ᠪᠦᠬᠦ ᠣᠷᠣᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠬᠥᠯ ᠪᠥᠮᠪᠦᠭᠡ ᠵᠢᠨ ᠬᠥᠮᠥᠨ ᠬᠥᠮᠥᠵᠢᠭᠦᠯᠬᠦ ᠡᠯᠪᠡᠭ ᠪᠠᠶᠠᠯᠢᠭ ᠦᠷ᠎ᠡ ᠪᠦᠲᠦᠭᠡᠯ᠎ᠢ ᠭᠦᠢ᠍ᠴᠡᠳ ᠂ 《ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭ᠋ᠠᠨ ᠵᠶ᠋ᠠᠷ ᠬᠥᠮᠥᠨ ᠬᠥᠮᠥᠵᠢᠭᠦᠯᠬᠦ᠂ ᠤᠷᠤᠯᠳᠤᠭ᠋ᠠᠨ ᠵᠶ᠋ᠠᠷ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ》 ᠵᠠᠭᠪᠤᠷ ᠵᠶ᠋ᠠᠷ ᠳᠠᠮᠵᠢᠭᠤᠯᠤᠨ᠂ ᠨᠡᠩ ᠣᠯᠠᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡᠨ᠎ᠤ ᠲᠤᠬᠠᠢ ᠬᠠᠶ᠋ᠢᠷ᠎ᠠ ᠰᠡᠳᠬᠢᠯᠭᠡ ᠵᠢ ᠬᠥᠭᠵᠢᠭᠡᠵᠦ᠂ ᠡᠭᠦᠨ᠎ᠤ ᠤᠯᠠᠮ ᠵᠶ᠋ᠠᠷ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠪᠡᠶ᠎ᠡ ᠵᠢᠨ ᠲᠠᠮᠢᠷ ᠰᠣᠶᠣᠯ᠎ᠤᠨ ᠪᠠᠶ᠋ᠢᠭᠤᠯᠤᠯᠲᠠ᠎ᠳᠤ ᠴᠣ᠋ ᠰᠢᠨ᠎ᠡ ᠠᠮᠢᠵᠢᠷᠠᠯ᠎ᠤᠨ ᠬᠦᠴᠦᠨ᠎ᠢ ᠂ 9 ᠰᠠᠷ᠎ᠠ ᠵᠢᠨ 22᠎ᠤᠨ ᠡᠳᠦᠷ᠂ 2025 ᠣᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠲᠡᠷᠢᠭᠦᠯᠡᠭᠴᠢ ᠬᠤᠨᠳᠠᠭ᠋ᠠᠲᠤ》 ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡ ᠵᠢᠨ ᠵᠡᠷᠭᠡ ᠵᠢᠨ ᠲᠤᠰᠬᠠᠢ ᠬᠤᠯᠪᠣᠭ᠋ᠠᠲᠤ ᠤᠷᠤᠯᠳᠤᠭ᠋ᠠᠨ ᠪᠤᠭᠤᠲᠤ ᠬᠤᠲᠠ ᠵᠢᠨ ᠴᠢᠩᠱ᠌ᠠᠨ ᠲᠣᠭᠤᠷᠢᠭ᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡ ᠵᠢᠨ ᠪᠣᠯᠪᠠᠰᠤᠷᠠᠯ᠎ᠤᠨ ᠰᠠᠭᠤᠷᠢᠨ ᠭᠠᠵᠠᠷ᠎ᠲᠤ ᠃

ᠤᠷᠤᠯᠳᠤᠭ᠋ᠠᠨ ᠡᠷᠡᠭᠲᠡᠶ ᠵᠢᠨ ᠳᠤᠭᠤᠶ᠋ᠢᠯᠠᠩ᠂ ᠡᠮᠡᠭᠲᠡᠶ ᠵᠢᠨ ᠳᠤᠭᠤᠶ᠋ᠢᠯᠠᠩ ᠭᠡᠬᠦ ᠬᠤᠶᠠᠷ ᠳᠤᠭᠤᠶ᠋ᠢᠯᠠᠩ ᠲᠣᠬᠢᠷᠠᠭᠤᠯᠵᠤ᠂ ᠪᠥᠬᠦ ᠣᠷᠣᠨ᠎ᠤ ᠡᠯ᠎ᠡ ᠠᠶ᠋ᠢᠮᠠᠭ ᠬᠤᠲᠠ ᠵᠢᠨ 《ᠠᠶ᠋ᠢᠮᠠᠭ ᠬᠤᠲᠠ ᠵᠢᠨ ᠳᠠᠷᠤᠭ᠎ᠠ ᠬᠤᠨᠳᠠᠭ᠋ᠠᠲᠤ》 ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠡᠮᠦᠨ᠎ᠡ ᠬᠤᠶᠠᠷ ᠲᠥᠯᠥᠭᠡᠯᠡᠭᠴᠢᠳ᠎ᠤᠨ ᠠᠩᠭᠢ ᠵᠢᠴᠢ ᠬᠡᠰᠡᠭ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠲᠤᠰᠬᠠᠶ ᠮᠡᠷᠭᠡᠵᠢᠯ᠎ᠤᠨ ᠠᠩᠭᠢ ᠤᠷᠤᠯᠳᠤᠭ᠋ᠠᠨ᠎ᠳᠤ ᠣᠷᠣᠯᠴᠠᠵᠤ᠂ ᠳᠠᠩ ᠤᠷᠤᠯᠳᠤᠭ᠋ᠠᠨ᠂ ᠳᠤᠭᠤᠶ᠋ᠢᠯᠠᠩ᠎ᠤᠨ ᠤᠷᠤᠯᠳᠤᠭ᠋ᠠᠨ᠂ ᠰᠣᠯᠪᠢᠴᠠᠯ ᠤᠷᠤᠯᠳᠤᠭ᠋ᠠᠨ ᠵᠡᠷᠭᠡ ᠣᠯᠠᠨ ᠤᠷᠤᠯᠳᠤᠭ᠋ᠠᠨ᠎ᠤ ᠬᠡᠯᠪᠡᠷᠢ᠎ᠪᠠᠷ ᠳᠠᠮᠵᠢᠭᠤᠯᠤᠨ᠂ ᠤᠷᠤᠯᠳᠤᠭ᠋ᠠᠨ᠎ᠤ ᠡᠷᠬᠡ ᠲᠡᠭᠰᠢ ᠲᠥᠪ ᠭᠤᠤᠯᠴᠢ᠂ ᠭᠤᠶ᠋ᠢᠳᠠ ᠰᠠᠶ᠋ᠢᠬᠠᠨ ᠡᠮᠬᠢ ᠵᠢᠷᠤᠮ᠎ᠲᠠᠢ ᠪᠠᠶ᠋ᠢᠬᠤ ᠵᠢ ᠦᠨᠡᠨ ᠬᠦ᠌ ᠪᠠᠲᠤᠯᠠᠪᠠ᠃


6 ᠡᠳᠦᠷ᠎ᠤᠨ ᠭᠤᠶ᠋ᠢᠳᠠ ᠰᠠᠶ᠋ᠢᠬᠠᠨ ᠵᠶ᠋ᠠᠷ ᠂ ᠡᠯ᠎ᠡ ᠲᠥᠯᠥᠭᠡᠯᠡᠭᠴᠢᠳ᠎ᠤᠨ ᠠᠩᠭᠢ ᠰᠡᠳᠬᠢᠯ ᠬᠠᠮᠵᠢᠯᠴᠠᠵᠤ᠂ ᠲᠡᠮᠡᠴᠡᠵᠦ᠂ ᠤᠷᠤᠯᠳᠤᠭ᠋ᠠᠨ᠎ᠤ ᠲᠦᠪᠰᠢᠨ᠎ᠢ ᠃ ᠡᠴᠦᠰ᠎ᠲᠤ᠂ ᠡᠷᠡᠭᠲᠡᠶ ᠵᠢᠨ ᠳᠤᠭᠤᠶ᠋ᠢᠯᠠᠩ᠎ᠤᠨ ᠲᠦᠷᠦᠭᠦᠤ ᠭᠤᠷᠪᠠᠨ ᠲᠣᠰ ᠲᠣᠰ ᠬᠥᠬᠡᠬᠤᠲᠠ ᠵᠢᠨ ᠣᠲᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠰᠤᠷᠭ᠋ᠠᠭᠤᠯᠢ᠂ ᠲᠦᠩᠯᠢᠶᠣᠤ ᠬᠤᠲᠠ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠮᠠᠨᠵᠤᠤᠷ ᠬᠤᠲᠠ ᠵᠢᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ; ᠡᠮᠡᠭᠲᠡᠶ ᠵᠢᠨ ᠳᠤᠭᠤᠶ᠋ᠢᠯᠠᠩ᠎ᠤᠨ ᠲᠦᠷᠦᠭᠦᠤ ᠭᠤᠷᠪᠠᠨ ᠵᠠᠯᠠᠶ᠋ᠢᠳ ᠬᠤᠰᠢᠭᠤᠨ᠎ᠤ ᠳᠤᠮᠳᠠ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ᠂ ᠲᠦᠩᠯᠢᠶᠣᠤ ᠬᠤᠲᠠ ᠵᠢᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠤᠯᠠᠭ᠋ᠠᠨᠴᠠᠪ ᠬᠤᠲᠠ ᠵᠢᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠃


ᠤᠳᠠᠭ᠋ᠠᠨ᠎ᠤ ᠬᠤᠯᠪᠣᠭ᠋ᠠᠲᠤ ᠤᠷᠤᠯᠳᠤᠭ᠋ᠠᠨ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ ᠬᠡᠷᠡᠭᠵᠢᠭᠦᠯᠵᠦ᠂ ᠪᠤᠭᠤᠲᠤ ᠮᠧᠬᠠᠨᠢᠭ᠎ᠤᠨ ᠠᠵᠤ ᠦᠢ᠍ᠯᠡᠳᠪᠦᠷᠢ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠡᠷᠭᠢᠯᠡᠪᠡ᠃