2025 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠨ ᠬᠡᠦᠬᠡᠳ ᠪᠣᠢᠵᠢᠭᠤᠯᠬᠤ ᠨᠡᠮᠡᠭᠦᠷᠢ᠎ᠶᠢᠨ ᠳᠦᠷᠢᠮ ᠨᠢ ᠬᠠᠤᠯᠢ ᠴᠠᠭᠠᠵᠠ ᠬᠠᠤᠯᠢ ᠲᠣᠭᠲᠠᠭᠠᠯ᠎ᠤᠨ ᠲᠣᠭᠲᠠᠭᠠᠯ᠎ᠳᠤ ᠨᠡᠢᠴᠡᠵᠦ ᠲᠥᠷᠥᠭᠰᠡᠨ ᠪᠦᠬᠦᠯᠢ 3 ᠨᠠᠰᠤᠨ᠎ᠠᠴᠠ ᠳᠣᠷᠣᠭ᠍ᠰᠢᠬᠢ ᠨᠢᠯᠬ᠎ᠠ ᠨᠢᠷᠠᠢ ᠬᠡᠦᠬᠡᠳ᠎ᠲᠦ ᠨᠡᠮᠡᠭᠦᠷᠢ ᠣᠯᠭᠣᠵᠤ᠂ ᠬᠡᠦᠬᠡᠳ ᠪᠣᠢᠵᠢᠭᠤᠯᠬᠤ ᠨᠡᠮᠡᠭᠦᠷᠢ᠎ᠶᠢ ᠵᠢᠯ᠎ᠳᠦ ᠨᠢᠭᠡ ᠤᠳᠠᠭ᠎ᠠ ᠣᠯᠭᠣᠨ᠎ᠠ᠃
ᠬᠡᠦᠬᠡᠳ ᠪᠣᠢᠵᠢᠭᠤᠯᠬᠤ ᠨᠡᠮᠡᠭᠦᠷᠢ ᠣᠯᠭᠣᠬᠤ ᠪᠠᠷᠢᠮᠵᠢᠶ᠎ᠠ
ᠣᠳᠣᠬᠢ᠎ᠶᠢᠨ ᠤᠯᠤᠰ᠎ᠤᠨ ᠰᠠᠭᠤᠷᠢ ᠪᠠᠷᠢᠮᠵᠢᠶ᠎ᠠ ᠪᠣᠯ ᠬᠡᠦᠬᠡᠳ ᠨᠢᠭᠡᠪᠦᠷᠢ᠎ᠳᠦ ᠵᠢᠯ ᠪᠣᠯᠭᠠᠨ 3600 ᠲᠥᠭᠥᠷᠢᠭ ᠣᠯᠭᠣᠵᠤ᠂ ᠨᠢᠯᠬ᠎ᠠ ᠨᠢᠷᠠᠢ ᠬᠡᠦᠬᠡᠳ᠎ᠲᠦ ᠪᠦᠬᠦᠯᠢ 3 ᠨᠠᠰᠤ ᠬᠦᠷᠲᠡᠯ᠎ᠡ ᠨᠢ ᠣᠯᠭᠣᠨ᠎ᠠ᠃
ᠬᠡᠦᠬᠡᠳ ᠪᠣᠢᠵᠢᠭᠤᠯᠬᠤ ᠨᠡᠮᠡᠭᠦᠷᠢ᠎ᠶᠢ ᠭᠤᠶᠤᠴᠢᠯᠠᠨ ᠠᠪᠬᠤ ᠪᠠ ᠣᠯᠭᠣᠬᠤ
ᠭᠤᠶᠤᠴᠢᠯᠠᠨ ᠠᠪᠬᠤ
ᠨᠢᠯᠬ᠎ᠠ ᠨᠢᠷᠠᠢ ᠬᠡᠦᠬᠡᠳ᠎ᠦᠨ ᠡᠴᠢᠭᠡ ᠡᠬᠡ᠎ᠶᠢᠨ ᠨᠢᠭᠡ ᠲᠠᠯ᠎ᠠ ᠪᠤᠶᠤ ᠪᠤᠰᠤᠳ ᠬᠠᠷᠠᠭᠠᠯᠵᠠᠨ ᠬᠠᠮᠠᠭᠠᠯᠠᠭ᠍ᠴᠢ ᠨᠢ ᠲᠣᠭᠲᠠᠭᠠᠯ ᠶᠣᠰᠣᠭᠠᠷ ᠨᠢᠯᠬ᠎ᠠ ᠨᠢᠷᠠᠢ ᠬᠡᠦᠬᠡᠳ᠎ᠦᠨ ᠡᠷᠦᠬᠡ ᠠᠮᠠ᠎ᠶᠢᠨ ᠳᠠᠩᠰᠠ ᠪᠠᠢᠭ᠎ᠠ ᠭᠠᠵᠠᠷ᠎ᠠᠴᠠ ᠭᠤᠶᠤᠴᠢᠯᠠᠨ ᠠᠪᠤᠨ᠎ᠠ᠃
ᠭᠤᠶᠤᠴᠢᠯᠠᠨ ᠠᠪᠤᠭ᠍ᠴᠢ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠲᠠᠭᠯᠠᠵᠤ᠂ ᠬᠡᠦᠬᠡᠳ᠎ᠦᠨ ᠲᠦᠷᠦᠭᠰᠡᠨ ᠠᠨᠠᠭᠠᠬᠤ ᠤᠬᠠᠭᠠᠨ᠎ᠤ ᠭᠡᠷᠡᠴᠢ᠂ ᠡᠷᠦᠭᠡ ᠠᠮᠠ᠎ᠶᠢᠨ ᠳᠡᠪᠲᠡᠷ ᠵᠡᠷᠭᠡ ᠮᠠᠲᠧᠷᠢᠶᠠᠯ ᠬᠠᠩᠭᠠᠬᠤ᠎ᠶᠢᠨ ᠬᠠᠮᠲᠤ ᠬᠠᠩᠭᠠᠭᠰᠠᠨ ᠮᠡᠳᠡᠭᠡ ᠵᠠᠩᠭᠢ ᠵᠢᠴᠢ ᠮᠠᠲᠧᠷᠢᠶᠠᠯ᠎ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠎ᠲᠤ ᠠᠮᠠᠯᠠᠯᠲᠠ ᠬᠢᠨ᠎ᠡ᠃
ᠭᠤᠶᠤᠴᠢᠯᠠᠨ ᠠᠪᠤᠭ᠍ᠴᠢ ᠨᠢ ᠭᠣᠣᠯᠳᠠᠭᠤ ᠬᠡᠦᠬᠡᠳ ᠪᠣᠢᠵᠢᠭᠤᠯᠬᠤ ᠨᠡᠮᠡᠭᠦᠷᠢ᠎ᠶᠢᠨ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠰᠢᠰᠲᠧᠮ᠎ᠢᠶᠡᠷ ᠳᠠᠮᠵᠢᠨ ᠰᠦᠯᠵᠢᠶ᠎ᠡ᠎ᠪᠡᠷ ᠭᠤᠶᠤᠴᠢᠯᠠᠨ᠎ᠠ᠂ ᠰᠦᠯᠵᠢᠶᠡᠨ᠎ᠡᠴᠡ ᠭᠠᠳᠠᠭᠤᠷ ᠭᠤᠶᠤᠴᠢᠯᠠᠭᠰᠠᠨ ᠴᠤ᠌ ᠪᠣᠯᠣᠨ᠎ᠠ᠃
ᠣᠯᠭᠣᠬᠤ
ᠣᠯᠭᠣᠬᠤ ᠠᠷᠭ᠎ᠠ ᠵᠠᠮ ᠨᠢ ᠭᠤᠶᠤᠴᠢᠯᠠᠨ ᠠᠪᠤᠭ᠍ᠴᠢ ᠪᠤᠶᠤ ᠨᠢᠯᠬ᠎ᠠ ᠨᠢᠷᠠᠢ ᠬᠡᠦᠬᠡᠳ᠎ᠦᠨ ᠪᠠᠩᠬᠢ᠎ᠶᠢᠨ ᠺᠠᠷᠲ ᠪᠤᠶᠤ ᠪᠤᠰᠤᠳ ᠮᠥᠩᠭᠥᠨ ᠭᠦᠢᠯᠭᠡᠭᠡᠨ᠎ᠦ ᠲᠠᠩᠰᠠᠨ ᠡᠷᠦᠬᠡ ᠪᠠᠢᠵᠤ᠂ ᠠᠷᠠᠳ᠎ᠲᠤ ᠪᠠ ᠲᠠᠷᠢᠶᠠᠴᠢᠳ᠎ᠲᠤ ᠠᠰᠢᠭ᠋ ᠬᠦᠷᠲᠡᠭᠡᠬᠦ ᠡᠳ᠋᠎ᠦᠨ ᠵᠠᠰᠠᠭ᠎ᠤᠨ ᠨᠡᠮᠡᠭᠦᠷᠢ᠎ᠶᠢᠨ ᠪᠡᠯᠡ ᠮᠥᠩᠭᠥᠨ᠎ᠦ 《ᠪᠦᠷᠢᠨ ᠴᠢᠳᠠᠮᠵᠢᠲᠤ ᠺᠠᠷᠲ》 ᠪᠤᠶᠤ ᠨᠢᠯᠬ᠎ᠠ ᠨᠢᠷᠠᠢ ᠬᠡᠦᠬᠡᠳ᠎ᠦᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢᠶᠠᠷ ᠣᠯᠭᠣᠬᠤ᠎ᠶᠢ ᠵᠣᠷᠢᠭ᠍ᠵᠢᠭᠤᠯᠤᠨ᠎ᠠ᠃
ᠬᠡᠦᠬᠡᠳ ᠪᠣᠢᠵᠢᠭᠤᠯᠬᠤ ᠨᠡᠮᠡᠭᠦᠷᠢ᠎ᠳᠦ ᠶᠠᠮᠠᠷ ᠶᠠᠮᠠᠷ ᠬᠠᠮᠢᠶ᠎ᠠ ᠪᠦᠬᠦᠢ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ ᠪᠠᠢᠬᠤ ᠪᠣᠶ?
ᠬᠡᠦᠬᠡᠳ ᠪᠣᠢᠵᠢᠭᠤᠯᠬᠤ ᠨᠡᠮᠡᠭᠦᠷᠢ᠎ᠶᠢᠨ ᠳᠦᠷᠢᠮ᠎ᠦᠨ ᠲᠣᠭᠲᠠᠭᠠᠯ ᠶᠣᠰᠣᠭᠠᠷ ᠲᠠᠷᠬᠠᠭᠠᠭᠰᠠᠨ ᠬᠡᠦᠬᠡᠳ ᠪᠣᠢᠵᠢᠭᠤᠯᠬᠤ ᠨᠡᠮᠡᠭᠦᠷᠢ᠎ᠡᠴᠡ ᠬᠤᠪᠢ ᠬᠥᠮᠥᠨ᠎ᠦ ᠠᠰᠢᠭ᠋ ᠣᠷᠣᠯᠭ᠎ᠠ᠎ᠶᠢᠨ ᠭᠠᠢᠯᠢ᠎ᠶᠢ ᠬᠡᠯᠲᠦᠷᠢᠭᠦᠯᠦᠨ᠎ᠡ᠃
ᠠᠮᠢᠳᠤᠷᠠᠯ᠎ᠤᠨ ᠨᠠᠭᠠᠲᠤ ᠵᠠᠬ᠎ᠠ᠎ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ ᠵᠡᠷᠭᠡ ᠲᠡᠩᠬᠡᠷᠡᠭᠦᠯᠦᠨ ᠲᠤᠰᠠᠯᠠᠬᠤ ᠡᠲᠡᠭᠡᠳ᠎ᠢ ᠦᠨᠡᠯᠡᠬᠦ ᠦᠶ᠎ᠡ᠎ᠳᠦ᠂ ᠬᠡᠦᠬᠡᠳ ᠪᠣᠢᠵᠢᠭᠤᠯᠬᠤ ᠨᠡᠮᠡᠭᠦᠷᠢ᠎ᠶᠢ ᠭᠡᠷ ᠪᠦᠯᠢ᠎ᠶᠢᠨ ᠪᠤᠶᠤ ᠬᠤᠪᠢ ᠬᠥᠮᠥᠨ᠎ᠦ ᠣᠷᠣᠯᠭ᠎ᠠ᠎ᠳᠤ ᠪᠤᠳᠤᠵᠤ ᠣᠷᠣᠭᠤᠯᠬᠤ ᠦᠭᠡᠢ᠃