ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠄ 《ᠥᠨᠳᠥᠷᠯᠢᠭ᠎ᠠᠴᠠ ᠣᠷᠭᠢᠯ ᠲᠡᠢ᠌ᠰᠢ ᠳᠠᠪᠰᠢᠬᠤ》 ᠢᠨᠵᠧᠨᠧᠷᠢᠩ᠎ᠢ ᠬᠡᠷᠡᠭᠵᠢᠭᠦᠯᠵᠦ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠪᠡ
ᠨᠡᠶ᠋ᠢᠲᠡᠯᠡᠭᠰᠡᠨ ᠴᠠᠭ᠄ 2024-11-08

      11 ᠰᠠᠷ᠎ᠠ ᠵᠢᠨ 7᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ ᠥᠪᠥᠷ ᠮᠣᠩᠭᠣᠯ᠎ᠤᠨ ᠴᠢᠨᠠᠷᠯᠢᠭ ᠬᠥᠭᠵᠢᠯᠲᠡ ᠵᠢ ᠬᠦᠴᠦᠯᠡᠨ ᠠᠬᠢᠭᠤᠯᠬᠤ》 ᠭᠣᠣᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ (ᠭᠤᠷᠪᠠᠳᠤᠭ᠋ᠠᠷ ᠲᠠᠯᠠᠪᠤᠷ) - 《ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠪᠠᠶ᠋ᠢᠭᠤᠯᠤᠯ ᠲᠣᠭᠲᠠᠴᠠ ᠵᠢ ᠨᠢᠭᠡ ᠴᠣᠭᠴᠠᠵᠢᠭᠤᠯᠤᠨ ᠠᠬᠢᠭᠤᠯᠵᠤ ᠰᠢᠨ᠎ᠡ  ᠵᠢ ᠡᠭᠦᠳᠬᠦ ᠳᠣᠭᠲᠠᠯᠴᠠᠭ᠎ᠠ ᠵᠢᠨ ᠦᠢ᠍ᠯᠡᠳᠦᠯ ᠪᠠ ᠴᠢᠳᠠᠪᠤᠷᠢ ᠵᠢ ᠳᠡᠭᠡᠭᠰᠢᠯᠡᠭᠦᠯᠬᠦ》 ᠲᠤᠰᠬᠠᠢ ᠲᠠᠯᠠᠪᠤᠷ ᠬᠤᠷᠠᠯ᠎ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠵᠡᠷᠭᠡ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠢ ᠤᠷᠢᠨ ᠣᠷᠣᠯᠴᠠᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠵᠢ ᠲᠠᠨᠢᠯᠴᠠᠭᠤᠯᠪᠠ᠃

   

1.jpg

 

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠡᠳ᠋ ᠳᠠᠷᠤᠭ᠎ᠠ ᠯᠢ ᠸᠧᠢ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ ᠵᠢᠨ ᠳᠡᠰ ᠳᠡᠪᠰᠢᠬᠦ ᠵᠢ ᠭᠦᠨᠵᠡᠭᠡᠢ ᠠᠬᠢᠭᠤᠯᠵᠤ᠂ ᠲᠠᠪᠤᠳᠤᠭ᠋ᠠᠷ ᠡᠭᠡᠯᠵᠢ ᠵᠢᠨ ᠰᠢᠨᠵᠢᠯᠡᠭᠡᠨ᠎ᠤ ᠰᠠᠯᠠᠭ᠎ᠠ ᠵᠢᠨ ᠦᠨᠡᠯᠡᠨ ᠵᠢᠱ᠌ᠢᠯᠲᠡ᠎ᠳᠤ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠡᠪᠡᠰᠦᠨ ᠰᠤᠳᠤᠯᠤᠯ᠎ᠤᠨ ᠰᠢᠨᠵᠢᠯᠡᠭᠡᠨ᠎ᠤ ᠰᠠᠯᠠᠭ᠎ᠠ ᠠᠩᠬ᠎ᠠ ᠤᠳᠠᠭ᠎ᠠ ᠪᠦᠬᠦ ᠤᠯᠤᠰ᠎ᠤᠨ ᠵᠢᠭᠰᠠᠭ᠋ᠠᠯᠲᠠ ᠵᠢᠨ ᠡᠮᠦᠨ᠎ᠡ 10%᠎ᠳᠤ           ᠣᠷᠣᠪᠠ; ᠳ᠋ᠣᠺᠲ᠋ᠣᠷ᠎ᠤᠨ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠤᠨ ᠲᠣᠭ᠎ᠠ ᠵᠢ 2021 ᠣᠨ᠎ᠤ᠎ᠬᠢ᠎ᠠᠴᠠ 55%᠎ᠪᠠᠷ ᠨᠡᠮᠡᠭᠳᠡᠭᠦᠯᠵᠦ᠂ ᠲᠤᠰᠬᠠᠢ ᠮᠡᠷᠭᠡᠵᠢᠯ᠎ᠤᠨ ᠳ᠋ᠣᠺᠲ᠋ᠣᠷ᠎ᠤᠨ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠢ 《0》᠎ᠠᠴᠠ 《7》 ᠪᠣᠯᠭ᠋ᠠᠬᠤ ᠴᠢᠬᠤᠯᠠ ᠶᠡᠬᠡ ᠰᠢᠪᠲᠤᠯᠤᠯᠲᠠ ᠵᠢ  ᠪᠡᠶᠡᠯᠡᠭᠦᠯᠦᠨ᠂           ᠪᠠᠶ᠋ᠢᠭ᠋ᠠᠯᠢ ᠲᠧᠭᠨᠢᠭ᠂ ᠲᠠᠷᠢᠶᠠᠯᠠᠩ᠂ ᠠᠨᠠᠭ᠋ᠠᠬᠤ ᠤᠬᠠᠭ᠋ᠠᠨ᠎ᠤ ᠲᠥᠷᠥᠯ᠎ᠤᠨ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠡᠵᠡᠯᠡᠬᠦ ᠬᠠᠷᠢᠴᠠᠯ᠎ᠢ ᠦᠷᠭᠦᠯᠵᠢᠯᠡᠨ ᠳᠡᠭᠡᠭᠰᠢᠯᠡᠭᠦᠯᠵᠦ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠵᠣᠬᠢᠴᠠᠬᠤ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠥᠪᠥᠷ ᠮᠣᠩᠭᠣᠯ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠲᠢᠩᠬᠢᠮ 《ᠭᠤᠷᠪᠠᠨ ᠵᠣᠬᠢᠶᠠᠨ ᠪᠠᠶ᠋ᠢᠭᠤᠯᠤᠯᠲᠠ᠎ᠲᠠᠢ》 《ᠥᠨᠳᠥᠷᠯᠢᠭ᠎ᠠᠴᠠ ᠣᠷᠭᠢᠯ ᠲᠡᠢ᠌ᠰᠢ ᠳᠠᠪᠰᠢᠬᠤ》 ᠢᠨᠵᠧᠨᠧᠷᠢᠩ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ  ᠭᠦᠨᠵᠡᠭᠡᠢ᠌ᠷᠡᠭᠦᠯᠦᠨ᠎ᠡ ᠭᠡᠵᠡᠢ᠃
      ᠵᠣᠬᠢᠶᠠᠨ ᠪᠠᠶ᠋ᠢᠭᠤᠯᠤᠯᠲᠠ᠎ᠲᠠᠢ ᠰᠢᠨᠵᠢᠯᠡᠭᠡᠨ᠎ᠤ ᠰᠠᠯᠠᠭ᠋ᠠᠨ᠎ᠤ ᠪᠠᠢ᠌ᠭᠤᠯᠤᠯᠲᠠ ᠵᠢ ᠬᠡᠷᠡᠭᠵᠢᠭᠦᠯᠪᠡ᠃ ᠲᠡᠷᠢᠭᠦᠨ          ᠎ᠤ ᠰᠢᠨᠵᠢᠯᠡᠭᠡᠨ᠎ᠤ ᠰᠠᠯᠠᠭ᠋ᠠᠨ᠎ᠤ ᠰᠢᠯᠢᠳᠡᠭ᠎ᠢ ᠪᠣᠶ᠋ᠢᠵᠢᠭᠤᠯᠬᠤ ᠠᠵᠢᠯᠯᠠᠭ᠎ᠠ ᠵᠢ ᠬᠡᠷᠡᠭᠵᠢᠭᠦᠯᠵᠦ᠂ ᠠᠮᠢᠳᠤ             ᠪᠣᠳᠠᠰ᠎ᠤᠨ ᠰᠤᠳᠤᠯᠤᠯ᠎ᠤᠨ ᠤᠯᠤᠰ᠎ᠤᠨ ᠲᠡᠷᠢᠭᠦᠨ᠎ᠤ ᠰᠢᠨᠵᠢᠯᠡᠭᠡᠨ᠎ᠤ ᠰᠠᠯᠠᠭ᠎ᠠ ᠵᠢ ᠪᠠᠶ᠋ᠢᠭᠤᠯᠤᠨ           ᠬᠦᠴᠦᠷᠬᠡᠭᠵᠢᠭᠦᠯᠪᠡ᠃ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ᠂ ᠤᠯᠤᠰ᠎ᠤᠨ ᠪᠠᠶ᠋ᠢᠯᠳᠤᠬᠤ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠪᠠᠷ ᠬᠥᠲᠦᠯᠦᠮᠵᠢ ᠪᠣᠯᠭ᠋ᠠᠭᠰᠠᠨ ᠰᠢᠨᠵᠢᠯᠡᠭᠡᠨ᠎ᠤ ᠰᠠᠯᠠᠭ᠎ᠠ ᠵᠢ ᠲᠣᠬᠢᠷᠠᠭᠤᠯᠬᠤ ᠲᠣᠭᠲᠠᠴᠠ ᠵᠢ ᠪᠠᠢ᠌ᠭᠤᠯᠪᠠ᠃ ᠰᠢᠨᠵᠢᠯᠡᠭᠡᠨ᠎ᠤ ᠰᠠᠯᠠᠭ᠋ᠠᠨ᠎ᠤ ᠪᠥᠯᠦᠭᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠨᠵᠢᠯᠡᠭᠡᠨ᠎ᠤ ᠰᠠᠯᠠᠭ᠎ᠠ ᠰᠣᠯᠪᠢᠴᠠᠨ ᠠᠭᠤᠰᠤᠭᠰᠠᠨ ᠰᠢᠨ᠎ᠡ ᠵᠢ ᠡᠭᠦᠳᠬᠦ ᠲᠣᠭᠲᠠᠴᠠ ᠵᠢ ᠪᠠᠢ᠌ᠭᠤᠯᠪᠠ᠃
      ᠵᠣᠬᠢᠶᠠᠨ ᠪᠠᠶ᠋ᠢᠭᠤᠯᠤᠯᠲᠠ᠎ᠲᠠᠢ ᠴᠢᠳᠠᠪᠤᠷᠢᠲᠠᠨ ᠬᠥᠮᠦᠵᠢᠭᠦᠯᠬᠦ ᠵᠢ ᠬᠡᠷᠡᠭᠵᠢᠭᠦᠯᠪᠡ᠃ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠨ ᠬᠥᠮᠦᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠣᠷᠣᠶ᠋ᠢᠯᠠᠭᠰᠠᠨ ᠰᠢᠨ᠎ᠡ ᠵᠢ ᠡᠭᠦᠳᠬᠦ ᠴᠢᠳᠠᠪᠤᠷᠢᠲᠠᠨ ᠬᠥᠮᠦᠵᠢᠭᠦᠯᠬᠦ ᠰᠢᠨ᠎ᠡ ᠵᠠᠭᠪᠤᠷ᠎ᠢ ᠰᠦᠪᠡᠭᠴᠢᠯᠡᠪᠡ᠃ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠨ ᠭᠦᠨᠵᠡᠭᠡᠶ᠋ᠢᠷᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠶᠡᠬᠡ ᠳᠡᠭᠡᠳᠦ ᠰᠤᠷᠭ᠋ᠠᠭᠤᠯᠢ᠂ ᠳᠠᠪᠠᠭᠤᠯᠢᠭ ᠣᠨᠴᠠᠯᠢᠭᠲᠤ ᠰᠢᠨᠵᠢᠯᠡᠭᠡᠨ᠎ᠤ ᠰᠠᠯᠠᠭ᠎ᠠ ᠪᠣᠯᠤᠨ ᠭᠣᠣᠯᠳᠠᠯᠭ᠎ᠠ᠎ᠲᠠᠢ ᠠᠵᠢᠯ ᠲᠥᠷᠥᠯ ᠪᠠ ᠲᠣᠯᠣᠭ᠋ᠠᠶ᠋ᠢᠯᠠᠭᠴᠢ ᠠᠵᠤ ᠠᠬᠤᠶ᠋ᠢᠯᠠᠯ ᠵᠡᠷᠭᠡ ᠬᠦᠴᠦᠷᠬᠡᠭ᠎ᠤᠳ ᠬᠣᠯᠪᠣᠭ᠋ᠠᠯᠠᠬᠤ ᠵᠢ ᠠᠬᠢᠭᠤᠯᠵᠤ᠂ ᠴᠢᠳᠠᠪᠤᠷᠢᠲᠠᠨ ᠬᠥᠮᠦᠵᠢᠭᠦᠯᠬᠦ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠵᠢ ᠬᠠᠮᠵᠢᠨ ᠠᠬᠢᠭᠤᠯᠪᠠ᠃ ᠰᠢᠯᠭ᠋ᠠᠷᠠᠭᠰᠠᠨ ᠢᠨᠵᠧᠨᠧᠷ᠎ᠢ ᠬᠥᠮᠦᠵᠢᠭᠦᠯᠬᠦ ᠲᠥᠷᠥᠯ ᠵᠦᠢ᠍ᠯ᠎ᠢ ᠬᠡᠷᠡᠭᠵᠢᠭᠦᠯᠵᠦ᠂ ᠢᠨᠵᠧᠨᠧᠷᠢᠩ᠎ᠤᠨ ᠮᠠᠰᠲ᠋ᠧᠷ ᠪᠠ ᠳ᠋ᠣᠺᠲ᠋ᠣᠷ᠎ᠢ ᠬᠥᠮᠦᠵᠢᠭᠦᠯᠬᠦ ᠡᠷᠴᠢᠮ᠎ᠢ ᠴᠢᠩᠭ᠋ᠠᠷᠠᠭᠤᠯᠪᠠ᠃ ᠰᠤᠷᠤᠭᠴᠢ ᠡᠯᠰᠡᠨ ᠬᠥᠮᠦᠵᠢᠭᠦᠯᠬᠦ ᠪᠠ ᠠᠵᠢᠯ ᠣᠯᠭᠣᠬᠤ  ᠬᠣᠯᠪᠤᠯᠳᠤᠨ ᠬᠥᠳᠡᠯᠦᠯᠴᠡᠵᠦ ᠰᠢᠯᠢᠳᠡᠭᠵᠢᠭᠦᠯᠬᠦ ᠠᠵᠢᠯᠯᠠᠭ᠎ᠠ ᠵᠢ ᠬᠡᠷᠡᠭᠵᠢᠭᠦᠯᠪᠡ᠃
      ᠵᠣᠬᠢᠶᠠᠨ ᠪᠠᠶ᠋ᠢᠭᠤᠯᠤᠯᠲᠠ᠎ᠲᠠᠢ ᠬᠠᠮᠲᠤᠷᠠᠯᠴᠠᠵᠤ ᠰᠣᠯᠢᠯᠴᠠᠬᠤ ᠵᠢ ᠬᠡᠷᠡᠭᠵᠢᠭᠦᠯᠪᠡ᠃ ᠣᠷᠣᠨ ᠪᠦᠰᠡ ᠵᠢᠨ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠶᠠᠮᠤᠨ ᠪᠠ ᠣᠷᠣᠨ ᠬᠠᠮᠲᠤᠷᠠᠨ ᠪᠠᠶ᠋ᠢᠭᠤᠯᠬᠤ᠂ ᠣᠷᠣᠨ ᠪᠠ ᠶᠠᠮᠤᠨ ᠬᠠᠮᠲᠤ᠎ᠳᠤ᠎ᠪᠠᠨ ᠪᠠᠶ᠋ᠢᠭᠤᠯᠬᠤ ᠡᠭᠦᠷᠭᠡ ᠵᠢ ᠨᠠᠶ᠋ᠢᠳᠠᠪᠤᠷᠢᠵᠢᠭᠤᠯᠤᠨ᠂ ᠪᠡᠭᠡᠵᠢᠩ ᠥᠪᠥᠷ ᠮᠣᠩᠭᠣᠯ᠂ ᠱᠠᠩᠬᠠᠢ ᠥᠪᠥᠷ ᠮᠣᠩᠭᠣᠯ᠂ ᠱᠠᠨᠰᠢ ᠥᠪᠥᠷ ᠮᠣᠩᠭᠣᠯ᠂ ᠭᠤᠷᠪᠠᠨ ᠮᠤᠵᠢ ᠨᠢᠭᠡ ᠣᠷᠣᠨ ᠵᠡᠷᠭᠡ ᠣᠷᠣᠨ ᠪᠦᠰᠡ ᠵᠢᠨ ᠰᠤᠷᠭ᠋ᠠᠨ ᠬᠥᠮᠦᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠶᠡᠬᠡ ᠳᠡᠭᠡᠳᠦ ᠰᠤᠷᠭ᠋ᠠᠭᠤᠯᠢ ᠵᠢᠨ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠰᠣᠯᠢᠯᠴᠠᠭ᠎ᠠ ᠵᠢ ᠴᠢᠩᠭ᠋ᠠᠳᠬᠠᠪᠠ᠃ ᠪᠡᠭᠡᠵᠢᠩ ᠲᠢᠶᠠᠨᠵᠢᠨ ᠾᠧᠪᠧᠶ ᠥᠪᠥᠷ ᠮᠣᠩᠭᠣᠯ᠎ᠤᠨ ᠶᠡᠬᠡ ᠳᠡᠭᠡᠳᠦ ᠰᠤᠷᠭ᠋ᠠᠭᠤᠯᠢ ᠬᠣᠯᠪᠤᠭ᠎ᠠ ᠪᠠᠢ᠌ᠭᠤᠯᠬᠤ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠡᠨᠡ ᠵᠢᠯ᠎ᠤᠨ 11 ᠰᠠᠷ᠎ᠠ ᠵᠢᠨ 5᠎ᠤ ᠡᠳᠦᠷ ᠬᠥᠬᠡᠬᠣᠲᠠ᠎ᠳᠤ ᠪᠠᠶ᠋ᠢᠭᠤᠯᠤᠭᠰᠠᠨ ᠪᠡᠭᠡᠵᠢᠩ ᠲᠢᠶᠠᠨᠵᠢᠨ ᠾᠧᠪᠧᠶ ᠥᠪᠥᠷ ᠮᠣᠩᠭᠣᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠬᠣᠯᠪᠣᠭ᠎ᠠ᠎ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ ᠪᠣᠯᠤᠨ ᠪᠡᠭᠡᠵᠢᠩ ᠲᠢᠶᠠᠨᠵᠢᠨ ᠾᠧᠪᠧᠶ ᠵᠢᠨ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠢ ᠬᠠᠮᠲᠤᠷᠠᠨ ᠬᠥᠮᠦᠵᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠬᠠᠮᠲᠤᠷᠠᠨ ᠡᠭᠦᠳᠬᠦ᠂ ᠲᠠᠪᠴᠠᠩ ᠬᠣᠯᠪᠣᠭ᠋ᠠᠯᠠᠨ ᠬᠠᠮᠲᠤ᠎ᠳᠤ᠎ᠪᠠᠨ ᠪᠠᠶ᠋ᠢᠭᠤᠯᠬᠤ ᠵᠡᠷᠭᠡ ᠲᠠᠯ᠎ᠠ᠎ᠪᠠᠷ ᠳᠠᠪᠠᠭᠤᠯᠢᠭ ᠵᠶ᠋ᠠᠨ ᠬᠠᠷᠢᠯᠴᠠᠨ ᠨᠥᠬᠥᠪᠥᠷᠢᠯᠡᠬᠦ ᠪᠠ ᠡᠬᠢ ᠪᠠᠶᠠᠯᠢᠭ᠎ᠢ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ ᠵᠢ ᠰᠠᠶ᠋ᠢᠲᠤᠷ ᠪᠡᠶᠡᠯᠡᠭᠦᠯᠵᠦ᠂ ᠥᠪᠥᠷ ᠮᠣᠩᠭᠣᠯ᠎ᠳᠤ ᠪᠡᠭᠡᠵᠢᠩ ᠲᠢᠶᠠᠨᠵᠢᠨ ᠾᠧᠪᠧᠶ ᠵᠢᠨ ᠬᠠᠮᠵᠢᠨ ᠬᠥᠭᠵᠢᠭᠦᠯᠬᠦ ᠵᠢ ᠭᠦᠨᠵᠡᠭᠡᠢ ᠠᠭᠤᠰᠬᠠᠬᠤ᠎ᠳᠤ ᠰᠤᠷᠭ᠋ᠠᠨ ᠬᠥᠮᠦᠵᠢᠯ᠎ᠤᠨ ᠬᠦᠴᠦᠨ᠎ᠢ ᠨᠡᠮᠡᠷᠢᠯᠡᠪᠡ᠃ ᠣᠯᠠᠨ ᠤᠯᠤᠰ᠎ᠤᠨ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠎ᠠ ᠵᠢ ᠥᠷᠭᠡᠳᠬᠡᠬᠦ ᠠᠵᠢᠯᠯᠠᠭ᠎ᠠ ᠵᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ ᠪᠣᠯᠤᠨ ᠤᠯᠤᠰ᠎ᠤᠨ ᠭᠠᠳᠠᠭ᠋ᠠᠳᠤ ᠵᠢᠨ ᠥᠨᠳᠥᠷ ᠬᠢᠷᠢ ᠲᠦᠪᠰᠢᠨᠲᠦ ᠪᠠᠶ᠋ᠢᠭ᠋ᠠᠯᠢ ᠲᠧᠭᠨᠢᠭ᠎ᠤᠨ ᠤᠬᠠᠭ᠋ᠠᠨ᠎ᠤ ᠲᠥᠷᠥᠯ᠎ᠤᠨ ᠶᠡᠬᠡ ᠰᠤᠷᠭ᠋ᠠᠭᠤᠯᠢ ᠵᠢᠨ ᠬᠠᠮᠲᠤᠷᠠᠨ ᠰᠤᠷᠭ᠋ᠠᠭᠤᠯᠢ ᠡᠷᠬᠢᠯᠡᠬᠦ ᠵᠢ ᠠᠬᠢᠭᠤᠯᠵᠤ᠂ ᠣᠯᠠᠨ ᠤᠯᠤᠰ᠎ᠤᠨ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠬᠠᠮᠲᠤᠷᠠᠯᠴᠠᠭ᠎ᠠ᠎ᠳᠤ ᠢᠳᠡᠪᠬᠢᠲᠡᠢ ᠣᠷᠣᠯᠴᠠᠭᠤᠯᠪᠠ; 《ᠭᠠᠳᠠᠭ᠋ᠠᠳᠤ᠎ᠠᠴᠠ ᠳᠤᠮᠳᠠᠳᠤ ᠤᠯᠤᠰ᠎ᠲᠤ ᠢᠷᠡᠵᠦ ᠰᠤᠷᠤᠯᠴᠠᠬᠤ - ᠥᠪᠥᠷ ᠮᠣᠩᠭᠣᠯ᠎ᠳᠤ ᠢᠷᠡᠵᠦ ᠰᠤᠷᠤᠯᠴᠠᠬᠤ》 ᠨᠡᠷᠡᠲᠦ ᠲᠡᠮᠳᠡᠭᠲᠦ ᠵᠢᠨ ᠪᠠᠶ᠋ᠢᠭᠤᠯᠤᠯᠲᠠ ᠵᠢ  ᠴᠢᠩᠭ᠋ᠠᠳᠬᠠᠪᠠ; ᠶᠡᠬᠡ ᠳᠡᠭᠡᠳᠦ ᠰᠤᠷᠭ᠋ᠠᠭᠤᠯᠢ ᠵᠢᠨ ᠭᠠᠳᠠᠭ᠋ᠠᠳᠤ᠎ᠳᠤ ᠰᠤᠷᠭ᠋ᠠᠭᠤᠯᠢ ᠡᠷᠬᠢᠯᠡᠬᠦ ᠵᠢ ᠳᠡᠮᠵᠢᠵᠦ᠂ 《ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠣᠯᠠᠨ ᠤᠯᠤᠰᠴᠢᠯᠠᠬᠤ》 ᠵᠢ ᠠᠬᠢᠭᠤᠯᠪᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号