ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠥᠬᠦ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠳᠠᠳᠤᠯᠭ᠎ᠠ ᠬᠢᠬᠦ ᠠᠮᠤᠷ ᠲᠦᠪᠰᠢᠨ᠎ᠤ ᠠᠵᠢᠯ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ᠎ᠳᠤ ᠣᠷᠣᠯᠴᠠᠭᠰᠠᠨ ᠪᠥᠭᠡᠳ ᠲᠣᠬᠢᠷᠠᠭᠤᠯᠤᠨ ᠪᠠᠶ᠋ᠢᠷᠢᠯᠠᠭᠤᠯᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠶᠤᠯ ᠥᠬᠡᠶ ᠦᠢ᠍ᠯᠡᠳᠪᠦᠷᠢᠯᠡᠯ᠎ᠤᠨ ᠵᠥᠪᠯᠡᠯ᠎ᠤᠨ ᠬᠠᠮᠤᠭ᠎ᠤᠨ ᠰᠢᠨ᠎ᠡ ᠬᠤᠷᠠᠯ᠎ᠤᠨ ᠵᠣᠷᠢᠭ ᠰᠠᠨᠠᠭ᠎ᠠ ᠵᠢ ᠵᠠᠷᠯᠠᠨ ᠮᠡᠳᠡᠭᠳᠡᠵᠦ᠂ ᠣᠳᠣᠬᠠᠨ᠎ᠤ ᠠᠶᠤᠯ ᠥᠬᠡᠶ ᠦᠢ᠍ᠯᠡᠳᠪᠦᠷᠢᠯᠡᠯ᠎ᠤᠨ ᠠᠵᠢᠯ᠎ᠤᠨ ᠶᠡᠷᠦᠩᠬᠡᠶ ᠱᠠᠭ᠋ᠠᠷᠳᠠᠯᠭ᠎ᠠ ᠪᠠ ᠭᠤᠤᠯᠳᠠᠯᠭ᠎ᠠ᠎ᠲᠠᠢ ᠡᠭᠦᠷᠭᠡ ᠵᠢ ᠲᠣᠳᠣᠷᠬᠠᠶ᠋ᠢᠯᠠᠬᠤ ᠵᠢᠨ ᠬᠠᠮᠲᠤ ᠲᠤᠰᠬᠠᠶ ᠰᠡᠳᠦᠪ ᠵᠶ᠋ᠠᠷ ᠲᠣᠬᠢᠷᠠᠭᠤᠯᠬᠤ ᠪᠠ ᠲᠤᠬᠠᠶ ᠵᠢᠨ ᠭᠠᠵᠠᠷ ᠠᠰᠠᠭᠤᠨ ᠯᠠᠪᠯᠠᠬᠤ ᠠᠵᠢᠯ᠎ᠢ ᠥᠷᠨᠢᠭᠦᠯᠵᠦ᠂ ᠡᠯ᠎ᠡ ᠠᠶ᠋ᠢᠮᠠᠭ ᠬᠤᠲᠠ ᠵᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠳᠠᠳᠤᠯᠭ᠎ᠠ ᠬᠢᠬᠦ ᠠᠮᠤᠷ ᠲᠦᠪᠰᠢᠨ᠎ᠤ ᠲᠦᠷᠢᠮ᠎ᠤᠨ ᠪᠠᠶ᠋ᠢᠭᠤᠯᠤᠯᠲᠠ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ ᠵᠡᠷᠭᠡ ᠲᠠᠯ᠎ᠠ ᠵᠢᠨ ᠠᠵᠢᠯ᠎ᠢ ᠠᠬᠢᠭᠤᠯᠤᠭᠰᠠᠨ ᠪᠠᠶ᠋ᠢᠳᠠᠯ᠎ᠢ ᠪᠥᠬᠦ ᠲᠠᠯ᠎ᠠ᠎ᠪᠠᠷ ᠡᠵᠡᠮᠰᠢᠵᠦ᠂ ᠣᠳᠣᠬᠠᠨ᠎ᠤ ᠳᠠᠳᠤᠯᠭ᠎ᠠ ᠬᠢᠬᠦ ᠠᠮᠤᠷ ᠲᠦᠪᠰᠢᠨ᠎ᠤ ᠬᠠᠮᠢᠶᠠᠷᠤᠯᠲᠠ᠎ᠳᠤ ᠣᠷᠣᠰᠢᠵᠤ ᠪᠠᠶ᠋ᠢᠭ᠎ᠠ ᠪᠠᠭᠤᠷᠠᠶ ᠭᠤᠭᠴᠤᠭ᠎ᠠ ᠪᠠ ᠲᠣᠪᠤᠶ᠋ᠢᠮ᠎ᠠ ᠠᠰᠠᠭᠤᠳᠠᠯ᠎ᠢ ᠣᠨᠣᠪᠴᠢᠲᠠᠶ ᠡᠮᠬᠢᠯᠡᠪᠡ᠃
ᠬᠤᠷᠠᠯ᠎ᠠᠴᠠ᠂ ᠡᠯ᠎ᠡ ᠭᠠᠵᠠᠷᠡᠯᠡ ᠰᠤᠷᠭ᠋ᠠᠭᠤᠯᠢ ᠵᠢᠨ᠎ᠬᠢᠨ ᠶᠡᠷᠦᠩᠬᠡᠢ ᠱᠦᠵᠢ ᠰᠢ᠎ᠵᠢᠨ᠎ᠫᠢᠩ᠎ᠤᠨ ᠠᠮᠤᠷ ᠲᠦᠪᠰᠢᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠣᠶ᠋ᠢᠯᠠᠭ᠋ᠠᠵᠤ᠂ ᠳᠠᠳᠤᠯᠭ᠎ᠠ ᠵᠢᠨ ᠠᠮᠤᠷ ᠲᠦᠪᠰᠢᠨ᠎ᠢ ᠰᠤᠷᠭ᠋ᠠᠭᠤᠯᠢ ᠵᠢᠨ ᠠᠮᠤᠷ ᠲᠦᠪᠰᠢᠨ᠎ᠤ ᠠᠵᠢᠯ᠎ᠤᠨ ᠪᠦᠬᠦ ᠲᠠᠯ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠴᠢᠬᠤᠯᠠ ᠴᠣᠬᠤᠯᠠᠪᠤᠷᠢ ᠵᠢᠨ ᠵᠣᠷᠢᠭ ᠰᠠᠨᠠᠭ᠎ᠠ ᠪᠣᠯᠤᠨ ᠰᠤᠷᠭ᠋ᠠᠨ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠳᠠᠳᠤᠯᠭ᠎ᠠ ᠵᠢᠨ ᠪᠦᠬᠦ ᠶᠠᠪᠤᠴᠠ᠎ᠳᠤ ᠂ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠠᠳᠡᠯ ᠦᠯᠦ ᠭᠠᠷᠭ᠋ᠠᠬᠤ ᠬᠤᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ᠃ ᠳᠠᠳᠤᠯᠭ᠎ᠠ ᠬᠢᠬᠦ ᠠᠮᠤᠷ ᠲᠦᠪᠰᠢᠨ᠎ᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠭᠦᠢ᠍ᠴᠡᠳᠬᠡᠵᠦ᠂ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠶ᠋ᠢᠷᠢ᠎ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ》 ᠵᠢ ᠡᠷᠡᠰ ᠨᠠᠶ᠋ᠢᠳᠠᠪᠤᠷᠢᠵᠢᠭᠤᠯᠵᠤ᠂ ᠭᠤᠣᠯ ᠤᠳᠤᠷᠢᠳᠤᠯᠭ᠎ᠠ ᠪᠡᠶ᠎ᠡ᠎ᠪᠠᠷ ᠵᠶ᠋ᠠᠨ ᠠᠳᠬᠤᠬᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠢ ᠠᠳᠬᠤᠬᠤ᠂ ᠬᠠᠷᠢᠭᠤᠴᠠᠯᠭ᠋ᠠᠲᠤ ᠰᠠᠯᠠᠭ᠎ᠠ ᠮᠥᠴᠢᠷ ᠬᠠᠮᠵᠢᠯᠴᠠᠨ ᠠᠳᠬᠤᠬᠤ ᠠᠵᠢᠯ᠎ᠤᠨ
ᠬᠤᠷᠠᠯ᠎ᠠᠴᠠ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠦᠢ᠍ᠯᠡᠳᠪᠦᠷᠢᠯᠡᠯ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠵᠡᠷᠭᠡ ᠲᠤᠰᠬᠠᠢ ᠰᠡᠳᠦᠪᠲᠦ ᠬᠥᠮᠦᠵᠢᠯ᠎ᠢ ᠪᠠᠶ᠋ᠢᠩᠭᠤᠵᠢᠭᠤᠯᠤᠨ ᠥᠷᠨᠢᠭᠦᠯᠬᠦ ᠬᠡᠷᠡᠭᠲᠡᠢ ; ᠬᠤᠣᠰ ᠵᠢᠯᠣᠭᠤᠳᠣᠭᠴᠢ ᠪᠠᠭᠰᠢ ᠵᠢᠨ ᠬᠠᠮᠢᠶᠠᠷᠤᠯᠲᠠ ᠵᠢᠨ ᠲᠦᠷᠢᠮ᠎ᠢ ᠨᠠᠶ᠋ᠢᠳᠠᠪᠤᠷᠢᠵᠢᠭᠤᠯᠵᠤ᠂ ᠰᠤᠷᠭ᠋ᠠᠭᠤᠯᠢ ᠵᠢᠨ ᠪᠠᠭᠰᠢ ᠠᠵᠤ ᠠᠬᠤᠶ᠋ᠢᠯᠠᠯ᠎ᠤᠨ ᠳᠠᠭ᠋ᠠᠭᠤᠯᠤᠨ ᠠᠵᠢᠯᠲᠠᠨ ᠪᠥᠬᠦ ᠶᠠᠪᠤᠴᠠ᠎ᠳᠤ ᠬᠠᠮᠵᠢᠯᠴᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ ; ᠮᠡᠳᠡᠭᠡ ᠵᠢᠨ ᠠᠷᠭ᠎ᠠ ᠪᠠᠷᠢᠯ᠎ᠢ ᠴᠢᠩᠭ᠋ᠠᠳᠬᠠᠨ ᠬᠥᠳᠡᠯᠦᠩᠭᠦᠶ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠬᠡᠷ ᠪᠦᠯᠢ ᠪᠠ ᠰᠤᠷᠭ᠋ᠠᠭᠤᠯᠢ ᠵᠢᠨ ᠬᠠᠮᠵᠢᠯᠴᠠᠬᠤ ᠲᠣᠭᠲᠠᠴᠠ ᠵᠢ ᠂ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠰᠢᠬᠦ ᠬᠡᠷᠡᠭᠲᠡᠶ ; ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠬᠦ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ ᠰᠣᠷᠢᠯᠲᠠ ᠵᠢ ᠵᠣᠬᠢᠶᠠᠨ ᠪᠠᠶ᠋ᠢᠭᠤᠯᠵᠤ᠂ ᠭᠡᠨᠡᠳᠲᠡ ᠵᠢᠨ ᠬᠡᠷᠡᠭ᠎ᠢ ᠮᠡᠳᠡᠭᠦᠯᠬᠦ ᠪᠠ ᠰᠢᠢ᠍ᠳᠪᠦᠷᠢᠯᠡᠬᠦ ᠴᠤᠪᠤᠷᠠᠯ᠎ᠢ ᠵᠢᠷᠤᠮᠵᠢᠭᠤᠯᠤᠨ᠂ ᠲᠦᠷᠭᠡᠨ ᠂ ᠰᠢᠢ᠍ᠳᠪᠦᠷᠢᠯᠡᠬᠦ ᠬᠡᠷᠡᠭᠲᠡᠶ ᠃
ᠪᠥᠬᠦ ᠣᠷᠣᠨ᠎ᠤ 12 ᠬᠤᠲᠠ ᠵᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ 35 ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ (ᠠᠵᠢᠯ ᠮᠡᠷᠭᠡᠵᠢᠯ᠎ᠤᠨ ᠵᠢᠩᠬᠢᠨᠢ ᠠᠩᠭᠢ ᠵᠢ ᠪᠠᠭᠲᠠᠭ᠋ᠠᠨ᠎ᠠ) ᠵᠢᠴᠢ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃