2 ᠳ᠋ᠤᠭ᠋ᠠᠷ ᠰᠠᠷ᠎ᠠ ᠵᠢᠨ 23᠎ᠤ ᠡᠳᠦᠷ᠂ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ ᠪᠣᠯᠬᠤ 《ᠬᠥᠳᠡᠭᠡ ᠲᠣᠰᠬᠤᠨ᠎ᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ ᠬᠥᠳᠡᠭᠡ ᠲᠣᠰᠬᠤᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠢ ᠨᠡᠶ᠋ᠢᠲᠡᠯᠡᠪᠡ᠃ ᠲᠥᠷᠥ ᠵᠢᠨ ᠶᠠᠪᠤᠳᠠᠯ ᠤᠨ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ 2 ᠳ᠋ᠤᠭ᠋ᠠᠷ ᠰᠠᠷ᠎ᠠ ᠵᠢᠨ 24᠎ᠤ ᠡᠳᠦᠷ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ ᠲᠥᠪ᠎ᠤᠨ ᠡᠳ᠋᠎ᠤᠨ ᠵᠠᠰᠠᠭ᠎ᠤᠨ ᠵᠦᠪᠯᠡᠯ᠎ᠤᠨ ᠠᠯᠪᠠᠨ ᠭᠡᠷ᠎ᠤᠨ ᠡᠳᠦᠷ ᠲᠤᠲᠤᠮ᠎ᠤᠨ ᠠᠵᠢᠯ᠎ᠢ ᠬᠤᠪᠢᠳᠠᠨ ᠬᠠᠮᠢᠶᠠᠷᠬᠤ ᠳᠡᠳ᠋ ᠡᠷᠬᠢᠯᠡᠭᠴᠢ᠂ ᠲᠥᠪ᠎ᠤᠨ ᠬᠥᠳᠡᠭᠡ ᠲᠤᠰᠬᠤᠨ᠎ᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠡᠷᠬᠢᠯᠡᠭᠴᠢ ᠬᠠᠨ ᠸᠧᠨ ᠰᠢᠤ᠂ ᠲᠥᠪ᠎ᠤᠨ ᠡᠳ᠋᠎ᠤᠨ ᠵᠠᠰᠠᠭ᠎ᠤᠨ ᠵᠥᠪᠯᠡᠯ᠎ᠤᠨ ᠠᠯᠪᠠᠨ ᠭᠡᠷ᠎ᠤᠨ ᠳᠡᠳ᠋ ᠡᠷᠬᠢᠯᠡᠭᠴᠢ᠂ ᠲᠥᠪ᠎ᠤᠨ ᠬᠥᠳᠡᠭᠡ ᠲᠤᠰᠬᠤᠨ᠎ᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠵᠦ᠍ ᠸᠧᠢ ᠳ᠋ᠦᠩ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠨ᠂ ᠬᠥᠳᠡᠭᠡ ᠲᠣᠰᠬᠤᠨ᠎ᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠬᠥᠳᠡᠭᠡ ᠲᠣᠰᠬᠤᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ᠃
ᠠᠩᠬᠠᠷᠤᠭᠤᠰᠢᠲᠠᠢ ᠴᠢᠬᠤᠯᠠ ᠵᠦᠢ᠍ᠯ᠎ᠤᠳ —
ᠰᠢᠯᠵᠢᠯᠲᠡ ᠵᠢᠨ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠣᠭᠵᠣᠮ ᠵᠣᠭᠰᠤᠭ᠋ᠠᠬᠤ ᠦᠭᠡᠢ
ᠡᠨᠡ ᠵᠢᠯ ᠪᠣᠯ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ 5 ᠵᠢᠯ᠎ᠤᠨ ᠰᠢᠯᠵᠢᠯᠲᠡ ᠵᠢᠨ ᠬᠤᠭᠤᠴᠠᠭ᠋ᠠᠨ᠎ᠤ ᠬᠠᠮᠤᠭ ᠰᠡᠭᠦᠯᠴᠢ ᠵᠢᠨ ᠨᠢᠭᠡ ᠵᠢᠯ ᠪᠣᠯᠣᠨ᠎ᠠ᠃ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠰᠢᠯᠵᠢᠯᠲᠡ ᠵᠢᠨ ᠬᠤᠭᠤᠴᠠᠭ᠋ᠠᠨ᠎ᠤ ᠳᠠᠷᠠᠭ᠋ᠠᠬᠢ ᠬᠠᠪᠰᠤᠷᠤᠨ ᠲᠡᠳᠬᠦᠬᠦ ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠰᠤᠳᠤᠯᠤᠨ ᠲᠣᠭᠲᠠᠭ᠋ᠠᠬᠤ ᠠᠵᠢᠯ᠎ᠢ ᠪᠠᠶ᠋ᠢᠷᠢᠯᠠᠭᠤᠯᠪᠠ᠃ ᠬᠡᠪᠴᠢᠶᠡᠵᠢᠯ᠎ᠤᠨ ᠴᠢᠨᠠᠷᠲᠠᠢ᠎ᠪᠠᠷ ᠲᠠᠬᠢᠨ ᠶᠠᠳᠠᠭᠤᠷᠠᠬᠤ ᠪᠠ ᠶᠠᠳᠠᠭᠤᠷᠠᠬᠤ ᠦᠭᠡᠢ ᠪᠠᠶ᠋ᠢᠯᠭ᠋ᠠᠬᠤ ᠬᠤᠷᠢᠭ᠎ᠠ ᠱᠤᠭᠤᠮ᠎ᠢ ᠪᠠᠲᠤ ᠰᠠᠬᠢᠬᠤ᠎ᠨᠢ ᠵᠥᠪᠬᠡᠨ ᠡᠨᠡ ᠵᠢᠯ᠎ᠤᠨ ᠣᠨ᠎ᠤ ᠴᠢᠨᠠᠷᠲᠠᠢ ᠡᠭᠦᠷᠭᠡ ᠲᠡᠳᠦᠢ ᠪᠢᠰᠢ᠂ ᠰᠢᠯᠵᠢᠯᠲᠡ ᠵᠢᠨ ᠬᠤᠭᠤᠴᠠᠭ᠎ᠠ ᠥᠩᠭᠡᠷᠡᠭᠰᠡᠨ᠎ᠤ ᠳᠠᠷᠠᠭ᠎ᠠ ᠴᠤ᠌ ᠡᠷᠬᠡᠪᠰᠢ ᠤᠷᠳᠤ ᠬᠤᠭᠤᠴᠠᠭ᠎ᠠ᠎ᠪᠠᠷ᠂ ᠥᠨᠢ ᠡᠭᠦᠷᠢᠳᠡ ᠪᠠᠲᠤ ᠰᠠᠬᠢᠬᠤ ᠬᠡᠷᠡᠭᠲᠡᠢ᠃ ᠰᠢᠯᠵᠢᠯᠲᠡ ᠵᠢᠨ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠣᠭᠵᠣᠮ ᠵᠣᠭᠰᠤᠭ᠋ᠠᠬᠤ ᠦᠭᠡᠢ ᠮᠦᠷᠲᠡᠭᠡᠨ ᠲᠥᠷᠥᠯ ᠬᠤᠪᠢᠶᠠᠨ ᠲᠡᠭᠦᠯᠳᠡᠷᠵᠢᠭᠦᠯᠵᠦ᠂ ᠪᠠᠶ᠋ᠢᠩᠭᠤᠰᠢᠭᠰᠠᠨ ᠬᠠᠪᠰᠤᠷᠤᠨ ᠲᠡᠳᠬᠦᠬᠦ ᠳᠦᠷᠢᠮ ᠲᠣᠭᠲᠠᠴᠠ ᠵᠢ ᠪᠠᠶ᠋ᠢᠭᠤᠯᠵᠤ ᠪᠦᠷᠢᠨᠰᠢᠭᠦᠯᠦᠨ᠎ᠡ᠃
ᠪᠡᠯᠡ ᠮᠥᠩᠭᠦᠨ᠎ᠤ ᠣᠷᠣᠭᠤᠯᠤᠯᠲᠠ᠎ᠪᠠᠨ ᠶᠡᠭᠡ᠎ᠪᠠᠷ ᠨᠡᠮᠡᠭᠳᠡᠭᠦᠯᠵᠦ ᠪᠠᠶ᠋ᠢᠭ᠋ᠠᠳ ᠠᠮᠤ ᠪᠤᠳᠠᠭ᠋ᠠᠨ᠎ᠤ ᠭᠤᠣᠯ ᠤᠨᠠᠯᠲᠠ ᠵᠢᠨ ᠣᠷᠣᠨ ᠪᠠ ᠠᠮᠤ ᠪᠤᠳᠠᠭ᠋ᠠᠨ᠎ᠤ ᠤᠨᠠᠯᠲᠠ ᠵᠢᠨ ᠲᠣᠮᠣ ᠰᠢᠶᠠᠨ᠎ᠢ ᠳᠡᠮᠵᠢᠬᠦ ᠠᠵᠢᠯ ᠵᠶ᠋ᠠᠨ ᠴᠢᠩᠭ᠋ᠠᠷᠠᠭᠤᠯᠤᠨ᠎ᠠ
ᠦᠨ᠎ᠡ ᠬᠠᠩᠰᠢ ᠵᠢᠨ ᠲᠠᠯ᠎ᠠ᠎ᠪᠠᠷ᠂ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠬᠠᠮᠤᠭ ᠳᠣᠣᠷ᠎ᠠ ᠦᠨ᠎ᠡ ᠵᠢᠨ ᠲᠦᠷᠦ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠾᠧᠨᠠᠨ᠂ ᠵᠢᠶᠠᠩᠰᠤ᠂ ᠬᠠᠷᠠᠮᠥ᠋ᠷᠡᠨ᠂ ᠠᠨᠾᠦ᠋ᠢ ᠲᠦᠷᠪᠡᠨ ᠮᠤᠵᠢ᠎ᠳᠤ ᠲᠤᠲᠤᠷᠭ᠎ᠠ ᠵᠢ ᠤᠯᠤᠰ᠎ᠤᠨ ᠨᠥᠭᠡᠴᠡ ᠳᠤ ᠲᠦᠰᠢᠭᠯᠡᠨ ᠬᠠᠮᠤᠭ ᠳᠣᠣᠷ᠎ᠠ ᠦᠨ᠎ᠡ ᠵᠢ ᠳᠣᠪᠣᠶ᠋ᠢᠯᠭ᠋ᠠᠵᠤ ᠬᠤᠳᠠᠯᠳᠤᠨ ᠠᠪᠬᠤ ᠠᠵᠢᠯ᠎ᠢ ᠡᠬᠢᠯᠡᠭᠦᠯᠦᠨ᠂ ᠪᠤᠭᠤᠳᠠᠢ᠂ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠢᠷ᠎ᠠ ᠪᠤᠷᠴᠠᠭ᠎ᠤᠨ ᠪᠣᠷᠤᠯᠠᠭᠤᠯᠭ᠎ᠠ ᠪᠠ ᠡᠳ᠋ᠰᠢᠭᠦᠯᠦᠨ ᠪᠣᠯᠪᠠᠰᠤᠷᠠᠭᠤᠯᠵᠤ ᠤᠯᠠᠷᠢᠭᠤᠯᠬᠤ ᠵᠢ ᠠᠬᠢᠭᠤᠯᠵᠤ᠂ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢ ᠲᠣᠭᠲᠠᠪᠤᠷᠢᠵᠢᠭᠤᠯᠤᠨ᠂ ᠠᠮᠤ ᠪᠤᠳᠠᠭ᠎ᠠ ᠬᠤᠳᠠᠯᠳᠤᠬᠤ᠎ᠳᠤ ᠬᠦᠴᠢᠷ ᠪᠠᠶ᠋ᠢᠳᠠᠯ ᠭᠠᠷᠬᠤ᠎ᠠᠴᠠ ᠰᠡᠷᠭᠡᠶ᠋ᠢᠯᠡᠨ᠎ᠡ᠃ ᠨᠥᠬᠦᠪᠦᠷᠢ ᠵᠢᠨ ᠲᠠᠯ᠎ᠠ᠎ᠪᠠᠷ᠂ ᠲᠠᠷᠢᠶᠠᠯᠠᠬᠤ ᠭᠠᠵᠠᠷ᠎ᠤᠨ ᠬᠦᠷᠦᠰᠦ ᠰᠢᠷᠤᠢ ᠵᠢᠨ ᠰᠢᠮ᠎ᠡ ᠴᠢᠨᠠᠷ᠎ᠢ ᠬᠠᠮᠠᠭ᠋ᠠᠯᠠᠬᠤ᠎ᠳᠤ ᠨᠥᠬᠦᠪᠦᠷᠢ ᠣᠯᠭᠤᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠲᠣᠭᠲᠠᠪᠤᠷᠢᠵᠢᠭᠤᠯᠵᠤ᠂ ᠡᠷᠳᠡᠨᠢ ᠰᠢᠰᠢ ᠰᠢᠷ᠎ᠠ ᠪᠤᠷᠴᠠᠭ ᠦᠢ᠍ᠯᠡᠳᠪᠦᠷᠢᠯᠡᠭᠴᠢᠳ᠎ᠲᠤ ᠨᠦᠬᠦᠪᠦᠷᠢ ᠣᠯᠭᠤᠬᠤ᠂ ᠲᠤᠲᠤᠷᠭ᠎ᠠ ᠵᠢᠨ ᠨᠥᠬᠦᠪᠦᠷᠢ ᠣᠯᠭᠤᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠣᠷᠣᠨ ᠨᠤᠲᠤᠭ᠎ᠤᠨ᠎ᠬᠢᠨ᠎ᠤ ᠠᠮᠤ ᠲᠣᠰᠣᠨ᠎ᠤ ᠲᠠᠷᠢᠮᠠᠯ᠎ᠤᠨ ᠲᠤᠰᠬᠠᠢ ᠵᠦᠢ᠍ᠯ᠎ᠤᠨ ᠵᠢᠭᠡᠯᠡᠯᠭᠡ ᠵᠢᠨ ᠳᠠᠮ ᠬᠦᠦ ᠥᠭᠬᠦ ᠲᠤᠷᠰᠢᠯᠲᠠ ᠵᠢᠨ ᠴᠡᠭ ᠥᠷᠨᠢᠭᠦᠯᠬᠦ ᠵᠢ᠎ᠨᠢ ᠵᠣᠷᠢᠭᠵᠢᠭᠤᠯᠤᠨ᠎ᠠ᠃ ᠡᠳᠡᠭᠡᠷ ᠲᠦᠷᠦ ᠵᠢᠨ ᠪᠣᠳᠣᠯᠭ᠎ᠠ᠎ᠪᠠᠷ ᠳᠠᠮᠵᠢᠭᠤᠯᠤᠨ ᠲᠠᠷᠢᠶᠠᠴᠢᠳ᠎ᠲᠤ ᠦᠨᠡᠨ ᠬᠦ᠌ ᠳᠡᠮᠵᠢᠯᠭᠡ ᠦᠵᠡᠭᠦᠯᠬᠦ ᠬᠡᠷᠡᠭᠲᠡᠢ᠃ ᠳᠠᠭ᠋ᠠᠳᠬᠠᠯ᠎ᠤᠨ ᠲᠠᠯ᠎ᠠ᠎ᠪᠠᠷ᠂ ᠠᠮᠤ ᠪᠤᠳᠠᠭ᠋ᠠᠨ᠎ᠤ ᠤᠨᠠᠯᠲᠠ ᠵᠢᠨ ᠲᠣᠮᠣ ᠰᠢᠶᠠᠨ᠎ᠤ ᠲᠠᠷᠢᠶᠠᠯᠠᠩ᠎ᠤᠨ ᠳᠠᠭ᠋ᠠᠳᠬᠠᠯ᠎ᠳᠤ ᠰᠢᠶᠠᠨ᠎ᠤ ᠱᠠᠲᠤᠨ᠎ᠤ ᠳᠠᠭ᠋ᠠᠳᠬᠠᠯ᠎ᠤᠨ ᠰᠦᠢ᠍ᠳᠬᠡᠯ᠎ᠤᠨ ᠨᠥᠬᠦᠪᠦᠷᠢ ᠵᠢ ᠡᠭᠦᠷᠭᠡᠯᠡᠬᠦ ᠬᠠᠷᠢᠴᠠᠯ᠎ᠢ᠎ᠨᠢ ᠪᠠᠭᠤᠷᠠᠭᠤᠯᠵᠤ᠂ ᠲᠤᠲᠤᠷᠭ᠎ᠠ᠂ ᠪᠤᠭᠤᠳᠠᠢ᠂ ᠡᠷᠳᠡᠨᠢ ᠰᠢᠰᠢ᠂ ᠰᠢᠷ᠎ᠠ ᠪᠤᠷᠴᠠᠭ᠎ᠤᠨ ᠪᠦᠷᠢᠨ ᠥᠪᠡᠷ᠎ᠤᠨ ᠦᠷᠳᠡᠭ᠎ᠤᠨ ᠳᠠᠭ᠋ᠠᠳᠬᠠᠯ ᠪᠠ ᠲᠠᠷᠢᠮᠠᠯ᠎ᠤᠨ ᠣᠷᠣᠯᠭ᠎ᠠ ᠵᠢᠨ ᠳᠠᠭ᠋ᠠᠳᠬᠠᠯ᠎ᠳᠤ ᠣᠷᠣᠯᠴᠠᠬᠤ ᠬᠡᠪᠴᠢᠶ᠎ᠡ ᠵᠢ ᠥᠷᠭᠡᠳᠬᠡᠬᠦ᠎ᠪᠠᠨ ᠠᠬᠢᠭᠤᠯᠵᠤ᠂ ᠪᠠᠶ᠋ᠢᠭ᠋ᠠᠯᠢ ᠵᠢᠨ ᠠᠶᠤᠯ ᠲᠦᠭᠰᠢᠭᠦᠷᠢ ᠵᠢ ᠰᠡᠷᠭᠡᠶ᠋ᠢᠯᠡᠬᠦ᠎ᠠᠴᠠ ᠵᠠᠬ᠎ᠠ ᠳᠡᠯᠭᠡᠭᠦᠷ᠎ᠤᠨ ᠠᠶᠤᠯ ᠲᠦᠭᠰᠢᠭᠦᠷᠢ ᠵᠢ ᠰᠡᠷᠭᠡᠶ᠋ᠢᠯᠡᠬᠦ ᠲᠡᠶ᠋ᠢᠰᠢ ᠥᠷᠭᠡᠳᠬᠡᠬᠦ ᠵᠢ᠎ᠨᠢ ᠲᠦᠷᠭᠡᠳᠬᠡᠨ᠎ᠡ᠃ ᠡᠭᠦᠨ᠎ᠤ ᠬᠠᠮᠲᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠠᠮᠤ ᠪᠤᠳᠠᠭ᠋ᠠᠨ᠎ᠤ ᠠᠵᠢᠯ᠎ᠢ ᠠᠳᠬᠤᠬᠤ ᠢᠳᠡᠪᠬᠢᠵᠢᠯ᠎ᠢ᠎ᠨᠢ ᠳᠠᠶ᠋ᠢᠴᠢᠯᠠᠬᠤ ᠵᠢᠨ ᠲᠣᠭᠤᠷᠢᠨ᠎ᠳᠤ᠂ ᠡᠨᠡ ᠵᠢᠯ ᠠᠮᠤ ᠪᠤᠳᠠᠭ᠋ᠠᠨ᠎ᠤ ᠤᠨᠠᠯᠲᠠ ᠵᠢᠨ ᠲᠣᠮᠣ ᠰᠢᠶᠠᠨ ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ ᠬᠡᠷᠡᠭᠵᠢᠭᠦᠯᠬᠦ ᠬᠡᠪᠴᠢᠶ᠎ᠡ ᠵᠢ᠎ᠨᠢ ᠥᠷᠭᠡᠳᠬᠡᠵᠦ᠂ ᠲᠥᠪ᠎ᠠᠴᠠ ᠨᠢᠭᠡᠳᠦᠯᠲᠡᠢ ᠲᠥᠯᠥᠪᠯᠡᠭᠰᠡᠨ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠣᠷᠤᠯᠠᠭᠤᠯᠭ᠎ᠠ ᠵᠢᠨ ᠣᠷᠣᠨ᠎ᠤ ᠮᠤᠵᠢ ᠵᠢᠨ ᠬᠤᠭᠤᠷᠣᠨᠳᠣᠬᠢ ᠬᠥᠨᠳᠡᠯᠡᠨ ᠴᠢᠭᠯᠡᠯ ᠵᠶ᠋ᠠᠷ ᠠᠰᠢᠭ ᠲᠤᠰᠠ ᠵᠢ᠎ᠨᠢ ᠨᠦᠬᠦᠪᠦᠷᠢᠯᠡᠬᠦ ᠲᠣᠭᠲᠠᠴᠠ ᠵᠢ ᠡᠬᠢᠯᠡᠨ ᠬᠡᠷᠡᠭᠵᠢᠭᠦᠯᠵᠦ᠂ 《ᠠᠰᠢᠭ ᠬᠦᠷᠲᠡᠭᠰᠡᠨ》 ᠮᠤᠵᠢ ᠪᠡᠯᠡ ᠭᠠᠷᠭ᠋ᠠᠬᠤ᠂ 《ᠬᠤᠪᠢ ᠨᠡᠮᠡᠷᠢ ᠦᠵᠡᠭᠦᠯᠦᠭᠰᠡᠨ》 ᠮᠤᠵᠢ᠎ᠨᠢ ᠨᠥᠬᠦᠪᠦᠷᠢ ᠣᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠡᠯᠡ ᠮᠥᠩᠭᠦᠨ᠎ᠤ ᠣᠷᠣᠭᠤᠯᠤᠯᠲᠠ᠎ᠪᠠᠨ ᠶᠡᠭᠡ᠎ᠪᠠᠷ ᠨᠡᠮᠡᠭᠳᠡᠭᠦᠯᠵᠦ ᠪᠠᠶ᠋ᠢᠭ᠋ᠠᠳ ᠠᠮᠤ ᠪᠤᠳᠠᠭ᠋ᠠᠨ᠎ᠤ ᠭᠤᠣᠯ ᠤᠨᠠᠯᠲᠠ ᠵᠢᠨ ᠣᠷᠣᠨ ᠪᠠ ᠠᠮᠤ ᠪᠤᠳᠠᠭ᠋ᠠᠨ᠎ᠤ ᠤᠨᠠᠯᠲᠠ ᠵᠢᠨ ᠲᠣᠮᠣ ᠰᠢᠶᠠᠨ᠎ᠢ ᠳᠡᠮᠵᠢᠬᠦ ᠠᠵᠢᠯ ᠵᠶ᠋ᠠᠨ ᠴᠢᠩᠭ᠋ᠠᠷᠠᠭᠤᠯᠤᠨ᠎ᠠ᠃
ᠣᠳᠣᠬᠠᠨ᠎ᠳᠤ ᠪᠥᠬᠦ ᠤᠯᠤᠰ᠎ᠲᠠᠬᠢ ᠨᠤᠲᠤᠭ᠎ᠲᠤ᠎ᠪᠠᠨ ᠪᠤᠴᠠᠭᠰᠠᠨ ᠡᠯ᠎ᠡ ᠲᠥᠷᠥᠯ᠎ᠤᠨ ᠦᠢ᠍ᠯᠡᠰ ᠪᠤᠰᠬᠠᠭᠰᠠᠳ 1200 ᠲᠦᠮᠡ ᠵᠢ ᠳᠠᠪᠠᠪᠠ
ᠣᠲᠣ ᠣᠯᠠᠨ ᠠᠷᠪᠢᠨ ᠵᠠᠯᠠᠭᠤ ᠣᠶᠤᠲᠠᠳ᠂ ᠬᠤᠲᠠ ᠵᠢᠨ ᠴᠠᠭ᠋ᠠᠨ ᠵᠠᠭ᠋ᠠᠮᠠᠲᠠᠳ ᠵᠡᠷᠭᠡ ᠬᠦᠮᠦᠰ ᠨᠤᠲᠤᠭ᠎ᠲᠤ᠎ᠪᠠᠨ ᠪᠤᠴᠠᠵᠤ ᠦᠢ᠍ᠯᠡᠰ ᠪᠤᠰᠬᠠᠨ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠂ ᠰᠢᠨ᠎ᠡ ᠬᠡᠪ ᠵᠠᠭᠪᠤᠷ᠂ ᠰᠢᠨ᠎ᠡ ᠠᠬᠤᠢ ᠪᠠᠶ᠋ᠢᠳᠠᠯ᠎ᠢ ᠲᠠᠰᠤᠷᠠᠯᠲᠠ ᠦᠭᠡᠢ ᠳᠠᠶ᠋ᠢᠴᠢᠯᠠᠨ ᠴᠣᠯᠭᠤᠷᠠᠭᠤᠯᠵᠤ ᠪᠠᠶ᠋ᠢᠨ᠎ᠠ᠃ ᠪᠦᠷᠢᠳᠬᠡᠯ᠎ᠢ ᠦᠨᠳᠦᠰᠦᠯᠡᠪᠡᠯ᠂ ᠣᠳᠣᠬᠠᠨ᠎ᠳᠤ ᠪᠥᠬᠦ ᠤᠯᠤᠰ ᠲᠠᠬᠢ ᠨᠤᠲᠤᠭ᠎ᠲᠤ᠎ᠪᠠᠨ ᠪᠤᠴᠠᠭᠰᠠᠨ ᠡᠯ᠎ᠡ ᠲᠥᠷᠥᠯ᠎ᠤᠨ ᠦᠢ᠍ᠯᠡᠰ ᠪᠤᠰᠬᠠᠭᠰᠠᠳ 1200 ᠲᠦᠮᠡ ᠵᠢ ᠳᠠᠪᠠᠵᠠᠢ᠃ ᠡᠳᠡᠭᠡᠷ 《ᠰᠢᠨ᠎ᠡ ᠲᠠᠷᠢᠶᠠᠴᠢᠨ》᠂ 《ᠬᠥᠳᠡᠭᠡ ᠲᠣᠰᠬᠤᠨ᠎ᠤ ᠰᠢᠨ᠎ᠡ ᠵᠢ ᠡᠭᠦᠳᠦᠭᠴᠢ》 ᠨᠠᠷ ᠮᠡᠷᠭᠡᠵᠢᠯ ᠪᠠ ᠰᠢᠨ᠎ᠡ ᠡᠭᠦᠳᠦᠯᠲᠡ᠂ ᠬᠦᠰᠡᠯ ᠵᠡᠭᠦᠳᠦ ᠪᠠ ᠬᠠᠶ᠋ᠢᠷ᠎ᠠ ᠰᠡᠳᠬᠢᠯᠭᠡ ᠡᠪᠦᠷᠯᠡᠨ ᠢᠷᠡᠵᠦ᠂ ᠬᠥᠳᠡᠭᠡ ᠲᠣᠰᠬᠤᠨ᠎ᠤ ᠬᠥᠭᠵᠢᠯᠲᠡ᠎ᠳᠤ ᠰᠢᠨ᠎ᠡ ᠠᠮᠢᠵᠢᠷᠠᠯ᠎ᠤᠨ ᠬᠦᠴᠦᠨ ᠪᠠ ᠬᠥᠷ ᠬᠥᠭᠵᠢᠶᠡᠨ ᠨᠡᠮᠡᠷᠢᠯᠡᠵᠡᠢ᠃
ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠪᠠᠶ᠋ᠢᠷᠢᠯᠠᠭᠤᠯᠤᠭᠰᠠᠨ ᠵᠶ᠋ᠠᠷ᠄ ᠨᠢᠭᠡ ᠲᠠᠯ᠎ᠠ᠎ᠪᠠᠷ᠂ ᠲᠣᠰ ᠨᠤᠲᠤᠭ᠎ᠤᠨ ᠴᠢᠳᠠᠪᠤᠷᠢᠲᠠᠨ ᠵᠶ᠋ᠠᠨ ᠬᠥᠮᠥᠵᠢᠭᠦᠯᠬᠦ ᠵᠢ ᠴᠢᠬᠤᠯᠠᠴᠢᠯᠠᠨ ᠴᠢᠩᠭ᠋ᠠᠳᠬᠠᠵᠤ᠂ ᠲᠠᠷᠢᠶᠠᠴᠢᠳ᠎ᠤᠨ ᠮᠡᠷᠭᠡᠵᠢᠯ ᠤᠷ᠎ᠠ ᠮᠡᠷᠭᠡᠰᠢᠯ᠎ᠤᠨ ᠪᠣᠯᠪᠠᠰᠤᠷᠠᠯ᠎ᠢ ᠴᠢᠩᠭ᠋ᠠᠳᠬᠠᠬᠤ᠂ ᠬᠥᠳᠡᠭᠡ ᠲᠣᠰᠬᠤᠨ᠎ᠤ ᠤᠷᠠᠨ ᠳᠠᠷᠬᠠᠨ᠎ᠢ ᠬᠥᠮᠥᠵᠢᠭᠦᠯᠬᠦ ᠢᠨᠵᠧᠨᠧᠷᠢᠩ᠎ᠢ ᠠᠬᠢᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠬᠥᠳᠡᠭᠡ ᠲᠣᠰᠬᠤᠨ᠎ᠤ ᠡᠯ᠎ᠡ ᠲᠥᠷᠥᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠳ ᠪᠠ ᠬᠡᠷᠡᠭᠯᠡᠭᠡᠨ᠎ᠤ ᠴᠢᠳᠠᠪᠤᠷᠢᠲᠠᠳ᠎ᠤᠨ ᠡᠩᠨᠡᠭᠡ ᠵᠢ ᠪᠤᠵᠠᠭ᠋ᠠᠶ᠋ᠢᠷᠠᠭᠤᠯᠤᠨ᠎ᠠ᠃ ᠨᠥᠭᠦᠭᠡ ᠲᠠᠯ᠎ᠠ᠎ᠪᠠᠷ᠂ ᠭᠠᠳᠠᠨᠠᠬᠢ ᠴᠢᠳᠠᠪᠤᠷᠢᠲᠠᠳ᠎ᠢ ᠣᠷᠣᠭᠤᠯᠤᠨ ᠠᠪᠴᠢᠷᠠᠬᠤ᠎ᠪᠠᠨ ᠠᠩᠬᠠᠷᠤᠨ ᠴᠢᠬᠤᠯᠠᠴᠢᠯᠠᠵᠤ᠂ ᠦᠢ᠍ᠯᠡᠰ ᠪᠤᠰᠬᠠᠬᠤ ᠰᠠᠶ᠋ᠢᠨ ᠰᠠᠶ᠋ᠢᠬᠠᠨ ᠣᠷᠴᠢᠨ ᠨᠥᠬᠦᠴᠡᠯ᠎ᠢ ᠪᠣᠶ ᠪᠣᠯᠭ᠋ᠠᠬᠤ᠂ ᠨᠢᠭᠡ ᠪᠦᠯᠦᠭ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠵᠦᠢ᠍ᠯᠡᠰ᠎ᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠬᠥᠳᠡᠭᠡ ᠲᠣᠰᠬᠤᠨ᠎ᠤ ᠬᠥᠭᠵᠢᠯᠲᠡ ᠳᠤ ᠨᠢᠭᠡ ᠪᠦᠯᠦᠭ ᠪᠠᠴᠢᠮ ᠱᠠᠭ᠋ᠠᠷᠳᠠᠭᠳᠠᠵᠤ ᠪᠠᠶ᠋ᠢᠭ᠎ᠠ ᠴᠢᠳᠠᠪᠤᠷᠢᠲᠠᠳ᠎ᠢ ᠣᠷᠣᠭᠤᠯᠤᠨ ᠠᠪᠴᠢᠷᠠᠨ᠎ᠠ᠃