6 ᠳ᠋ᠤᠭ᠋ᠠᠷ ᠰᠠᠷ᠎ᠠ ᠵᠢᠨ 26᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠣᠣᠷ ᠴᠠᠭ᠋ᠠᠵᠠᠯᠠᠬᠤ ᠠᠵᠢᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠥᠬᠡᠬᠣᠲᠠ᠎ᠳᠤ ᠬᠤᠷᠠᠯᠳᠤᠭᠤᠯᠵᠤ᠂ 2019 ᠣᠨ᠎ᠠᠴᠠ ᠨᠠᠭ᠋ᠠᠰᠢᠬᠢ ᠪᠦᠬᠦ ᠣᠷᠣᠨ᠎ᠤ ᠬᠣᠣᠷ ᠴᠠᠭ᠋ᠠᠵᠠᠯᠠᠬᠤ ᠠᠵᠢᠯ᠎ᠤᠨ ᠪᠠᠶ᠋ᠢᠳᠠᠯ᠎ᠢ ᠮᠡᠳᠡᠭᠳᠡᠪᠡ᠃ ᠥᠪᠡᠷᠲᠡᠭᠡᠨ ᠵᠠᠰᠠᠬᠤ ᠣᠷᠣᠨ᠎ᠤ ᠬᠣᠣᠷ ᠴᠠᠭ᠋ᠠᠵᠠᠯᠠᠬᠤ ᠵᠥᠪᠯᠡᠯ᠎ᠤᠨ ᠳᠡᠳ᠋ ᠡᠷᠬᠢᠯᠡᠭᠴᠢ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠡᠳ᠋ ᠳᠠᠷᠤᠭ᠎ᠠ ᠵᠠᠩ ᠵᠢᠶᠦ᠋ᠨ ᠰᠢ᠂ ᠥᠪᠡᠷᠲᠡᠭᠡᠨ ᠵᠠᠰᠠᠬᠤ ᠣᠷᠣᠨ᠎ᠤ ᠬᠣᠣᠷ ᠴᠠᠭ᠋ᠠᠵᠠᠯᠠᠬᠤ ᠵᠥᠪᠯᠡᠯ᠎ᠤᠨ ᠭᠡᠰᠢᠭᠦᠨ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠳᠣᠪᠴᠢᠶᠠᠨ᠎ᠤ ᠳᠡᠳ᠋ ᠳᠠᠷᠤᠭ᠎ᠠ ᠵᠠᠩ ᠳ᠋ᠧ ᡁᠢ᠂ ᠥᠪᠡᠷᠲᠡᠭᠡᠨ ᠵᠠᠰᠠᠬᠤ ᠣᠷᠣᠨ᠎ᠤ ᠬᠣᠣᠷ ᠴᠠᠭ᠋ᠠᠵᠠᠯᠠᠬᠤ ᠵᠥᠪᠯᠡᠯ᠎ᠤᠨ ᠭᠡᠰᠢᠭᠦᠨ᠂ ᠰᠢᠤᠳᠠᠨ ᠤ ᠬᠠᠮᠢᠶᠠᠷᠤᠯᠲᠠ ᠵᠢᠨ ᠳᠣᠪᠴᠢᠶᠠᠨ᠎ᠤ ᠳᠡᠳ᠋ ᠳᠠᠷᠤᠭ᠎ᠠ ᠳ᠋ᠦᠩ ᠭᠠᠩ᠂ ᠥᠪᠡᠷᠲᠡᠭᠡᠨ ᠵᠠᠰᠠᠬᠤ ᠣᠷᠣᠨ᠎ᠤ ᠬᠣᠣᠷ ᠴᠠᠭ᠋ᠠᠵᠠᠯᠠᠬᠤ ᠠᠵᠢᠯ᠎ᠤᠨ ᠠᠯᠪᠠᠨ ᠭᠡᠷ᠎ᠤᠨ ᠪᠠᠶ᠋ᠢᠩᠭᠤ ᠵᠢᠨ ᠳᠡᠳ᠋ ᠡᠷᠬᠢᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠣᠣᠷ ᠴᠠᠭ᠋ᠠᠵᠠᠯᠠᠬᠤ ᠶᠡᠷᠦᠩᠬᠡᠢ ᠠᠩᠭᠢ ᠵᠢᠨ ᠳᠠᠷᠤᠭ᠎ᠠ ᠯᠢᠦ ᡁᠢ ᠭᠠᠩ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠮ ᠡᠮᠨᠡᠯᠭᠡ ᠵᠢᠨ ᠲᠥᠷᠦ ᠵᠢᠨ ᠪᠣᠳᠤᠯᠭ᠎ᠠ ᠵᠢᠨ ᠭᠠᠵᠠᠷ᠎ᠤᠨ ᠳᠠᠷᠤᠭ᠎ᠠ ᠠᠷᠰᠯᠠᠨ᠂ ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠳᠣᠪᠴᠢᠶᠠᠨ᠎ᠤ ᠳᠡᠳ᠋ ᠳᠠᠷᠤᠭ᠎ᠠ ᠫᠠᠨ ᠲᠤᠤ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

ᠲᠠᠪᠤᠨ ᠵᠢᠯ᠎ᠤᠨ ᠲᠤᠷᠰᠢ᠂ ᠥᠪᠥᠷ ᠮᠣᠩᠭᠣᠯ᠎ᠤᠨ ᠡᠯ᠎ᠡ ᠱᠠᠲᠤᠨ᠎ᠤ ᠬᠣᠣᠷ ᠴᠠᠭ᠋ᠠᠵᠠᠯᠠᠬᠤ ᠰᠠᠯᠠᠭ᠎ᠠ ᠮᠥᠴᠢᠷ᠎ᠤᠨ᠎ᠬᠢᠨ 《ᠴᠣᠬᠢᠯᠲᠠ ᠥᠭᠬᠦ᠂ ᠰᠡᠷᠭᠡᠶ᠋ᠢᠯᠡᠬᠦ᠂ ᠬᠠᠮᠢᠶᠠᠷᠬᠤ᠂ ᠡᠵᠡᠮᠳᠡᠬᠦ᠂ ᠰᠡᠷᠡᠮᠵᠢᠯᠡᠭᠦᠯᠬᠦ᠂ ᠤᠬᠠᠭᠤᠯᠬᠤ》 ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠬᠦ ᠵᠢ ᠪᠠᠷᠢᠮᠲᠠᠯᠠᠵᠤ᠂ 《ᠬᠣᠣᠷ ᠴᠠᠭ᠋ᠠᠵᠠᠯᠠᠨ ᠬᠠᠤᠯᠢ ᠬᠡᠷᠡᠭᠵᠢᠭᠦᠯᠵᠦ᠂ ᠴᠣᠬᠢᠯᠲᠠ ᠥᠭᠭᠦᠨ ᠦᠷ᠎ᠡ ᠪᠥᠲᠦᠮᠵᠢ ᠵᠢ ᠳᠡᠭᠡᠭᠰᠢᠯᠡᠭᠦᠯᠬᠦ᠂ ᠬᠣᠣᠷ ᠴᠠᠭ᠋ᠠᠵᠠᠯᠠᠨ ᠤᠬᠠᠭᠤᠯᠤᠨ ᠬᠥᠮᠥᠵᠢᠭᠦᠯᠵᠦ ᠦᠷ᠎ᠡ ᠠᠰᠢᠭ᠎ᠢ ᠳᠡᠭᠡᠭᠰᠢᠯᠡᠭᠦᠯᠬᠦ᠂ ᠬᠣᠣᠷ ᠲᠠᠲᠠᠬᠤ ᠬᠥᠮᠦᠰ᠎ᠢ ᠬᠠᠮᠢᠶᠠᠷᠤᠨ ᠡᠵᠡᠮᠳᠡᠬᠦ ᠨᠣᠷᠮ᠎ᠠ ᠵᠢ ᠳᠡᠭᠡᠭᠰᠢᠯᠡᠭᠦᠯᠬᠦ ᠪᠠ ᠬᠣᠣᠷᠲᠤ ᠡᠳ᠋᠎ᠤᠨ ᠭᠦᠢ᠍ᠯᠭᠡᠭᠡᠨ᠎ᠤ ᠲᠣᠭ᠎ᠠ ᠬᠡᠮᠵᠢᠶ᠎ᠡ ᠵᠢ ᠪᠠᠭᠤᠷᠠᠭᠤᠯᠬᠤ᠂ ᠬᠣᠣᠷ ᠲᠠᠲᠠᠬᠤ ᠬᠥᠮᠦᠰ᠎ᠤᠨ ᠡᠵᠡᠯᠡᠬᠦ ᠬᠠᠷᠢᠴᠠᠯ᠎ᠢ ᠪᠠᠭ᠋ᠠᠰᠬᠠᠬᠤ》 ᠠᠵᠢᠯ᠎ᠤᠨ ᠪᠠᠶ᠋ᠢᠳᠠᠯ᠎ᠢ ᠪᠠᠲᠤᠯᠠᠵᠤ᠂ ᠰᠢᠨ᠎ᠡ ᠴᠠᠭ ᠦᠶ᠎ᠡ ᠵᠢᠨ ᠬᠣᠣᠷ ᠴᠠᠭ᠋ᠠᠵᠠᠯᠠᠬᠤ ᠠᠷᠠᠳ᠎ᠤᠨ ᠳᠠᠶ᠋ᠢᠨ ᠢᠯᠡᠳᠲᠡ ᠦᠷ᠎ᠡ ᠪᠦᠲᠦᠮᠵᠢ ᠣᠯᠵᠤ᠂ ᠪᠦᠬᠦ ᠣᠷᠣᠨ᠎ᠤ ᠬᠣᠣᠷ ᠴᠠᠭ᠋ᠠᠵᠠᠯᠠᠬᠤ ᠠᠵᠢᠯ᠎ᠤᠨ ᠪᠠᠶ᠋ᠢᠳᠠᠯ᠎ᠢ ᠲᠣᠭᠲᠠᠭᠤᠨ ᠵᠶ᠋ᠠᠷ ᠰᠠᠢ᠌ᠵᠢᠷᠠᠭᠤᠯᠪᠠ᠃

ᠬᠣᠣᠷᠲᠤ ᠡᠳ᠋᠎ᠤᠨ ᠠᠰᠠᠭᠤᠳᠠᠯ᠎ᠢ ᠶᠡᠷᠦᠩᠬᠡᠶ᠋ᠢᠯᠡᠨ ᠵᠠᠰᠠᠬᠤ ᠲᠣᠭᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠪᠡ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠬᠣᠣᠷ ᠴᠠᠭ᠋ᠠᠵᠠᠯᠠᠬᠤ ᠠᠵᠢᠯ᠎ᠢ ᠬᠣᠲᠠ ᠵᠢᠨ ᠬᠡᠪᠴᠢᠶᠡᠨ᠎ᠤ ᠨᠡᠶ᠋ᠢᠭᠡᠮ᠎ᠤᠨ ᠵᠠᠰᠠᠯᠲᠠ ᠵᠢᠨ ᠬᠡᠪᠴᠢᠶᠡᠨ᠎ᠳᠤ ᠣᠷᠣᠭᠤᠯᠵᠤ᠂ ᠠᠮᠤᠷ ᠲᠠᠢ᠌ᠪᠤᠭᠤᠨ ᠪᠠᠶ᠋ᠢᠭᠤᠯᠤᠯᠲᠠ ᠪᠠ ᠪᠣᠯᠪᠠᠰᠤᠨ᠎ᠢ ᠡᠭᠦᠳᠦᠨ ᠪᠠᠶ᠋ᠢᠭᠤᠯᠬᠤ ᠰᠢᠯᠭ᠋ᠠᠨ ᠦᠨᠡᠯᠡᠯᠲᠡ᠎ᠳᠤ ᠵᠢᠭᠰᠠᠭ᠋ᠠᠨ ᠣᠷᠣᠭᠤᠯᠪᠠ; ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠵᠢᠯ ᠪᠦᠷᠢ ᠬᠣᠣᠷ ᠴᠠᠭ᠋ᠠᠵᠠᠯᠠᠬᠤ ᠲᠤᠰᠬᠠᠢ ᠵᠠᠷᠤᠳᠠᠯ᠎ᠢ ᠢᠵᠢ ᠪᠦᠷᠢᠳᠦᠭᠦᠯᠵᠦ᠂ ᠰᠠᠭᠤᠷᠢ ᠪᠡᠯᠡᠳᠬᠡᠮᠵᠢ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠨᠣᠭᠯᠠᠯ᠎ᠤᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ ᠨᠡᠮᠡᠭᠳᠡᠭᠦᠯᠪᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠣᠷ ᠴᠠᠭ᠋ᠠᠵᠠᠯᠠᠬᠤ ᠳᠦᠷᠢᠮ》᠎ᠢ ᠨᠡᠶ᠋ᠢᠲᠡᠯᠡᠨ ᠬᠡᠷᠡᠭᠵᠢᠭᠦᠯᠪᠡ; ᠬᠣᠣᠷ ᠴᠠᠭ᠋ᠠᠵᠠᠯᠠᠬᠤ ᠵᠥᠪᠯᠡᠯ᠎ᠤᠨ ᠪᠦᠷᠢᠯᠳᠦᠬᠦᠨ ᠨᠢᠭᠡᠴᠢ ᠬᠦᠴᠦ᠎ᠪᠠᠨ ᠬᠠᠮᠲᠤᠳᠬᠠᠨ ᠬᠣᠣᠷ ᠴᠠᠭ᠋ᠠᠵᠠᠯᠠᠬᠤ ᠤᠬᠠᠭᠤᠯᠭ᠎ᠠ᠂ ᠬᠣᠣᠷ ᠲᠠᠲᠠᠬᠤ ᠵᠢ ᠵᠣᠭᠰᠤᠭ᠋ᠠᠬᠤ᠂ ᠬᠣᠣᠷ ᠲᠠᠷᠢᠬᠤ ᠵᠢ ᠴᠠᠭ᠋ᠠᠵᠠᠯᠠᠬᠤ ᠵᠡᠷᠭᠡ ᠠᠵᠢᠯ᠎ᠢ ᠠᠬᠢᠭᠤᠯᠪᠠ; ᠨᠡᠶ᠋ᠢᠭᠡᠮ᠎ᠤᠨ᠎ᠬᠢᠨ ᠣᠷᠣᠯᠴᠠᠬᠤ ᠲᠠᠪᠴᠠᠩ᠎ᠢ ᠪᠠᠶ᠋ᠢᠭᠤᠯᠵᠤ᠂ ᠬᠣᠣᠷ ᠴᠠᠭ᠋ᠠᠵᠠᠯᠠᠬᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠪᠠᠢ᠌ᠭᠤᠯᠤᠨ᠂ ᠬᠣᠣᠷᠲᠤ ᠡᠳ᠋᠎ᠤᠨ ᠠᠰᠠᠭᠤᠳᠠᠯ᠎ᠤᠨ ᠶᠡᠷᠦᠩᠬᠡᠶ᠋ᠢᠯᠡᠭᠰᠡᠨ ᠵᠠᠰᠠᠯᠲᠠ ᠵᠢᠨ ᠲᠣᠭᠲᠠᠴᠠ ᠵᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃
ᠬᠣᠣᠷᠲᠤ ᠡᠳ᠋᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠦᠢ᠍ᠯᠡᠳᠦᠯ ᠴᠢᠳᠠᠪᠤᠷᠢ ᠵᠢ ᠶᠡᠬᠡ᠎ᠪᠠᠷ ᠳᠡᠭᠡᠭᠰᠢᠯᠡᠭᠦᠯᠪᠡ᠃ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ ᠭᠣᠣᠯ ᠬᠠᠷᠢᠭᠤᠴᠠᠯᠭ᠎ᠠ ᠵᠢ ᠡᠭᠦᠷᠭᠡᠯᠡᠵᠦ᠂ 《ᠡᠬᠢ ᠰᠤᠷᠪᠤᠯᠵᠢ ᠵᠢ ᠴᠡᠪᠡᠷᠯᠡᠨ ᠤᠷᠤᠰᠬᠠᠯ᠎ᠢ ᠲᠠᠰᠤᠯᠬᠤ》 ᠠᠵᠢᠯᠯᠠᠭ᠎ᠠ᠎ᠪᠠᠷ ᠬᠥᠲᠥᠯᠦᠮᠵᠢ ᠪᠣᠯᠭ᠋ᠠᠵᠤ᠂ ᠰᠢᠤᠳᠠᠨ᠂ ᠪᠣᠭᠣᠮᠲᠠ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠲᠡᠮᠦᠷ ᠵᠠᠮ ᠵᠡᠷᠭᠡ ᠰᠠᠯᠠᠭ᠎ᠠ ᠮᠥᠴᠢᠷ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠬᠣᠣᠷ ᠴᠠᠭ᠋ᠠᠵᠠᠯᠠᠬᠤ᠎ᠳᠤ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠶ᠋ᠢᠳᠠᠯ᠎ᠢ ᠪᠠᠲᠤᠯᠠᠵᠤ᠂ 5 ᠵᠢᠯ᠎ᠳᠤ ᠬᠣᠣᠷᠲᠤ ᠡᠳ᠋᠎ᠤᠨ ᠡᠷᠡᠭᠦᠦ ᠵᠢᠨ ᠬᠡᠷᠡᠭ 2061 ᠵᠢ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ 3540 ᠵᠢ ᠪᠠᠷᠢᠪᠴᠢᠯᠠᠵᠤ᠂ ᠡᠯ᠎ᠡ ᠲᠥᠷᠥᠯ᠎ᠤᠨ ᠬᠣᠣᠷᠲᠤ ᠡᠳ᠋᠎ᠢ 102.3 ᠺᠢᠯᠣᠭ᠌ᠷᠠᠮ ᠣᠯᠵᠠᠯᠠᠪᠠ; ᠡᠯ᠎ᠡ ᠲᠥᠷᠦᠯ᠎ᠤᠨ ᠢᠯᠡᠭᠡᠵᠦ ᠶᠠᠪᠤᠭᠤᠯᠤᠭᠰᠠᠨ ᠪᠠᠷᠠᠭ᠋ᠠᠨ᠎ᠤ ᠭᠦᠢ᠍ᠯᠭᠡᠭᠡᠨ᠎ᠤ ᠬᠣᠣᠷ ᠫᠠᠨᠽᠠᠯᠠᠬᠤ ᠵᠠᠮ᠎ᠢ ᠡᠵᠡᠮᠳᠡᠬᠦ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ 12 ᠠᠶ᠋ᠢᠮᠠᠭ ᠬᠣᠲᠠ ᠵᠢᠨ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ᠎ᠲᠤ ᠬᠣᠣᠷ ᠴᠠᠭ᠋ᠠᠵᠠᠯᠠᠬᠤ ᠠᠵᠢᠯ᠎ᠤᠨ ᠥᠷᠲᠡᠭᠡ ᠵᠢ ᠪᠠᠢ᠌ᠭᠤᠯᠤᠨ᠂ ᠢᠯᠡᠭᠡᠵᠦ ᠶᠠᠪᠤᠭᠤᠯᠬᠤ ᠠᠷᠭ᠎ᠠ ᠵᠠᠮ ᠪᠠ ᠬᠣᠣᠷᠲᠤ ᠡᠳ᠋ᠳᠤ ᠬᠣᠯᠪᠣᠭᠳᠠᠭᠰᠠᠨ ᠰᠦᠪᠡᠭᠴᠢ ᠵᠢ ᠢᠯᠡᠷᠡᠭᠦᠯᠬᠦ ᠴᠢᠳᠠᠪᠤᠷᠢ᠂ ᠬᠣᠣᠷᠲᠤ ᠡᠳ᠋᠎ᠢ ᠫᠠᠨᠽᠠᠯᠠᠨ ᠲᠡᠭᠡᠭᠡᠪᠦᠷᠢᠯᠡᠬᠦ ᠵᠢ ᠪᠠᠢ᠌ᠴᠠᠭ᠋ᠠᠵᠤ ᠪᠠᠷᠢᠪᠴᠢᠯᠠᠵᠤ ᠬᠠᠰᠢᠵᠤ ᠳᠠᠰᠤᠯᠬᠤ ᠦᠷ᠎ᠡ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠵᠦ᠂ ᠢᠯᠡᠷᠡᠭᠦᠯᠦᠭᠰᠡᠨ ᠬᠣᠣᠷᠲᠤ ᠡᠳ᠋᠎ᠤᠨ ᠬᠡᠷᠡᠭ᠎ᠤᠨ ᠲᠣᠭ᠎ᠠ᠎ᠨᠢ ᠪᠦᠬᠦ ᠬᠡᠷᠡᠭ᠎ᠤᠨ ᠶᠡᠷᠦᠩᠬᠡᠢ ᠲᠣᠭ᠎ᠠ ᠵᠢᠨ 18.5% ᠵᠢ ᠡᠵᠡᠯᠡᠪᠡ᠃
ᠪᠦᠬᠦ ᠠᠷᠠᠳ᠎ᠤᠨ ᠬᠣᠣᠷ ᠴᠠᠭ᠋ᠠᠵᠠᠯᠠᠬᠤ ᠤᠬᠠᠭᠤᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠶᠡᠬᠡ᠎ᠪᠠᠷ ᠥᠷᠭᠡᠳᠬᠡᠪᠡ᠃ ᠵᠠᠯᠠᠭᠤᠴᠤᠳ ᠪᠠᠭ᠋ᠠᠴᠤᠳ ᠵᠶ᠋ᠠᠷ ᠭᠣᠣᠯᠳᠠᠯᠭ᠎ᠠ ᠪᠣᠯᠭ᠋ᠠᠵᠤ᠂ ᠪᠦᠬᠦ ᠣᠷᠣᠨ᠎ᠤ 2800 ᠭᠠᠷᠤᠢ ᠰᠤᠷᠭ᠋ᠠᠭᠤᠯᠢ᠎ᠳᠤ ᠬᠣᠣᠷ ᠴᠠᠭ᠋ᠠᠵᠠᠯᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠪᠠᠢ᠌ᠩᠭᠤ ᠥᠷᠨᠢᠭᠦᠯᠵᠦ᠂ 130 ᠭᠠᠷᠤᠢ ᠲᠦᠮᠡᠨ ᠰᠤᠷᠤᠭᠴᠢ ᠵᠢ ᠵᠣᠬᠢᠶᠠᠨ ᠪᠠᠶ᠋ᠢᠭᠤᠯᠵᠤ᠂ 《ᠵᠠᠯᠠᠭᠤᠴᠤᠳ ᠪᠠᠭ᠋ᠠᠴᠤᠳ᠎ᠤᠨ ᠬᠣᠣᠷᠲᠤ ᠡᠳ᠋᠎ᠢ ᠰᠡᠷᠭᠡᠶ᠋ᠢᠯᠡᠬᠦ ᠬᠥᠮᠦᠵᠢᠯ᠎ᠤᠨ ᠲᠠᠪᠴᠠᠩ》 ᠵᠶ᠋ᠠᠷ ᠳᠠᠮᠵᠢᠭᠤᠯᠤᠨ ᠬᠣᠣᠷ ᠴᠠᠭ᠋ᠠᠵᠠᠯᠠᠬᠤ ᠮᠡᠳᠡᠯᠭᠡ ᠵᠢ ᠰᠤᠷᠤᠯᠴᠠᠭᠤᠯᠵᠤ᠂ ᠰᠤᠷᠤᠯᠴᠠᠯᠭ᠎ᠠ᠎ᠳᠤ ᠣᠷᠣᠯᠴᠠᠭᠰᠠᠨ ᠨᠣᠷᠮ᠎ᠠ 90%᠎ᠠᠴᠠ ᠳᠡᠭᠡᠭᠰᠢ ᠪᠣᠯᠪᠠ; ᠡᠯ᠎ᠡ ᠲᠥᠷᠥᠯ᠎ᠤᠨ ᠬᠣᠣᠷ ᠴᠠᠭ᠋ᠠᠵᠠᠯᠠᠬᠤ ᠤᠬᠠᠭᠤᠯᠭ᠎ᠠ ᠬᠥᠮᠦᠵᠢᠯ᠎ᠤᠨ ᠰᠠᠭᠤᠷᠢᠨ ᠭᠠᠵᠠᠷ 128᠂ 《ᠪᠦᠬᠦ ᠤᠯᠤᠰ᠎ᠤᠨ ᠬᠣᠣᠷ ᠴᠠᠭ᠋ᠠᠵᠠᠯᠠᠬᠤ ᠤᠬᠠᠭᠤᠯᠭ᠎ᠠ ᠬᠥᠮᠦᠵᠢᠯ᠎ᠤᠨ ᠰᠠᠭᠤᠷᠢᠨ ᠭᠠᠵᠠᠷ》 1 ᠵᠢ ᠪᠠᠶ᠋ᠢᠭᠤᠯᠪᠠ; ᠡᠭᠦᠨ᠎ᠤ ᠬᠠᠮᠲᠤ 《ᠲᠠᠪᠤ ᠵᠢ ᠨᠢᠭᠡ ᠴᠣᠭᠴᠠᠵᠢᠭᠤᠯᠬᠤ》 ᠬᠣᠣᠷ ᠴᠠᠭ᠋ᠠᠵᠠᠯᠠᠬᠤ ᠰᠢᠨ᠎ᠡ ᠵᠠᠭᠤᠴᠢᠯᠠᠭᠤᠷ᠎ᠤᠨ ᠰᠦᠯᠵᠢᠶᠡᠨ᠎ᠳᠠᠬᠢ ᠲᠠᠪᠴᠠᠩ᠎ᠳᠤ ᠲᠦᠰᠢᠭᠯᠡᠨ ᠬᠣᠣᠷ ᠴᠠᠭ᠋ᠠᠵᠠᠯᠠᠬᠤ ᠮᠡᠳᠡᠭᠡ ᠵᠠᠩᠭᠢ ᠵᠢ ᠨᠡᠪᠲᠡᠷᠡᠭᠦᠯᠵᠦ᠂ ᠬᠣᠣᠷ ᠴᠠᠭ᠋ᠠᠵᠠᠯᠠᠬᠤ ᠮᠡᠳᠡᠯᠭᠡ ᠵᠢᠨ ᠲᠠᠶ᠋ᠢᠯᠤᠮᠵᠢ ᠬᠢᠪᠡ; ᠬᠣᠣᠷ ᠴᠠᠭ᠋ᠠᠵᠠᠯᠠᠬᠤ ᠵᠢ ᠲᠣᠭᠣᠷᠢᠵᠤ ᠤᠬᠠᠭᠤᠯᠤᠨ ᠲᠠᠶ᠋ᠢᠯᠪᠤᠷᠢᠯᠠᠬᠤ᠂ ᠬᠣᠣᠷ ᠴᠠᠭ᠋ᠠᠵᠠᠯᠠᠬᠤ ᠬᠠᠤᠯᠢ ᠵᠢ ᠲᠦᠭᠡᠮᠡᠯᠵᠢᠭᠦᠯᠬᠦ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠡᠷᠭᠡ ᠰᠦᠯᠵᠢᠶᠡᠨ ᠭᠠᠳᠠᠨᠠᠬᠢ ᠲᠣᠮᠣ ᠬᠡᠯᠪᠡᠷᠢᠲᠦ ᠤᠬᠠᠭᠤᠯᠭ᠎ᠠ ᠵᠢᠨ ᠠᠵᠢᠯᠯᠠᠭ᠎ᠠ ᠵᠢ 400 ᠭᠠᠷᠤᠢ ᠲᠠᠯᠠᠪᠤᠷ (ᠤᠳᠠᠭ᠎ᠠ) ᠥᠷᠨᠢᠭᠦᠯᠵᠦ᠂ ᠠᠷᠠᠳ ᠣᠯᠠᠨ᠎ᠤ ᠬᠣᠣᠷᠲᠤ ᠡᠳ᠋᠎ᠢ ᠲᠠᠨᠢᠵᠤ ᠬᠣᠣᠷᠲᠤ ᠡᠳ᠋᠎ᠢ ᠰᠡᠷᠭᠡᠶ᠋ᠢᠯᠡᠬᠦ ᠤᠬᠠᠮᠰᠠᠷ᠎ᠢ ᠢᠯᠡᠳᠲᠡ ᠴᠢᠩᠭ᠋ᠠᠳᠬᠠᠪᠠ᠃
ᠬᠣᠣᠷ ᠲᠠᠲᠠᠭᠴᠢᠳᠢ ᠬᠠᠮᠢᠶᠠᠷᠤᠨ ᠡᠵᠡᠮᠳᠡᠵᠦ ᠬᠠᠪᠰᠤᠷᠤᠨ ᠲᠡᠳᠬᠦᠬᠦ ᠰᠠᠭᠤᠷᠢ ᠵᠢ ᠬᠦᠴᠦᠲᠡᠢ ᠪᠠᠲᠤᠳᠬᠠᠪᠠ᠃ 《ᠬᠣᠣᠷ ᠲᠠᠲᠠᠭᠴᠢᠳᠢ ᠬᠦᠯᠢᠶᠡᠨ ᠠᠪᠴᠤ ᠡᠮᠨᠡᠨ ᠵᠠᠰᠠᠬᠤ》 ᠠᠵᠢᠯᠯᠠᠭ᠎ᠠ᠎ᠠᠴᠠ ᠭᠠᠷᠳᠠᠵᠤ ᠂ ᠨᠢᠭᠤᠭᠳᠠᠮᠠᠯ ᠬᠣᠣᠷ ᠲᠠᠲᠠᠭᠴᠢᠳᠢ ᠬᠠᠮᠤᠭ᠎ᠤᠨ ᠶᠡᠬᠡ ᠬᠡᠮᠵᠢᠶ᠎ᠡ᠎ᠪᠠᠷ ᠵᠢᠭᠰᠠᠭ᠋ᠠᠨ ᠪᠠᠶ᠋ᠢᠴᠠᠭ᠋ᠠᠵᠤ᠂ ᠪᠦᠬᠦ ᠣᠷᠣᠨ᠎ᠤ ᠣᠳᠣ ᠪᠠᠶ᠋ᠢᠭ᠎ᠠ ᠬᠣᠣᠷ ᠲᠠᠲᠠᠭᠴᠢᠳ 2019 ᠣᠨ᠎ᠤ 2.9 ᠲᠦᠮᠡᠨ ᠬᠥᠮᠦᠨ᠎ᠠᠴᠠ ᠬᠠᠰᠤᠭᠳᠠᠨ᠂ 9875 ᠬᠥᠮᠦᠨ ᠪᠣᠯᠪᠠ; 《ᠬᠣᠣᠷ ᠲᠠᠲᠠᠬᠤ ᠵᠢ ᠴᠠᠭ᠋ᠠᠵᠠᠯᠠᠬᠤ ᠰᠠᠭᠤᠷᠢ ᠵᠢᠯ》᠎ᠤᠨ ᠪᠠᠶ᠋ᠢᠭᠤᠯᠤᠯᠲᠠ ᠵᠢ ᠠᠬᠢᠭᠤᠯᠵᠤ᠂ ᠡᠮ ᠵᠶ᠋ᠠᠷ ᠡᠮᠨᠡᠨ ᠵᠠᠰᠠᠬᠤ ᠵᠢ ᠪᠠᠷᠢᠮᠲᠠᠯᠠᠬᠤ ᠪᠠ ᠠᠯᠪᠠᠳᠠᠯᠭ᠎ᠠ᠎ᠪᠠᠷ ᠲᠤᠰᠠᠭ᠋ᠠᠷᠯᠠᠵᠤ ᠬᠣᠣᠷ ᠲᠠᠲᠠᠬᠤ ᠵᠢ ᠵᠣᠭᠰᠣᠭ᠋ᠠᠬᠤ᠂ ᠨᠡᠶ᠋ᠢᠭᠡᠮ ᠲᠣᠭᠣᠷᠢᠭ᠎ᠤᠨ ᠬᠣᠣᠷ ᠲᠠᠲᠠᠬᠤ ᠵᠢ ᠵᠣᠭᠰᠣᠭ᠋ᠠᠬᠤ ᠵᠢ ᠵᠠᠪᠰᠠᠷ ᠦᠭᠡᠢ ᠵᠣᠯᠭ᠋ᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠬᠣᠣᠷ ᠴᠠᠭ᠋ᠠᠵᠠᠯᠠᠬᠤ ᠲᠤᠰᠬᠠᠢ ᠲᠤᠰᠢᠶᠠᠯ᠎ᠤᠨ ᠪᠠ ᠲᠤᠰᠢᠶᠠᠯ ᠬᠠᠪᠰᠤᠷᠭ᠋ᠠᠭᠰᠠᠨ ᠨᠡᠶ᠋ᠢᠭᠡᠮ᠎ᠤᠨ ᠠᠵᠢᠯ᠎ᠤᠨ ᠡᠩᠨᠡᠭᠡ ᠵᠢ ᠬᠥᠭᠵᠢᠭᠦᠯᠵᠦ᠂ ᠬᠣᠣᠷ ᠴᠠᠭ᠋ᠠᠵᠠᠯᠠᠬᠤ ᠲᠤᠰᠬᠠᠢ ᠵᠠᠩᠭᠢᠯᠠᠭ᠎ᠠ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠪᠠ; 《ᠠᠮᠤᠷ ᠲᠦᠪᠰᠢᠨ ᠪᠠ ᠬᠠᠶ᠋ᠢᠷ᠎ᠠ ᠬᠠᠯᠠᠮᠵᠢ》 ᠭᠡᠬᠦ ᠠᠵᠢᠯᠯᠠᠭ᠎ᠠ ᠵᠢ ᠭᠦᠨᠵᠡᠭᠡᠶ᠋ᠢᠷᠡᠭᠦᠯᠵᠦ᠂ ᠵᠡᠭᠡᠯᠢ ᠭᠤᠳᠤᠮᠵᠢ (ᠰᠢᠶᠠᠩ ᠪᠠᠯᠭ᠋ᠠᠰᠤ) ᠵᠢ ᠵᠣᠬᠢᠶᠠᠨ ᠪᠠᠶ᠋ᠢᠭᠤᠯᠤᠨ ᠬᠣᠣᠷ ᠲᠠᠲᠠᠬᠤ ᠵᠢ ᠵᠣᠭᠰᠣᠭ᠋ᠠᠵᠤ ᠡᠷᠡᠭᠦᠯᠵᠢᠭᠦᠯᠬᠦ ᠠᠵᠢᠯᠲᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠥᠷᠨᠢᠭᠦᠯᠵᠦ᠂ ᠬᠣᠣᠷ ᠲᠠᠲᠠᠭᠴᠢᠳ ᠵᠢᠴᠢ ᠲᠡᠳᠡᠨ᠎ᠤ ᠭᠡᠷ ᠪᠦᠯᠢ ᠵᠢᠨ ᠪᠦᠷᠢᠯᠳᠦᠬᠦᠨ᠎ᠢ 9028 ᠬᠥᠮᠦᠨ ᠤᠳᠠᠭ᠎ᠠ ᠬᠠᠪᠰᠤᠷᠤᠨ ᠳᠡᠳᠬᠦᠪᠡ᠃
ᠬᠣᠣᠷᠲᠤ ᠡᠳ᠋ᠳᠤ ᠬᠣᠯᠪᠣᠭᠳᠠᠭᠰᠠᠨ ᠠᠶᠤᠯ ᠲᠦᠭᠰᠢᠭᠦᠷᠢ ᠵᠢᠨ ᠳᠠᠯᠳᠠ ᠭᠡᠮ᠎ᠢ ᠰᠡᠷᠭᠡᠶ᠋ᠢᠯᠡᠨ ᠡᠵᠡᠮᠳᠡᠬᠦ ᠬᠠᠯᠬᠠᠪᠴᠢ ᠵᠢ ᠦᠷᠭᠦᠯᠵᠢᠯᠡᠨ ᠪᠠᠲᠤᠳᠬᠠᠪᠠ᠃ ᠥᠪᠥᠷ ᠮᠣᠩᠭᠣᠯ᠎ᠤᠨ ᠨᠤᠲᠤᠭ ᠳᠡᠪᠢᠰᠬᠡᠷ᠎ᠤᠨ ᠣᠨᠴᠠᠯᠢᠭ᠎ᠲᠠᠢ ᠤᠶᠠᠯᠳᠤᠭᠤᠯᠤᠨ᠂ ᠬᠣᠣᠷᠲᠤ ᠡᠳ᠋᠎ᠤᠨ ᠪᠠᠶ᠋ᠢᠳᠠᠯ᠎ᠢ ᠬᠢᠨᠠᠨ ᠰᠢᠯᠭ᠋ᠠᠵᠤ ᠤᠷᠢᠳᠴᠢᠯᠠᠨ ᠰᠡᠷᠡᠮᠵᠢᠯᠡᠭᠦᠯᠬᠦ ᠳᠣᠭᠲᠠᠯᠴᠠᠭ᠎ᠠ ᠵᠢ ᠲᠡᠭᠦᠯᠳᠡᠷᠵᠢᠭᠦᠯᠵᠦ᠂ ᠬᠢᠨᠠᠨ ᠰᠢᠯᠭ᠋ᠠᠭᠰᠠᠨ ᠲᠣᠭ᠎ᠠ ᠪᠠᠷᠢᠮᠲᠠ᠎ᠨᠢ ᠬᠡᠪ᠎ᠤᠨ ᠪᠤᠰᠤ ᠭᠠᠵᠠᠷ ᠣᠷᠣᠨ᠎ᠢ ᠡᠬᠢ ᠡᠭᠦᠰᠦᠯ ᠠᠴᠠ᠎ᠨᠢ ᠪᠠᠶ᠋ᠢᠴᠠᠭ᠋ᠠᠬᠤ᠂ ᠴᠣᠬᠢᠯᠲᠠ ᠥᠭᠬᠦ᠂ ᠵᠠᠰᠠᠬᠤ ᠠᠵᠢᠯ᠎ᠤᠨ ᠪᠢᠲᠡᠭᠦᠦ ᠴᠠᠭ᠋ᠠᠷᠢᠭ᠎ᠢ ᠪᠣᠢ ᠪᠣᠯᠭ᠋ᠠᠪᠠ; ᠳᠣᠲᠣᠭ᠋ᠠᠳᠤ ᠵᠢ ᠬᠠᠮᠠᠭ᠋ᠠᠯᠠᠬᠤ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ᠎ᠬᠢᠨ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠬᠠᠮᠵᠢᠨ ᠬᠠᠮᠲᠤᠷᠠᠯᠴᠠᠵᠤ᠂ ᠬᠣᠣᠷᠲᠤ ᠡᠳ᠋ ᠦᠢ᠍ᠯᠡᠳᠬᠦ᠎ᠳᠤ ᠠᠮᠠᠷᠬᠠᠨ ᠬᠢᠮᠢ ᠵᠢᠨ ᠪᠣᠳᠠᠰ᠎ᠤᠨ ᠠᠵᠢᠯ ᠲᠥᠷᠥᠯ᠂ ᠲᠥᠬᠥᠭᠡᠷᠦᠮᠵᠢ ᠵᠢᠨ ᠬᠢᠨᠠᠯᠲᠠ ᠬᠠᠮᠢᠶᠠᠷᠤᠯᠲᠠ ᠵᠢ ᠬᠠᠤᠯᠢ ᠶᠣᠰᠣᠭ᠋ᠠᠷ ᠴᠢᠩᠭ᠋ᠠᠳᠬᠠᠵᠤ᠂ ᠪᠦᠬᠦ ᠣᠷᠣᠨ᠎ᠤ ᠬᠣᠣᠷᠲᠤ ᠡᠳ᠋ ᠦᠢ᠍ᠯᠡᠳᠬᠦ᠎ᠳᠤ ᠠᠮᠠᠷᠬᠠᠨ ᠬᠢᠮᠢ ᠵᠢᠨ ᠪᠣᠳᠠᠰ᠎ᠢ ᠬᠠᠮᠢᠶᠠᠷᠤᠨ ᠡᠵᠡᠮᠳᠡᠬᠦ ᠨᠣᠷᠮ᠎ᠠ ᠵᠢ 100% ᠬᠦᠷᠭᠡᠪᠡ; ᠳᠠᠭ᠋ᠠᠭᠤᠯᠢ ᠣᠳᠣᠨ᠎ᠤ ᠠᠯᠤᠰ ᠰᠡᠷᠡᠯ᠂ ᠵᠢᠯᠣᠭᠣᠴᠢ ᠦᠭᠡᠢ ᠨᠢᠰᠬᠡᠯ ᠵᠶ᠋ᠠᠷ ᠠᠭ᠋ᠠᠷ ᠠᠴᠠ ᠰᠡᠭᠦᠳᠡᠷᠯᠡᠬᠦ ᠵᠡᠷᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠷᠭ᠎ᠠ ᠪᠠᠷᠢᠯ ᠵᠶ᠋ᠠᠷ ᠬᠣᠣᠷ ᠲᠠᠷᠢᠬᠤ ᠵᠢ ᠴᠠᠭ᠋ᠠᠵᠠᠯᠠᠵᠤ ᠬᠣᠣᠷᠲᠤ ᠡᠳ᠋᠎ᠢ ᠠᠷᠢᠯᠭ᠋ᠠᠬᠤ ᠠᠵᠢᠯᠯᠠᠭ᠎ᠠ ᠵᠢ ᠥᠷᠨᠢᠭᠦᠯᠵᠦ᠂ ᠲᠠᠪᠤᠨ ᠵᠢᠯ᠎ᠳᠤ ᠬᠣᠣᠷᠲᠤ ᠡᠳ᠋᠎ᠤᠨ ᠤᠤᠯ ᠤᠷᠭᠤᠮᠠᠯ᠎ᠢ ᠶᠡᠬᠡ ᠬᠡᠪᠴᠢᠶ᠎ᠡ᠎ᠪᠠᠷ ᠲᠠᠷᠢᠬᠤ ᠠᠰᠠᠭᠤᠳᠠᠯ᠎ᠢ ᠢᠯᠡᠷᠡᠭᠦᠯᠦᠭᠰᠡᠨ ᠦᠭᠡᠢ᠃

ᠰᠤᠷᠪᠤᠯᠵᠢᠯᠠᠭᠴᠢ᠄ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠰᠤᠷᠭ᠋ᠠᠭᠤᠯᠢ᠎ᠳᠤ ᠬᠣᠣᠷᠲᠤ ᠡᠳ᠋᠎ᠢ ᠰᠡᠷᠭᠡᠶ᠋ᠢᠯᠡᠬᠦ ᠬᠥᠮᠦᠵᠢᠯ ᠬᠢᠬᠦ ᠠᠵᠢᠯ᠎ᠤᠨ ᠶᠠᠪᠤᠴᠠ᠎ᠳᠤ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ?

ᠵᠠᠩ ᠵᠢᠶᠦ᠋ᠨ ᠰᠢ᠄ ᠪᠢᠳᠡ ᠰᠤᠷᠭ᠋ᠠᠭᠤᠯᠢ᠎ᠳᠤ ᠬᠣᠣᠷᠲᠤ ᠡᠳ᠋᠎ᠢ ᠰᠡᠷᠭᠡᠶ᠋ᠢᠯᠡᠬᠦ ᠬᠥᠮᠦᠵᠢᠯ᠎ᠤᠨ ᠤᠳᠤᠷᠢᠳᠬᠤ ᠪᠠᠶ᠋ᠢᠭᠤᠯᠤᠮᠵᠢ ᠪᠣᠯᠤᠨ ᠬᠠᠷᠢᠭᠤᠴᠠᠬᠤ ᠳᠣᠭᠲᠠᠯᠴᠠᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠬᠥᠮᠦᠨ ᠪᠦᠬᠦᠨ ᠬᠣᠣᠷ ᠴᠠᠭ᠋ᠠᠵᠠᠯᠠᠬᠤ᠎ᠳᠤ ᠣᠷᠣᠯᠴᠠᠬᠤ》 ᠬᠣᠣᠷᠲᠤ ᠡᠳ᠋᠎ᠢ ᠰᠡᠷᠭᠡᠶ᠋ᠢᠯᠡᠬᠦ ᠬᠥᠮᠦᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠠᠢ᠌ᠭᠤᠯᠪᠠ᠃ ᠬᠣᠣᠷᠲᠤ ᠡᠳ᠋᠎ᠢ ᠰᠡᠷᠭᠡᠶ᠋ᠢᠯᠡᠬᠦ ᠬᠥᠮᠦᠵᠢᠯ᠎ᠢ ᠬᠢᠴᠢᠶᠡᠯ᠎ᠤᠨ ᠲᠠᠩᠬᠢᠮ᠎ᠳᠤ ᠣᠷᠣᠭᠤᠯᠬᠤ ᠵᠢ ᠶᠡᠬᠡ᠎ᠪᠠᠷ ᠠᠬᠢᠭᠤᠯᠵᠤ᠂ ᠬᠣᠣᠷᠲᠤ ᠡᠳ᠋᠎ᠢ ᠰᠡᠷᠭᠡᠶ᠋ᠢᠯᠡᠬᠦ ᠬᠥᠮᠦᠵᠢᠯ᠎ᠤᠨ ᠪᠦᠲᠦᠮᠵᠢᠲᠡᠢ ᠠᠷᠭ᠎ᠠ ᠵᠠᠮ ᠪᠠ ᠠᠷᠭ᠎ᠠ ᠪᠠᠷᠢᠯ᠎ᠢ ᠰᠦᠪᠡᠭᠴᠢᠯᠡᠪᠡ᠃ ᠬᠣᠣᠷᠲᠤ ᠡᠳ᠋᠎ᠢ ᠰᠡᠷᠭᠡᠶ᠋ᠢᠯᠡᠬᠦ ᠲᠤᠰᠬᠠᠢ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠳᠤ 《ᠵᠠᠯᠠᠭᠤ ᠨᠠᠰᠤ ᠬᠤᠷᠠᠨ ᠴᠤᠭᠯᠠᠷᠠᠵᠤ ᠬᠣᠣᠷᠲᠤ ᠡᠳ᠋ ᠦᠭᠡᠢ ᠤᠮᠠᠷᠠᠲᠤ ᠬᠢᠯᠢ ᠵᠢ ᠴᠣᠭᠴᠠᠯᠠᠶ᠎ᠠ》 ᠭᠡᠬᠦ ᠰᠢᠷᠢᠰ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ 1 ᠶᠡᠬᠡ ᠳᠡᠭᠡᠳᠦ ᠰᠤᠷᠭ᠋ᠠᠭᠤᠯᠢ ᠥᠪᠡᠷᠲᠡᠭᠡᠨ ᠵᠠᠰᠠᠬᠤ ᠣᠷᠣᠨ᠎ᠤ ᠬᠣᠣᠷᠲᠤ ᠡᠳ᠋᠎ᠢ ᠴᠠᠭ᠋ᠠᠵᠠᠯᠠᠬᠤ ᠬᠥᠮᠦᠵᠢᠯ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ᠂ 8 ᠶᠡᠬᠡ ᠳᠡᠭᠡᠳᠦ ᠰᠤᠷᠭ᠋ᠠᠭᠤᠯᠢ ᠤᠮᠠᠷᠠᠲᠤ ᠬᠢᠯᠢ ᠵᠢᠨ ᠬᠣᠣᠷᠲᠤ ᠡᠳ᠋᠎ᠢ ᠴᠠᠭ᠋ᠠᠵᠠᠯᠠᠬᠤ ᠰᠠᠶ᠋ᠢᠨ ᠳᠤᠷᠠᠴᠤᠤᠯ᠎ᠤᠨ ᠦᠢ᠍ᠯᠡᠴᠢᠯᠡᠭᠡᠨ᠎ᠤ ᠠᠩᠭᠢ ᠵᠢ ᠪᠠᠢ᠌ᠭᠤᠯᠤᠨ᠂ ᠴᠢᠬᠤᠯᠠ ᠵᠠᠩᠭᠢᠯᠠᠭ᠎ᠠ ᠵᠢᠨ ᠦᠶ᠎ᠡ᠎ᠳᠤ ᠰᠤᠷᠭ᠋ᠠᠭᠤᠯᠢ ᠵᠢᠨ ᠬᠦᠷᠢᠶᠡᠨ᠎ᠳᠤ ᠬᠣᠣᠷ ᠴᠠᠭ᠋ᠠᠵᠠᠯᠠᠬᠤ ᠭᠣᠣᠯ ᠰᠡᠳᠦᠪᠲᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠪᠠ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠪᠡ᠃ ᠬᠣᠣᠷᠲᠤ ᠡᠳ᠋᠎ᠢ ᠤᠷᠢᠳᠴᠢᠯᠠᠨ ᠰᠡᠷᠭᠡᠶ᠋ᠢᠯᠡᠬᠦ ᠬᠥᠮᠦᠵᠢᠯ᠎ᠤᠨ ᠠᠵᠢᠯ᠎ᠤᠨ ᠬᠠᠮ ᠬᠦᠴᠦᠨ᠎ᠢ ᠦᠷᠭᠦᠯᠵᠢᠯᠡᠨ ᠴᠢᠩᠭ᠋ᠠᠳᠬᠠᠵᠤ᠂ ᠡᠯ᠎ᠡ ᠭᠠᠵᠠᠷ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ᠎ᠬᠢᠨ ᠰᠤᠷᠭ᠋ᠠᠭᠤᠯᠢ ᠵᠢᠨ ᠪᠠᠭᠰᠢ᠂ ᠬᠠᠤᠯᠢ᠎ᠪᠠᠷ ᠵᠠᠰᠠᠬᠤ ᠳᠡᠳ᠋ ᠵᠠᠬᠢᠷᠤᠯ ᠪᠠ ᠰᠤᠷᠭ᠋ᠠᠭᠤᠯᠢ ᠵᠢᠨ ᠭᠠᠳᠠᠨᠠᠬᠢ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠎ᠢ ᠪᠠᠭᠲᠠᠭ᠋ᠠᠭᠰᠠᠨ ᠬᠣᠣᠷᠲᠤ ᠡᠳ᠋᠎ᠢ ᠤᠷᠢᠳᠴᠢᠯᠠᠨ ᠰᠡᠷᠭᠡᠶ᠋ᠢᠯᠡᠬᠦ ᠬᠥᠮᠦᠵᠢᠯ᠎ᠤᠨ ᠪᠠᠭᠰᠢ ᠵᠢᠨ ᠬᠦᠴᠦᠨ᠎ᠢ ᠢᠳᠡᠪᠬᠢᠲᠡᠢ ᠪᠠᠶ᠋ᠢᠭᠤᠯᠵᠤ᠂ ᠬᠣᠣᠷᠲᠤ ᠡᠳ᠋᠎ᠢ ᠤᠷᠢᠳᠴᠢᠯᠠᠨ ᠰᠡᠷᠭᠡᠶ᠋ᠢᠯᠡᠬᠦ ᠬᠥᠮᠦᠵᠢᠯ᠎ᠢ ᠥᠷᠨᠢᠭᠦᠯᠬᠦ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃
ᠰᠤᠷᠪᠤᠯᠵᠢᠯᠠᠭᠴᠢ ᠄ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠣᠭ᠋ᠠᠬᠤ ᠪᠠᠶ᠋ᠢᠭᠤᠯᠭ᠎ᠠ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠨ ᠵᠠᠰᠠᠬᠤ᠂ ᠡᠭᠦᠷᠭᠡ ᠴᠢᠳᠠᠮᠵᠢᠲᠤ ᠦᠢ᠍ᠯᠡᠳᠦᠯ ᠵᠶ᠋ᠠᠨ ᠶᠠᠭ᠋ᠠᠬᠢᠵᠤ ᠪᠠᠳᠠᠷᠠᠭᠤᠯᠤᠭᠰᠠᠨ ᠪᠤᠢ?

ᠫᠠᠨ ᠲᠤᠤ᠄ ᠣᠶ᠋ᠢᠷ᠎ᠠ ᠵᠢᠨ ᠵᠢᠯ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ ᠬᠠᠤᠯᠢ ᠴᠠᠭ᠋ᠠᠵᠠ ᠵᠢᠨ ᠶᠠᠮᠤᠨ᠎ᠤ ᠬᠣᠣᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠳᠣᠪᠴᠢᠶᠠᠨ᠎ᠤ ᠠᠯᠪᠠᠳᠠᠨ ᠲᠤᠰᠠᠭ᠋ᠠᠷᠯᠠᠵᠤ ᠬᠣᠣᠷ ᠲᠠᠲᠠᠬᠤ ᠵᠢ ᠵᠣᠭᠰᠣᠭ᠋ᠠᠬᠤ᠎ᠪᠠᠷ ᠭᠣᠣᠯ ᠴᠣᠭᠴᠠ ᠪᠣᠯᠭ᠋ᠠᠵᠤ᠂ ᠬᠣᠣᠷ ᠲᠠᠲᠠᠬᠤ ᠵᠢ ᠵᠣᠭᠰᠣᠭ᠋ᠠᠨ ᠡᠷᠡᠭᠦᠯᠵᠢᠭᠦᠯᠬᠦ ᠪᠠ ᠨᠡᠶ᠋ᠢᠭᠡᠮ ᠲᠣᠭᠣᠷᠢᠭ᠎ᠤᠨ ᠬᠣᠣᠷ ᠲᠠᠲᠠᠬᠤ ᠵᠢ ᠵᠣᠭᠰᠣᠭ᠋ᠠᠬᠤ᠂ ᠨᠡᠶ᠋ᠢᠭᠡᠮ ᠲᠣᠭᠣᠷᠢᠭ᠎ᠤᠨ ᠡᠷᠡᠭᠦᠯᠵᠢᠭᠦᠯᠬᠦ᠎ᠪᠠᠷ ᠬᠣᠶᠠᠷ ᠵᠢᠭᠦᠷ ᠪᠣᠯᠭ᠋ᠠᠭᠰᠠᠨ 《ᠨᠢᠭᠡ ᠴᠣᠭᠴᠠ ᠬᠣᠶᠠᠷ ᠵᠢᠭᠦᠷ》᠎ᠤᠨ ᠠᠵᠢᠯ᠎ᠤᠨ ᠪᠠᠶ᠋ᠢᠷᠢᠰᠢᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠣᠲᠣᠭ᠋ᠠᠳᠤ᠎ᠳᠤ᠎ᠪᠠᠨ ᠨᠠᠷᠢᠨ ᠬᠢᠨᠠᠮᠠᠭ᠋ᠠᠢ ᠬᠥᠮᠦᠵᠢᠭᠦᠯᠵᠦ ᠴᠡᠭᠡᠷᠯᠡᠨ ᠵᠠᠰᠠᠬᠤ ᠠᠵᠢᠯ᠎ᠢ ᠰᠠᠶ᠋ᠢᠲᠤᠷ ᠬᠢᠵᠦ᠂ ᠬᠣᠣᠷ ᠲᠠᠲᠠᠬᠤ ᠵᠢ ᠵᠣᠭᠰᠣᠭ᠋ᠠᠬᠤ ᠠᠵᠢᠯ᠎ᠢ ᠨᠡᠢ᠌ᠭᠡᠮᠴᠢᠯᠡᠬᠦ ᠵᠢ ᠢᠳᠡᠪᠬᠢᠲᠡᠢ ᠰᠦᠪᠡᠭᠴᠢᠯᠡᠨ᠂ ᠬᠣᠣᠷ ᠴᠠᠭ᠋ᠠᠵᠠᠯᠠᠬᠤ ᠪᠠ ᠨᠡᠶ᠋ᠢᠭᠡᠮ᠎ᠤᠨ ᠶᠡᠷᠦᠩᠬᠡᠶ᠋ᠢᠯᠡᠨ ᠵᠠᠰᠠᠬᠤ ᠶᠡᠬᠡ ᠲᠠᠯ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠬᠠᠪᠠ᠃
ᠬᠥᠮᠦᠨ ᠵᠶ᠋ᠠᠷ ᠦᠨᠳᠦᠰᠦ ᠪᠣᠯᠭ᠋ᠠᠵᠤ᠂ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠨ ᠵᠠᠰᠠᠵᠤ᠂ ᠳᠣᠲᠣᠭ᠋ᠠᠳᠤ᠎ᠳᠤ᠎ᠪᠠᠨ ᠰᠡᠷᠭᠡᠶ᠋ᠢᠯᠡᠨ ᠵᠠᠰᠠᠬᠤ ᠰᠢᠨ᠎ᠡ ᠵᠠᠭᠪᠤᠷ᠎ᠢ ᠰᠦᠪᠡᠭᠴᠢᠯᠡᠵᠦ᠂ ᠣᠷᠣᠨ ᠪᠦᠰᠡ᠎ᠳᠤ ᠬᠤᠪᠢᠶᠠᠷᠢᠯᠠᠨ ᠪᠠᠢ᠌ᠷᠢᠯᠠᠭᠤᠯᠬᠤ᠂ ᠲᠤᠰᠬᠠᠢ ᠮᠡᠷᠭᠡᠵᠢᠯ᠎ᠤᠨ ᠬᠣᠷᠢᠭᠯᠠᠨ ᠵᠠᠰᠠᠬᠤ᠂ ᠡᠮᠴᠢᠯᠡᠭᠡ ᠰᠤᠷᠭ᠋ᠠᠨ ᠬᠥᠮᠦᠵᠢᠯ᠎ᠢ ᠵᠡᠷᠭᠡ᠎ᠪᠠᠷ ᠴᠢᠬᠤᠯᠠᠴᠢᠯᠠᠬᠤ᠂ ᠪᠦᠲᠦᠮᠵᠢᠲᠡᠢ ᠵᠣᠯᠭ᠋ᠠᠭᠤᠯᠬᠤ ᠠᠵᠢᠯ᠎ᠤᠨ ᠳᠣᠭᠲᠠᠯᠴᠠᠭ᠎ᠠ ᠵᠢ ᠪᠠᠢ᠌ᠭᠤᠯᠪᠠ᠃ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠳᠠᠪᠠᠭᠤᠯᠢᠭ ᠵᠶ᠋ᠠᠨ ᠪᠠᠳᠠᠷᠠᠭᠤᠯᠤᠨ᠂ ᠨᠡᠶ᠋ᠢᠭᠡᠮ᠎ᠤᠨ᠎ᠬᠢᠨ᠎ᠢ ᠴᠡᠭᠡᠷᠯᠡᠭᠦᠯᠵᠦ ᠨᠡᠶ᠋ᠢᠭᠡᠮ᠎ᠤᠨ᠎ᠬᠢᠨ᠎ᠢ ᠡᠷᠡᠭᠦᠯᠵᠢᠭᠦᠯᠬᠦ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠵᠤ᠂ ᠵᠠᠯᠠᠭᠤᠴᠤᠳ ᠪᠠᠭ᠋ᠠᠴᠤᠳ᠎ᠤᠨ ᠬᠣᠣᠷ ᠴᠠᠭ᠋ᠠᠵᠠᠯᠠᠬᠤ ᠤᠬᠠᠭᠤᠯᠭ᠎ᠠ ᠵᠢᠨ ᠬᠡᠯᠪᠡᠷᠢ ᠪᠠ ᠠᠴᠢᠶᠠᠯᠠᠪᠤᠷᠢ ᠵᠢ ᠲᠠᠰᠤᠷᠠᠯᠲᠠ ᠦᠭᠡᠢ ᠪᠠᠶᠠᠯᠢᠭᠵᠢᠭᠤᠯᠬᠤ ᠵᠢᠨ ᠬᠠᠮᠲᠤ ᠲᠤᠰᠬᠠᠢ ᠮᠡᠷᠭᠡᠵᠢᠯ᠎ᠤᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠤᠨ᠂ ᠨᠡᠶ᠋ᠢᠭᠡᠮ ᠲᠣᠭᠣᠷᠢᠭ᠎ᠲᠤ 91 ᠬᠣᠣᠷ ᠲᠠᠲᠠᠬᠤ ᠵᠢ ᠵᠣᠭᠰᠤᠭ᠋ᠠᠵᠤ ᠡᠷᠡᠭᠦᠯᠵᠢᠭᠦᠯᠬᠦ ᠵᠢ ᠵᠢᠯᠣᠭᠣᠳᠬᠤ ᠥᠷᠲᠡᠭᠡ ᠵᠢ ᠪᠠᠶ᠋ᠢᠭᠤᠯᠵᠤ᠂ ᠣᠳᠣᠬᠠᠨ᠎ᠳᠤ ᠨᠢᠭᠡᠨᠲᠡ ᠨᠡᠶ᠋ᠢᠭᠡᠮ ᠲᠣᠭᠣᠷᠢᠭ᠎ᠤᠨ᠎ᠬᠢᠨ 2753 ᠬᠥᠮᠦᠨ᠎ᠢ ᠬᠠᠪᠰᠤᠷᠤᠨ ᠡᠷᠡᠭᠦᠯᠵᠢᠭᠦᠯᠵᠦ᠂ ᠠᠵᠢᠯ ᠣᠯᠭᠣᠯᠲᠠ ᠵᠢᠨ ᠲᠡᠳᠬᠦᠮᠵᠢ᠂ ᠬᠣᠣᠷ ᠲᠠᠲᠠᠬᠤ ᠵᠢ ᠵᠣᠭᠰᠣᠭ᠋ᠠᠬᠤ ᠡᠮᠴᠢᠯᠡᠭᠡ᠂ ᠨᠡᠶ᠋ᠢᠭᠡᠮ᠎ᠤᠨ ᠠᠪᠤᠷᠠᠨ ᠲᠤᠰᠠᠯᠠᠯᠲᠠ᠂ ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠡᠷᠭᠡ ᠲᠠᠯ᠎ᠠ ᠵᠢᠨ ᠠᠰᠠᠭᠤᠳᠠᠯ 411 ᠵᠢ ᠬᠠᠪᠰᠤᠷᠤᠨ ᠰᠢᠢ᠍ᠳᠪᠦᠷᠢᠯᠡᠵᠦ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ 62 ᠤᠳᠠᠭ᠎ᠠ ᠥᠷᠨᠢᠭᠦᠯᠵᠦ᠂ 1300 ᠰᠢᠬᠠᠮ ᠬᠥᠮᠦᠨ᠎ᠳᠤ ᠠᠰᠢᠭ ᠭᠦᠷᠲᠡᠭᠡᠵᠡᠢ᠃ ᠢᠳᠡᠪᠬᠢᠲᠡᠢ ᠰᠦᠪᠡᠭᠴᠢᠯᠡᠵᠦ᠂ ᠨᠠᠷᠢᠯᠢᠭ ᠣᠨᠣᠴᠠᠲᠠᠢ ᠠᠷᠭ᠎ᠠ ᠪᠣᠳᠣᠯᠭ᠎ᠠ ᠵᠢ ᠬᠡᠷᠡᠭᠵᠢᠭᠦᠯᠵᠦ᠂ ᠬᠣᠣᠷ ᠲᠠᠲᠠᠬᠤ ᠵᠢ ᠵᠣᠭᠰᠣᠭ᠋ᠠᠵᠤ ᠡᠷᠡᠭᠦᠯᠵᠢᠭᠦᠯᠬᠦ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ 《ᠨᠢᠭᠡ ᠥᠷᠲᠡᠭᠡ ᠮᠠᠶᠢᠭ》᠎ᠤᠨ ᠵᠢᠯᠣᠭᠣᠳᠬᠤ ᠦᠢ᠍ᠯᠡᠴᠢᠯᠡᠭᠡᠨ᠎ᠤ ᠬᠣᠣᠷ ᠲᠠᠲᠠᠬᠤ ᠵᠢ ᠵᠣᠭᠰᠣᠭ᠋ᠠᠨ ᠡᠷᠡᠭᠦᠯᠵᠢᠭᠦᠯᠬᠦ ᠵᠠᠭᠪᠤᠷ᠎ᠢ ᠰᠦᠪᠡᠭᠴᠢᠯᠡᠨ ᠪᠠᠶ᠋ᠢᠭᠤᠯᠵᠤ᠂ ᠬᠣᠣᠷ ᠳᠠᠲᠠᠭᠴᠢᠳ᠎ᠤᠨ ᠠᠵᠢᠯ ᠣᠯᠬᠤ ᠨᠣᠷᠮ᠎ᠠ ᠵᠢ ᠳᠡᠭᠡᠭᠰᠢᠯᠡᠭᠦᠯᠬᠦ᠂ ᠨᠠᠰᠤᠨ᠎ᠳᠤ ᠦᠯᠦ ᠬᠦᠷᠬᠦ ᠬᠣᠣᠷ ᠲᠠᠲᠠᠭᠴᠢᠳ᠎ᠤᠨ ᠰᠤᠷᠤᠯᠭ᠎ᠠ᠎ᠪᠠᠨ ᠵᠣᠭᠰᠤᠬᠤ ᠨᠣᠷᠮ᠎ᠠ ᠵᠢ ᠪᠠᠭᠤᠷᠠᠭᠤᠯᠬᠤ᠂ ᠬᠣᠣᠷ ᠲᠠᠲᠠᠭᠴᠢᠳ᠎ᠤᠨ ᠳᠠᠬᠢᠨ ᠬᠣᠣᠷ ᠲᠠᠲᠠᠬᠤ ᠨᠣᠷᠮ᠎ᠠ ᠵᠢ ᠪᠠᠭᠤᠷᠠᠭᠤᠯᠬᠤ ᠵᠡᠷᠭᠡ ᠠᠵᠢᠯ᠎ᠤᠨ ᠬᠠᠷᠠᠯᠲᠠ ᠵᠢ ᠪᠡᠶᠡᠯᠡᠭᠦᠯᠪᠡ᠃
ᠰᠤᠷᠪᠤᠯᠵᠢᠯᠠᠭᠴᠢ ᠄ ᠮᠠᠨ᠎ᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠡᠮᠴᠢᠯᠡᠭᠡᠨ᠎ᠤ ᠪᠠᠶ᠋ᠢᠭᠤᠯᠤᠮᠵᠢ ᠵᠢᠨ ᠮᠢᠨᠴᠦᠷᠡᠭᠦᠯᠬᠦ᠂ ᠮᠡᠳᠡᠷᠡᠯ᠎ᠤᠨ ᠡᠮ᠎ᠤᠨ ᠵᠦᠢ᠍ᠯ᠎ᠢ ᠬᠡᠷᠡᠭᠯᠡᠬᠦ ᠬᠢᠨᠠᠯᠲᠠ ᠬᠠᠮᠢᠶᠠᠷᠤᠯᠲᠠ ᠵᠢ ᠶᠠᠭ᠋ᠠᠬᠢᠵᠤ ᠪᠦᠲᠦᠮᠵᠢᠲᠡᠢ ᠥᠷᠨᠢᠭᠦᠯᠦᠭᠰᠡᠨ ᠪᠤᠢ?

ᠠᠷᠰᠯᠠᠨ᠄ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠭᠣᠣᠯᠳᠠᠭᠤ ᠳᠣᠣᠷᠠᠬᠢ ᠬᠡᠳᠦᠨ ᠲᠠᠯ᠎ᠠ᠎ᠪᠠᠷ ᠠᠵᠢᠯ ᠵᠶ᠋ᠠᠨ ᠥᠷᠨᠢᠭᠦᠯᠪᠡ᠄ ᠮᠢᠨᠴᠦᠭᠦᠷᠡᠭᠦᠯᠬᠦ ᠡᠮ᠎ᠤᠨ ᠵᠦᠢ᠍ᠯ ᠪᠠ ᠨᠢᠭᠡᠳᠦᠭᠡᠷ ᠲᠥᠷᠥᠯ᠎ᠤᠨ ᠮᠡᠳᠡᠷᠡᠯ᠎ᠤᠨ ᠡᠮ᠎ᠤᠨ ᠵᠦᠢ᠍ᠯ᠎ᠤᠨ ᠬᠠᠮᠢᠶᠠᠷᠤᠯᠲᠠ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠳᠦᠷᠢᠮ᠎ᠢ ᠦᠨᠳᠦᠰᠦᠯᠡᠨ᠂ ᠮᠢᠨᠴᠦᠭᠦᠷᠡᠭᠦᠯᠬᠦ ᠡᠮ᠎ᠤᠨ ᠵᠦᠢ᠍ᠯ ᠪᠠ ᠮᠡᠳᠡᠷᠡᠯ᠎ᠤᠨ ᠡᠮ᠎ᠤᠨ ᠵᠦᠢ᠍ᠯ᠎ᠤᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠪᠡ᠃ ᠡᠮᠴᠢᠯᠡᠭᠡᠨ᠎ᠤ ᠪᠠᠶ᠋ᠢᠭᠤᠯᠤᠮᠵᠢ ᠵᠢᠨ 《ᠮᠢᠨᠴᠦᠷᠡᠭᠦᠯᠬᠦ ᠡᠮ ᠪᠠ ᠨᠢᠭᠡᠳᠦᠭᠡᠷ ᠲᠥᠷᠦᠯ᠎ᠤᠨ ᠮᠡᠳᠡᠷᠡᠯ᠎ᠤᠨ ᠡᠮ᠎ᠤᠨ ᠵᠦᠢ᠍ᠯ》᠎ᠤᠨ ᠬᠠᠮᠢᠶᠠᠷᠤᠯᠲᠠ ᠵᠢᠨ ᠪᠠᠶ᠋ᠢᠳᠠᠯ᠎ᠢ ᠡᠮᠨᠡᠯᠭᠡ ᠵᠢᠨ ᠬᠣᠷᠢᠶᠠᠨ᠎ᠤ ᠳᠡᠰ᠎ᠢ ᠬᠢᠨᠠᠨ ᠲᠣᠭᠲᠠᠭ᠋ᠠᠬᠤ᠂ ᠡᠮ᠎ᠢ ᠵᠦᠢ ᠵᠣᠬᠢᠰᠲᠠᠢ ᠬᠡᠷᠡᠭᠯᠡᠬᠦ ᠵᠢ ᠰᠢᠯᠭ᠋ᠠᠨ ᠬᠢᠨᠠᠬᠤ᠂ ᠡᠮᠴᠢᠯᠡᠭᠡᠨ᠎ᠳᠤ ᠬᠡᠷᠡᠭᠯᠡᠬᠦ ᠡᠮ᠎ᠤᠨ ᠵᠦᠢ᠍ᠯ᠎ᠤᠨ ᠴᠢᠨᠠᠷ ᠴᠢᠨᠰᠠᠭ᠎ᠠ ᠵᠢ ᠡᠵᠡᠮᠳᠡᠬᠦ ᠵᠡᠷᠭᠡ ᠠᠵᠢᠯ᠎ᠢ ᠰᠢᠯᠭ᠋ᠠᠨ ᠬᠢᠨᠠᠬᠤ ᠪᠠ ᠦᠨᠡᠯᠡᠬᠦ ᠶᠠᠪᠤᠴᠠ᠎ᠳᠤ ᠣᠷᠣᠭᠤᠯᠵᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢ ᠰᠢᠪᠠᠳᠠᠭᠤᠯᠵᠤ 《ᠮᠢᠨᠴᠦᠷᠡᠭᠦᠯᠬᠦ ᠡᠮ ᠪᠠ ᠨᠢᠭᠡᠳᠦᠭᠡᠷ ᠲᠥᠷᠦᠯ᠎ᠤᠨ ᠮᠡᠳᠡᠷᠡᠯ᠎ᠤᠨ ᠡᠮ᠎ᠤᠨ ᠵᠦᠢ᠍ᠯ》᠎ᠤᠨ ᠬᠡᠷᠡᠭᠯᠡᠯᠲᠡ ᠬᠠᠮᠢᠶᠠᠷᠤᠯᠲᠠ ᠵᠢ ᠴᠢᠩᠭ᠋ᠠᠳᠬᠠᠪᠠ᠃ ᠡᠮᠴᠢᠯᠡᠭᠡᠨ᠎ᠤ ᠪᠠᠶ᠋ᠢᠭᠤᠯᠤᠮᠵᠢ ᠪᠠ ᠡᠮᠨᠡᠯᠭᠡ ᠵᠢᠨ ᠠᠵᠢᠯᠲᠠᠨ᠎ᠤ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠳᠦᠷᠢᠮ᠂ ᠳᠦᠷᠢᠮ ᠲᠣᠭᠲᠠᠭ᠋ᠠᠯ᠎ᠤᠨ ᠰᠤᠷᠤᠯᠴᠠᠯᠭ᠎ᠠ ᠪᠣᠯᠪᠠᠰᠤᠷᠠᠯ᠎ᠢ ᠴᠢᠩᠭ᠋ᠠᠳᠬᠠᠵᠤ᠂ ᠰᠢᠯᠭ᠋ᠠᠨ ᠬᠢᠨᠠᠬᠤ᠎ᠳᠤ ᠬᠢᠷᠢ ᠲᠡᠩᠴᠡᠭᠰᠡᠨ ᠡᠮᠴᠢ᠎ᠳᠤ 《ᠮᠢᠨᠴᠦᠷᠡᠭᠦᠯᠬᠦ ᠡᠮ ᠪᠠ ᠨᠢᠭᠡᠳᠦᠭᠡᠷ ᠲᠥᠷᠦᠯ᠎ᠤᠨ ᠮᠡᠳᠡᠷᠡᠯ᠎ᠤᠨ ᠡᠮ᠎ᠤᠨ ᠵᠦᠢ᠍ᠯ》᠎ᠤᠨ ᠡᠮ᠎ᠤᠨ ᠵᠣᠷ᠎ᠤᠨ ᠡᠷᠬᠡ ᠣᠯᠭᠣᠬᠤ ᠵᠢ ᠵᠢᠷᠤᠮᠵᠢᠭᠤᠯᠤᠨ᠂ ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠪᠠ ᠡᠮᠨᠡᠯᠭᠡ ᠵᠢᠨ ᠠᠵᠢᠯᠲᠠᠨ᠎ᠤ 《ᠮᠢᠨᠴᠦᠷᠡᠭᠦᠯᠬᠦ ᠡᠮ ᠪᠠ ᠨᠢᠭᠡᠳᠦᠭᠡᠷ ᠲᠥᠷᠦᠯ᠎ᠤᠨ ᠮᠡᠳᠡᠷᠡᠯ᠎ᠤᠨ ᠡᠮ᠎ᠤᠨ ᠵᠦᠢ᠍ᠯ》 ᠤᠨ ᠬᠠᠮᠢᠶᠠᠷᠤᠯᠲᠠ ᠵᠢᠨ ᠠᠮᠤᠷ ᠲᠦᠪᠰᠢᠨ᠎ᠤ ᠤᠬᠠᠮᠰᠠᠷ᠂ ᠬᠠᠷᠢᠭᠤᠴᠠᠯᠭ᠎ᠠ ᠵᠢᠨ ᠤᠬᠠᠮᠰᠠᠷ ᠪᠠ ᠬᠠᠤᠯᠢ ᠴᠠᠭ᠋ᠠᠵᠠ ᠵᠢᠨ ᠤᠬᠠᠮᠰᠠᠷ᠎ᠢ ᠦᠷᠭᠦᠯᠵᠢᠯᠡᠨ ᠳᠡᠭᠡᠭᠰᠢᠯᠡᠭᠦᠯᠪᠡ᠃ ᠳᠣᠲᠣᠭ᠋ᠠᠳᠤ ᠵᠢ ᠬᠠᠮᠠᠭ᠋ᠠᠯᠠᠬᠤ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠮᠢᠨᠴᠦᠭᠦᠷᠡᠭᠦᠯᠬᠦ ᠡᠮ᠎ᠤᠨ ᠵᠦᠢ᠍ᠯ ᠪᠠ ᠮᠡᠳᠡᠷᠡᠯ᠎ᠤᠨ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠤᠰᠬᠠᠢ ᠪᠠᠶ᠋ᠢᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ ᠥᠷᠨᠢᠭᠦᠯᠵᠦ᠂ 《ᠮᠢᠨᠴᠦᠷᠡᠭᠦᠯᠬᠦ ᠡᠮ ᠪᠠ ᠨᠢᠭᠡᠳᠦᠭᠡᠷ ᠲᠥᠷᠦᠯ᠎ᠤᠨ ᠮᠡᠳᠡᠷᠡᠯ᠎ᠤᠨ ᠡᠮ᠎ᠤᠨ ᠵᠦᠢ᠍ᠯ》᠎ᠤᠨ ᠬᠠᠮᠢᠶᠠᠷᠤᠯᠲᠠ ᠵᠢᠨ ᠤᠷᠲᠤ ᠬᠤᠭᠤᠴᠠᠭ᠋ᠠᠨ᠎ᠤ ᠪᠦᠲᠦᠮᠵᠢᠲᠡᠢ ᠠᠵᠢᠯ᠎ᠤᠨ ᠲᠣᠭᠲᠠᠴᠠ ᠵᠢ ᠬᠠᠮᠲᠤ᠎ᠳᠤ᠎ᠪᠠᠨ ᠪᠠᠶ᠋ᠢᠭᠤᠯᠵᠤ᠂ ᠠᠷᠠᠳ ᠣᠯᠠᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠪᠠ᠃
ᠰᠤᠷᠪᠤᠯᠵᠢᠯᠠᠭᠴᠢ᠄ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠮᠢᠨᠴᠦᠭᠦᠷᠡᠭᠦᠯᠬᠦ᠂ ᠮᠡᠳᠡᠷᠡᠯ᠎ᠤᠨ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠠᠯ᠎ᠠ ᠪᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ?

ᠵᠠᠩ ᠳ᠋ᠧ ᡁᠢ᠄ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠮᠢᠨᠴᠦᠭᠦᠷᠡᠭᠦᠯᠬᠦ᠂ ᠮᠡᠳᠡᠷᠡᠯ᠎ᠤᠨ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ᠂ ᠮᠢᠨᠴᠦᠭᠦᠷᠡᠭᠦᠯᠬᠦ᠂ ᠮᠡᠳᠡᠷᠡᠯ᠎ᠤᠨ ᠡᠮ᠎ᠤᠨ ᠵᠦᠢ᠍ᠯ᠎ᠢ ᠬᠠᠤᠯᠢ ᠪᠤᠰᠤ᠎ᠪᠠᠷ ᠬᠡᠷᠡᠭᠯᠡᠬᠦ ᠵᠢ ᠴᠢᠩᠭ᠎ᠠ ᠰᠡᠷᠭᠡᠢ᠌ᠯᠡᠪᠡ᠃ ᠨᠢᠭᠡ᠎ᠳᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠭᠰᠠᠨ ᠰᠠᠭᠤᠷᠢᠨ ᠳᠡᠭᠡᠷ᠎ᠡ᠂ ᠵᠢᠯ ᠪᠦᠷᠢ ᠪᠦᠬᠦ ᠣᠷᠣᠨ᠎ᠳᠤ ᠮᠢᠨᠴᠦᠭᠦᠷᠡᠭᠦᠯᠬᠦ᠂ ᠮᠡᠳᠡᠷᠡᠯ᠎ᠤᠨ ᠡᠮ᠎ᠤᠨ ᠵᠦᠢ᠍ᠯ᠎ᠤᠨ ᠦᠢ᠍ᠯᠡᠳᠪᠦᠷᠢᠯᠡᠯ᠂ ᠡᠵᠡᠩᠨᠡᠯᠲᠡ᠂ ᠬᠡᠷᠡᠭᠯᠡᠯᠲᠡ ᠵᠢᠨ ᠵᠠᠩᠭᠢᠯᠠᠭ᠎ᠠ ᠵᠢᠨ ᠲᠤᠰᠬᠠᠢ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠮ᠎ᠤᠨ ᠵᠦᠢ᠍ᠯ᠎ᠤᠨ ᠢᠷᠡᠯᠲᠡ ᠵᠢ ᠪᠠᠶ᠋ᠢᠴᠠᠭ᠋ᠠᠵᠤ ᠪᠣᠯᠬᠤ᠂ ᠬᠠᠮᠢᠭ᠋ᠠᠰᠢ ᠭᠠᠷᠭ᠋ᠠᠭᠰᠠᠨ᠎ᠢ ᠨᠡᠬᠡᠮᠵᠢᠯᠡᠵᠦ ᠪᠣᠯᠬᠤ ᠵᠢ ᠦᠨᠡᠨ ᠬᠦ᠌ ᠪᠠᠲᠤᠯᠠᠪᠠ᠃ ᠬᠣᠶᠠᠷ᠎ᠲᠤ᠂ ᠨᠡᠶ᠋ᠢᠭᠡᠮ ᠨᠡᠶ᠋ᠢᠲᠡ᠎ᠪᠠᠷ ᠵᠶ᠋ᠠᠨ ᠵᠠᠰᠠᠬᠤ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ 《6.26》 ᠬᠣᠣᠷ ᠴᠠᠭ᠋ᠠᠵᠠᠯᠠᠬᠤ ᠡᠳᠦᠷ᠂ 《ᠠᠮᠤᠷ ᠲᠦᠪᠰᠢᠨ ᠡᠮ ᠬᠡᠷᠡᠭᠯᠡᠬᠦ ᠰᠠᠷ᠎ᠠ》 ᠵᠡᠷᠭᠡ ᠠᠵᠢᠯᠯᠠᠭ᠎ᠠ᠎ᠳᠤ ᠲᠦᠰᠢᠭᠯᠡᠨ᠂ ᠠᠮᠤᠷ ᠲᠦᠪᠰᠢᠨ ᠡᠮ ᠬᠡᠷᠡᠭᠯᠡᠬᠦ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢ ᠦᠷᠭᠦᠯᠵᠢᠯᠡᠨ ᠥᠷᠨᠢᠭᠦᠯᠪᠡ᠃ ᠭᠤᠷᠪᠠ᠎ᠳᠤ᠂ ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠲᠥᠷᠥᠯ ᠵᠦᠢ᠍ᠯ᠂ ᠭᠣᠣᠯᠳᠠᠯᠭ᠎ᠠ᠎ᠲᠠᠢ ᠭᠣᠭᠴᠤᠭ᠋ᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠮᠢᠨᠴᠦᠭᠦᠷᠡᠭᠦᠯᠬᠦ᠂ ᠮᠡᠳᠡᠷᠡᠯ᠎ᠤᠨ ᠡᠮ᠎ᠤᠨ ᠵᠦᠢ᠍ᠯ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠦᠷᠭᠦᠯᠵᠢᠯᠡᠨ ᠪᠡᠬᠢᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠦᠨᠡᠨ ᠬᠦ᠌ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠰᠠᠯᠠᠭ᠎ᠠ ᠮᠥᠴᠢᠷ᠎ᠤᠨ᠎ᠬᠢᠨ ᠬᠠᠮᠵᠢᠯᠴᠠᠨ ᠬᠣᠯᠪᠣᠭ᠋ᠠᠯᠠᠨ ᠬᠥᠳᠡᠯᠦᠯᠴᠡᠬᠦ ᠵᠢᠴᠢ ᠤᠬᠠᠭᠤᠯᠭ᠎ᠠ ᠬᠥᠮᠦᠵᠢᠯ᠎ᠢ ᠲᠦᠭᠡᠮᠡᠯᠵᠢᠭᠦᠯᠬᠦ ᠵᠢ ᠴᠢᠩᠭ᠋ᠠᠳᠬᠠᠵᠤ᠂ ᠨᠠᠰᠤᠨ᠎ᠳᠤ ᠦᠯᠦ ᠬᠦᠷᠦᠭᠰᠡᠳ ᠵᠢᠴᠢ ᠭᠡᠷ᠎ᠤᠨ ᠠᠬᠠᠮᠠᠳ᠎ᠢ ᠬᠥᠲᠥᠯᠥᠨ ᠵᠢᠯᠣᠭᠣᠳᠴᠤ ᠮᠡᠳᠡᠷᠡᠯ᠎ᠤᠨ ᠲᠥᠷᠥᠯ᠎ᠤᠨ ᠡᠮ᠎ᠤᠨ ᠵᠦᠢ᠍ᠯ᠎ᠢ ᠵᠥᠪ ᠵᠶ᠋ᠠᠷ ᠲᠠᠨᠢᠭᠤᠯᠵᠤ᠂ ᠡᠮ᠎ᠤᠨ ᠵᠦᠢ᠍ᠯ᠎ᠢ ᠳᠤᠷ᠎ᠠ᠎ᠪᠠᠷ ᠵᠶ᠋ᠠᠨ ᠬᠡᠷᠡᠭᠯᠡᠬᠦ᠎ᠠᠴᠠ ᠤᠬᠠᠮᠰᠠᠷ᠎ᠠᠴᠠ᠎ᠪᠠᠨ ᠵᠠᠶ᠋ᠢᠯᠠᠰᠬᠢᠵᠦ᠂ ᠡᠮ᠎ᠤᠨ ᠵᠦᠢ᠍ᠯ᠎ᠳᠤ ᠰᠢᠨᠤᠯᠲᠠᠢ ᠪᠣᠯᠬᠤ ᠵᠢ ᠤᠷᠢᠳᠴᠢᠯᠠᠨ ᠰᠡᠷᠭᠡᠶ᠋ᠢᠯᠡᠵᠦ᠂ ᠨᠠᠰᠤᠨ᠎ᠳᠤ ᠦᠯᠦ ᠬᠦᠷᠦᠭᠰᠡᠳ ᠤᠨ ᠲᠦᠭᠰᠢᠭᠦᠷᠢ ᠵᠢᠨ ᠤᠬᠠᠮᠰᠠᠷ ᠪᠠ ᠠᠮᠤᠷ ᠲᠦᠪᠰᠢᠨ ᠡᠮ ᠬᠡᠷᠡᠭᠯᠡᠬᠦ ᠤᠬᠠᠮᠰᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠪᠡ᠃
ᠰᠤᠷᠪᠤᠯᠵᠢᠯᠠᠭᠴᠢ ᠄ ᠰᠢᠤᠳᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠬᠣᠣᠷ ᠴᠠᠭ᠋ᠠᠵᠠᠯᠠᠬᠤ ᠲᠠᠯ᠎ᠠ᠎ᠪᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ?

ᠳ᠋ᠦᠩ ᠭᠠᠩ᠄ ᠪᠢᠳᠡ ᠳᠣᠲᠣᠭ᠋ᠠᠳᠤ ᠵᠢ ᠬᠠᠮᠠᠭ᠋ᠠᠯᠠᠬᠤ ᠵᠢᠨ ᠬᠣᠣᠷ ᠴᠠᠭ᠋ᠠᠵᠠᠯᠠᠬᠤ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭ᠋ᠠᠳᠬᠠᠵᠤ᠂ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ ᠠᠪᠴᠤ᠂ ᠢᠯᠡᠭᠡᠨ ᠶᠠᠪᠤᠭᠤᠯᠬᠤ ᠠᠷᠭ᠎ᠠ ᠵᠠᠮ᠎ᠤᠨ ᠬᠣᠣᠷ ᠴᠠᠭ᠋ᠠᠵᠠᠯᠠᠬᠤ ᠠᠵᠢᠯ᠎ᠢ ᠪᠦᠬᠦ ᠲᠠᠯ᠎ᠠ᠎ᠪᠠᠷ ᠭᠦᠨᠵᠡᠭᠡᠢ ᠥᠷᠨᠢᠭᠦᠯᠪᠡ᠃ ᠨᠢᠭᠡ᠎ᠳᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠣᠣᠷ ᠴᠠᠭ᠋ᠠᠵᠠᠯᠠᠬᠤ ᠶᠡᠷᠦᠩᠬᠡᠢ ᠠᠩᠭᠢ᠎ᠯᠤᠭ᠎ᠠ ᠬᠠᠮᠲᠤᠷᠠᠨ ᠲᠦᠷᠭᠡᠨ ᠬᠦᠷᠭᠡᠯᠲᠡ ᠵᠢᠨ ᠬᠦᠷᠢᠶᠡᠯᠡᠩ ᠲᠣᠭᠣᠷᠢᠭ᠎ᠤᠨ ᠬᠣᠣᠷ ᠴᠠᠭ᠋ᠠᠵᠠᠯᠠᠬᠤ ᠠᠵᠢᠯ᠎ᠤᠨ ᠥᠷᠲᠡᠭᠡ ᠵᠢ ᠪᠣᠳᠠᠲᠠᠢ᠌ᠵᠢᠭᠤᠯᠬᠤ ᠠᠵᠢᠯᠯᠠᠭ᠎ᠠ ᠵᠢ ᠠᠬᠢᠭᠤᠯᠵᠤ᠂ ᠰᠠᠯᠠᠭ᠎ᠠ ᠮᠥᠴᠢᠷ᠎ᠤᠨ᠎ᠬᠢᠨ ᠲᠣᠭᠲᠠᠮᠠᠯ ᠬᠤᠭᠤᠴᠠᠭ᠎ᠠ᠎ᠲᠠᠢ ᠵᠥᠪᠳᠡᠯᠴᠡᠬᠦ ᠲᠣᠭᠲᠠᠴᠠ ᠪᠠ ᠵᠠᠰᠠᠭ ᠠᠵᠤ ᠠᠬᠤᠶ᠋ᠢᠯᠠᠯ ᠦᠢ᠍ᠯᠡᠳᠦᠯᠴᠡᠬᠦ ᠲᠣᠭᠲᠠᠴᠠ ᠵᠢ ᠪᠠᠢ᠌ᠭᠤᠯᠪᠠ᠃ ᠬᠣᠶᠠᠷ᠎ᠲᠤ᠂ ᠢᠯᠡᠭᠡᠨ ᠶᠠᠪᠤᠭᠤᠯᠬᠤ ᠠᠷᠭ᠎ᠠ ᠵᠠᠮ᠎ᠤᠨ ᠠᠮᠤᠷ ᠲᠦᠪᠰᠢᠨ᠎ᠢ ᠬᠣᠯᠪᠤᠭ᠋ᠠᠯᠠᠨ ᠬᠢᠨᠠᠨ ᠬᠠᠮᠢᠶᠠᠷᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠬᠦᠴᠦᠨ᠎ᠢ ᠠᠯᠬᠤᠮ ᠠᠯᠬᠤᠮ ᠵᠶ᠋ᠠᠷ ᠪᠠᠶ᠋ᠢᠭᠤᠯᠤᠨ ᠴᠢᠩᠭ᠋ᠠᠳᠬᠠᠵᠤ᠂ ᠢᠯᠡᠭᠡᠨ ᠶᠠᠪᠤᠭᠤᠯᠬᠤ ᠠᠷᠭ᠎ᠠ ᠵᠠᠮ᠎ᠤᠨ ᠬᠣᠣᠷᠲᠤ ᠬᠣᠯᠪᠣᠭᠳᠠᠭᠰᠠᠨ ᠶᠠᠯᠠᠲᠤ ᠠᠵᠢᠯᠯᠠᠭ᠎ᠠ ᠵᠢ ᠬᠣᠯᠪᠤᠭ᠋ᠠᠯᠠᠨ ᠪᠠᠢ᠌ᠴᠠᠭ᠋ᠠᠵᠤ ᠪᠠᠷᠢᠪᠴᠢᠯᠠᠬᠤ ᠠᠵᠢᠯ᠎ᠢ ᠭᠦᠨᠵᠡᠭᠡᠶ᠋ᠢᠷᠡᠭᠦᠯᠦᠨ᠂ ᠢᠯᠡᠭᠡᠨ ᠶᠠᠪᠤᠭᠤᠯᠬᠤ ᠠᠷᠭ᠎ᠠ ᠵᠠᠮ᠎ᠤᠨ ᠬᠣᠣᠷ ᠴᠠᠭ᠋ᠠᠵᠠᠯᠠᠬᠤ ᠠᠵᠢᠯ᠎ᠤᠨ ᠰᠢᠨ᠎ᠡ ᠦᠷ᠎ᠡ ᠪᠦᠲᠦᠮᠵᠢ ᠣᠯᠬᠤ ᠵᠢ ᠲᠠᠰᠤᠷᠠᠯᠲᠠ ᠦᠭᠡᠢ ᠠᠬᠢᠭᠤᠯᠪᠠ᠃ ᠭᠤᠷᠪᠠ᠎ᠳᠤ᠂ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠠᠵᠢᠯ ᠡᠷᠬᠢᠯᠡᠭᠰᠡᠳ᠎ᠤᠨ ᠬᠣᠣᠷ ᠴᠠᠭ᠋ᠠᠵᠠᠯᠠᠬᠤ ᠤᠬᠠᠮᠰᠠᠷ ᠪᠠ ᠪᠠᠢ᠌ᠴᠠᠭ᠋ᠠᠵᠤ ᠢᠯᠭ᠋ᠠᠨ ᠲᠠᠨᠢᠬᠤ ᠴᠢᠳᠠᠪᠤᠷᠢ ᠵᠢ ᠣᠯᠠᠨ ᠠᠷᠭ᠎ᠠ ᠵᠠᠮ ᠵᠶ᠋ᠠᠷ ᠳᠡᠭᠡᠭᠰᠢᠯᠡᠭᠦᠯᠪᠡ᠃ ᠪᠢᠳᠡ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠬᠣᠣᠷ ᠴᠠᠭ᠋ᠠᠵᠠᠯᠠᠬᠤ ᠠᠵᠢᠯ᠎ᠤᠨ ᠥᠷᠲᠡᠭᠡ ᠵᠢ ᠪᠣᠳᠠᠲᠠᠢ᠌ᠵᠢᠭᠤᠯᠬᠤ ᠠᠵᠢᠯᠯᠠᠭ᠎ᠠ ᠵᠢ ᠦᠷᠭᠦᠯᠵᠢᠯᠡᠨ ᠰᠠᠶ᠋ᠢᠲᠤᠷ ᠬᠢᠵᠦ᠂ ᠳᠣᠲᠣᠭ᠋ᠠᠳᠤ ᠵᠢ ᠬᠠᠮᠠᠭ᠋ᠠᠯᠠᠬᠤ ᠵᠢᠨ ᠬᠣᠣᠷ ᠴᠠᠭ᠋ᠠᠵᠠᠯᠠᠬᠤ ᠰᠠᠯᠠᠭ᠎ᠠ ᠮᠥᠴᠢᠷ᠎ᠯᠦᠭᠡ ᠵᠢᠨ ᠬᠠᠮᠵᠢᠯᠴᠠᠭ᠎ᠠ ᠨᠡᠪᠲᠡᠷᠡᠯᠴᠡᠭᠡ ᠵᠢ ᠴᠢᠩᠭ᠋ᠠᠳᠬᠠᠨ᠂ ᠡᠬᠢ ᠪᠠᠶᠠᠯᠢᠭ᠎ᠢ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ᠂ ᠪᠠᠶ᠋ᠢᠳᠠᠯ᠎ᠢ ᠮᠡᠳᠡᠭᠳᠡᠬᠦ᠂ ᠰᠦᠪᠡᠭᠴᠢ ᠵᠢ ᠳᠠᠮᠵᠢᠭᠤᠯᠬᠤ᠂ ᠬᠠᠮᠲᠤᠷᠠᠨ ᠬᠠᠤᠯᠢ ᠬᠡᠷᠡᠭᠵᠢᠭᠦᠯᠬᠦ ᠵᠡᠷᠭᠡ ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠢᠯᠡᠭᠡᠨ ᠶᠠᠪᠤᠭᠤᠯᠬᠤ ᠠᠷᠭ᠎ᠠ ᠵᠠᠮ᠎ᠤᠨ ᠬᠣᠣᠷ ᠴᠠᠭ᠋ᠠᠵᠠᠯᠠᠬᠤ ᠠᠵᠢᠯ᠎ᠢ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠬᠢᠷᠢ ᠲᠦᠪᠰᠢᠨ ᠪᠠ ᠬᠠᠮᠵᠢᠯᠴᠠᠨ ᠲᠠᠮᠡᠴᠡᠬᠦ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠬᠣᠣᠷᠲᠤ ᠡᠳ᠋᠎ᠢ ᠢᠯᠡᠭᠡᠨ ᠶᠠᠪᠤᠭᠤᠯᠬᠤ ᠠᠷᠭ᠎ᠠ ᠵᠠᠮ᠎ᠢ ᠠᠰᠢᠭᠯᠠᠨ ᠤᠯᠠᠮᠵᠢᠯᠠᠨ ᠲᠠᠷᠬᠠᠭ᠋ᠠᠬᠤ ᠵᠢ ᠴᠢᠩᠭ᠎ᠠ ᠰᠡᠷᠭᠡᠢ᠌ᠯᠡᠪᠡ᠃