯᠭ᠎ᠠ ᠨᠡᠬᠡᠮᠵᠢᠯᠡᠭᠰᠡᠨ ᠦᠨᠳᠦᠰᠦ ᠪᠠᠷᠢᠮᠲᠠ᠎ᠲᠠᠢ ᠪᠠᠭᠰᠢ ᠵᠢᠨ ᠮᠣᠷᠠᠯ᠎ᠤᠨ ᠪᠠᠶ᠋ᠢᠭᠤᠯᠤᠯᠲᠠ ᠵᠢᠨ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠪᠠ᠃ ᠪᠠᠭᠰᠢ ᠵᠢᠨ ᠮᠣᠷᠠᠯ᠎ᠤᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠰᠣᠩᠭᠣᠨ ᠪᠣᠢ ᠪᠣᠯᠭ᠋ᠠᠵᠤ᠂ ᠠᠩᠬᠠᠳᠤᠭ᠋ᠠᠷ ᠬᠤᠭᠤᠴᠠᠭ᠋ᠠᠨ᠎ᠤ ᠬᠠᠮᠤᠭ᠎ᠤᠨ ᠭᠣᠶᠣ ᠪᠠᠭᠰᠢ ᠵᠢᠨ ᠱᠠᠩᠨᠠᠯ ᠣᠯᠭᠣᠬᠤ ᠦᠳᠡᠰᠢᠯᠡᠭᠡ ᠵᠢ ᠡᠷᠭᠢᠯᠡᠵᠦ᠂ ᠪᠤᠭᠤᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠸᠠᠩ ᠸᠧᠨ ᠱᠠᠨ ᠫᠷᠤᠹᠧᠰᠰᠤᠷ ᠪᠦᠬᠦ ᠤᠯᠤᠰ᠎ᠤᠨ ᠠᠷᠪᠠᠨ ᠶᠡᠬᠡ 《ᠬᠠᠮᠤᠭ᠎ᠤᠨ ᠭᠣᠶᠣ ᠪᠠᠭᠰᠢ》᠎ᠪᠠᠷ ᠦᠨᠡᠯᠡᠭᠳᠡᠵᠦ᠂ ᠨᠡᠶ᠋ᠢᠲᠡᠯᠢᠭ ᠵᠢᠱ᠌ᠢᠶ᠎ᠡ ᠵᠢ ᠰᠣᠩᠭᠣᠨ ᠬᠥᠮᠦᠵᠢᠭᠦᠯᠬᠦ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠵᠤ᠂ ᠰᠤᠷᠲᠠᠯ ᠴᠢᠬᠡᠴᠢ ᠣᠪᠣᠷ ᠲᠥᠪ ᠬᠥᠮᠦᠨ ᠬᠥᠮᠦᠵᠢᠭᠦᠯᠬᠦ ᠠᠭᠤᠷ ᠠᠮᠢᠰᠬᠤᠯ ᠨᠡᠩ ᠭᠦᠨ ᠵᠤᠵᠠᠭ᠋ᠠᠨ ᠪᠣᠯᠪᠠ᠃
      ᠭᠤᠷᠪᠠ᠂ ᠪᠣᠯᠪᠠᠰᠤᠷᠠᠭᠤᠯᠤᠨ ᠬᠠᠪᠰᠤᠷᠤᠨ ᠲᠡᠳᠬᠦᠬᠦ ᠠᠵᠢᠯ ᠤᠳᠠᠭ᠋ᠠᠨ ᠳᠠᠭ᠋ᠠᠭ᠋ᠠᠮᠠᠭ᠋ᠠᠢ ᠠᠮᠵᠢᠯᠲᠠ ᠪᠦᠲᠦᠮᠵᠢ ᠭᠠᠷᠭ᠋ᠠᠪᠠ᠂ ᠡᠨᠡ ᠨᠢᠭᠡ ᠵᠢᠯ᠎ᠳᠤ᠂ ᠪᠢᠳᠡ ᠨᠠᠷᠢᠯᠢᠭ ᠣᠨᠣᠴᠠᠲᠠᠢ ᠪᠣᠯᠪᠠᠰᠤᠷᠠᠯ᠎ᠤᠨ ᠥᠭᠡᠷᠡᠴᠢᠯᠡᠯᠲᠡ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠰᠤᠷᠭ᠋ᠠᠨ ᠬᠥᠮᠦᠵᠢᠯ᠎ᠤᠨ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠪᠦᠯᠦᠭ ᠬᠤᠪᠢᠶᠠᠨ ᠪᠠᠶ᠋ᠢᠭᠤᠯᠪᠠ; ᠪᠡᠯᠡ ᠮᠥᠩᠭᠥ ᠵᠢ 7500 ᠲᠦᠮᠡᠨ ᠲᠥᠭᠥᠷᠢᠭ ᠲᠣᠬᠢᠷᠠᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ ᠪᠠᠭᠰᠢ ᠵᠢ 2.5 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ᠃ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠲᠣᠭ᠋ᠠᠵᠢᠭᠤᠯᠤᠭᠰᠠᠨ ᠬᠡᠯᠪᠡᠷᠢ ᠲᠡᠢ᠌ᠰᠢ ᠬᠤᠪᠢᠷᠠᠭᠤᠯᠬᠤ ᠵᠢ ᠢᠳᠡᠪᠬᠢᠲᠡᠢ ᠠᠬᠢᠭᠤᠯᠵᠤ᠂ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠤᠨ ᠪᠠᠭᠰᠢ ᠵᠢᠨ ᠵᠤᠨ᠎ᠤ ᠠᠮᠠᠷᠠᠯᠲᠠ ᠵᠢᠨ ᠰᠦᠯᠵᠢᠶᠡᠨ᠎ᠳᠠᠬᠢ ᠰᠤᠳᠤᠯᠤᠨ ᠰᠤᠷᠤᠯᠴᠠᠬᠤ ᠵᠢ ᠥᠷᠨᠢᠭᠦᠯᠵᠦ᠂ ᠣᠷᠣᠯᠴᠠᠭᠰᠠᠨ ᠪᠠᠭᠰᠢ ᠵᠢᠨ ᠲᠣᠭ᠎ᠠ 24 ᠲᠦᠮᠡ ᠵᠢ ᠳᠠᠪᠠᠪᠠ᠃ ᠪᠦᠯᠬᠦᠮ ᠪᠠᠶ᠋ᠢᠭᠤᠯᠬᠤ ᠬᠡᠯᠪᠡᠷᠢ᠎ᠪᠠᠷ ᠬᠠᠪᠰᠤᠷᠤᠨ ᠲᠡᠳᠬᠦᠬᠦ ᠵᠢ ᠭᠦᠨᠵᠡᠭᠡᠢ ᠥᠷᠨᠢᠭᠦᠯᠵᠦ᠂ 1122 ᠪᠠᠭᠰᠢ ᠵᠢ ᠨᠢᠭᠡᠳᠦᠯᠲᠡᠢ ᠲᠥᠯᠥᠪᠵᠢᠭᠦᠯᠦᠨ ᠰᠣᠩᠭᠣᠨ ᠲᠣᠮᠢᠯᠠᠵᠤ ᠬᠣᠰᠢᠭᠤ ᠰᠢᠶᠠᠨ᠎ᠤ ᠱᠠᠲᠤᠨ᠎ᠠᠴᠠ ᠳᠣᠷᠣᠭᠰᠢᠬᠢ ᠬᠥᠳᠡᠭᠡ ᠲᠣᠰᠬᠣᠨ᠎ᠤ ᠰᠤᠷᠭ᠋ᠠᠭᠤᠯᠢ᠂ ᠪᠠᠭᠤᠷᠠᠢ ᠰᠤᠷᠭ᠋ᠠᠭᠤᠯᠢ᠎ᠳᠤ ᠣᠴᠢᠭᠤᠯᠤᠨ ᠰᠤᠷᠭ᠋ᠠᠨ ᠬᠥᠮᠦᠵᠢᠯ᠎ᠢ ᠳᠡᠮᠵᠢᠭᠦᠯᠵᠦ᠂ ᠬᠥᠮᠦᠨ᠎ᠤ ᠲᠣᠭ᠎ᠠ 2022 ᠣᠨ᠎ᠤ᠎ᠬᠢ᠎ᠠᠴᠠ 105 ᠨᠡᠮᠡᠭᠳᠡᠵᠦ᠂ ᠰᠤᠷᠭ᠋ᠠᠭᠤᠯᠢ ᠵᠢ ᠳᠡᠮᠵᠢᠨ ᠨᠠᠷᠠᠲᠤ ᠵᠠᠬᠢᠷᠤᠯ ᠨᠡᠷᠡᠲᠦ ᠪᠠᠭᠰᠢ ᠵᠢᠨ ᠠᠵᠢᠯᠯᠠᠬᠤ ᠭᠠᠵᠠᠷ᠎ᠢ ᠠᠰᠢᠭᠯᠠᠨ ᠲᠤᠰᠠᠯᠠᠮᠵᠢ ᠬᠦᠷᠲᠡᠬᠦ ᠰᠤᠷᠭ᠋ᠠᠭᠤᠯᠢ ᠵᠢᠨ ᠪᠠᠭᠰᠢ ᠰᠤᠷᠤᠯᠭ᠋ᠠᠲᠠᠨ᠎ᠢ ᠤᠷᠢᠨ ᠴᠤᠭᠯᠠᠭᠤᠯᠵᠤ᠂ 11500 ᠭᠠᠷᠤᠢ ᠤᠳᠠᠭ᠎ᠠ ᠵᠢᠭ᠋ᠠᠬᠤ ᠵᠢ ᠰᠤᠳᠤᠯᠬᠤ ᠠᠵᠢᠯᠯᠠᠭ᠎ᠠ ᠵᠢ ᠥᠷᠨᠢᠭᠦᠯᠪᠡ; ᠲᠤᠰᠠᠯᠠᠮᠵᠢ ᠬᠦᠷᠲᠡᠬᠦ ᠰᠤᠷᠭ᠋ᠠᠭᠤᠯᠢ 435 ᠰᠢᠯᠭ᠋ᠠᠷᠠᠭᠰᠠᠨ ᠪᠠᠭᠰᠢ ᠵᠢ ᠰᠣᠩᠭᠣᠵᠤ᠂ ᠰᠤᠷᠭ᠋ᠠᠭᠤᠯᠢ᠎ᠳᠤ ᠬᠦᠷᠴᠦ ᠠᠵᠢᠯ᠎ᠤᠨ ᠪᠠᠶ᠋ᠢᠷᠢ ᠳᠠᠭ᠋ᠠᠵᠤ ᠰᠤᠷᠤᠯᠴᠠᠬᠤ ᠵᠢ ᠳᠡᠮᠵᠢᠪᠡ᠃ 《ᠭᠤᠷᠪᠠᠨ ᠣᠷᠣᠨ》᠎ᠤ ᠴᠢᠳᠠᠪᠤᠷᠢᠲᠠᠨ᠎ᠢ ᠳᠡᠮᠵᠢᠬᠦ ᠲᠥᠯᠥᠪᠯᠡᠭᠡ ᠵᠢᠨ ᠪᠠᠭᠰᠢ ᠵᠢᠨ ᠲᠤᠰᠬᠠᠢ ᠲᠥᠯᠥᠪᠯᠡᠭᠡ ᠪᠠ ᠳᠤᠮᠳᠠᠳᠤ ᠪᠠᠭ᠎ᠠ ᠰᠤᠷᠭ᠋ᠠᠭᠤᠯᠢ ᠵᠢᠨ ᠪᠤᠭᠤᠷᠤᠯᠴᠤᠳ᠎ᠤᠨ ᠶᠠᠷᠢᠶᠠᠨ᠎ᠤ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠵᠦ᠂ 454 ᠰᠢᠯᠢᠳᠡᠭ ᠰᠤᠷᠭ᠋ᠠᠭᠤᠯᠢ ᠵᠢᠨ ᠵᠠᠬᠢᠷᠤᠯ᠂ ᠪᠠᠭᠰᠢ ᠵᠢ ᠰᠣᠩᠭᠣᠨ ᠲᠣᠮᠢᠯᠠᠵᠤ ᠰᠤᠷᠭ᠋ᠠᠨ ᠬᠥᠮᠦᠵᠢᠯ᠎ᠢ ᠳᠡᠮᠵᠢᠭᠦᠯᠵᠦ᠂ ᠰᠤᠳᠤᠯᠭ᠋ᠠᠨ᠎ᠢ  ᠳᠡᠮᠵᠢᠭᠦᠯᠦᠨ᠂ ᠰᠤᠷᠭ᠋ᠠᠨ ᠬᠥᠮᠦᠵᠢᠯ᠎ᠤᠨ ᠬᠦᠴᠦᠨ ᠵᠶ᠋ᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠰᠠᠭᠤᠷᠢ ᠲᠠᠯᠪᠢᠵᠤ ᠡᠨᠧᠷᠭᠢ ᠣᠯᠭᠣᠪᠠ᠃
      ᠳᠥᠷᠪᠡ᠂ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠨᠠᠷᠢᠯᠢᠭᠵᠢᠭᠤᠯᠤᠨ ᠨᠠᠶ᠋ᠢᠳᠠᠪᠤᠷᠢᠵᠢᠭᠤᠯᠪᠠ᠃ ᠡᠨᠡ ᠨᠢᠭᠡ ᠵᠢᠯ᠎ᠳᠤ᠂ ᠪᠢᠳᠡ ᠡᠯ᠎ᠡ ᠰᠠᠯᠠᠭ᠎ᠠ ᠮᠥᠴᠢᠷ᠎ᠤᠨ ᠠᠵᠢᠯ᠎ᠤᠨ ᠬᠠᠮ ᠬᠦᠴᠦᠨ ᠎ᠢ ᠲᠥᠪᠯᠡᠷᠡᠭᠦᠯᠵᠦ᠂ ᠪᠠᠭᠰᠢ ᠵᠢᠨ ᠡᠩᠨᠡᠭᠡᠨ᠎ᠤ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠥᠭᠡᠷᠡᠴᠢᠯᠡᠯᠲᠡ ᠯᠠᠪᠳᠠᠭᠤᠨ ᠪᠠᠲᠤᠲᠠᠢ ᠦᠷ᠎ᠡ ᠪᠦᠲᠦᠮᠵᠢ           ᠣᠯᠪᠠ᠃ 12 ᠶᠡᠬᠡ ᠳᠡᠭᠡᠳᠦ ᠰᠤᠷᠭ᠋ᠠᠭᠤᠯᠢ  ᠵᠢᠨ ᠬᠢᠨᠠᠨ ᠲᠣᠭᠲᠠᠭ᠋ᠠᠭᠰᠠᠨ ᠠᠵᠢᠯᠲᠠᠨ᠎ᠤ ᠶᠡᠷᠦᠩᠬᠡᠢ ᠲᠣᠭ᠎ᠠ 18684 ᠪᠠᠶ᠋ᠢᠵᠤ᠂ ᠰᠢᠨ᠎ᠡ ᠎ᠪᠠᠷ  ᠨᠡᠮᠡᠭᠰᠡᠨ ᠡᠵᠡᠮᠳᠡᠯ ᠲᠣᠭ᠎ᠠ 3326 ᠪᠣᠯᠪᠠ; 《ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠠᠶ᠋ᠢᠭᠤᠯᠤᠮᠵᠢ ᠵᠢᠨ ᠣᠷᠣᠨ ᠲᠣᠭ᠎ᠠ ᠵᠢᠨ ᠪᠠᠷᠢᠮᠵᠢᠶ᠎ᠠ》 ᠵᠢ ᠨᠡᠶ᠋ᠢᠲᠡᠯᠡᠭᠰᠡᠨ           ᠪᠥᠭᠡᠳ ᠪᠠᠷᠢᠮᠵᠢᠶ᠎ᠠ᠎ᠨᠢ ᠪᠦᠬᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠰᠢᠵᠤ᠂ ᠡᠭᠦᠨ᠎ᠠᠴᠠ ᠡᠬᠢᠯᠡᠨ᠂ ᠮᠠᠨ᠎ᠤ ᠣᠷᠣᠨ᠎ᠤ ᠪᠠᠭᠰᠢ ᠠᠵᠢᠯᠲᠠᠨ ᠠᠵᠢᠯᠴᠢᠨ᠎ᠤ ᠣᠷᠣᠨ ᠲᠣᠭ᠎ᠠ ᠵᠢᠨ ᠪᠠᠷᠢᠮᠵᠢᠶ᠎ᠠ ᠵᠢᠨ ᠳᠣᠭᠲᠠᠯᠴᠠᠭ᠎ᠠ ᠪᠦᠬᠦ ᠰᠤᠷᠭ᠋ᠠᠭᠤᠯᠢ ᠵᠢᠨ ᠱᠠᠲᠤ ᠵᠢ ᠬᠠᠮᠤᠷᠪᠠ; ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ          ᠎ᠤᠨ ᠰᠤᠷᠭ᠋ᠠᠨ ᠬᠥᠮᠦᠵᠢᠯ᠎ᠤᠨ 《ᠬᠣᠣᠰ ᠬᠢᠷᠢ  ᠬᠡᠮᠲᠦ》 ᠪᠠᠭᠰᠢ ᠵᠢ ᠮᠠᠭ᠋ᠠᠳᠯᠠᠨ ᠲᠣᠭᠲᠠᠭ᠋ᠠᠵᠤ᠂ 《ᠬᠣᠣᠰ ᠬᠢᠷᠢ           ᠬᠡᠮᠲᠦ》 ᠪᠠᠭᠰᠢ 9702᠎ᠢ ᠮᠠᠭ᠋ᠠᠳᠯᠠᠨ ᠲᠣᠭᠲᠠᠭ᠋ᠠᠵᠤ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠬᠢᠴᠢᠶᠡᠯ᠎ᠤᠨ ᠪᠠᠭᠰᠢ ᠵᠢᠨ ᠶᠡᠷᠦᠩᠬᠡᠢ ᠲᠣᠭ᠋ᠠᠨ᠎ᠤ 57.78% ᠵᠢ ᠡᠵᠡᠯᠡᠪᠡ; ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠲᠤᠷᠰᠢᠯᠲᠠ ᠵᠢᠨ ᠴᠡᠭ᠎ᠢ ᠪᠦᠬᠦ ᠲᠠᠯ᠎ᠠ᠎ᠪᠠᠷ ᠳᠡᠯᠭᠡᠷᠡᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠣᠷᠣᠨ ᠲᠣᠭ᠎ᠠ᠎ᠳᠤ ᠪᠠᠶ᠋ᠢᠬᠤ ᠠᠵᠢᠯ᠎ᠤᠨ ᠪᠠᠶ᠋ᠢᠷᠢ᠎ᠳᠤ ᠪᠠᠶ᠋ᠢᠬᠤ ᠪᠠᠭᠰᠢ ᠵᠢ ᠬᠠᠮᠤᠷᠴᠤ᠂ ᠳᠡᠪᠰᠢᠭᠦᠯᠵᠦ ᠪᠣᠯᠬᠤ ᠪᠠ ᠪᠠᠭᠤᠯᠭ᠋ᠠᠵᠤ ᠪᠣᠯᠬᠤ ᠬᠢᠨᠠᠨ ᠰᠢᠯᠭ᠋ᠠᠬᠤ ᠬᠠᠮᠢᠶᠠᠷᠤᠯᠲᠠ ᠵᠢᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃
      ᠲᠠᠪᠤ᠂ ᠳᠡᠭᠡᠳᠦ ᠳᠡᠰ᠎ᠤᠨ ᠴᠢᠳᠠᠪᠤᠷᠢᠲᠠᠨ᠎ᠢ ᠬᠥᠲᠥᠯᠥᠨ ᠬᠥᠮᠦᠵᠢᠭᠦᠯᠬᠦ ᠠᠵᠢᠯ ᠰᠢᠨ᠎ᠡ ᠰᠢᠪᠲᠤᠯᠤᠯᠲᠠ᠎ᠲᠠᠢ ᠪᠣᠯᠪᠠ᠃ ᠡᠨᠡ ᠨᠢᠭᠡ ᠵᠢᠯ᠎ᠳᠤ᠂ ᠪᠢᠳᠡ 《ᠭᠠᠳᠠᠭᠰᠢ ᠭᠠᠷᠭ᠋ᠠᠬᠤ᠂ ᠣᠷᠣᠭᠤᠯᠤᠨ ᠠᠪᠴᠢᠷᠠᠬᠤ》 ᠵᠢ ᠪᠠᠷᠢᠮᠲᠠᠯᠠᠵᠤ᠂ 《ᠦᠯᠡᠳᠡᠭᠡᠵᠦ ᠳᠡᠶ᠋ᠢᠯᠬᠦ᠂ ᠰᠠᠶ᠋ᠢᠲᠤᠷ ᠬᠡᠷᠡᠭᠯᠡᠬᠦ》 ᠵᠢ ᠴᠢᠬᠤᠯᠠᠴᠢᠯᠠᠨ᠂ ᠳᠡᠭᠡᠳᠦ ᠳᠡᠰ᠎ᠤᠨ ᠴᠢᠳᠠᠪᠤᠷᠢᠲᠠᠨ᠎ᠢ ᠬᠥᠮᠦᠵᠢᠭᠦᠯᠵᠦ ᠦᠯᠡᠳᠡᠭᠡᠨ ᠬᠡᠷᠡᠭᠯᠡᠬᠦ ᠪᠠᠢ᠌ᠭᠤᠯᠤᠯ ᠲᠣᠭᠲᠠᠴᠠ ᠵᠢ ᠨᠡᠩ ᠪᠣᠯᠪᠠᠰᠤᠷᠠᠩᠭᠤᠢ ᠪᠣᠯᠭ᠋ᠠᠪᠠ᠃ ᠪᠢᠳᠡ 《ᠡᠬᠢ ᠡᠭᠦᠰᠦᠯ᠎ᠠᠴᠠ᠎ᠨᠢ ᠬᠦᠴᠦᠷᠬᠡᠭ᠎ᠢ ᠪᠣᠢ᠌ᠵᠢᠭᠤᠯᠬᠤ》 ᠵᠢ ᠪᠠᠷᠢᠮᠲᠠᠯᠠᠨ᠂ 4 ᠬᠥᠮᠦᠨ 《ᠴᠠᠩ ᠵᠢᠶᠠᠩ ᠡᠷᠳᠡᠮᠲᠡᠨ᠎ᠢ ᠬᠥᠬᠢᠭᠦᠯᠦᠨ ᠱᠠᠩᠨᠠᠬᠤ ᠲᠥᠯᠥᠪᠯᠡᠭᠡ》 ᠵᠢᠨ ᠣᠨᠴᠠ ᠤᠷᠢᠭᠰᠠᠨ ᠫᠷᠤᠹᠧᠰᠰᠤᠷ ᠵᠶ᠋ᠠᠷ ᠰᠣᠩᠭᠣᠭᠳᠠᠪᠠ; 1 ᠬᠥᠮᠦᠨ ᠵᠠᠯᠠᠭᠤᠴᠤᠳ᠎ᠤᠨ ᠴᠠᠩ ᠵᠢᠶᠠᠩ ᠲᠥᠷᠥᠯ ᠵᠦᠢ᠍ᠯ᠎ᠳᠤ ᠰᠣᠩᠭᠣᠭᠳᠠᠪᠠ; 2 ᠬᠥᠮᠦᠨ ᠤᠯᠤᠰ᠎ᠤᠨ ᠳᠡᠭᠡᠳᠦ ᠳᠡᠰ᠎ᠤᠨ ᠴᠢᠳᠠᠪᠤᠷᠢᠲᠠᠨ᠎ᠢ ᠣᠨᠴᠠᠭ᠋ᠠᠢ ᠳᠡᠮᠵᠢᠬᠦ ᠲᠥᠯᠥᠪᠯᠡᠭᠡ ᠵᠢᠨ ᠵᠠᠯᠠᠭᠤ ᠣᠷᠣᠶ᠋ᠢᠯᠠᠭᠰᠠᠨ ᠴᠢᠳᠠᠪᠤᠷᠢᠲᠠᠨ ᠵᠶ᠋ᠠᠷ ᠰᠣᠩᠭᠣᠭᠳᠠᠵᠤ᠂ 2 ᠬᠥᠮᠦᠨ ᠤᠯᠤᠰ᠎ᠤᠨ ᠳᠡᠭᠡᠳᠦ ᠳᠡᠰ᠎ᠤᠨ ᠴᠢᠳᠠᠪᠤᠷᠢᠲᠠᠨ᠎ᠢ ᠣᠨᠴᠠᠭ᠋ᠠᠢ ᠳᠡᠮᠵᠢᠬᠦ ᠲᠥᠯᠥᠪᠯᠡᠭᠡ ᠵᠢᠨ ᠵᠢᠭ᠋ᠠᠨ ᠰᠤᠷᠭ᠋ᠠᠯᠲᠠ ᠵᠢᠨ ᠨᠡᠷᠡᠲᠦ ᠪᠠᠭᠰᠢ᠎ᠪᠠᠷ ᠰᠣᠩᠭᠤᠬᠳᠠᠨ᠂ 2 ᠪᠦᠯᠬᠦᠮ ᠨᠡᠶ᠋ᠢᠲᠡ ᠪᠦᠬᠦ ᠤᠯᠤᠰ᠎ᠤᠨ ᠬᠤᠸᠠᠩ ᠳ᠋ᠠ ᠨᠢᠶᠠᠨ ᠮᠠᠶᠢᠭ᠎ᠤᠨ ᠪᠠᠭᠰᠢ ᠵᠢᠨ ᠪᠦᠯᠬᠦᠮ ᠵᠶ᠋ᠠᠷ ᠰᠣᠩᠭᠣᠭᠳᠠᠪᠠ; 8 ᠪᠠᠭᠰᠢ ᠰᠤᠷᠭ᠋ᠠᠭᠤᠯᠢ ᠵᠢᠨ ᠵᠠᠬᠢᠷᠤᠯ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ 《ᠬᠣᠣᠰ ᠨᠡᠷᠡᠲᠦ》 ᠵᠢᠨ ᠲᠥᠯᠥᠪᠯᠡᠭᠡ᠎ᠳᠤ ᠰᠣᠩᠭᠣᠭᠳᠠᠵᠤ᠂ 6 ᠪᠠᠭᠰᠢ ᠰᠤᠷᠭ᠋ᠠᠭᠤᠯᠢ ᠵᠢᠨ ᠵᠠᠬᠢᠷᠤᠯ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ 《ᠭᠤᠷᠪᠠᠨ ᠨᠡᠷᠡᠲᠦ》 ᠵᠢᠨ ᠲᠥᠯᠥᠪᠯᠡᠭᠡ᠎ᠳᠤ  ᠰᠣᠩᠭᠤᠭᠳᠠᠨ᠂ 《ᠳᠠᠭᠤᠷᠢᠰᠬᠠᠯ》 ᠪᠠᠭᠰᠢ ᠵᠢᠨ ᠡᠩᠨᠡᠭᠡᠨ᠎ᠤ ᠬᠥᠮᠦᠵᠢᠯ ᠰᠢᠨ᠎ᠡ ᠠᠬᠢᠴᠠ᠎ᠲᠠᠢ ᠪᠣᠯᠪᠠ᠃
      ᠳᠠᠷᠠᠭ᠎ᠠ ᠠᠯᠬᠤᠮ᠎ᠳᠤ᠂ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠨ᠂ ᠰᠤᠷᠭ᠋ᠠᠨ ᠬᠥᠮᠥᠵᠢᠯᠲᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠥᠨᠳᠥᠷ ᠬᠡᠪ ᠴᠢᠨᠠᠷ᠎ᠲᠠᠢ ᠪᠠᠭᠰᠢ ᠵᠢᠨ ᠡᠩᠨᠡᠭᠡ ᠵᠢ ᠬᠥᠮᠦᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠪᠠᠭᠰᠢ ᠵᠢᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠲᠡᠭᠦᠯᠳᠡᠷᠵᠢᠭᠦᠯᠦᠨ᠂ ᠪᠢᠴᠢᠭ ᠵᠢᠭ᠋ᠠᠵᠤ ᠬᠥᠮᠦᠨ ᠬᠥᠮᠦᠵᠢᠭᠦᠯᠬᠦ ᠴᠢᠳᠠᠪᠤᠷᠢ ᠵᠢ ᠳᠡᠭᠡᠭᠰᠢᠯᠡᠭᠦᠯᠵᠦ᠂ ᠪᠠᠭᠰᠢ ᠵᠢᠨ ᠬᠠᠮᠢᠶᠠᠷᠤᠯᠲᠠ ᠪᠠ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠬᠠᠷᠠᠭ᠋ᠠᠯᠵᠠᠯ᠎ᠢ ᠪᠠᠲᠤᠯᠠᠬᠤ ᠡᠷᠴᠢᠮ᠎ᠢ ᠴᠢᠩᠭ᠋ᠠᠷᠠᠭᠤᠯᠤᠨ᠂ ᠢᠷᠠᠭᠤ ᠠᠯᠳᠠᠷ᠎ᠢ ᠬᠥᠬᠢᠭᠦᠯᠦᠨ ᠱᠠᠩᠨᠠᠬᠤ ᠳᠣᠭᠲᠠᠯᠴᠠᠭ᠎ᠠ ᠵᠢ ᠲᠡᠭᠦᠯᠳᠡᠷᠵᠢᠭᠦᠯᠵᠦ᠂ ᠪᠦᠬᠦ ᠨᠡᠶ᠋ᠢᠭᠡᠮ ᠵᠶ᠋ᠠᠷ ᠵᠶ᠋ᠠᠨ ᠪᠠᠭᠰᠢ ᠵᠢ ᠬᠦᠨᠳᠦᠳᠬᠡᠨ ᠰᠤᠷᠭ᠋ᠠᠨ ᠬᠥᠮᠦᠵᠢᠯ᠎ᠢ ᠴᠢᠬᠤᠯᠠᠴᠢᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠢ ᠪᠣᠯᠭ᠋ᠠᠨ᠂ ᠪᠠᠭᠰᠢ ᠵᠢᠨ ᠠᠵᠢᠯ᠎ᠢ ᠬᠠᠮᠤᠭ᠎ᠤᠨ ᠨᠡᠶ᠋ᠢᠭᠡᠮ᠎ᠤᠨ ᠬᠦᠨᠳᠦᠳᠬᠡᠯ ᠪᠠ ᠬᠥᠮᠦᠰ᠎ᠤᠨ ᠪᠠᠬᠠᠷᠬᠠᠯ᠎ᠢ ᠭᠦᠷᠲᠡᠳᠡᠭ ᠠᠵᠢᠯ ᠮᠡᠷᠭᠡᠵᠢᠯ ᠪᠣᠯᠭ᠋ᠠᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
《6 · 26》᠎ᠤ ᠣᠯᠠᠨ ᠤᠯᠤᠰ᠎ᠤᠨ ᠬᠣᠣᠷ ᠴᠠᠭ᠋ᠠᠵᠠᠯᠠᠬᠤ ᠡᠳᠦᠷ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠣᠣᠷ ᠴᠠᠭ᠋ᠠᠵᠠᠯᠠᠬᠤ ᠠᠵᠢᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠪᠠ
 
             蒙ICP备05000248号