《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ ᠬᠤᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠡᠯᠲᠡᠰ᠂ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠵᠢᠨ ᠠᠵᠢᠯᠲᠠᠨ᠎ᠤ ᠶᠠᠪᠤᠳᠠᠯ(ᠺᠠᠳ᠋ᠷ)᠎ᠤᠨ ᠭᠠᠵᠠᠷ᠂ ᠡᠯ᠎ᠡ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ(ᠠᠵᠢᠯᠲᠠᠨ᠎ᠤ ᠶᠠᠪᠤᠳᠠᠯ)᠎ᠤᠨ ᠰᠠᠯᠠᠭ᠎ᠠ ᠮᠥᠴᠢᠷ᠎ᠲᠤ᠄
ᠡᠳᠦᠭᠡ ᠰᠢᠨ᠎ᠡ᠎ᠪᠠᠷ ᠵᠠᠰᠠᠪᠤᠷᠢ ᠣᠷᠣᠭᠤᠯᠤᠭᠰᠠᠨ《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠢ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ ᠤᠨ ᠴᠣᠯᠠ ᠵᠢ
ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠮᠡᠷᠭᠡᠵᠢᠯ᠎ᠤᠨ ᠴᠣᠯᠠ ᠵᠢᠨ ᠳᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ》(ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠵᠠᠷᠯᠢᠭ 40 ᠳ᠋ᠦ᠍ᠭᠡᠷ ᠲᠤᠭ᠋ᠠᠲᠤ)᠂《ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠢᠨᠠᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》(ᠬᠥᠮᠥᠨ ᠨᠡᠶ᠋ᠢᠭᠡᠮ ᠶᠠᠮᠤᠨ ᠲᠠᠷᠬᠠᠭ᠋ᠠᠭᠰᠠᠨ [2024] 56 ᠳ᠋ᠤᠭ᠋ᠠᠷ ᠲᠣᠭ᠋ᠠᠲᠤ)᠂ 《ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠬᠥᠮᠥᠨ ᠨᠡᠶ᠋ᠢᠭᠡᠮ ᠲᠢᠩᠬᠢᠮ ᠲᠠᠷᠬᠠᠭ᠋ᠠᠭᠰᠠᠨ [2022] 60 ᠳ᠋ᠤᠭ᠋ᠠᠷ ᠲᠣᠭ᠋ᠠᠲᠤ)᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ〈ᠮᠡᠷᠭᠡᠵᠢᠯ᠎ᠤᠨ ᠴᠣᠯᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ〉᠎ᠢ ᠳᠠᠷᠤᠮᠠᠯᠯᠠᠨ ᠶᠠᠪᠤᠭᠤᠯᠬᠤ ᠮᠡᠳᠡᠭᠳᠡᠯ》 (ᠥᠪᠥᠷ ᠨᠠᠮ ᠠᠯᠪᠠᠨ ᠲᠠᠷᠬᠠᠭ᠋ᠠᠭᠰᠠᠨ [2017] 36 ᠳ᠋ᠤᠭ᠋ᠠᠷ ᠲᠣᠭ᠋ᠠᠲᠤ)ᠵᠡᠷᠭᠡ ᠬᠤᠯᠪᠣᠭᠳᠠᠯ ᠪᠦᠬᠦᠢ ᠲᠣᠭᠲᠠᠭ᠋ᠠᠯ᠎ᠢ ᠪᠥᠬᠦ ᠲᠠᠯ᠎ᠠ᠎ᠪᠠᠷ ᠨᠠᠢ᠍ᠲᠠᠪᠤᠷᠢᠵᠢᠭᠤᠯᠵᠤ᠂ ᠴᠢᠳᠠᠪᠤᠷᠢᠲᠠᠨ᠎ᠢ ᠨᠠᠮ᠎ᠠᠴᠠ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠳᠡᠰ ᠳᠠᠷᠠᠭ᠋ᠠᠯᠠᠯ᠎ᠢ ᠤᠯᠠᠮ ᠨᠢᠭᠡ ᠠᠯᠬᠤᠮ ᠵᠢᠷᠤᠮᠵᠢᠭᠤᠯᠤᠨ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠪᠥᠬᠦ ᠶᠠᠪᠤᠴᠠ᠎ᠳᠠᠬᠢ ᠬᠠᠮᠢᠶᠠᠷᠤᠯᠲᠠ ᠵᠢ ᠴᠢᠩᠭ᠋ᠠᠳᠬᠠᠵᠤ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠶᠠᠰᠤ ᠴᠢᠨᠠᠷ᠎ᠢ ᠪᠠᠲᠤᠯᠠᠬᠤ ᠵᠢᠨ ᠲᠤᠰᠠᠲᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠭᠡᠳᠡᠭ ᠪᠣᠯ ᠬᠢᠨᠠᠨ ᠲᠣᠭᠲᠠᠭ᠋ᠠᠬᠤ ᠪᠠᠷᠢᠮᠵᠢᠶ᠎ᠠ ᠪᠠ ᠳᠡᠰ ᠳᠠᠷᠠᠭ᠋ᠠᠯᠠᠯ᠎ᠤᠨ ᠶᠣᠰᠣᠭ᠋ᠠᠷ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠶᠣᠰᠣ ᠮᠣᠷᠠᠯ᠂ ᠴᠢᠳᠠᠪᠤᠷᠢ᠂ ᠠᠵᠢᠯ᠎ᠤᠨ ᠠᠮᠵᠢᠯᠲᠠ ᠵᠢ᠎ᠨᠢ ᠦᠨᠡᠯᠡᠨ ᠵᠦᠪᠯᠡᠵᠦ ᠲᠣᠭᠲᠠᠭ᠋ᠠᠬᠤ ᠪᠠ ᠮᠠᠭ᠋ᠠᠳᠯᠠᠨ ᠲᠣᠭᠲᠠᠭ᠋ᠠᠬᠤ ᠵᠢ ᠬᠡᠯᠡᠨ᠎ᠡ᠃ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠭᠰᠠᠨ ᠦᠷ᠎ᠡ ᠳ᠋ᠦᠩ ᠪᠣᠯ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠤᠷᠢᠨ ᠬᠡᠷᠡᠭᠯᠡᠬᠦ᠂ ᠰᠢᠯᠭ᠋ᠠᠨ ᠬᠢᠨᠠᠬᠤ᠂ ᠳᠡᠪᠰᠢᠭᠦᠯᠬᠦ ᠵᠡᠷᠭᠡ ᠠᠵᠢᠯ᠎ᠤᠨ ᠴᠢᠬᠤᠯᠠ ᠦᠨᠳᠦᠰᠦᠯᠡᠯ ᠪᠣᠯᠣᠨ᠎ᠠ᠃
ᠭᠤᠷᠪᠠᠳᠤᠭ᠋ᠠᠷ ᠵᠦᠢ᠍ᠯ ᠲᠣᠰ ᠬᠡᠷᠡᠭᠵᠢᠭᠦᠯᠬᠦ ᠨᠠᠷᠢᠨ ᠳᠦᠷᠢᠮ᠎ᠢ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠠᠬᠢ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠪᠦᠯᠬᠦᠮ᠂ ᠬᠤᠪᠢ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠡᠷᠭᠡ (ᠳᠣᠷᠣᠭᠰᠢ ᠬᠥᠮᠥᠨ ᠬᠡᠷᠡᠭᠯᠡᠬᠦ ᠨᠢᠭᠡᠴᠢ ᠭᠡᠵᠦ ᠲᠣᠪᠴᠢᠯᠠᠨ᠎ᠠ) ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ ᠥᠷᠨᠢᠭᠦᠯᠬᠦ᠎ᠳᠤ ᠲᠣᠬᠢᠷᠠᠭᠤᠯᠤᠨ ᠬᠡᠷᠡᠭᠯᠡᠨ᠎ᠡ᠃
ᠳᠥᠷᠪᠡᠳᠦᠭᠡᠷ ᠵᠦᠢ᠍ᠯ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠳᠤ ᠶᠡᠷᠦᠩᠬᠡᠢ ᠱᠦᠵᠢ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠴᠢᠳᠠᠪᠤᠷᠢᠲᠠᠨ᠎ᠤ ᠠᠵᠢᠯ᠎ᠢ ᠰᠠᠶ᠋ᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠮᠣᠷᠠᠯ ᠴᠢᠳᠠᠪᠤᠷᠢ ᠵᠢ ᠬᠣᠣᠰᠯᠠᠭᠤᠯᠵᠤ᠂ ᠮᠣᠷᠠᠯ᠎ᠢ ᠲᠡᠷᠢᠭᠦᠨ᠎ᠳᠤ ᠲᠠᠯᠪᠢᠬᠤ ᠵᠠᠷᠴᠢᠮ᠎ᠢ ᠪᠠᠷᠢᠮᠲᠠᠯᠠᠨ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠦᠵᠡᠯ ᠰᠠᠨᠠᠭ᠎ᠠ ᠶᠣᠰᠣ ᠮᠣᠷᠠᠯ᠂ ᠠᠵᠢᠯ ᠮᠡᠷᠭᠡᠵᠢᠯ᠎ᠤᠨ ᠶᠣᠰᠣ ᠰᠤᠷᠲᠠᠬᠤᠨ᠂ ᠲᠤᠰᠬᠠᠢ ᠮᠡᠷᠭᠡᠵᠢᠯ᠎ᠤᠨ ᠴᠢᠳᠠᠪᠤᠷᠢ᠂ ᠰᠢᠨ᠎ᠡ ᠵᠢ ᠡᠭᠦᠳᠦᠭᠰᠡᠨ ᠦᠷ᠎ᠡ ᠪᠦᠲᠦᠮᠵᠢ᠂ ᠠᠵᠢᠯ᠎ᠤᠨ ᠠᠮᠵᠢᠯᠲᠠ ᠵᠢᠨ ᠬᠢᠷᠢ ᠲᠦᠪᠰᠢᠨ ᠪᠠ ᠪᠤᠳᠠᠳᠤ ᠬᠤᠪᠢ ᠨᠡᠮᠡᠷᠢ ᠵᠢ᠎ᠨᠢ ᠲᠦᠷᠦᠯ ᠬᠤᠪᠢᠶᠠᠨ ᠦᠨᠡᠯᠡᠬᠦ᠂ ᠰᠢᠨᠵᠢᠯᠡᠬᠦ ᠤᠬᠠᠭ᠋ᠠᠨᠴᠢ ᠲᠥᠪ ᠭᠤᠣᠯᠴᠢ᠎ᠪᠠᠷ ᠦᠨᠡᠯᠡᠬᠦ ᠵᠢ ᠪᠠᠷᠢᠮᠳᠠᠯᠠᠨ᠎ᠠ᠃
ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠪᠥᠬᠦ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠵᠤ ᠨᠢᠭᠡᠳᠦᠯᠲᠡᠢ ᠲᠥᠯᠥᠪᠵᠢᠭᠦᠯᠬᠦ ᠪᠠ ᠶᠡᠷᠦᠩᠬᠡᠶ᠋ᠢᠯᠡᠨ ᠬᠠᠮᠢᠶᠠᠷᠬᠤ ᠠᠵᠢᠯ᠎ᠢ ᠬᠠᠷᠢᠭᠤᠴᠠᠵᠤ᠂ ᠮᠡᠷᠭᠡᠵᠢᠯ᠎ᠤᠨ ᠴᠣᠯᠠ ᠵᠢᠨ ᠳᠦᠷᠢᠮ᠎ᠤᠨ ᠲᠤᠭᠲᠠᠯᠴᠠᠭ᠎ᠠ ᠵᠢ ᠪᠦᠷᠢᠨᠰᠢᠭᠦᠯᠦᠨ᠂ ᠮᠡᠷᠭᠡᠵᠢᠯ᠎ᠤᠨ ᠴᠣᠯᠠ ᠵᠢᠨ ᠦᠨᠡᠯᠡᠬᠦ ᠪᠠᠷᠢᠮᠵᠢᠶ᠎ᠠ ᠵᠢ ᠲᠡᠭᠦᠯᠳᠡᠷᠵᠢᠭᠦᠯᠵᠦ᠂ ᠮᠡᠷᠭᠡᠵᠢᠯ᠎ᠤᠨ ᠴᠣᠯᠠ ᠵᠢ ᠦᠨᠡᠯᠡᠬᠦ ᠲᠣᠭᠲᠠᠴᠠ᠎ᠳᠤ ᠰᠢᠨ᠎ᠡ ᠵᠢ ᠡᠭᠦᠳᠦᠨ᠎ᠡ; ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠬᠠᠷᠢᠶᠠᠯᠠᠬᠤ ᠬᠡᠪᠴᠢᠶᠡᠨ᠎ᠳᠠᠬᠢ ᠮᠡᠷᠭᠡᠵᠢᠯ᠎ᠤᠨ ᠴᠣᠯᠠ ᠵᠢ᠎ᠨᠢ ᠬᠢᠨᠠᠨ ᠲᠣᠭᠲᠠᠭ᠋ᠠᠬᠤ ᠵᠢ ᠶᠡᠷᠦᠩᠬᠡᠶ᠋ᠢᠯᠡᠨ ᠬᠠᠮᠢᠶᠠᠷᠬᠤ᠂ ᠬᠠᠮᠢᠶ᠎ᠠ ᠪᠦᠬᠦᠢ ᠮᠡᠷᠭᠡᠵᠢᠯ᠎ᠤᠨ ᠴᠣᠯᠠ ᠵᠢ᠎ᠨᠢ ᠬᠢᠨᠠᠨ ᠲᠣᠭᠲᠠᠭ᠋ᠠᠬᠤ ᠠᠵᠢᠯ᠎ᠢ ᠵᠣᠬᠢᠶᠠᠨ ᠪᠠᠢ᠍ᠭᠤᠯᠵᠤ ᠬᠡᠷᠡᠭᠵᠢᠭᠦᠯᠬᠦ ᠪᠠ ᠮᠡᠷᠭᠡᠵᠢᠯ᠎ᠤᠨ ᠴᠣᠯᠠ ᠵᠢ᠎ᠨᠢ ᠳᠡᠪᠰᠢᠭᠦᠯᠦᠨ ᠮᠡᠳᠡᠭᠦᠯᠬᠦ ᠵᠡᠷᠭᠡ ᠠᠵᠢᠯ᠎ᠢ ᠬᠠᠷᠢᠭᠤᠴᠠᠨ᠎ᠠ᠃
ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ(ᠨᠢᠭᠡᠴᠢ)᠎ᠨᠢ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠎ᠪᠠᠨ ᠲᠣᠰ ᠠᠵᠢᠯ ᠲᠥᠷᠥᠯ᠂ ᠲᠣᠰ ᠨᠢᠭᠡᠴᠢ ᠵᠢᠨ ᠵᠶ᠋ᠠᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠪᠠ ᠵᠣᠬᠢᠶᠠᠨ ᠪᠠᠢ᠍ᠭᠤᠯᠵᠤ ᠬᠡᠷᠡᠭᠵᠢᠭᠦᠯᠬᠦ ᠠᠵᠢᠯ᠎ᠢ ᠬᠠᠷᠢᠭᠤᠴᠠᠨ᠎ᠠ; ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠡᠷᠬᠡ ᠮᠡᠳᠡᠯ᠎ᠢ ᠳᠣᠷᠣᠭᠰᠢ ᠪᠠᠭᠤᠯᠭ᠋ᠠᠬᠤ᠎ᠳᠤ ᠳᠠᠭ᠋ᠠᠭ᠋ᠠᠵᠤ ᠬᠦᠯᠢᠶᠡᠭᠰᠡᠨ ᠠᠶ᠋ᠢᠮᠠᠭ ᠬᠤᠲᠠ᠂ ᠰᠠᠯᠠᠭ᠎ᠠ ᠮᠥᠴᠢᠷ (ᠨᠢᠭᠡᠴᠢ) ᠵᠢᠴᠢ ᠡᠷᠬᠡ ᠣᠯᠭᠤᠬᠤ᠎ᠪᠠᠷ ᠳᠡᠮᠵᠢᠨ ᠮᠡᠷᠭᠡᠵᠢᠯ᠎ᠤᠨ ᠴᠣᠯᠠ ᠵᠢ ᠪᠡᠶ᠎ᠡ᠎ᠪᠠᠨ ᠳᠠᠭ᠋ᠠᠭ᠋ᠠᠵᠤ ᠬᠢᠨᠠᠨ ᠲᠣᠭᠲᠠᠭ᠋ᠠᠬᠤ ᠵᠢ ᠬᠡᠷᠡᠭᠵᠢᠭᠦᠯᠦᠭᠰᠡᠨ ᠨᠢᠭᠡᠴᠢ᠎ᠨᠢ ᠬᠢᠨᠠᠨ ᠵᠥᠪᠰᠢᠶᠡᠷᠡᠬᠦ ᠬᠡᠪᠴᠢᠶ᠎ᠡ ᠪᠠ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ᠂ ᠲᠣᠰ ᠭᠠᠵᠠᠷ ᠣᠷᠣᠨ᠂ ᠲᠣᠰ ᠨᠢᠭᠡᠴᠢ ᠵᠢᠨ ᠬᠠᠮᠢᠶ᠎ᠠ ᠪᠦᠬᠦᠢ ᠰᠢᠷᠢᠰ(ᠲᠤᠰᠬᠠᠢ ᠮᠡᠷᠭᠡᠵᠢᠯ) ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠪᠠ ᠵᠣᠬᠢᠶᠠᠨ ᠪᠠᠢ᠍ᠭᠤᠯᠵᠤ ᠬᠡᠷᠡᠭᠵᠢᠭᠦᠯᠬᠦ ᠠᠵᠢᠯ᠎ᠢ ᠬᠠᠷᠢᠭᠤᠴᠠᠨ᠎ᠠ᠃
ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠢᠨᠠᠯᠲᠠ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠲᠣᠭᠲᠠᠭ᠋ᠠᠬᠤ ᠵᠢ ᠬᠠᠷᠢᠭᠤᠴᠠᠵᠤ᠂ ᠪᠥᠬᠦ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ(ᠲᠤᠬᠠᠶ᠋ᠢᠯᠠᠭᠰᠠᠨ ᠠᠵᠢᠯ)᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠵᠤ ᠪᠠᠢ᠍ᠭ᠋ᠠᠳ ᠬᠠᠷᠭᠤᠭᠤᠯᠤᠨ ᠵᠥᠪᠰᠢᠶᠡᠷᠡᠵᠦ ᠳᠠᠩᠰᠠᠯᠠᠭᠤᠯᠤᠭᠰᠠᠨ ᠳᠡᠭᠡᠳᠦ᠂ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠺᠣᠮᠢᠰ᠎ᠢ ᠵᠣᠬᠢᠶᠠᠨ ᠪᠠᠶ᠋ᠢᠭᠤᠯᠤᠭᠰᠠᠨ ᠨᠢᠭᠡᠴᠢ᠎ᠳᠤ ᠬᠢᠨᠠᠯᠳᠠ ᠬᠠᠮᠢᠶᠠᠷᠤᠯᠲᠠ ᠬᠢᠨ᠎ᠡ᠃
ᠠᠶ᠋ᠢᠮᠠᠭ ᠬᠤᠲᠠ᠂ ᠬᠤᠰᠢᠭᠤ ᠰᠢᠶᠠᠨ(ᠬᠤᠲᠠ᠂ ᠲᠣᠭᠤᠷᠢᠭ)᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠠᠳᠠᠯᠢ ᠠᠵᠢᠯ ᠲᠥᠷᠥᠯ (ᠲᠤᠬᠠᠶ᠋ᠢᠯᠠᠭᠰᠠᠨ ᠠᠵᠢᠯ)᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠣᠰ ᠭᠠᠵᠠᠷ ᠣᠷᠣᠨ᠎ᠤ᠎ᠪᠠᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠺᠣᠮᠢᠰ (ᠳᠣᠷᠣᠭᠰᠢ ᠬᠢᠨᠠᠨ ᠲᠣᠭᠲᠠᠭ᠋ᠠᠬᠤ ᠺᠣᠮᠢᠰ ᠭᠡᠵᠦ ᠲᠣᠪᠴᠢᠯᠠᠨ᠎ᠠ)᠎ᠢ ᠰᠢᠭᠤᠳ ᠪᠠᠶ᠋ᠢᠭᠤᠯᠤᠭᠰᠠᠨ ᠪᠠᠶ᠋ᠢᠪᠠᠯ᠂ ᠳᠡᠭᠡᠳᠦ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠰᠢᠭᠤᠳ ᠬᠠᠷᠢᠭᠤᠴᠠᠨ ᠬᠢᠨᠠᠨ ᠬᠠᠮᠢᠶᠠᠷᠤᠨ᠎ᠠ; ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠲᠣᠭᠲᠠᠭ᠋ᠠᠬᠤ ᠺᠣᠮᠢᠰ᠎ᠢ ᠰᠢᠭᠤᠳ ᠪᠠᠶ᠋ᠢᠭᠤᠯᠤᠭᠰᠠᠨ ᠪᠠᠶ᠋ᠢᠪᠠᠯ᠂ ᠠᠳᠠᠯᠢ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠣᠯᠣᠨ ᠳᠡᠭᠡᠳᠦ ᠱᠠᠲᠤᠨ᠎ᠤ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠷᠢᠭᠤᠴᠠᠨ ᠬᠢᠨᠠᠨ ᠬᠠᠮᠢᠶᠠᠷᠤᠨ᠎ᠠ᠃
ᠳᠣᠯᠣᠳᠤᠭ᠋ᠠᠷ ᠵᠦᠢ᠍ᠯ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠪᠠᠷᠢᠮᠵᠢᠶ᠎ᠠ ᠵᠢ ᠤᠯᠤᠰ᠎ᠤᠨ ᠪᠠᠷᠢᠮᠵᠢᠶ᠎ᠠ᠂ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶ᠎ᠠ ᠪᠠ ᠨᠢᠭᠡᠴᠢ ᠵᠢᠨ ᠪᠠᠷᠢᠮᠵᠢᠶ᠎ᠠ ᠭᠡᠵᠦ ᠬᠤᠪᠢᠶᠠᠨ᠎ᠠ᠃
ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶ᠎ᠠ ᠵᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ (ᠲᠤᠬᠠᠶ᠋ᠢᠯᠠᠭᠰᠠᠨ ᠠᠵᠢᠯ)᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠤᠯᠤᠰ᠎ᠤᠨ ᠪᠠᠷᠢᠮᠵᠢᠶ᠎ᠠ᠎ᠪᠠᠷ ᠥᠨᠳᠥᠰᠦᠯᠡᠯ ᠪᠣᠯᠭ᠋ᠠᠵᠤ᠂ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ ᠲᠣᠭᠲᠠᠭ᠋ᠠᠨ᠎ᠠ᠃
ᠡᠷᠬᠡ ᠣᠯᠭᠣᠭᠰᠠᠨ ᠵᠢᠡᠷ ᠳᠡᠮᠵᠢᠨ ᠮᠡᠷᠭᠡᠵᠢᠯ᠎ᠤᠨ ᠴᠣᠯᠠ ᠵᠢ ᠪᠡᠶ᠎ᠡ᠎ᠪᠠᠨ ᠳᠠᠭ᠋ᠠᠭ᠋ᠠᠵᠤ ᠬᠢᠨᠠᠨ ᠲᠣᠭᠲᠠᠭ᠋ᠠᠬᠤ ᠵᠢ ᠬᠡᠷᠡᠭᠵᠢᠭᠦᠯᠦᠭᠰᠡᠨ ᠨᠢᠭᠡᠴᠢ᠎ᠨᠢ ᠤᠯᠤᠰ᠎ᠤᠨ ᠪᠠᠷᠢᠮᠵᠢᠶ᠎ᠠ᠂ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶ᠎ᠠ᠎ᠪᠠᠷ ᠥᠨᠳᠥᠰᠦᠯᠡᠯ ᠪᠣᠯᠭ᠋ᠠᠵᠤ᠂ ᠲᠣᠰ ᠨᠢᠭᠡᠴᠢ ᠵᠢᠨ ᠵᠶ᠋ᠠᠨ ᠪᠣᠳᠠᠲᠠᠢ᠎ᠲᠠᠢ᠎ᠪᠠᠨ ᠤᠶᠠᠯᠳᠤᠭᠤᠯᠵᠤ ᠬᠢᠨᠠᠨ ᠲᠣᠭᠲᠠᠭ᠋ᠠᠬᠤ ᠪᠠᠷᠢᠮᠵᠢᠶ᠎ᠠ ᠵᠢ ᠲᠣᠭᠲᠠᠭ᠋ᠠᠵᠤ᠂ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠣᠯᠣᠨ ᠠᠵᠢᠯ ᠲᠥᠷᠥᠯ(ᠲᠤᠬᠠᠶ᠋ᠢᠯᠠᠭᠰᠠᠨ ᠠᠵᠢᠯ)᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠭᠰᠠᠨ᠎ᠤ ᠳᠠᠷᠠᠭ᠎ᠠ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶ᠎ᠠ᠎ᠨᠢ ᠤᠯᠤᠰ᠎ᠤᠨ ᠪᠠᠷᠢᠮᠵᠢᠶ᠎ᠠ᠎ᠠᠴᠠ ᠳᠣᠣᠷ᠎ᠠ ᠪᠠᠶ᠋ᠢᠵᠤ ᠪᠣᠯᠬᠤ ᠦᠭᠡᠢ᠂ ᠨᠢᠭᠡᠴᠢ ᠵᠢᠨ ᠪᠠᠷᠢᠮᠵᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶ᠎ᠠ᠎ᠠᠴᠠ ᠳᠣᠣᠷ᠎ᠠ ᠪᠠᠶ᠋ᠢᠵᠤ ᠪᠣᠯᠬᠤ ᠦᠭᠡᠢ᠃《ᠬᠠᠨᠳᠤᠯᠭ᠎ᠠ᠎ᠲᠠᠢ᠎ᠪᠠᠷ ᠦᠨᠡᠯᠡᠬᠦ᠂ ᠬᠠᠨᠳᠤᠯᠭ᠎ᠠ᠎ᠲᠠᠢ᠎ᠪᠠᠷ ᠬᠡᠷᠡᠭᠯᠡᠬᠦ》 ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠪᠠ ᠣᠨᠴᠠᠭ᠋ᠠᠶ ᠴᠢᠳᠠᠪᠤᠷᠢᠲᠠᠨ᠎ᠢ ᠳᠡᠮᠵᠢᠬᠦ ᠲᠥᠷᠥ ᠵᠢᠨ ᠪᠣᠳᠣᠯᠭ᠎ᠠ᠎ᠳᠤ ᠠᠰᠲᠠᠭ᠋ᠠᠨ ᠲᠣᠭᠲᠠᠭ᠋ᠠᠯ᠎ᠲᠠᠢ ᠪᠠᠶ᠋ᠢᠪᠠᠯ ᠲᠡᠷᠡ ᠬᠦ᠌ ᠲᠣᠭᠲᠠᠭ᠋ᠠᠯ᠎ᠢ᠎ᠨᠢ ᠵᠢᠷᠤᠮᠯᠠᠨ᠎ᠠ᠃
ᠨᠠᠢ᠍ᠮᠠᠳᠤᠭ᠋ᠠᠷ ᠵᠦᠢ᠍ᠯ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯ᠎ᠳᠤ ᠬᠥᠳᠡᠯᠦᠩᠭᠦᠢ ᠲᠣᠬᠢᠷᠠᠭᠤᠯᠤᠯᠲᠠ ᠬᠢᠬᠦ ᠵᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠠᠵᠢᠯ ᠲᠥᠷᠥᠯ (ᠲᠤᠬᠠᠶ᠋ᠢᠯᠠᠭᠰᠠᠨ ᠠᠵᠢᠯ)᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠪᠠ ᠠᠵᠤ ᠦᠢ᠍ᠯᠡᠰ᠎ᠤᠨ ᠬᠥᠭᠵᠢᠯᠲᠡ᠂ ᠠᠵᠢᠯ ᠲᠥᠷᠥᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢᠨ ᠬᠡᠷᠡᠭᠴᠡᠭᠡ ᠵᠢᠨ ᠲᠣᠭᠤᠷᠢᠨ᠎ᠳᠤ ᠰᠢᠨ᠎ᠡ ᠬᠢᠨᠠᠨ ᠲᠤᠬᠳᠠᠭ᠋ᠠᠯᠳᠠ ᠵᠢᠨ ᠲᠤᠰᠬᠠᠢ ᠮᠡᠷᠭᠡᠵᠢᠯ᠎ᠢ ᠪᠠᠶ᠋ᠢᠭᠤᠯᠤᠨ᠎ᠠ᠃ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ᠂ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯ᠎ᠤᠨ ᠭᠠᠷᠴᠠᠭ᠎ᠢ ᠪᠠᠶ᠋ᠢᠭᠤᠯᠵᠤ᠂ ᠲᠣᠲᠤᠷᠬᠠᠢ ᠬᠠᠭᠤᠳᠠᠰᠤ ᠮᠠᠶᠢᠭ᠎ᠤᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃
ᠶᠢᠰᠦᠳᠦᠭᠡᠷ ᠵᠦᠢ᠍ᠯ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠨᠢᠭᠡᠴᠢ ᠵᠢᠨ ᠲᠥᠷᠥᠯ ᠬᠡᠯᠪᠡᠷᠢ ᠪᠠ ᠠᠵᠢᠯ᠎ᠤᠨ ᠪᠠᠶ᠋ᠢᠷᠢ ᠵᠢᠨ ᠣᠨᠴᠠᠯᠢᠭ᠎ᠢ ᠦᠨᠳᠦᠰᠦᠯᠡᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠡᠷᠬᠡ ᠵᠢ ᠡᠮᠬᠢ ᠵᠢᠷᠤᠮ᠎ᠲᠠᠢ᠎ᠪᠠᠷ ᠳᠣᠷᠣᠭᠰᠢ ᠪᠠᠭᠤᠯᠭ᠋ᠠᠵᠤ᠂ ᠬᠥᠮᠥᠨ ᠬᠡᠷᠡᠭᠯᠡᠬᠦ ᠨᠢᠭᠡᠴᠢ᠎ᠳᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠡᠵᠡ ᠮᠡᠳᠡᠬᠦ ᠡᠷᠬᠡ ᠵᠢ ᠨᠠᠩ ᠣᠯᠠᠨ ᠣᠯᠭᠤᠨ᠎ᠠ᠃ ᠨᠥᠬᠦᠴᠡᠯ᠎ᠳᠤ ᠨᠡᠶ᠋ᠢᠴᠡᠬᠦ ᠤᠯᠤᠰ᠎ᠤᠨ ᠲᠤᠷᠰᠢᠯᠲᠠ ᠵᠢᠨ ᠲᠠᠰᠤᠭ᠂ ᠣᠷᠣᠨ ᠪᠦᠰᠡ ᠵᠢᠨ ᠡᠮᠴᠢᠯᠡᠭᠡᠨ᠎ᠤ ᠲᠥᠪ᠂ ᠰᠢᠨᠵᠢᠯᠡᠬᠦ ᠤᠬᠠᠭ᠋ᠠᠨ᠎ᠤ ᠲᠥᠪ᠂ ᠲᠣᠮᠣ ᠬᠡᠯᠪᠡᠷᠢ ᠵᠢᠨ ᠠᠵᠤ ᠠᠬᠤᠶ᠋ᠢᠯᠠᠯ᠎ᠤᠨ᠎ᠬᠢᠨ᠎ᠤ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠪᠡᠶ᠎ᠡ᠎ᠪᠠᠨ ᠳᠠᠭ᠋ᠠᠭ᠋ᠠᠵᠤ ᠬᠢᠨᠠᠨ ᠲᠣᠭᠲᠠᠭ᠋ᠠᠬᠤ ᠵᠢ᠎ᠨᠢ ᠵᠣᠷᠢᠭᠵᠢᠭᠤᠯᠤᠨ ᠳᠡᠮᠵᠢᠨ᠎ᠡ᠃
ᠬᠤᠶᠠᠳᠤᠭ᠋ᠠᠷ ᠪᠦᠯᠦᠭ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠺᠣᠮᠢᠰ
ᠠᠷᠪᠠᠳᠤᠭ᠋ᠠᠷ ᠵᠦᠢ᠍ᠯ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠬᠤ ᠡᠷᠬᠡ ᠮᠡᠳᠡᠯ᠎ᠢ ᠣᠯᠣᠭᠰᠠᠨ ᠭᠠᠵᠠᠷ ᠣᠷᠣᠨ᠂ ᠰᠠᠯᠠᠭ᠎ᠠ ᠮᠥᠴᠢᠷ ᠵᠢᠴᠢ ᠨᠢᠭᠡᠴᠢ ᠵᠡᠷᠭᠡ᠎ᠨᠢ ᠲᠣᠭᠲᠠᠭ᠋ᠠᠯ ᠶᠣᠰᠣᠭ᠋ᠠᠷ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠬᠦ᠎ᠳᠤ᠂ ᠬᠢᠨᠠᠨ ᠲᠣᠭᠲᠠᠭ᠋ᠠᠬᠤ ᠺᠣᠮᠢᠰ᠎ᠢ ᠵᠣᠬᠢᠶᠠᠨ ᠪᠠᠶ᠋ᠢᠭᠤᠯᠬᠤ ᠬᠡᠷᠡᠭᠲᠡᠢ᠃
ᠬᠢᠨᠠᠨ ᠲᠣᠭᠲᠠᠭ᠋ᠠᠬᠤ ᠺᠣᠮᠢᠰ᠎ᠨᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠷᠳᠡᠮ ᠰᠢᠨᠵᠢᠯᠡᠭᠡᠨ᠎ᠤ ᠮᠡᠷᠭᠡᠵᠢᠯ᠎ᠤᠨ ᠬᠢᠷᠢ ᠲᠦᠪᠰᠢᠨ ᠪᠠ ᠲᠤᠰᠬᠠᠢ ᠮᠡᠷᠭᠡᠵᠢᠯ᠎ᠤᠨ ᠴᠢᠳᠠᠪᠤᠷᠢ ᠵᠢ᠎ᠨᠢ ᠦᠨᠡᠯᠡᠨ ᠵᠦᠪᠯᠡᠬᠦ ᠪᠠ ᠮᠠᠭ᠋ᠠᠳᠯᠠᠨ ᠲᠣᠭᠲᠠᠭ᠋ᠠᠬᠤ ᠵᠢ ᠬᠠᠷᠢᠭᠤᠴᠠᠵᠤ᠂ ᠵᠣᠬᠢᠶᠠᠨ ᠪᠠᠶ᠋ᠢᠭᠤᠯᠤᠭᠰᠠᠨ ᠨᠢᠭᠡᠴᠢ᠎ᠳᠤ ᠬᠠᠷᠢᠭᠤᠴᠠᠵᠤ᠂ ᠵᠣᠬᠢᠶᠠᠨ ᠪᠠᠶ᠋ᠢᠭᠤᠯᠤᠭᠰᠠᠨ ᠨᠢᠭᠡᠴᠢ ᠵᠢᠨ ᠬᠢᠨᠠᠯᠲᠠ ᠵᠢ ᠬᠦᠯᠢᠶᠡᠨ᠎ᠡ᠃
ᠬᠢᠨᠠᠨ ᠲᠣᠭᠲᠠᠭ᠋ᠠᠬᠤ ᠺᠣᠮᠢᠰ᠎ᠢ ᠮᠡᠷᠭᠡᠵᠢᠯ᠎ᠤᠨ ᠴᠣᠯᠠ ᠵᠢᠨ ᠰᠢᠷᠢᠰ ᠪᠤᠶᠤ ᠲᠤᠰᠬᠠᠢ ᠮᠡᠷᠭᠡᠵᠢᠯ᠎ᠤᠨ ᠶᠣᠰᠣᠭ᠋ᠠᠷ ᠵᠣᠬᠢᠶᠠᠨ ᠪᠠᠶ᠋ᠢᠭᠤᠯᠤᠨ᠎ᠠ᠂ ᠮᠡᠷᠭᠡᠵᠢᠯ ᠦ᠋᠊ᠨ ᠴᠤᠯᠠ ᠵᠢᠨ ᠰᠢᠷᠢᠰ ᠠᠯᠤᠰᠯᠠᠵᠤ ᠶᠡᠷᠦᠩᠬᠡᠶ᠋ᠢᠯᠡᠭᠰᠡᠨ ᠴᠢᠨᠠᠷᠲᠠᠢ ᠬᠢᠨᠠᠨ ᠲᠣᠭᠲᠠᠭ᠋ᠠᠬᠤ ᠺᠣᠮᠢᠰ᠎ᠢ ᠵᠣᠬᠢᠶᠠᠨ ᠪᠠᠶ᠋ᠢᠭᠤᠯᠵᠤ ᠪᠣᠯᠬᠤ ᠦᠭᠡᠢ᠃
ᠠᠷᠪᠠᠨ ᠨᠢᠭᠡᠳᠦᠭᠡᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠤᠨ ᠳᠡᠰ ᠢᠯᠭ᠋ᠠᠯ᠎ᠢ ᠳᠡᠭᠡᠳᠦ ᠵᠡᠷᠭᠡ᠂ ᠳᠤᠮᠳᠠ ᠵᠡᠷᠭᠡ᠂ ᠠᠩᠬ᠎ᠠ ᠵᠡᠷᠭᠡ ᠵᠢᠨ ᠭᠡᠵᠦ ᠬᠤᠪᠢᠶᠠᠨ᠂ ᠬᠠᠷᠠᠭ᠋ᠠᠯᠵᠠᠭᠰᠠᠨ ᠳᠡᠰ ᠱᠠᠲᠤ ᠵᠢᠨ ᠮᠡᠷᠭᠡᠵᠢᠯ᠎ᠤᠨ ᠴᠣᠯᠠ ᠵᠢ ᠲᠣᠭᠲᠠᠭ᠋ᠠᠯ ᠶᠣᠰᠣᠭ᠋ᠠᠷ ᠬᠢᠨᠠᠨ ᠲᠣᠭᠲᠠᠭ᠋ᠠᠨ᠎ᠠ᠃ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠳᠤ ᠪᠣᠳᠠᠲᠠᠢ᠎ᠪᠠᠨ ᠦᠨᠳᠦᠰᠦᠯᠡᠨ ᠵᠢᠩᠬᠢᠨᠢ ᠳᠡᠭᠡᠳᠦ ᠵᠡᠷᠭᠡ ᠵᠢᠨ᠂ ᠳᠡᠳ᠋ ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠢ ᠪᠠᠶ᠋ᠢᠭᠤᠯᠵᠤ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠲᠣᠰ ᠲᠣᠰᠲᠤᠪᠠᠨ ᠡᠭᠦᠷᠭᠡᠯᠡᠨ᠎ᠡ᠃
ᠠᠷᠪᠠᠨ ᠬᠤᠶᠠᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠢ ᠵᠣᠬᠢᠶᠠᠨ ᠪᠠᠶ᠋ᠢᠭᠤᠯᠬᠤ᠎ᠪᠠᠷ ᠭᠤᠶᠤᠴᠢᠯᠠᠬᠤ᠎ᠳᠤ ᠳᠣᠣᠷ᠎ᠠ ᠵᠢᠭᠰᠠᠭ᠋ᠠᠭᠰᠠᠨ ᠨᠥᠬᠦᠴᠡᠯ᠎ᠤᠳ᠎ᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠢ᠄
(ᠨᠢᠭᠡ) ᠬᠢᠨᠠᠨ ᠲᠣᠭᠲᠠᠭ᠋ᠠᠬᠤ᠎ᠪᠠᠷ ᠪᠠᠶ᠋ᠢᠭ᠎ᠠ ᠮᠡᠷᠭᠡᠵᠢᠯ᠎ᠤᠨ ᠴᠣᠯᠠ ᠵᠢᠨ ᠰᠢᠷᠢᠰ ᠪᠤᠶᠤ ᠲᠤᠰᠬᠠᠢ ᠮᠡᠷᠭᠡᠵᠢᠯ᠎ᠨᠢ ᠬᠢᠨᠠᠨ ᠲᠣᠭᠲᠠᠭ᠋ᠠᠬᠤ ᠺᠣᠮᠢᠰ ᠪᠠᠶ᠋ᠢᠭᠤᠯᠤᠭᠰᠠᠨ ᠨᠢᠭᠡᠴᠢ ᠵᠢᠨ ᠭᠤᠣᠯ ᠴᠣᠭᠴᠠ ᠵᠢᠨ ᠮᠡᠷᠭᠡᠵᠢᠯ᠎ᠤᠨ ᠴᠣᠯᠠ ᠵᠢᠨ ᠰᠢᠷᠢᠰ ᠪᠤᠶᠤ ᠲᠤᠰᠬᠠᠢ ᠮᠡᠷᠭᠡᠵᠢᠯ ᠪᠠᠶ᠋ᠢᠬᠤ ᠬᠡᠷᠡᠭᠲᠡᠢ;
(ᠬᠤᠶᠠᠷ) ᠬᠢᠨᠠᠨ ᠲᠣᠭᠲᠠᠭ᠋ᠠᠬᠤ᠎ᠪᠠᠷ ᠪᠠᠶ᠋ᠢᠭ᠎ᠠ ᠮᠡᠷᠭᠡᠵᠢᠯ᠎ᠤᠨ ᠴᠣᠯᠠ ᠵᠢᠨ ᠰᠢᠷᠢᠰ ᠪᠤᠶᠤ ᠲᠤᠰᠬᠠᠢ ᠮᠡᠷᠭᠡᠵᠢᠯ᠎ᠨᠢ ᠠᠵᠢᠯ ᠲᠥᠷᠥᠯ᠎ᠤᠨ ᠳᠣᠲᠤᠭ᠋ᠠᠳᠤᠳᠤᠪᠠᠨ ᠴᠢᠬᠤᠯᠠ ᠨᠥᠯᠥᠭᠡᠯᠡᠬᠦ ᠬᠦᠴᠦᠨ᠎ᠲᠠᠢ ᠪᠠᠶ᠋ᠢᠵᠤ᠂ ᠲᠣᠰ ᠬᠦᠷᠢᠶ᠎ᠡ ᠴᠠᠷᠠᠭ᠋ᠠᠨ᠎ᠤ ᠲᠤᠰᠬᠠᠢ ᠮᠡᠷᠭᠡᠵᠢᠯ᠎ᠤᠨ ᠬᠥᠭᠵᠢᠯᠲᠡ ᠵᠢᠨ ᠬᠢᠷᠢ ᠲᠦᠪᠰᠢᠨ᠎ᠢ ᠲᠥᠯᠥᠭᠡᠯᠡᠵᠦ ᠳᠡᠢ᠍ᠯᠦᠭᠰᠡᠨ ᠪᠠᠢ᠍ᠬᠤ ᠬᠡᠷᠡᠭᠲᠡᠢ;
(ᠭᠤᠷᠪᠠ) ᠲᠤᠰ ᠬᠦᠷᠢᠶ᠎ᠡ ᠬᠡᠪᠴᠢᠶᠡᠨ᠎ᠳᠤ᠎ᠪᠠᠨ ᠵᠣᠬᠢᠬᠤ ᠲᠣᠭ᠋ᠠᠨ᠎ᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠲᠠᠢ ᠪᠠᠶ᠋ᠢᠬᠤ ᠬᠡᠷᠡᠭᠲᠡᠢ;
(ᠳᠥᠷᠪᠡ) ᠬᠢᠨᠠᠨ ᠲᠣᠭᠲᠠᠭ᠋ᠠᠬᠤ ᠺᠣᠮᠢᠰ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ ᠪᠠᠶ᠋ᠢᠭᠤᠯᠬᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠵᠣᠬᠢᠬᠤ ᠲᠠᠰ ᠱᠠᠲᠤ᠂ ᠲᠤᠰᠬᠠᠢ ᠮᠡᠷᠭᠡᠵᠢᠯ᠂ ᠲᠤᠭ᠎ᠠ ᠬᠡᠮᠵᠢᠶ᠎ᠡ ᠵᠢᠨ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠲᠠᠢ ᠪᠠᠶ᠋ᠢᠬᠤ ᠬᠡᠷᠡᠭᠲᠡᠢ;
(ᠲᠠᠪᠤ) ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠠ ᠵᠣᠬᠢᠬᠤ ᠲᠠᠰ ᠱᠠᠲᠤ ᠵᠢᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠬᠦ ᠴᠢᠳᠠᠪᠤᠷᠢ᠎ᠲᠠᠢ ᠪᠦᠭᠡᠳ ᠵᠣᠬᠢᠶᠠᠨ ᠪᠠᠶ᠋ᠢᠭᠤᠯᠤᠯᠲᠠ᠎ᠨᠢ ᠪᠦᠷᠢᠨ ᠲᠡᠭᠦᠯᠳᠡᠷ᠂ ᠳᠦᠷᠢᠮ ᠲᠣᠭᠲᠠᠭ᠋ᠠᠯ᠎ᠨᠢ ᠢᠵᠢ ᠪᠦᠷᠢᠨ᠂ ᠬᠠᠮᠢᠶᠠᠷᠤᠯᠲᠠ᠎ᠨᠢ ᠵᠢᠷᠤᠮᠵᠢᠭᠤᠨ᠂ ᠠᠵᠢᠯᠲᠠᠨ᠎ᠨᠢ ᠪᠦᠷᠢᠨ ᠭᠦᠢ᠍ᠴᠡᠳ ᠪᠠᠢ᠍ᠳᠠᠭ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠭᠢᠯᠡᠬᠦ ᠪᠠᠶ᠋ᠢᠭᠤᠯᠤᠮᠵᠢ᠎ᠲᠠᠢ ᠪᠠᠶ᠋ᠢᠬᠤ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠲᠤ ᠬᠠᠷᠭᠤᠭᠤᠯᠤᠨ ᠵᠥᠪᠰᠢᠶᠡᠷᠡᠵᠦ ᠳᠠᠩᠰᠠᠯᠠᠭᠤᠯᠬᠤ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠦᠨ᠎ᠡ᠃ ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ ᠪᠠ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠬᠥᠮᠥᠨ ᠬᠡᠷᠡᠭᠯᠡᠬᠦ ᠨᠢᠭᠡᠴᠢ ᠵᠢᠨ ᠳᠤᠮᠳᠠ᠂ ᠠᠩᠬ᠎ᠠ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠬᠠᠷᠭᠤᠭᠤᠯᠤᠨ ᠵᠥᠪᠰᠢᠶᠡᠷᠡᠵᠦ ᠳᠠᠩᠰᠠᠯᠠᠨ᠎ᠠ᠃ ᠡᠯ᠎ᠡ ᠠᠶ᠋ᠢᠮᠠᠭ ᠬᠤᠲᠠ ᠵᠢᠨ ᠳᠤᠮᠳᠠ᠂ ᠠᠩᠬ᠎ᠠ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠢ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠬᠠᠷᠭᠤᠭᠤᠯᠤᠨ ᠵᠥᠪᠰᠢᠶᠡᠷᠡᠵᠦ ᠳᠠᠩᠰᠠᠯᠠᠨ᠎ᠠ᠃ ᠳᠠᠩᠰᠠᠯᠠᠭᠤᠯᠤᠭ᠋ᠠᠳᠤᠢ ᠬᠢᠨᠠᠨ ᠲᠣᠭᠲᠠᠭ᠋ᠠᠬᠤ ᠺᠣᠮᠢᠰ᠎ᠤᠨ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠪᠥᠬᠦ ᠤᠯᠤᠰ᠎ᠤᠨ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠭᠰᠠᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠵᠤ ᠰᠢᠯᠭ᠋ᠠᠨ ᠪᠠᠲᠤᠯᠠᠬᠤ ᠰᠢᠰᠲ᠋ᠧᠮ᠎ᠳᠤ ᠣᠷᠣᠭᠤᠯᠬᠤ ᠦᠭᠡᠢ᠃
ᠬᠢᠨᠠᠨ ᠲᠣᠭᠲᠠᠭ᠋ᠠᠬᠤ ᠺᠣᠮᠢᠰ᠎ᠤᠨ ᠳᠠᠩᠰᠠᠯᠠᠭᠤᠯᠤᠭᠰᠠᠨ ᠬᠦᠴᠦᠨ᠎ᠲᠠᠢ ᠬᠤᠭᠤᠴᠠᠭ᠎ᠠ ᠵᠢ 3 ᠵᠢᠯ᠎ᠠᠴᠠ ᠬᠡᠲᠦᠷᠡᠭᠦᠯᠵᠦ ᠪᠣᠯᠬᠤ ᠦᠭᠡᠢ᠂ ᠬᠦᠴᠦᠨ᠎ᠲᠠᠢ ᠬᠤᠭᠤᠴᠠᠭ᠎ᠠ᠎ᠨᠢ ᠲᠤᠯᠪᠠᠯ ᠳᠠᠭᠢᠵᠤ ᠬᠠᠷᠭᠤᠭᠤᠯᠤᠨ ᠵᠦᠪᠰᠢᠶᠡᠷᠡᠭᠦᠯᠵᠦ ᠳᠠᠩᠰᠠᠯᠠᠭᠤᠯᠬᠤ ᠬᠡᠷᠡᠭᠲᠡᠢ᠃
ᠠᠷᠪᠠᠨ ᠳᠥᠷᠪᠡᠳᠦᠭᠡᠷ ᠵᠦᠢ᠍ᠯ ᠬᠢᠨᠠᠨ ᠵᠥᠪᠰᠢᠶᠡᠷᠡᠭᠦᠯᠵᠦ ᠳᠠᠩᠰᠠᠯᠠᠭᠤᠯᠬᠤ᠎ᠪᠠᠷ ᠭᠤᠶᠤᠴᠢᠯᠠᠬᠤ ᠳᠡᠰ ᠳᠠᠷᠠᠭ᠋ᠠᠯᠠᠯ
ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠄ ᠭᠤᠶᠤᠴᠢᠯᠠᠭᠰᠠᠨ ᠨᠢᠭᠡᠴᠢ᠎ᠨᠢ ᠠᠳᠠᠯᠢ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠬᠢᠨᠠᠨ ᠲᠣᠭᠲᠠᠭ᠋ᠠᠬᠤ ᠺᠣᠮᠢᠰ᠎ᠤᠨ ᠬᠢᠨᠠᠨ ᠵᠦᠪᠰᠢᠶᠡᠷᠡᠭᠦᠯᠵᠦ ᠳᠠᠩᠰᠠᠯᠠᠭᠤᠯᠬᠤ ᠭᠤᠶᠤᠴᠢᠯᠠᠯ ᠭᠠᠷᠭ᠋ᠠᠬᠤ ᠵᠢᠨ ᠬᠠᠮᠲᠤ᠂ ᠠᠵᠢᠯ᠎ᠤᠨ ᠲᠥᠰᠥᠯ (ᠠᠵᠢᠯ᠎ᠤᠨ ᠲᠥᠰᠥᠯ᠎ᠳᠤ ᠭᠤᠶᠤᠴᠢᠯᠠᠭᠰᠠᠨ ᠨᠢᠭᠡᠴᠢ ᠵᠢᠨ ᠦᠨᠳᠦᠰᠦᠨ ᠪᠠᠶ᠋ᠢᠳᠠᠯ᠂ ᠬᠢᠨᠠᠨ ᠲᠣᠭᠲᠠᠭ᠋ᠠᠬᠤ ᠺᠣᠮᠢᠰ᠎ᠤᠨ ᠨᠡᠷᠡᠶ᠋ᠢᠳᠦᠯ᠂ ᠬᠢᠨᠠᠨ ᠲᠣᠭᠲᠠᠭ᠋ᠠᠬᠤ ᠮᠡᠷᠭᠡᠵᠢᠯ ᠦ᠋᠊ᠨ ᠴᠣᠯᠠ ᠵᠢᠨ ᠰᠢᠷᠢᠰ᠂ ᠲᠤᠰᠬᠠᠢ ᠮᠡᠷᠭᠡᠵᠢᠯ ᠵᠢᠴᠢ ᠳᠡᠰ ᠱᠠᠲᠤ᠂ ᠬᠢᠨᠠᠨ ᠲᠣᠭᠲᠠᠭ᠋ᠠᠬᠤ ᠬᠦᠷᠢᠶ᠎ᠡ ᠬᠡᠪᠴᠢᠶ᠎ᠡ᠂ ᠬᠢᠨᠠᠨ ᠲᠣᠭᠲᠠᠭ᠋ᠠᠬᠤ ᠺᠤᠮᠢᠰ᠎ᠤᠨ ᠲᠤᠰᠬᠠᠢ ᠮᠡᠷᠭᠡᠵᠢᠯᠲᠡᠨ᠎ᠤ ᠪᠦᠷᠢᠯᠳᠦᠭᠦᠨ᠂ ᠦᠨᠡᠯᠡᠬᠦ ᠪᠠᠷᠢᠮᠵᠢᠶ᠎ᠠ᠂ ᠬᠡᠷᠡᠭ ᠡᠷᠬᠢᠯᠡᠬᠦ ᠪᠠᠶ᠋ᠢᠭᠤᠯᠤᠮᠵᠢ ᠵᠢᠴᠢ ᠬᠠᠮᠢᠶᠠᠷᠤᠯᠲᠠ ᠵᠢᠨ ᠳᠦᠷᠢᠮ ᠲᠣᠭᠲᠠᠭ᠋ᠠᠯ ᠵᠡᠷᠭᠡ ᠠᠭᠤᠯᠭ᠎ᠠ ᠪᠠᠭᠲᠠᠨ᠎ᠠ) ᠵᠶ᠋ᠠᠨ ᠲᠤᠰᠢᠶᠠᠨ᠎ᠠ᠂ ᠱᠠᠲᠤ ᠳᠠᠷᠠᠭ᠋ᠠᠯᠠᠨ ᠬᠢᠨᠠᠨ ᠬᠠᠷᠭᠤᠭᠤᠯᠵᠤ ᠲᠠᠨᠢᠯᠴᠠᠭᠤᠯᠬᠤ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ (ᠲᠤᠬᠠᠶ᠋ᠢᠯᠠᠭᠰᠠᠨ ᠠᠵᠢᠯ)᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠨᠤᠲᠠᠯᠠᠯᠲᠠ ᠪᠠ ᠦᠨᠡᠯᠡᠨ ᠵᠢᠱ᠌ᠢᠯᠲᠡ ᠬᠢᠵᠦ᠂ ᠨᠥᠬᠦᠴᠡᠯ᠎ᠳᠤ ᠨᠡᠶ᠋ᠢᠴᠡᠪᠡᠯ᠂ ᠬᠠᠷᠭᠤᠭᠤᠯᠤᠨ ᠵᠥᠪᠰᠢᠶᠡᠷᠡᠵᠦ ᠳᠠᠩᠰᠠᠯᠠᠭᠤᠯᠤᠨ᠎ᠠ᠃
ᠳᠤᠮᠳᠠ᠂ ᠠᠩᠬ᠎ᠠ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠤᠨ ᠭᠤᠶᠤᠴᠢᠯᠠᠬᠤ ᠳᠡᠰ ᠳᠠᠷᠠᠭ᠋ᠠᠯᠠᠯ᠎ᠢ ᠮᠡᠷᠭᠡᠵᠢᠯ᠎ᠤᠨ ᠴᠣᠯᠠ ᠵᠢᠨ ᠬᠠᠮᠢᠶᠠᠷᠤᠯᠲᠠ ᠵᠢᠨ ᠡᠷᠬᠡ ᠮᠡᠳᠡᠯ ᠶᠣᠰᠣᠭ᠋ᠠᠷ᠂ ᠬᠠᠷᠠᠭ᠋ᠠᠯᠵᠠᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠢ ᠬᠠᠷᠭᠤᠭᠤᠯᠤᠨ ᠵᠦᠪᠰᠢᠶᠡᠷᠡᠭᠦᠯᠵᠦ ᠳᠠᠩᠰᠠᠯᠠᠭᠤᠯᠬᠤ᠎ᠪᠠᠷ ᠭᠤᠶᠤᠴᠢᠯᠠᠬᠤ ᠳᠡᠰ ᠳᠠᠷᠠᠭ᠋ᠠᠯᠠᠯ ᠵᠶ᠋ᠠᠷ ᠯᠠᠪᠯᠠᠯᠲᠠ ᠪᠣᠯᠭ᠋ᠠᠵᠤ ᠲᠣᠭᠲᠠᠭ᠋ᠠᠨ᠎ᠠ᠃
ᠠᠷᠪᠠᠨ ᠲᠠᠪᠤᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠨᠢ ᠲᠣᠭᠲᠠᠭᠰᠠᠨ ᠬᠢᠨᠠᠨ ᠲᠣᠭᠲᠠᠭ᠋ᠠᠬᠤ ᠡᠷᠬᠡ ᠵᠢᠨ ᠬᠡᠪᠴᠢᠶᠡᠨ ᠳᠣᠲᠣᠷ᠎ᠠ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠬᠦ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠢ ᠵᠣᠬᠢᠶᠠᠨ ᠪᠠᠶ᠋ᠢᠭᠤᠯᠤᠭᠰᠠᠨ ᠨᠢᠭᠡᠴᠢ᠎ᠨᠢ ᠵᠣᠬᠢᠶᠠᠨ ᠪᠠᠶ᠋ᠢᠭᠤᠯᠤᠭᠰᠠᠨ ᠬᠢᠨᠠᠨ ᠲᠣᠭᠲᠠᠭ᠋ᠠᠬᠤ ᠺᠣᠮᠢᠰ᠎ᠲᠤ ᠬᠢᠨᠠᠯᠲᠠ ᠲᠠᠯᠪᠢᠬᠤ ᠵᠢ ᠬᠠᠷᠢᠭᠤᠴᠠᠬᠤ ᠵᠢᠨ ᠬᠠᠮᠲᠤ᠂ ᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠤᠨ ᠭᠤᠶᠤᠴᠢᠯᠠᠨ ᠮᠡᠳᠡᠭᠦᠯᠬᠦ ᠮᠡᠳᠡᠭᠳᠡᠯ᠎ᠢ ᠨᠡᠢ᠍ᠲᠡᠯᠡᠬᠦ᠂ ᠭᠤᠶᠤᠴᠢᠯᠠᠨ ᠮᠡᠳᠡᠭᠦᠯᠦᠭᠴᠢ ᠵᠢᠨ ᠮᠡᠳᠡᠭᠦᠯᠦᠭᠰᠡᠨ ᠮᠠᠲ᠋ᠧᠷᠢᠶᠠᠯ᠎ᠢ ᠬᠢᠨᠠᠨ ᠬᠠᠷᠭᠤᠭᠤᠯᠬᠤ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠤᠷᠠᠯ᠎ᠢ ᠵᠣᠬᠢᠶᠠᠨ ᠪᠠᠢ᠍ᠭᠤᠯᠵᠤ ᠬᠤᠷᠠᠯᠳᠤᠭᠤᠯᠬᠤ᠂ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠵᠠᠷᠯᠠᠨ ᠨᠡᠢ᠍ᠲᠡᠯᠡᠬᠦ᠂ ᠢᠯᠡᠴᠢᠯᠡᠨ ᠮᠡᠳᠡᠭᠦᠯᠵᠦ ᠵᠠᠭ᠋ᠠᠯᠳᠤᠭᠰᠠᠨ ᠠᠰᠠᠭᠤᠳᠠᠯ᠎ᠤᠨ ᠰᠦᠪᠡᠭᠴᠢ ᠵᠢ ᠪᠠᠶ᠋ᠢᠴᠠᠭ᠋ᠠᠵᠤ ᠬᠢᠨᠠᠨ ᠬᠠᠷᠭᠤᠭᠤᠯᠬᠤ ᠵᠡᠷᠭᠡ ᠵᠢ ᠭᠦᠢ᠍ᠴᠡᠳᠭᠡᠨ᠎ᠡ᠃
ᠠᠷᠪᠠᠨ ᠳᠣᠯᠣᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠤᠨ ᠪᠦᠷᠢᠯᠳᠦᠭᠦᠨ᠎ᠤ ᠲᠣᠭ᠎ᠠ᠎ᠨᠢ ᠰᠣᠨᠳᠣᠭᠤᠢ ᠲᠤᠭ᠎ᠠ ᠪᠠᠶ᠋ᠢᠬᠤ ᠬᠡᠷᠡᠭᠲᠡᠢ᠂ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠡᠩ᠎ᠤᠨ ᠪᠠᠶ᠋ᠢᠳᠠᠯ᠎ᠳᠤ ᠡᠷᠬᠢᠯᠡᠭᠴᠢ ᠭᠡᠰᠢᠭᠦᠨ 1 ᠬᠥᠮᠥᠨ᠂ ᠳᠡᠳ᠋ ᠡᠷᠬᠢᠯᠡᠭᠴᠢ ᠭᠡᠰᠢᠭᠦᠨ 1-2 ᠬᠥᠮᠥᠨ ᠭᠠᠷᠭ᠋ᠠᠨ᠎ᠠ᠃ ᠮᠡᠷᠭᠡᠵᠢᠯ᠎ᠤᠨ ᠴᠣᠯᠠ ᠵᠢᠨ ᠰᠢᠷᠢᠰ ᠶᠣᠰᠣᠭ᠋ᠠᠷ ᠵᠣᠬᠢᠶᠠᠨ ᠪᠠᠶ᠋ᠢᠭᠤᠯᠤᠭᠰᠠᠨ ᠬᠢᠨᠠᠨ ᠲᠣᠭᠲᠠᠭ᠋ᠠᠬᠤ ᠺᠣᠮᠢᠰ ᠪᠤᠯ ᠵᠠᠷᠴᠢᠮ ᠳᠡᠭᠡᠷ᠎ᠡ᠎ᠪᠠᠨ ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠢ 25 ᠬᠥᠮᠥᠨ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠂ ᠳᠤᠮᠳᠠ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠢ 21 ᠬᠥᠮᠥᠨ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠂ ᠠᠩᠬ᠎ᠠ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠢ 17 ᠬᠥᠮᠥᠨ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ; ᠲᠤᠰᠬᠠᠢ ᠮᠡᠷᠭᠡᠵᠢᠯ ᠵᠶ᠋ᠠᠷ ᠵᠣᠬᠢᠶᠠᠨ ᠪᠠᠶ᠋ᠢᠭᠤᠯᠤᠭᠰᠠᠨ ᠬᠢᠨᠠᠨ ᠲᠣᠭᠲᠠᠭ᠋ᠠᠬᠤ ᠺᠣᠮᠢᠰ ᠪᠤᠯ ᠵᠠᠷᠴᠢᠮ ᠳᠡᠭᠡᠷ᠎ᠡ᠎ᠪᠠᠨ ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠢ 11 ᠬᠥᠮᠥᠨ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠂ ᠳᠤᠮᠳᠠ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠢ 9 ᠬᠥᠮᠥᠨ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠂ ᠠᠩᠬ᠎ᠠ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠢ 7 ᠬᠥᠮᠥᠨ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠃ ᠡᠯ᠎ᠡ ᠱᠠᠲᠤᠨ᠎ᠤ ᠬᠢᠨᠠᠨ ᠲᠣᠭᠲᠠᠭ᠋ᠠᠬᠤ ᠺᠣᠮᠢᠰ᠎ᠤᠨ ᠵᠣᠬᠢᠶᠠᠨ ᠪᠠᠢ᠍ᠭᠤᠯᠵᠤ ᠪᠦᠷᠢᠯᠳᠦᠭᠦᠯᠬᠦ ᠬᠥᠮᠥᠨ᠎ᠤ ᠲᠤᠭ᠎ᠠ ᠵᠢ ᠬᠠᠷᠭᠤᠭᠤᠯᠤᠨ ᠵᠥᠪᠰᠢᠶᠡᠷᠡᠵᠦ ᠳᠠᠩᠰᠠᠯᠠᠭᠤᠯᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠡᠳ ᠵᠤᠬᠢᠬᠤ ᠬᠡᠮᠵᠢᠶ᠎ᠡ᠎ᠪᠠᠷ ᠲᠣᠬᠢᠷᠠᠭᠤᠯᠵᠤ ᠪᠣᠯᠣᠨ᠎ᠠ᠃
ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠤᠨ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠨᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠪᠠᠶ᠋ᠢᠬᠤ ᠬᠡᠷᠡᠭᠲᠡᠢ᠂ ᠡᠭᠦᠨ᠎ᠳᠤ ᠵᠢᠩᠬᠢᠨᠢ ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠤᠨ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠨᠢ ᠵᠢᠩᠬᠢᠨᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠪᠠᠶ᠋ᠢᠬᠤ ᠬᠡᠷᠡᠭᠲᠡᠢ᠂ ᠳᠡᠳ᠋ ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠲᠤ ᠵᠢᠩᠬᠢᠨᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠨᠢ 1/2᠎ᠠᠴᠠ ᠳᠤᠲᠠᠭᠤ ᠪᠠᠶ᠋ᠢᠵᠤ ᠪᠣᠯᠬᠤ ᠦᠭᠡᠢ; ᠳᠤᠮᠳᠠ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠤᠨ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠨᠢ ᠳᠤᠮᠳᠠ ᠵᠡᠷᠭᠡ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ ᠪᠠᠶ᠋ᠢᠬᠤ ᠬᠡᠷᠡᠭᠲᠡᠢ᠂ ᠡᠭᠦᠨ᠎ᠳᠤ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠲᠤᠰᠬᠠᠢ ᠮᠡᠷᠭᠡᠵᠢᠯᠲᠡᠨ᠎ᠨᠢ 1/2᠎ᠠᠴᠠ ᠳᠤᠲᠠᠭᠤ ᠪᠠᠶ᠋ᠢᠵᠤ ᠪᠣᠯᠬᠤ ᠦᠭᠡᠢ; ᠠᠩᠬ᠎ᠠ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠤᠨ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠨᠢ ᠳᠤᠮᠳᠠ ᠵᠡᠷᠭᠡ᠎ᠠᠴᠠ ᠳᠡᠭᠡᠭᠰᠢᠬᠢ ᠮᠡᠷᠭᠡᠵᠢᠯ᠎ᠤᠨ ᠴᠣᠯᠠ᠎ᠲᠠᠢ ᠪᠠᠶ᠋ᠢᠬᠤ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠤᠨ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠨᠢ ᠳᠣᠣᠷ᠎ᠠ ᠵᠢᠭᠰᠠᠭ᠋ᠠᠭᠰᠠᠨ ᠨᠥᠬᠦᠴᠡᠯ᠎ᠤᠳ᠎ᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠢ᠄
(ᠨᠢᠭᠡ) ᠦᠨᠳᠦᠰᠦᠨ ᠬᠠᠤᠯᠢ ᠪᠠ ᠬᠠᠤᠯᠢ ᠴᠠᠭ᠋ᠠᠵᠠ ᠵᠢ ᠵᠢᠷᠤᠮᠯᠠᠨ ᠰᠠᠬᠢᠭᠰᠠᠨ ᠪᠠᠢ᠍ᠬᠤ;
(ᠬᠤᠶᠠᠷ) ᠰᠠᠶ᠋ᠢᠨ ᠰᠠᠶ᠋ᠢᠬᠠᠨ ᠠᠵᠢᠯ ᠮᠡᠷᠭᠡᠵᠢᠯ᠎ᠤᠨ ᠶᠣᠰᠣ ᠰᠤᠷᠲᠠᠬᠤᠨ᠎ᠲᠠᠢ ᠪᠠᠶ᠋ᠢᠬᠤ;
(ᠭᠤᠷᠪᠠ) ᠲᠣᠰ ᠮᠡᠷᠭᠡᠵᠢᠯ᠎ᠤᠨ ᠴᠣᠯᠠ ᠵᠢᠨ ᠰᠢᠷᠢᠰ (ᠲᠤᠰᠬᠠᠢ ᠮᠡᠷᠭᠡᠵᠢᠯ)᠎ᠯᠦᠭᠡ ᠬᠠᠷᠠᠭ᠋ᠠᠯᠵᠠᠭᠰᠠᠨ ᠲᠠᠰ ᠱᠠᠲᠤ ᠵᠢᠨ ᠮᠡᠷᠭᠡᠵᠢᠯ᠎ᠤᠨ ᠴᠣᠯᠠ᠎ᠲᠠᠢ ᠪᠠᠶ᠋ᠢᠬᠤ;
(ᠳᠥᠷᠪᠡ) ᠲᠤᠰ ᠬᠦᠷᠢᠶ᠎ᠡ ᠬᠡᠪᠴᠢᠶᠡᠨ᠎ᠤ᠎ᠪᠠᠨ ᠲᠤᠰᠬᠠᠢ ᠮᠡᠷᠭᠡᠵᠢᠯ᠎ᠤᠨ ᠠᠵᠢᠯ᠎ᠢ ᠡᠷᠬᠢᠯᠡᠭᠰᠡᠨ ᠪᠠᠶ᠋ᠢᠬᠤ;
(ᠲᠠᠪᠤ) ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ ᠳᠡᠶ᠋ᠢᠯᠬᠦ᠃
ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠤᠭᠤᠴᠠᠭ᠎ᠠ ᠪᠦᠷᠢ ᠵᠢᠨ ᠲᠤᠰᠢᠶᠠᠯ᠎ᠤᠨ ᠬᠤᠭᠤᠴᠠᠭ᠎ᠠ᠎ᠨᠢ 3 ᠵᠢᠯ᠎ᠠᠴᠠ ᠬᠡᠲᠦᠷᠡᠵᠦ ᠪᠣᠯᠬᠤ ᠦᠭᠡᠢ᠃
ᠠᠷᠪᠠ ᠶᠢᠰᠦᠳᠦᠭᠡᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠢ ᠵᠣᠬᠢᠶᠠᠨ ᠪᠠᠶ᠋ᠢᠭᠤᠯᠤᠭᠰᠠᠨ ᠨᠢᠭᠡᠴᠢ᠎ᠨᠢ ᠮᠡᠷᠭᠡᠵᠢᠯ᠎ᠤᠨ ᠴᠣᠯᠠ ᠵᠢᠨ ᠰᠢᠷᠢᠰ (ᠲᠤᠰᠬᠠᠢ ᠮᠡᠷᠭᠡᠵᠢᠯ) ᠵᠶ᠋ᠠᠷ ᠬᠢᠨᠠᠨ ᠲᠣᠭᠲᠠᠭ᠋ᠠᠬᠤ ᠺᠣᠮᠢᠰ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠵᠣᠬᠢᠶᠠᠨ ᠪᠠᠶ᠋ᠢᠭᠤᠯᠵᠤ᠂ ᠬᠢᠨᠠᠨ ᠲᠣᠭᠲᠠᠭ᠋ᠠᠬᠤ ᠺᠣᠮᠢᠰ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠲᠣᠭᠲᠠᠭᠰᠠᠨ ᠲᠣᠭ᠋ᠠᠨ᠎ᠤ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠢ ᠲᠠᠰᠢᠷᠠᠮ ᠵᠢᠡᠷ ᠰᠤᠭᠤᠴᠢᠨ ᠠᠪᠴᠤ ᠬᠢᠨᠠᠨ ᠲᠣᠭᠲᠠᠭ᠋ᠠᠬᠤ ᠺᠣᠮᠢᠰ᠎ᠢ ᠪᠦᠷᠢᠯᠳᠦᠭᠦᠯᠬᠦ ᠬᠡᠷᠡᠭᠲᠡᠢ᠃ ᠬᠢᠨᠠᠨ ᠲᠣᠭᠲᠠᠭ᠋ᠠᠬᠤ ᠺᠣᠮᠢᠰ᠎ᠢ ᠵᠣᠬᠢᠶᠠᠨ ᠪᠠᠶ᠋ᠢᠭᠤᠯᠬᠤ᠎ᠪᠠᠷ ᠭᠤᠶᠤᠴᠢᠯᠠᠬᠤ ᠦᠶ᠎ᠡ᠎ᠳᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠪᠠᠨ ᠬᠠᠮᠲᠤᠳᠤᠨᠢ ᠳᠠᠩᠰᠠᠯᠠᠭᠤᠯᠬᠤ ᠬᠡᠷᠡᠭᠲᠡᠢ᠃
ᠬᠢᠨᠠᠨ ᠲᠣᠭᠲᠠᠭ᠋ᠠᠬᠤ ᠺᠣᠮᠢᠰ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠠᠬᠢ ᠬᠥᠮᠥᠨ᠎ᠤ ᠪᠦᠬᠦ ᠲᠤᠭ᠎ᠠ ᠵᠢ ᠬᠢᠨᠠᠨ ᠲᠣᠭᠲᠠᠭ᠋ᠠᠬᠤ ᠺᠣᠮᠢᠰ᠎ᠤᠨ ᠬᠠᠮᠤᠭ᠎ᠤᠨ ᠴᠦᠬᠡᠨ ᠪᠠᠢ᠍ᠯᠭ᠋ᠠᠬᠤ ᠬᠥᠮᠥᠨ᠎ᠤ ᠲᠤᠭ᠎ᠠ ᠵᠢᠨ 2 ᠳᠠᠬᠢᠨ᠎ᠠᠴᠠ ᠴᠦᠬᠡᠨ ᠪᠠᠶ᠋ᠢᠯᠭ᠋ᠠᠵᠤ ᠪᠣᠯᠬᠤ ᠦᠭᠡᠢ᠂ ᠡᠩ᠎ᠤᠨ ᠪᠠᠶ᠋ᠢᠳᠠᠯ᠎ᠳᠤ ᠡᠷᠬᠢᠯᠡᠭᠴᠢ ᠭᠡᠰᠢᠭᠦᠨ᠎ᠤ ᠬᠥᠮᠥᠷᠭᠡ ᠪᠠ ᠬᠢᠨᠠᠨ ᠲᠣᠭᠲᠠᠭ᠋ᠠᠬᠤ ᠭᠡᠰᠢᠭᠦᠨ᠎ᠤ ᠬᠥᠮᠥᠷᠭᠡ ᠭᠡᠵᠦ ᠬᠤᠪᠢᠶᠠᠬᠤ ᠵᠢᠨ ᠬᠠᠮᠲᠤ᠂ ᠬᠡᠷᠡᠭᠴᠡᠭᠡ᠎ᠪᠠᠨ ᠦᠨᠳᠦᠰᠦᠯᠡᠨ ᠬᠠᠷᠠᠭ᠋ᠠᠯᠵᠠᠭᠰᠠᠨ ᠲᠤᠰᠬᠠᠢ ᠮᠡᠷᠭᠡᠵᠢᠯ᠎ᠤᠨ ᠰᠢᠨᠵᠢᠯᠡᠭᠡᠨ᠎ᠤ ᠳᠤᠭᠤᠶ᠋ᠢᠯᠠᠩ ᠪᠠᠶ᠋ᠢᠭᠤᠯᠵᠤ ᠪᠣᠯᠣᠨ᠎ᠠ᠂ ᠲᠡᠭᠦᠨ᠎ᠤ ᠪᠦᠷᠢᠯᠳᠦᠭᠦᠨ᠎ᠢ᠎ᠨᠢ ᠣᠷᠣᠨ᠎ᠤ ᠳᠣᠲᠣᠷ᠎ᠠ ᠭᠠᠳᠠᠨᠠᠬᠢ ᠠᠵᠢᠯ ᠨᠢᠭᠡᠲᠡᠨ᠎ᠤ ᠲᠤᠰᠬᠠᠢ ᠮᠡᠷᠭᠡᠵᠢᠯᠲᠡᠨ᠎ᠤ ᠳᠣᠲᠣᠷ᠎ᠠ᠎ᠠᠴᠠ ᠰᠢᠯᠢᠨ ᠰᠣᠩᠭᠤᠵᠤ᠂ ᠣᠷᠣᠨ᠎ᠤ ᠭᠠᠳᠠᠨᠠᠬᠢ ᠵᠣᠬᠢᠬᠤ ᠲᠣᠭ᠋ᠠᠨ᠎ᠤ ᠲᠤᠰᠬᠠᠢ ᠮᠡᠷᠭᠡᠵᠢᠯᠲᠡᠨ᠎ᠢ ᠰᠢᠯᠢᠨ ᠰᠣᠩᠭᠤᠬᠤ ᠵᠢ᠎ᠨᠢ ᠵᠣᠷᠢᠭᠵᠢᠭᠤᠯᠤᠨ᠎ᠠ᠃ ᠲᠣᠰ ᠠᠵᠢᠯ ᠲᠥᠷᠥᠯ᠎ᠤᠨ ᠬᠦᠷᠢᠶᠡᠨ᠎ᠳᠤ ᠳᠤᠲᠠᠭᠳᠠᠵᠤ ᠪᠠᠶ᠋ᠢᠭ᠎ᠠ ᠴᠢᠳᠠᠪᠤᠷᠢᠲᠠᠨ᠎ᠠᠴᠠ ᠭᠠᠳᠠᠨ᠎ᠠ᠂ ᠨᠢᠭᠡᠨᠲᠡ ᠠᠵᠢᠯ᠎ᠠᠴᠠ᠎ᠪᠠᠨ ᠠᠮᠠᠷᠠᠭᠰᠠᠨ ᠲᠤᠰᠬᠠᠢ ᠮᠡᠷᠭᠡᠵᠢᠯᠲᠡᠨ᠎ᠢ ᠵᠠᠷᠴᠢᠮ ᠳᠡᠭᠡᠷ᠎ᠡ᠎ᠪᠠᠨ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠵᠢᠱ᠌ᠢᠭᠳᠡᠭᠴᠢ ᠪᠣᠯᠭ᠋ᠠᠬᠤ ᠦᠭᠡᠢ᠃
ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠵᠦ᠂ ᠬᠢᠨᠠᠨ ᠲᠣᠭᠲᠠᠭ᠋ᠠᠬᠤ ᠠᠵᠢᠯ᠎ᠤᠨ ᠬᠡᠷᠡᠭᠴᠡᠭᠡ ᠵᠢ ᠦᠨᠳᠦᠰᠦᠯᠡᠨ ᠴᠠᠭ ᠲᠤᠬᠠᠢᠳᠤᠨᠢ ᠲᠣᠬᠢᠷᠠᠭᠤᠯᠤᠯᠲᠠ ᠬᠢᠨ᠎ᠡ᠃ ᠵᠢᠯ ᠪᠦᠷᠢ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ ᠵᠶ᠋ᠠᠨ ᠥᠷᠨᠢᠭᠦᠯᠬᠦ᠎ᠠᠴᠠ ᠡᠮᠦᠨ᠎ᠡ᠂ ᠬᠥᠮᠥᠷᠭᠡ᠎ᠳᠠᠬᠢ ᠲᠤᠰᠬᠠᠢ ᠮᠡᠷᠭᠡᠵᠢᠯᠲᠡᠳ᠎ᠢ ᠢᠯᠭ᠋ᠠᠷᠠᠭᠤᠯᠤᠨ ᠵᠢᠷᠤᠮᠵᠢᠭᠤᠯᠵᠤ᠂ ᠨᠥᠬᠦᠴᠡᠯ᠎ᠳᠤ ᠨᠡᠶ᠋ᠢᠴᠡᠬᠦ ᠦᠭᠡᠢ ᠵᠢ᠎ᠨᠢ ᠴᠠᠭ ᠲᠤᠬᠠᠢᠳᠤᠨᠢ ᠰᠢᠯᠵᠢᠭᠦᠯᠦᠨ ᠭᠠᠷᠭ᠋ᠠᠬᠤ ᠬᠡᠷᠡᠭᠲᠡᠢ᠃ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠲᠣᠬᠢᠷᠠᠭᠤᠯᠤᠯᠲᠠ ᠬᠢᠭᠰᠡᠨ ᠪᠠᠶ᠋ᠢᠳᠠᠯ ᠵᠶ᠋ᠠᠨ ᠴᠠᠭ ᠲᠤᠬᠠᠢᠳᠤᠨᠢ ᠬᠠᠷᠠᠭ᠋ᠠᠯᠵᠠᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃
ᠬᠤᠷᠢᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠢ ᠵᠣᠬᠢᠶᠠᠨ ᠪᠠᠶ᠋ᠢᠭᠤᠯᠤᠭᠰᠠᠨ ᠨᠢᠭᠡᠴᠢ᠎ᠨᠢ ᠡᠩ᠎ᠤᠨ ᠪᠠᠶ᠋ᠢᠳᠠᠯ᠎ᠳᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠤᠨ ᠬᠡᠷᠡᠭ ᠡᠷᠭᠢᠯᠡᠬᠦ ᠪᠠᠶ᠋ᠢᠭᠤᠯᠤᠮᠵᠢ ᠵᠢ ᠪᠠᠶ᠋ᠢᠭᠤᠯᠵᠤ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠡᠳᠦᠷ ᠲᠤᠲᠤᠮ᠎ᠤᠨ ᠠᠵᠢᠯ ᠵᠶ᠋ᠠᠨ ᠬᠠᠷᠢᠭᠤᠴᠠᠭᠤᠯᠬᠤ ᠬᠡᠷᠡᠭᠲᠡᠢ᠃
ᠭᠤᠷᠪᠠᠳᠤᠭ᠋ᠠᠷ ᠪᠦᠯᠦᠭ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ
ᠬᠤᠷᠢᠨ ᠨᠢᠭᠡᠳᠦᠭᠡᠷ ᠵᠦᠢ᠍ᠯ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠬᠦ ᠬᠦᠮᠦᠰ(ᠳᠣᠷᠣᠭᠰᠢ ᠭᠤᠶᠤᠴᠢᠯᠠᠨ ᠮᠡᠳᠡᠭᠦᠯᠦᠭᠴᠢ ᠭᠡᠵᠦ ᠲᠣᠪᠴᠢᠯᠠᠨ᠎ᠠ)᠎ᠨᠢ ᠦᠨᠳᠦᠰᠦᠨ ᠬᠠᠤᠯᠢ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ ᠰᠠᠬᠢᠭᠰᠠᠨ᠂ ᠰᠠᠶ᠋ᠢᠨ ᠰᠠᠶ᠋ᠢᠬᠠᠨ ᠠᠵᠢᠯ ᠮᠡᠷᠭᠡᠵᠢᠯ᠎ᠤᠨ ᠶᠣᠰᠣ ᠰᠤᠷᠲᠠᠬᠤᠨ᠎ᠢ ᠪᠦᠷᠢᠳᠦᠭᠦᠯᠦᠭᠰᠡᠨ᠂ ᠬᠠᠷᠠᠭ᠋ᠠᠯᠵᠠᠭᠰᠠᠨ ᠮᠡᠷᠭᠡᠵᠢᠯ᠎ᠤᠨ ᠴᠣᠯᠠ ᠵᠢᠨ ᠰᠢᠷᠢᠰ(ᠲᠤᠰᠬᠠᠢ ᠮᠡᠷᠭᠡᠵᠢᠯ)᠂ ᠲᠠᠰ ᠱᠠᠲᠤᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠳᠤ ᠲᠣᠭᠲᠠᠭ᠋ᠠᠭᠰᠠᠨ ᠭᠤᠶᠤᠴᠢᠯᠠᠨ ᠮᠡᠳᠡᠭᠦᠯᠬᠦ ᠦᠨᠳᠦᠰᠦᠨ ᠨᠥᠬᠦᠴᠡᠯ ᠪᠠ ᠴᠢᠳᠠᠪᠤᠷᠢ ᠠᠵᠢᠯ᠎ᠤᠨ ᠠᠮᠵᠢᠯᠲᠠ ᠵᠢᠨ ᠨᠥᠬᠦᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃
ᠭᠤᠶᠤᠴᠢᠯᠠᠨ ᠮᠡᠳᠡᠭᠦᠯᠦᠭᠴᠢ᠎ᠨᠢ ᠲᠤᠰ ᠨᠢᠭᠡᠴᠢ ᠵᠢᠨ ᠵᠢᠡᠨ ᠠᠵᠢᠯ᠎ᠳᠤ ᠪᠠᠶ᠋ᠢᠭ᠎ᠠ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠪᠠᠶ᠋ᠢᠬᠤ ᠬᠡᠷᠡᠭᠲᠡᠢ᠃ ᠠᠯᠪᠠᠲᠠᠨ (ᠠᠯᠪᠠᠲᠠᠨ᠎ᠤ ᠬᠠᠤᠯᠢ᠎ᠪᠠᠷ ᠯᠠᠪᠯᠠᠯᠲᠠ ᠪᠣᠯᠭ᠋ᠠᠨ ᠬᠠᠮᠢᠶᠠᠷᠴᠤ ᠪᠠᠶ᠋ᠢᠭ᠎ᠠ ᠠᠵᠢᠯᠲᠠᠳ᠎ᠢ ᠪᠠᠭᠲᠠᠭ᠋ᠠᠨ᠎ᠠ) ᠪᠣᠯᠣᠨ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠥᠮᠥᠰ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠵᠦ ᠪᠣᠯᠬᠤ ᠦᠭᠡᠢ᠃ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠣᠰᠣᠯ ᠲᠡᠮᠳᠡᠭᠯᠡᠬᠦ᠎ᠠᠴᠠ ᠳᠡᠭᠡᠭᠰᠢ ᠰᠢᠢ᠍ᠳᠬᠡᠯ ᠣᠯᠣᠭᠰᠠᠨ ᠪᠠᠶ᠋ᠢᠪᠠᠯ᠂ ᠰᠢᠢ᠍ᠳᠬᠡᠯ ᠣᠯᠣᠭᠰᠠᠨ ᠬᠤᠭᠤᠴᠠᠭ᠋ᠠᠨ᠎ᠳᠤ᠎ᠪᠠᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠵᠦ ᠪᠣᠯᠬᠤ ᠦᠭᠡᠢ᠃
ᠥᠪᠡᠷᠲᠡᠭᠡᠨ ᠵᠠᠰᠠᠬᠤ ᠣᠷᠣᠨ᠎ᠳᠤ ᠠᠵᠢᠯᠯᠠᠵᠤ ᠪᠠᠶ᠋ᠢᠭ᠎ᠠ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠨᠡᠶ᠋ᠢᠭᠡᠮ᠎ᠤᠨ ᠪᠦᠯᠬᠦᠮ ᠵᠢᠴᠢ ᠪᠤᠰᠤᠳ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠂ ᠴᠢᠯᠦᠭᠡᠲᠦ ᠠᠵᠢᠯᠲᠠᠨ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠂ ᠲᠠᠷᠢᠶᠠᠯᠠᠬᠤ ᠮᠠᠯᠵᠢᠬᠤ ᠣᠷᠣᠨ᠎ᠤ ᠪᠣᠳᠠᠲᠤ ᠬᠡᠷᠡᠭᠯᠡᠭᠡᠨ᠎ᠤ ᠴᠢᠳᠠᠪᠤᠷᠢᠲᠠᠨ ᠪᠠ ᠥᠪᠡᠷᠲᠡᠭᠡᠨ ᠵᠠᠰᠠᠬᠤ ᠣᠷᠣᠨ᠎ᠳᠤ ᠬᠠᠤᠯᠢ ᠶᠣᠰᠣᠭ᠋ᠠᠷ ᠲᠤᠰᠬᠠᠢ ᠮᠡᠷᠭᠡᠵᠢᠯ᠎ᠤᠨ ᠠᠵᠢᠯ ᠬᠢᠵᠦ ᠪᠠᠶ᠋ᠢᠭ᠎ᠠ ᠰᠢᠶᠠᠩᠭ᠋ᠠᠩ ᠣᠣᠮᠧᠨ ᠲᠠᠶ᠋ᠢᠸᠠᠨ ᠵᠢᠴᠢ ᠬᠢᠯᠢ ᠵᠢᠨ ᠭᠠᠳᠠᠨᠠᠬᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠴᠥᠮ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠵᠦ ᠪᠣᠯᠣᠨ᠎ᠠ᠃
ᠪᠦᠬᠦᠯᠢ ᠡᠳᠦᠷ᠎ᠤᠨ ᠪᠤᠰᠤ ᠳᠦᠷᠢᠮᠲᠦ ᠰᠤᠷᠤᠯᠭ᠎ᠠ ᠵᠢᠨ ᠨᠠᠮᠲᠠᠷ ᠬᠢᠭᠡᠳ ᠪᠦᠬᠦᠯᠢ ᠡᠳᠦᠷ᠎ᠤᠨ ᠳᠦᠷᠢᠮᠲᠦ ᠰᠤᠷᠤᠯᠭ᠎ᠠ ᠵᠢᠨ ᠨᠠᠮᠲᠠᠷ᠎ᠲᠠᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠲᠡᠭᠦᠰᠦᠭᠰᠡᠳ ᠬᠢᠭᠡᠳ ᠠᠳᠠᠯᠢ ᠲᠠᠰ ᠱᠠᠲᠤᠨ᠎ᠤ ᠡᠩ᠎ᠤᠨ ᠰᠤᠷᠭ᠋ᠠᠭᠤᠯᠢ ᠲᠡᠭᠦᠰᠦᠭᠰᠡᠳ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ ᠲᠠᠯ᠎ᠠ᠎ᠪᠠᠷ ᠠᠳᠠᠯᠢᠬᠠᠨ ᠬᠠᠷᠠᠭ᠋ᠠᠯᠵᠠᠯ ᠭᠥᠷᠳᠡᠨ᠎ᠡ᠃ ᠣᠯᠠᠨ ᠨᠡᠶ᠋ᠢᠲᠡ ᠵᠢᠨ ᠠᠮᠤᠷ ᠲᠦᠪᠰᠢᠨ᠂ ᠬᠥᠮᠥᠨ᠎ᠤ ᠪᠡᠶ᠎ᠡ ᠵᠢᠨ ᠡᠷᠡᠭᠦᠯ ᠮᠡᠨᠳᠦ᠎ᠳᠤ ᠬᠤᠯᠪᠣᠭᠳᠠᠬᠤ ᠮᠡᠷᠭᠡᠵᠢᠯ ᠦ᠋᠊ᠨ ᠴᠣᠯᠠ ᠵᠢᠨ ᠰᠢᠷᠢᠰ ᠪᠠ ᠲᠤᠰᠬᠠᠢ ᠮᠡᠷᠭᠡᠵᠢᠯ᠎ᠠᠴᠠ ᠭᠠᠳᠠᠨ᠎ᠠ᠂ ᠡᠷᠬᠢᠯᠡᠵᠦ ᠪᠠᠢ᠍ᠭ᠎ᠠ ᠲᠤᠰᠬᠠᠢ ᠮᠡᠷᠭᠡᠵᠢᠯ᠎ᠨᠢ ᠰᠣᠷᠣᠭᠰᠠᠨ ᠲᠤᠰᠬᠠᠢ ᠮᠡᠷᠭᠡᠵᠢᠯ᠎ᠯᠦᠭᠡ ᠨᠢᠭᠡᠳᠦᠯ ᠦᠭᠡᠢ ᠪᠠᠶ᠋ᠢᠪᠠᠯ᠂ ᠲᠣᠰ ᠬᠥᠮᠥᠨ᠎ᠤ ᠣᠷᠳᠣ ᠬᠤᠭᠤᠴᠠᠭ᠎ᠠ᠎ᠪᠠᠷ ᠡᠷᠬᠢᠯᠡᠭᠰᠡᠨ ᠲᠤᠰᠬᠠᠢ ᠮᠡᠷᠭᠡᠵᠢᠯ ᠵᠶ᠋ᠠᠷ ᠵᠶ᠋ᠠᠨ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠵᠢ᠎ᠨᠢ ᠵᠦᠪᠰᠢᠶᠡᠷᠡᠵᠦ ᠪᠣᠯᠣᠨ᠎ᠠ᠃
ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤᠳᠤᠪᠠᠨ ᠠᠵᠢᠯ ᠮᠡᠷᠭᠡᠵᠢᠯ᠎ᠤᠨ ᠬᠢᠷᠢ ᠬᠡᠮ ᠣᠯᠬᠤ ᠴᠢᠬᠤᠯᠠᠲᠠᠢ ᠭᠡᠵᠦ ᠲᠣᠭᠲᠠᠭ᠋ᠠᠭᠰᠠᠨ ᠪᠠᠶ᠋ᠢᠪᠠᠯ᠂ ᠬᠠᠷᠠᠭ᠋ᠠᠯᠵᠠᠭᠰᠠᠨ ᠠᠵᠢᠯ ᠮᠡᠷᠭᠡᠵᠢᠯ᠎ᠤᠨ ᠬᠢᠷᠢ ᠬᠡᠮ ᠣᠯᠬᠤ ᠬᠡᠷᠡᠭᠲᠡᠢ᠃
ᠬᠤᠷᠢᠨ ᠬᠤᠶᠠᠳᠤᠭ᠋ᠠᠷ ᠵᠦᠢ᠍ᠯ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠨᠡᠶ᠋ᠢᠭᠡᠮ᠎ᠤᠨ ᠪᠦᠯᠬᠦᠮ ᠵᠢᠴᠢ ᠪᠤᠰᠤᠳ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠳ ᠡᠩ᠎ᠤᠨ ᠪᠠᠶ᠋ᠢᠳᠠᠯ᠎ᠳᠤ ᠬᠥᠳᠡᠯᠮᠦᠷᠢ ᠵᠢᠨ ᠬᠠᠷᠢᠴᠠᠭ᠎ᠠ ᠵᠢᠨ ᠪᠠᠶ᠋ᠢᠭ᠎ᠠ ᠭᠠᠵᠠᠷ᠎ᠲᠤ᠎ᠪᠠᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠵᠦ᠂ ᠠᠯᠪᠠᠨ᠎ᠠᠴᠠ ᠪᠠᠶ᠋ᠢᠭᠤᠯᠤᠭᠰᠠᠨ ᠪᠠᠶ᠋ᠢᠭᠤᠯᠤᠮᠵᠢ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨᠯᠤᠭᠠ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ ᠲᠠᠯ᠎ᠠ᠎ᠪᠠᠷ ᠠᠳᠠᠯᠢ ᠲᠡᠭᠰᠢ ᠬᠠᠷᠠᠭ᠋ᠠᠯᠵᠠᠯ ᠭᠥᠷᠳᠡᠨ᠎ᠡ᠃ ᠲᠣᠮᠢᠯᠠᠨ ᠰᠠᠭᠤᠯᠭ᠋ᠠᠭᠰᠠᠨ ᠭᠠᠵᠠᠷ᠎ᠲᠤ᠎ᠪᠠᠨ ᠦᠷᠭᠦᠯᠵᠢᠯᠡᠨ ᠨᠢᠭᠡ ᠵᠢᠯ᠎ᠠᠴᠠ ᠳᠡᠭᠡᠭᠰᠢ ᠠᠵᠢᠯᠯᠠᠭᠰᠠᠨ ᠪᠠᠶ᠋ᠢᠪᠠᠯ᠂ ᠲᠣᠰ ᠬᠡᠷᠡᠭᠵᠢᠭᠦᠯᠬᠦ ᠨᠠᠷᠢᠨ ᠳᠦᠷᠢᠮ᠎ᠤᠨ ᠲᠠᠪᠢᠨ ᠵᠢᠷᠭᠤᠳᠤᠭ᠋ᠠᠷ ᠵᠦᠢ᠍ᠯ᠎ᠤᠨ ᠨᠠᠶ᠋ᠢᠳᠠᠵᠤ ᠬᠢᠨᠠᠨ ᠲᠣᠭᠲᠠᠭ᠋ᠠᠯᠭ᠋ᠠᠬᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠲᠣᠮᠢᠯᠠᠨ ᠰᠠᠭᠤᠯᠭ᠋ᠠᠭᠰᠠᠨ ᠭᠠᠵᠠᠷ᠎ᠲᠤ᠎ᠪᠠᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠵᠦ ᠪᠣᠯᠣᠨ᠎ᠠ᠃
ᠬᠤᠷᠢᠨ ᠭᠤᠷᠪᠠᠳᠤᠭ᠋ᠠᠷ ᠵᠦᠢ᠍ᠯ ᠭᠤᠶᠤᠴᠢᠯᠠᠨ ᠮᠡᠳᠡᠭᠦᠯᠦᠭᠴᠢ᠎ᠨᠢ ᠡᠩ᠎ᠤᠨ ᠪᠠᠶ᠋ᠢᠳᠠᠯ᠎ᠳᠤ ᠮᠡᠷᠭᠡᠵᠢᠯ᠎ᠤᠨ ᠴᠣᠯᠠ ᠵᠢᠨ ᠲᠠᠰ ᠱᠠᠲᠤᠨ᠎ᠤ ᠶᠣᠰᠣᠭ᠋ᠠᠷ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠱᠠᠲᠤ ᠳᠠᠷᠠᠭ᠋ᠠᠯᠠᠨ ᠭᠤᠶᠤᠴᠢᠯᠠᠨ ᠮᠡᠳᠡᠭᠦᠯᠬᠦ ᠬᠡᠷᠡᠭᠲᠡᠢ᠃ ᠭᠤᠶᠤᠴᠢᠯᠠᠨ ᠮᠡᠳᠡᠭᠦᠯᠦᠭᠴᠢ᠎ᠨᠢ ᠠᠳᠠᠯᠢ ᠨᠢᠭᠡ ᠵᠢᠯ᠎ᠳᠤ ᠵᠦᠪᠬᠡᠨ ᠨᠢᠭᠡ ᠲᠠᠰ ᠱᠠᠲᠤᠨ᠎ᠤ ᠨᠢᠭᠡ ᠮᠡᠷᠭᠡᠵᠢᠯ ᠦ᠋᠊ᠨ ᠴᠣᠯᠠ ᠵᠢᠨ ᠰᠢᠷᠢᠰ(ᠲᠤᠰᠬᠠᠢ ᠮᠡᠷᠭᠡᠵᠢᠯ)ᠮᠡᠷᠭᠡᠵᠢᠯ᠎ᠤᠨ ᠴᠣᠯᠠ ᠵᠢ ᠭᠤᠶᠤᠴᠢᠯᠠᠨ ᠮᠡᠳᠡᠭᠦᠯᠵᠦ ᠪᠣᠯᠣᠨ᠎ᠠ᠃ ᠭᠤᠶᠤᠴᠢᠯᠠᠨ ᠮᠡᠳᠡᠭᠦᠯᠬᠦ ᠨᠢᠭᠡᠴᠢ᠎ᠨᠢ ᠠᠳᠠᠯᠢ ᠨᠢᠭᠡ ᠵᠢᠯ᠎ᠳᠤ ᠨᠢᠭᠡᠯᠬᠡᠨ ᠮᠡᠳᠡᠭᠦᠯᠬᠦ ᠠᠷᠭ᠎ᠠ ᠵᠠᠮ ᠵᠶ᠋ᠠᠷ ᠮᠡᠷᠭᠡᠵᠢᠯ᠎ᠤᠨ ᠴᠣᠯᠠ ᠵᠢ᠎ᠨᠢ ᠭᠤᠶᠤᠴᠢᠯᠠᠨ ᠮᠡᠳᠡᠭᠦᠯᠬᠦ ᠬᠡᠷᠡᠭᠲᠡᠢ᠂ ᠣᠯᠠᠨ ᠲᠠᠯ᠎ᠠ᠎ᠳᠤ ᠭᠤᠶᠤᠴᠢᠯᠠᠨ ᠮᠡᠳᠡᠭᠦᠯᠵᠦ ᠪᠣᠯᠬᠤ ᠦᠭᠡᠢ᠃
ᠬᠤᠷᠢᠨ ᠳᠥᠷᠪᠡᠳᠦᠭᠡᠷ ᠵᠦᠢ᠍ᠯ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠰᠢᠯᠭ᠋ᠠᠨ ᠦᠨᠡᠯᠡᠬᠦ ᠵᠢ ᠤᠶᠠᠯᠳᠤᠭᠤᠯᠬᠤ ᠵᠢ ᠬᠡᠷᠡᠭᠵᠢᠭᠦᠯᠦᠭᠰᠡᠨ ᠮᠡᠷᠭᠡᠵᠢᠯ ᠦ᠋᠊ᠨ ᠴᠣᠯᠠ ᠵᠢᠨ ᠰᠢᠷᠢᠰ(ᠲᠤᠰᠬᠠᠢ ᠮᠡᠷᠭᠡᠵᠢᠯ)᠎ᠲᠤ ᠪᠣᠯ ᠡᠷᠬᠡᠪᠰᠢ ᠨᠢᠭᠡᠳᠦᠯᠲᠡᠢ ᠵᠣᠬᠢᠶᠠᠨ ᠪᠠᠶ᠋ᠢᠭᠤᠯᠤᠭᠰᠠᠨ ᠲᠤᠰᠬᠠᠢ ᠮᠡᠷᠭᠡᠵᠢᠯ᠎ᠤᠨ ᠰᠢᠯᠭ᠋ᠠᠯᠲᠠ᠎ᠳᠤ ᠤᠷᠢᠳ ᠵᠶ᠋ᠠᠷ ᠣᠷᠣᠯᠴᠠᠵᠤ᠂ ᠰᠢᠯᠭ᠋ᠠᠯᠲᠠ ᠵᠢᠨ ᠬᠢᠷᠢ ᠪᠦᠲᠦᠮᠵᠢ᠎ᠨᠢ ᠬᠢᠷᠢ ᠲᠡᠩᠴᠡᠭᠰᠡᠨ ᠪᠥᠭᠡᠳ ᠲᠣᠭᠲᠠᠭ᠋ᠠᠭᠰᠠᠨ ᠬᠦᠴᠦᠨ᠎ᠲᠠᠢ ᠬᠤᠭᠤᠴᠠᠭ᠋ᠠᠨ᠎ᠳᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠳᠤ ᠣᠷᠣᠯᠴᠠᠬᠤ᠎ᠪᠠᠷ ᠭᠤᠶᠤᠴᠢᠯᠠᠨ ᠮᠡᠳᠡᠭᠦᠯᠬᠦ ᠬᠡᠷᠡᠭᠲᠡᠢ᠃
ᠬᠤᠷᠢᠨ ᠲᠠᠪᠤᠳᠤᠭ᠋ᠠᠷ ᠵᠦᠢ᠍ᠯ ᠤᠯᠤᠰ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠳᠦᠷᠢᠮ᠎ᠤᠨ ᠲᠣᠭᠲᠠᠭ᠋ᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠡᠭᠰᠡᠨ ᠠᠵᠢᠯ ᠮᠡᠷᠭᠡᠵᠢᠯ᠎ᠤᠨ ᠬᠢᠷᠢ ᠬᠡᠮ ᠬᠢᠭᠡᠳ ᠮᠡᠷᠭᠡᠵᠢᠯ᠎ᠤᠨ ᠴᠣᠯᠠᠯᠤᠭᠠ ᠲᠣᠬᠢᠷᠠᠯᠴᠠᠬᠤ ᠭᠠᠷᠴᠠᠭ᠎ᠤᠨ ᠶᠣᠰᠣᠭ᠋ᠠᠷ᠂ ᠲᠤᠰᠬᠠᠢ ᠮᠡᠷᠭᠡᠵᠢᠯ᠎ᠤᠨ ᠴᠢᠳᠠᠪᠤᠷᠢᠲᠠᠳ ᠠᠵᠢᠯ ᠮᠡᠷᠭᠡᠵᠢᠯ᠎ᠤᠨ ᠬᠢᠷᠢ ᠬᠡᠮ ᠣᠯᠣᠭᠰᠠᠨ ᠪᠠᠢ᠍ᠪᠠᠯ ᠬᠠᠷᠠᠭ᠋ᠠᠯᠵᠠᠭᠰᠠᠨ ᠮᠡᠷᠭᠡᠵᠢᠯ ᠦ᠋᠊ᠨ ᠴᠣᠯᠠ ᠵᠢᠨ ᠰᠢᠷᠢᠰ(ᠲᠤᠰᠬᠠᠢ ᠮᠡᠷᠭᠡᠵᠢᠯ)᠎ᠤᠨ ᠲᠡᠰ ᠱᠠᠲᠤᠨ᠎ᠤ ᠮᠡᠷᠭᠡᠵᠢᠯ᠎ᠤᠨ ᠴᠣᠯᠠ ᠵᠢ ᠪᠦᠷᠢᠳᠦᠭᠦᠯᠦᠭᠰᠡᠨ ᠵᠶ᠋ᠠᠷ ᠦᠵᠡᠵᠦ ᠪᠣᠯᠬᠤ ᠪᠥᠭᠡᠳ ᠳᠡᠭᠡᠳᠦ ᠨᠢᠭᠡ ᠳᠡᠰ᠎ᠤᠨ ᠮᠡᠷᠭᠡᠵᠢᠯ᠎ᠤᠨ ᠴᠣᠯᠠ ᠮᠡᠳᠡᠭᠦᠯᠬᠦ ᠨᠥᠬᠦᠴᠡᠯ ᠪᠣᠯᠭ᠋ᠠᠵᠤ ᠪᠣᠯᠣᠨ᠎ᠠ᠃
ᠬᠤᠷᠢᠨ ᠵᠢᠷᠭᠤᠳᠤᠭ᠋ᠠᠷ ᠵᠦᠢ᠍ᠯ ᠭᠤᠶᠤᠴᠢᠯᠠᠨ ᠮᠡᠳᠡᠭᠦᠯᠦᠭᠴᠢ᠎ᠨᠢ ᠮᠡᠳᠡᠭᠦᠯᠬᠦ ᠮᠠᠲ᠋ᠧᠷᠢᠶᠠᠯ ᠵᠶ᠋ᠠᠨ ᠲᠣᠭᠲᠠᠭᠰᠠᠨ ᠬᠤᠭᠤᠴᠠᠭ᠋ᠠᠨ᠎ᠤ ᠳᠣᠲᠣᠷ᠎ᠠ ᠳᠡᠪᠰᠢᠭᠦᠯᠦᠨ ᠲᠤᠰᠢᠶᠠᠨ᠎ᠠ᠂ ᠥᠪᠡᠷ ᠦ᠋᠊ᠨ ᠮᠡᠳᠡᠭᠦᠯᠦᠭᠰᠡᠨ ᠮᠠᠲ᠋ᠧᠷᠢᠶᠠᠯ᠎ᠤᠨ ᠵᠶ᠋ᠠᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠵᠢᠨ ᠬᠠᠮᠲᠤ ᠬᠤᠪᠢ ᠬᠥᠮᠥᠨ᠎ᠤ ᠠᠮᠠᠯᠠᠯᠲᠠ ᠵᠢᠨ ᠪᠢᠴᠢᠭ᠎ᠲᠤ ᠭᠠᠷᠤᠨ ᠦᠰᠦᠭ ᠵᠢᠷᠤᠨ᠎ᠠ᠃
ᠬᠠᠤᠯᠢ᠎ᠪᠠᠷ ᠲᠣᠭᠲᠠᠭ᠋ᠠᠭᠰᠠᠨ ᠭᠡᠷᠡᠴᠢ ᠦᠨᠡᠮᠯᠡᠯ᠂ ᠪᠢᠴᠢᠭ ᠵᠶ᠋ᠠᠷ ᠮᠡᠳᠡᠭᠳᠡᠬᠦ ᠠᠮᠠᠯᠠᠯᠲᠠ ᠬᠢᠬᠦ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠳᠣᠲᠣᠭ᠋ᠠᠳᠤ᠎ᠳᠤ᠎ᠪᠠᠨ ᠬᠠᠷᠭᠤᠭᠤᠯᠤᠨ ᠪᠠᠶ᠋ᠢᠴᠠᠭ᠋ᠠᠬᠤ ᠪᠤᠶᠤ ᠰᠠᠯᠠᠭ᠎ᠠ ᠮᠥᠴᠢᠷ᠎ᠤᠨ ᠬᠤᠭᠤᠷᠣᠨᠳᠤ᠎ᠪᠠᠨ ᠬᠠᠷᠭᠤᠭᠤᠯᠤᠨ ᠪᠠᠶ᠋ᠢᠴᠠᠭ᠋ᠠᠬᠤ᠂ ᠰᠦᠯᠵᠢᠶ᠎ᠡ᠎ᠪᠠᠷ ᠬᠠᠷᠭᠤᠭᠤᠯᠤᠨ ᠰᠢᠯᠭ᠋ᠠᠬᠤ ᠵᠡᠷᠭᠡ᠎ᠪᠠᠷ ᠳᠠᠮᠵᠢᠭᠤᠯᠤᠨ ᠭᠦᠢ᠍ᠴᠡᠳᠬᠡᠵᠦ ᠳᠡᠶ᠋ᠢᠯᠬᠦ᠎ᠳᠤ ᠭᠦᠷᠪᠡᠯ᠂ ᠭᠤᠶᠤᠴᠢᠯᠠᠨ ᠮᠡᠳᠡᠭᠦᠯᠦᠭᠴᠢ ᠵᠢ ᠢᠯᠡᠭᠦᠴᠡ ᠭᠡᠷᠡᠴᠢᠯᠡᠬᠦ ᠮᠠᠲ᠋ᠧᠷᠢᠶᠠᠯ ᠬᠠᠩᠭ᠋ᠠᠯᠭ᠋ᠠᠬᠤ᠎ᠪᠠᠷ ᠱᠠᠭ᠋ᠠᠷᠳᠠᠵᠤ ᠪᠣᠯᠬᠤ ᠦᠭᠡᠢ᠃
ᠬᠤᠷᠢᠨ ᠳᠣᠯᠣᠳᠤᠭ᠋ᠠᠷ ᠵᠦᠢ᠍ᠯ ᠭᠤᠶᠤᠴᠢᠯᠠᠨ ᠮᠡᠳᠡᠭᠦᠯᠦᠭᠴᠢ ᠵᠢᠨ ᠠᠵᠢᠯᠯᠠᠵᠤ ᠪᠠᠶ᠋ᠢᠭ᠎ᠠ ᠨᠢᠭᠡᠴᠢ᠎ᠨᠢ ᠮᠡᠳᠡᠭᠦᠯᠬᠦ ᠮᠠᠲ᠋ᠧᠷᠢᠶᠠᠯ᠎ᠢ ᠬᠢᠨᠠᠨ ᠬᠠᠷᠭᠤᠭᠤᠯᠬᠤ ᠵᠢᠨ ᠬᠠᠮᠲᠤ᠂ ᠨᠢᠭᠡᠴᠢ ᠵᠢᠨ ᠳᠣᠲᠣᠭ᠋ᠠᠳᠤ᠎ᠳᠤ᠎ᠪᠠᠨ ᠵᠠᠷᠯᠠᠨ ᠨᠡᠶ᠋ᠢᠲᠡᠯᠡᠨ᠎ᠡ᠂ ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 5 ᠠᠵᠢᠯᠯᠠᠬᠤ ᠡᠳᠦᠷ᠎ᠠᠴᠠ ᠳᠤᠲᠠᠭᠤ ᠪᠠᠶ᠋ᠢᠵᠤ ᠪᠣᠯᠬᠤ ᠦᠭᠡᠢ᠂ ᠵᠠᠷᠯᠠᠨ ᠨᠡᠢ᠍ᠲᠡᠯᠡᠭᠡᠳ ᠣᠨᠳᠣᠣ ᠰᠠᠨᠠᠯ ᠦᠭᠡᠢ ᠪᠠᠶ᠋ᠢᠪᠠᠯ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠱᠠᠲᠤ ᠳᠠᠷᠠᠭ᠋ᠠᠯᠠᠨ ᠳᠡᠭᠡᠭᠰᠢ ᠮᠡᠳᠡᠭᠦᠯᠦᠨ᠎ᠡ᠃
ᠬᠤᠷᠢᠨ ᠨᠠᠢ᠍ᠮᠠᠳᠤᠭ᠋ᠠᠷ ᠵᠦᠢ᠍ᠯ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠨᠡᠶ᠋ᠢᠭᠡᠮ᠎ᠤᠨ ᠪᠦᠯᠬᠦᠮ ᠵᠢᠴᠢ ᠪᠤᠰᠤᠳ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠳ ᠮᠡᠷᠭᠡᠵᠢᠯ᠎ᠤᠨ ᠴᠣᠯᠠ ᠬᠢᠨᠠᠨ ᠲᠤᠭᠲᠠᠭ᠋ᠠᠯᠭ᠋ᠠᠬᠤᠪᠠᠷ ᠭᠤᠶᠤᠴᠢᠯᠠᠨ ᠮᠡᠳᠡᠭᠦᠯᠬᠦ᠎ᠳᠤ᠂ ᠲᠡᠳᠡᠨ᠎ᠤ ᠠᠵᠢᠯᠯᠠᠵᠤ ᠪᠠᠶ᠋ᠢᠭ᠎ᠠ ᠨᠢᠭᠡᠴᠢ᠎ᠨᠢ ᠠᠩᠬ᠎ᠠ ᠬᠢᠨᠠᠬᠤ᠂ ᠵᠠᠷᠯᠠᠨ ᠨᠡᠶ᠋ᠢᠲᠡᠯᠡᠬᠦ᠂ ᠲᠠᠨᠢᠯᠴᠠᠭᠤᠯᠬᠤ ᠵᠡᠷᠭᠡ ᠳᠡᠰ ᠳᠠᠷᠠᠭ᠋ᠠᠯᠠᠯ᠎ᠢ ᠭᠦᠢ᠍ᠴᠡᠳᠬᠡᠨ᠎ᠡ᠃
ᠴᠢᠯᠦᠭᠡᠲᠦ ᠠᠵᠢᠯᠲᠠᠳ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠬᠦ᠎ᠳᠤ᠂ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ᠂ ᠭᠠᠶ᠋ᠢᠯᠢ ᠲᠤᠰᠢᠶᠠᠭᠰᠠᠨ ᠪᠤᠶᠤ ᠨᠡᠶ᠋ᠢᠭᠡᠮ᠎ᠤᠨ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠠᠶ᠋ᠢᠮᠠᠭ ᠬᠤᠲᠠ᠂ ᠬᠤᠰᠢᠭᠤ ᠰᠢᠶᠠᠨ(ᠬᠤᠲᠠ᠂ ᠲᠣᠭᠤᠷᠢᠭ)᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠤᠶᠤ ᠲᠡᠳᠡᠭᠡᠷ ᠦ᠋᠊ᠨ ᠵᠢᠭ᠋ᠠᠨ ᠲᠣᠭᠲᠠᠭ᠋ᠠᠭᠰᠠᠨ ᠨᠢᠭᠡᠴᠢ᠎ᠠᠴᠠ ᠠᠩᠬ᠎ᠠ ᠬᠢᠨᠠᠬᠤ᠂ ᠵᠠᠷᠯᠠᠨ ᠨᠡᠶ᠋ᠢᠲᠡᠯᠡᠬᠦ᠂ ᠲᠠᠨᠢᠯᠴᠠᠭᠤᠯᠬᠤ ᠵᠡᠷᠭᠡ ᠳᠡᠰ ᠳᠠᠷᠠᠭ᠋ᠠᠯᠠᠯ᠎ᠢ ᠭᠦᠢ᠍ᠴᠡᠳᠬᠡᠨ᠎ᠡ; ᠲᠠᠩᠰᠠ ᠡᠪᠬᠡᠮᠡᠯ᠎ᠢ᠎ᠨᠢ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠬᠠᠳᠠᠭ᠋ᠠᠯᠠᠵᠤ ᠪᠠᠶ᠋ᠢᠪᠠᠯ᠂ ᠠᠵᠢᠯᠲᠠᠨ᠎ᠤ ᠶᠠᠪᠤᠳᠠᠯ᠎ᠤᠨ ᠣᠷᠣᠯᠠᠬᠤ ᠪᠠᠶ᠋ᠢᠭᠤᠯᠤᠮᠵᠢ (ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ)᠎ᠠᠴᠠ ᠠᠩᠬ᠎ᠠ ᠬᠢᠨᠠᠬᠤ᠂ ᠵᠠᠷᠯᠠᠨ ᠨᠡᠶ᠋ᠢᠲᠡᠯᠡᠬᠦ᠂ ᠲᠠᠨᠢᠯᠴᠠᠭᠤᠯᠬᠤ ᠵᠡᠷᠭᠡ ᠲᠡᠰ ᠲᠠᠷᠠᠭ᠋ᠠᠯᠠᠯ᠎ᠢ ᠭᠦᠢ᠍ᠴᠡᠳᠬᠡᠵᠦ ᠪᠣᠯᠣᠨ᠎ᠠ᠃
ᠬᠥᠳᠡᠯᠮᠦᠷᠢ ᠦᠢ᠍ᠯᠡᠴᠢᠯᠡᠭᠡ᠎ᠪᠠᠷ ᠲᠣᠮᠢᠯᠠᠭᠰᠠᠨ ᠬᠥᠮᠥᠰ ᠮᠡᠷᠭᠡᠵᠢᠯ ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠬᠦ᠎ᠳᠤ᠂ ᠬᠥᠳᠡᠯᠮᠦᠷᠢ ᠦᠢ᠍ᠯᠡᠴᠢᠯᠡᠭᠡ᠎ᠪᠠᠷ ᠲᠣᠮᠢᠯᠠᠭᠰᠠᠨ ᠨᠢᠭᠡᠴᠢ᠎ᠠᠴᠠ ᠬᠥᠮᠥᠨ ᠬᠡᠷᠡᠭᠯᠡᠬᠦ ᠨᠢᠭᠡᠴᠢ᠎ᠲᠠᠢ ᠬᠠᠮᠲᠤᠷᠠᠨ ᠠᠩᠬ᠎ᠠ ᠬᠢᠨᠠᠬᠤ᠂ ᠵᠠᠷᠯᠠᠨ ᠨᠡᠶ᠋ᠢᠲᠡᠯᠡᠬᠦ᠂ ᠲᠠᠨᠢᠯᠴᠠᠭᠤᠯᠬᠤ ᠲᠡᠰ ᠲᠠᠷᠠᠭ᠋ᠠᠯᠠᠯ᠎ᠢ ᠭᠦᠢ᠍ᠴᠡᠳᠬᠡᠵᠦ᠂ ᠲᠣᠭᠲᠠᠭ᠋ᠠᠭᠰᠠᠨ ᠳᠡᠰ ᠳᠠᠷᠠᠭ᠋ᠠᠯᠠᠯ ᠶᠣᠰᠣᠭ᠋ᠠᠷ ᠱᠠᠲᠤ ᠳᠠᠷᠠᠭ᠋ᠠᠯᠠᠨ ᠮᠡᠳᠡᠭᠦᠯᠵᠦ ᠬᠦᠷᠭᠡᠬᠦ ᠠᠵᠢᠯ᠎ᠢ ᠬᠠᠷᠢᠭᠤᠴᠠᠨ᠎ᠠ᠃
ᠠᠵᠢᠯ ᠦᠢ᠍ᠯᠡᠰ᠎ᠤᠨ ᠨᠢᠭᠡᠴᠢ ᠵᠢᠨ ᠭᠡᠷ᠎ᠡ ᠵᠢᠨ ᠳᠦᠷᠢᠮᠲᠦ ᠠᠵᠢᠯᠲᠠᠳ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠬᠦ᠎ᠳᠤ᠂ ᠠᠵᠢᠯᠯᠠᠵᠤ ᠪᠠᠶ᠋ᠢᠭ᠎ᠠ ᠨᠢᠭᠡᠴᠢ᠎ᠠᠴᠠ ᠠᠩᠬ᠎ᠠ ᠬᠢᠨᠠᠬᠤ᠂ ᠵᠠᠷᠯᠠᠨ ᠨᠡᠶ᠋ᠢᠲᠡᠯᠡᠬᠦ᠂ ᠲᠠᠨᠢᠯᠴᠠᠭᠤᠯᠬᠤ ᠵᠡᠷᠭᠡ ᠳᠡᠰ ᠳᠠᠷᠠᠭ᠋ᠠᠯᠠᠯ᠎ᠢ ᠭᠦᠢ᠍ᠴᠡᠳᠬᠡᠨ᠎ᠡ᠃
ᠬᠤᠷᠢ ᠶᠢᠰᠦᠳᠦᠭᠡᠷ ᠵᠦᠢ᠍ᠯ ᠠᠶ᠋ᠢᠮᠠᠭ ᠬᠤᠲᠠ᠂ ᠬᠤᠰᠢᠭᠤ ᠰᠢᠶᠠᠨ(ᠬᠤᠲᠠ᠂ ᠲᠣᠭᠤᠷᠢᠭ)᠎ᠨᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠨᠢᠭᠲᠠᠷᠠᠭᠰᠠᠨ ᠦᠢ᠍ᠯᠡᠰ ᠪᠣᠰᠬᠠᠬᠤ ᠨᠡᠪᠴᠢᠭᠦᠯᠬᠦ ᠰᠠᠭᠤᠷᠢᠨ ᠭᠠᠵᠠᠷ᠂ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ ᠲᠣᠭᠤᠷᠢᠭ ᠵᠡᠷᠭᠡ ᠭᠠᠵᠠᠷ᠎ᠲᠤ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠵᠢ ᠭᠥᠯᠢᠶᠡᠨ ᠠᠪᠴᠤ ᠰᠢᠢ᠍ᠳᠪᠦᠷᠢᠯᠡᠬᠦ ᠦᠢ᠍ᠯᠡᠴᠢᠯᠡᠭᠡᠨ᠎ᠤ ᠴᠡᠭ ᠪᠠᠶ᠋ᠢᠭᠤᠯᠵᠤ ᠪᠣᠯᠣᠨ᠎ᠠ᠂ ᠡᠰᠡᠬᠦᠯ᠎ᠡ ᠴᠢᠳᠠᠪᠤᠷᠢᠲᠠᠨ᠎ᠤ ᠵᠠᠭᠤᠴᠢ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ᠂ ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠴᠢᠳ᠎ᠤᠨ ᠡᠪᠯᠡᠯ᠂ ᠰᠢᠨᠵᠢᠯᠡᠭᠡᠨ᠎ᠤ ᠨᠡᠶ᠋ᠢᠭᠡᠮᠯᠢᠭ ᠵᠡᠷᠭᠡ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠪᠠᠷ ᠳᠠᠮᠵᠢᠭᠤᠯᠵᠤ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠨᠡᠶ᠋ᠢᠭᠡᠮ᠎ᠤᠨ ᠪᠦᠯᠬᠦᠮ ᠵᠢᠴᠢ ᠪᠤᠰᠤᠳ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠂ ᠴᠢᠯᠦᠭᠡᠲᠦ ᠠᠵᠢᠯᠲᠠᠨ᠎ᠤ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠵᠢ ᠭᠥᠯᠢᠶᠡᠨ ᠠᠪᠴᠤ ᠰᠢᠢ᠍ᠳᠪᠦᠷᠢᠯᠡᠨ᠎ᠡ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠦᠢ᠍ᠯᠡᠳᠪᠦᠷᠢ᠎ᠳᠤ ᠰᠠᠭᠤᠵᠤ ᠴᠡᠭ ᠲᠣᠬᠢᠷᠠᠭᠤᠯᠬᠤ᠂ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠪᠠᠶ᠋ᠢᠭᠤᠯᠬᠤ᠂ ᠬᠡᠷᠡᠭ ᠡᠷᠭᠢᠯᠡᠬᠦ ᠲᠠᠩᠬᠢᠮ᠎ᠳᠤ ᠣᠷᠣᠵᠤ ᠰᠠᠭᠤᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠦᠨᠳᠦᠰᠦᠨ ᠵᠦᠢ᠍ᠯ᠎ᠢ ᠪᠠᠲᠤᠯᠠᠬᠤ ᠲᠣᠭᠲᠠᠴᠠ ᠵᠢ ᠪᠠᠶ᠋ᠢᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠨᠡᠶ᠋ᠢᠭᠡᠮ᠎ᠤᠨ ᠪᠦᠯᠬᠦᠮ ᠵᠢᠴᠢ ᠪᠤᠰᠤᠳ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠪᠠ ᠴᠢᠯᠦᠭᠡᠲᠦ ᠠᠵᠢᠯᠲᠠᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠳᠤ ᠡᠷᠬᠡ ᠲᠡᠭᠰᠢ᠎ᠪᠠᠷ ᠣᠷᠣᠯᠴᠠᠬᠤ ᠵᠢ᠎ᠨᠢ ᠦᠨᠡᠨ ᠬᠦ᠌ ᠪᠠᠲᠤᠯᠠᠬᠤ ᠬᠡᠷᠡᠭᠲᠡᠢ᠃
ᠭᠤᠴᠢᠳᠤᠭ᠋ᠠᠷ ᠵᠦᠢ᠍ᠯ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ (ᠠᠵᠢᠯᠲᠠᠨ᠎ᠤ ᠶᠠᠪᠤᠳᠠᠯ) ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠱᠠᠲᠤ ᠳᠠᠷᠠᠭ᠋ᠠᠯᠠᠨ ᠳᠠᠬᠢᠨᠲᠠ ᠬᠢᠨᠠᠵᠤ᠂ ᠱᠠᠲᠤ ᠳᠠᠷᠠᠭ᠋ᠠᠯᠠᠨ ᠳᠡᠭᠡᠭᠰᠢ ᠮᠡᠳᠡᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠢ᠎ᠠᠴᠠ ᠬᠢᠨᠠᠨ ᠲᠣᠭᠲᠠᠭ᠋ᠠᠯᠭ᠋ᠠᠬᠤ ᠮᠠᠲ᠋ᠧᠷᠢᠶᠠᠯ᠎ᠢ᠎ᠨᠢ ᠬᠢᠨᠠᠨ ᠬᠠᠷᠭᠤᠭᠤᠯᠬᠤ ᠬᠡᠷᠡᠭᠲᠡᠢ᠃
ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠨᠡᠶ᠋ᠢᠭᠡᠮ᠎ᠤᠨ ᠪᠦᠯᠬᠦᠮ ᠵᠢᠴᠢ ᠪᠤᠰᠤᠳ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠂ ᠴᠢᠯᠦᠭᠡᠲᠦ ᠠᠵᠢᠯᠲᠠᠨ᠎ᠤ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠠᠩᠬ᠎ᠠ ᠬᠢᠨᠠᠭ᠋ᠠᠳ ᠪᠠᠲᠤᠯᠠᠪᠠᠯ᠂ ᠬᠠᠷᠠᠭ᠋ᠠᠯᠵᠠᠭᠰᠠᠨ ᠠᠶ᠋ᠢᠮᠠᠭ ᠬᠤᠲᠠ ᠪᠤᠶᠤ ᠬᠤᠰᠢᠭᠤ ᠰᠢᠶᠠᠨ (ᠬᠤᠲᠠ᠂ ᠲᠣᠭᠤᠷᠢᠭ)᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠮᠡᠳᠡᠭᠦᠯᠵᠦ ᠬᠢᠨᠠᠨ ᠬᠠᠷᠭᠤᠭᠤᠯᠤᠨ᠎ᠠ᠃
ᠭᠤᠴᠢᠨ ᠨᠢᠭᠡᠳᠦᠭᠡᠷ ᠵᠦᠢ᠍ᠯ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠬᠦ ᠠᠷᠭ᠎ᠠ ᠵᠠᠮ᠃
(ᠨᠢᠭᠡ) ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠢ ᠥᠪᠡᠷᠲᠡᠭᠡᠨ ᠵᠠᠰᠠᠬᠤ ᠣᠷᠣᠨ᠎ᠳᠤ ᠪᠠᠶ᠋ᠢᠭᠤᠯᠤᠭᠰᠠᠨ ᠪᠠᠶ᠋ᠢᠪᠠᠯ᠂ ᠠᠶ᠋ᠢᠮᠠᠭ ᠬᠤᠲᠠ ᠵᠢᠴᠢ ᠲᠡᠭᠦᠨ᠎ᠠᠴᠠ ᠳᠣᠷᠣᠭᠰᠢᠬᠢ ᠨᠢᠭᠡᠴᠢ ᠵᠢᠨ ᠭᠤᠶᠤᠴᠢᠯᠠᠨ ᠮᠡᠳᠡᠭᠦᠯᠦᠭᠴᠢ ᠵᠢᠨ ᠮᠠᠲ᠋ᠧᠷᠢᠶᠠᠯ᠎ᠢ ᠠᠵᠢᠯᠲᠠᠨ᠎ᠤ ᠶᠠᠪᠤᠳᠠᠯ᠎ᠤᠨ ᠬᠠᠷᠢᠶᠠᠯᠠᠭᠳᠠᠬᠤ ᠬᠠᠷᠢᠴᠠᠭ᠎ᠠ ᠶᠣᠰᠣᠭ᠋ᠠᠷ ᠱᠠᠲᠤ ᠳᠠᠷᠠᠭ᠋ᠠᠯᠠᠨ ᠭᠤᠶᠤᠴᠢᠯᠠᠨ ᠮᠡᠳᠡᠭᠦᠯᠵᠦ᠂ ᠠᠶ᠋ᠢᠮᠠᠭ ᠬᠤᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ (ᠡᠰᠡᠬᠦᠯ᠎ᠡ ᠮᠡᠷᠭᠡᠵᠢᠯ᠎ᠤᠨ ᠴᠣᠯᠠ ᠵᠢ ᠰᠢᠭᠤᠳ ᠮᠡᠳᠡᠭᠦᠯᠬᠦ ᠨᠢᠭᠡᠴᠢ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠰᠠᠯᠠᠭ᠎ᠠ ᠮᠥᠴᠢᠷ)᠎ᠠᠴᠠ ᠥᠪᠥᠷ ᠮᠣᠩᠭᠤᠯ᠎ᠤᠨ ᠠᠵᠢᠯᠲᠠᠨ᠎ᠤ ᠶᠠᠪᠤᠳᠠᠯ ᠴᠢᠳᠠᠪᠤᠷᠢᠲᠠᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠪ᠎ᠲᠤ ᠮᠡᠳᠡᠭᠦᠯᠦᠨ ᠬᠦᠷᠭᠡᠵᠦ ᠲᠥᠷᠥᠯ ᠬᠤᠪᠢᠶᠠᠨ ᠡᠮᠬᠢᠯᠡᠭᠰᠡᠨ᠎ᠤ ᠳᠠᠷᠠᠭ᠎ᠠ᠂ ᠬᠠᠷᠠᠭ᠋ᠠᠯᠵᠠᠭᠰᠠᠨ ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠭᠢᠯᠡᠬᠦ ᠪᠠᠶ᠋ᠢᠭᠤᠯᠤᠮᠵᠢ᠎ᠳᠤ ᠲᠤᠰᠢᠶᠠᠨ᠎ᠠ᠃
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠢᠭᠡᠴᠢ ᠵᠢᠨ ᠭᠤᠶᠤᠴᠢᠯᠠᠨ ᠮᠡᠳᠡᠭᠦᠯᠦᠭᠴᠢ ᠵᠢᠨ ᠮᠠᠲ᠋ᠧᠷᠢᠶᠠᠯ᠎ᠢ ᠠᠵᠢᠯᠲᠠᠨ᠎ᠤ ᠶᠠᠪᠤᠳᠠᠯ᠎ᠤᠨ ᠬᠠᠷᠢᠶᠠᠯᠠᠭᠳᠠᠬᠤ ᠬᠠᠷᠢᠴᠠᠭ᠎ᠠ ᠵᠢᠨ ᠶᠣᠰᠣᠭ᠋ᠠᠷ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠤᠷᠢᠶᠠᠩᠭᠤᠶ᠋ᠢᠯᠠᠭᠰᠠᠨ᠎ᠤ ᠳᠠᠷᠠᠭ᠎ᠠ᠂ ᠬᠠᠷᠠᠭ᠋ᠠᠯᠵᠠᠭᠰᠠᠨ ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠭᠢᠯᠡᠬᠦ ᠪᠠᠶ᠋ᠢᠭᠤᠯᠤᠮᠵᠢ᠎ᠳᠤ ᠬᠦᠷᠭᠡᠨ ᠲᠤᠰᠢᠶᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠭᠤᠶᠤᠴᠢᠯᠠᠨ ᠮᠡᠳᠡᠭᠦᠯᠦᠭᠴᠢ ᠵᠢᠨ ᠮᠠᠲ᠋ᠧᠷᠢᠶᠠᠯ᠎ᠢ ᠲᠣᠰ ᠨᠢᠭᠡᠴᠢ᠎ᠠᠴᠠ ᠬᠠᠷᠠᠭ᠋ᠠᠯᠵᠠᠭᠰᠠᠨ ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠭᠢᠯᠡᠬᠦ ᠪᠠᠶ᠋ᠢᠭᠤᠯᠤᠮᠵᠢ᠎ᠳᠤ ᠬᠦᠷᠭᠡᠨ ᠲᠤᠰᠢᠶᠠᠬᠤ ᠬᠡᠷᠡᠭᠲᠡᠢ᠃
(ᠬᠤᠶᠠᠷ) ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠢ ᠠᠶ᠋ᠢᠮᠠᠭ ᠬᠤᠲᠠ ᠪᠤᠶᠤ ᠥᠪᠡᠰᠦᠪᠡᠨ ᠬᠢᠨᠠᠨ ᠲᠣᠭᠲᠠᠭ᠋ᠠᠬᠤ ᠨᠢᠭᠡᠴᠢ᠎ᠳᠤ ᠪᠠᠢ᠍ᠭᠤᠯᠤᠬᠰᠠᠨ ᠪᠤᠯ᠂ ᠡᠯ᠎ᠡ ᠠᠶ᠋ᠢᠮᠠᠭ ᠬᠤᠲᠠ ᠪᠤᠶᠤ ᠥᠪᠡᠰᠦᠪᠡᠨ ᠬᠢᠨᠠᠨ ᠲᠣᠭᠲᠠᠭ᠋ᠠᠬᠤ ᠨᠢᠭᠡᠴᠢ ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠭᠤᠴᠢᠨ ᠬᠤᠶᠠᠳᠤᠭ᠋ᠠᠷ ᠵᠦᠢ᠍ᠯ ᠳᠤᠮᠳᠠ᠂ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠬᠦ ᠠᠷᠭ᠎ᠠ ᠵᠠᠮ᠃
(ᠨᠢᠭᠡ) ᠠᠶ᠋ᠢᠮᠠᠭ ᠬᠤᠲᠠ ᠵᠢᠴᠢ ᠲᠡᠭᠦᠨ᠎ᠠᠴᠠ ᠳᠣᠷᠣᠭᠰᠢᠬᠢ ᠨᠢᠭᠡᠴᠢ ᠵᠢᠨ ᠭᠤᠶᠤᠴᠢᠯᠠᠨ ᠮᠡᠳᠡᠭᠦᠯᠦᠭᠴᠢ ᠪᠠ ᠥᠪᠡᠰᠦᠪᠡᠨ ᠬᠢᠨᠠᠨ ᠲᠣᠭᠲᠠᠭ᠋ᠠᠬᠤ ᠨᠢᠭᠡᠴᠢ ᠵᠢᠨ ᠭᠤᠶᠤᠴᠢᠯᠠᠨ ᠮᠡᠳᠡᠭᠦᠯᠦᠭᠴᠢ ᠵᠢᠨ ᠮᠠᠲ᠋ᠧᠷᠢᠶᠠᠯ᠎ᠢ ᠡᠯ᠎ᠡ ᠠᠶ᠋ᠢᠮᠠᠭ ᠬᠤᠲᠠ ᠪᠤᠶᠤ ᠥᠪᠡᠰᠦᠪᠡᠨ ᠬᠢᠨᠠᠨ ᠲᠣᠭᠲᠠᠭ᠋ᠠᠬᠤ ᠨᠢᠭᠡᠴᠢ ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
(ᠬᠤᠶᠠᠷ) ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠢᠭᠡᠴᠢ ᠵᠢᠨ ᠭᠤᠶᠤᠴᠢᠯᠠᠨ ᠮᠡᠳᠡᠭᠦᠯᠦᠭᠴᠢ ᠵᠢᠨ ᠮᠠᠲ᠋ᠧᠷᠢᠶᠠᠯ᠎ᠢ ᠠᠵᠢᠯᠲᠠᠨ᠎ᠤ ᠶᠠᠪᠤᠳᠠᠯ᠎ᠤᠨ ᠬᠠᠷᠢᠶᠠᠯᠠᠭᠳᠠᠬᠤ ᠬᠠᠷᠢᠴᠠᠭ᠎ᠠ ᠵᠢᠨ ᠶᠣᠰᠣᠭ᠋ᠠᠷ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠤᠷᠢᠶᠠᠩᠭᠤᠶ᠋ᠢᠯᠠᠭᠰᠠᠨ᠎ᠤ ᠳᠠᠷᠠᠭ᠎ᠠ ᠬᠠᠷᠠᠭ᠋ᠠᠯᠵᠠᠭᠰᠠᠨ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠭᠢᠯᠡᠬᠦ ᠪᠠᠶ᠋ᠢᠭᠤᠯᠤᠮᠵᠢ᠎ᠳᠤ ᠬᠦᠷᠭᠡᠨ ᠲᠤᠰᠢᠶᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠭᠤᠶᠤᠴᠢᠯᠠᠨ ᠮᠡᠳᠡᠭᠦᠯᠦᠭᠴᠢ ᠵᠢᠨ ᠮᠠᠲ᠋ᠧᠷᠢᠶᠠᠯ᠎ᠢ ᠲᠣᠰ ᠨᠢᠭᠡᠴᠢ᠎ᠠᠴᠠ ᠬᠠᠷᠠᠭ᠋ᠠᠯᠵᠠᠭᠰᠠᠨ ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠭᠢᠯᠡᠬᠦ ᠪᠠᠶ᠋ᠢᠭᠤᠯᠤᠮᠵᠢ᠎ᠳᠤ ᠬᠦᠷᠭᠡᠨ ᠲᠤᠰᠢᠶᠠᠬᠤ ᠬᠡᠷᠡᠭᠲᠡᠢ᠃
ᠭᠤᠴᠢᠨ ᠭᠤᠷᠪᠠᠳᠤᠭ᠋ᠠᠷ ᠵᠦᠢ᠍ᠯ ᠬᠥᠮᠥᠨ ᠬᠡᠷᠡᠭᠯᠡᠬᠦ ᠨᠢᠭᠡᠴᠢ ᠪᠠ ᠡᠯ᠎ᠡ ᠠᠶ᠋ᠢᠮᠠᠭ ᠬᠤᠳᠠ᠎ᠨᠢ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠲᠡᠰ ᠲᠠᠷᠠᠭ᠋ᠠᠯᠠᠯ ᠵᠶ᠋ᠠᠨ ᠪᠦᠷᠢᠨᠰᠢᠭᠦᠯᠵᠦ᠂ ᠠᠵᠢᠯ᠎ᠤᠨ ᠴᠣᠪᠤᠷᠠᠯ ᠵᠢᠡᠨ ᠲᠡᠭᠦᠯᠳᠡᠷᠵᠢᠭᠦᠯᠦᠨ᠂ ᠢᠯᠡ ᠪᠠᠶ᠋ᠢᠯᠭ᠋ᠠᠬᠤ᠂ ᠠᠷᠠᠳᠴᠢᠯᠠᠯ᠎ᠲᠠᠢ᠂ ᠡᠷᠬᠡ ᠲᠡᠭᠰᠢ᠂ ᠰᠢᠯᠢᠳᠡᠭ᠎ᠢ᠎ᠨᠢ ᠰᠣᠩᠭᠤᠬᠤ ᠵᠠᠷᠴᠢᠮ ᠶᠣᠰᠣᠭ᠋ᠠᠷ᠂ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠠᠵᠢᠯ᠎ᠢ ᠥᠷᠨᠢᠭᠦᠯᠬᠦ ᠬᠡᠷᠡᠭᠲᠡᠢ᠃
ᠬᠥᠮᠥᠨ ᠬᠡᠷᠡᠭᠯᠡᠬᠦ ᠨᠢᠭᠡᠴᠢ᠎ᠨᠢ ᠭᠤᠶᠤᠴᠢᠯᠠᠨ ᠮᠡᠳᠡᠭᠦᠯᠦᠭᠴᠢ ᠵᠢᠨ ᠮᠠᠲ᠋ᠧᠷᠢᠶᠠᠯ᠎ᠤᠨ ᠦᠨᠡᠨ ᠪᠣᠳᠠᠲᠠᠢ ᠪᠦᠷᠢᠨ ᠪᠦᠲᠦᠨ ᠪᠠᠶ᠋ᠢᠬᠤ ᠡᠰᠡᠬᠦ ᠵᠢ ᠬᠢᠨᠠᠨ ᠬᠠᠷᠭᠤᠭᠤᠯᠵᠤ᠂ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ᠎ᠪᠠᠷ ᠲᠠᠨᠢᠯᠴᠠᠭᠤᠯᠤᠭᠰᠠᠨ ᠰᠠᠨᠠᠯ᠎ᠢ ᠭᠠᠷᠭ᠋ᠠᠨ ᠥᠭᠴᠦ᠂ ᠵᠢᠱ᠌ᠢᠭᠳᠡᠭᠴᠢ ᠵᠢ ᠲᠠᠨᠢᠯᠴᠠᠭᠤᠯᠤᠭᠰᠠᠨ ᠠᠷᠭ᠎ᠠ ᠮᠠᠶᠢᠭ᠂ ᠭᠤᠶᠤᠴᠢᠯᠠᠨ ᠮᠡᠳᠡᠭᠦᠯᠦᠭᠴᠢ ᠵᠢᠨ ᠪᠦᠷᠢᠯᠳᠦᠭᠦᠯᠦᠭᠰᠡᠨ ᠬᠢᠷᠢ ᠬᠡᠮ᠎ᠤᠨ ᠨᠥᠬᠦᠴᠡᠯ ᠵᠢᠴᠢ ᠵᠠᠷᠯᠠᠨ ᠨᠡᠶ᠋ᠢᠲᠡᠯᠡᠭᠰᠡᠨ ᠪᠠᠶ᠋ᠢᠳᠠᠯ ᠵᠡᠷᠭᠡ ᠵᠢ ᠲᠣᠳᠣᠷᠬᠠᠶ᠋ᠢᠯᠠᠵᠤ᠂ ᠭᠤᠶᠤᠴᠢᠯᠠᠨ ᠮᠡᠳᠡᠭᠦᠯᠬᠦ ᠳᠡᠰ ᠳᠠᠷᠠᠭ᠋ᠠᠯᠠᠯ ᠪᠠ ᠮᠠᠲ᠋ᠧᠷᠢᠶᠠᠯ᠎ᠢ ᠬᠢᠨᠠᠵᠤ ᠬᠠᠷᠭᠤᠭᠤᠯᠤᠨ ᠬᠠᠷᠢᠭᠤᠴᠠᠬᠤ ᠲᠠᠯ᠎ᠠ᠎ᠪᠠᠷ ᠠᠮᠠᠯᠠᠯᠲᠠ ᠬᠢᠬᠦ ᠬᠡᠷᠡᠭᠲᠡᠢ᠃ 《ᠬᠡᠨ ᠬᠢᠨᠠᠨ ᠬᠠᠷᠭᠤᠭᠤᠯᠪᠠᠯ᠂ ᠲᠡᠷᠡ ᠭᠠᠷᠤᠨ ᠥᠰᠥᠭ ᠵᠢᠷᠤᠵᠤ ᠬᠠᠷᠢᠭᠤᠴᠠᠬᠤ》ᠵᠠᠷᠴᠢᠮ᠎ᠤᠨ ᠶᠣᠰᠣᠭ᠋ᠠᠷ᠂ ᠲᠠᠨᠢᠯᠴᠠᠭᠤᠯᠬᠤ᠎ᠪᠠᠷ ᠮᠡᠳᠡᠭᠦᠯᠦᠨ ᠬᠦᠷᠭᠡᠭᠰᠡᠨ ᠮᠡᠷᠭᠡᠵᠢᠯ ᠦ᠋᠊ᠨ ᠴᠣᠯᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠳᠤ ᠡᠷᠬᠡᠪᠰᠢ ᠬᠢᠨᠠᠨ ᠬᠠᠷᠭᠤᠭᠤᠯᠤᠭᠴᠢ ᠵᠢᠨ ᠣᠪᠣᠭ ᠨᠡᠷ᠎ᠡ᠂ ᠬᠢᠨᠠᠨ ᠬᠠᠷᠭᠤᠭᠤᠯᠤᠭᠰᠠᠨ ᠰᠠᠨᠠᠯ ᠵᠢᠴᠢ ᠬᠢᠨᠠᠨ ᠬᠠᠷᠭᠤᠭᠤᠯᠤᠭᠰᠠᠨ ᠡᠳᠦᠷ ᠬᠤᠭᠤᠴᠠᠭ᠎ᠠ ᠵᠢ ᠲᠣᠳᠣᠷᠬᠠᠶ᠋ᠢᠯᠠᠬᠤ ᠵᠢᠨ ᠬᠠᠮᠲᠤ ᠬᠢᠨᠠᠨ ᠬᠠᠷᠭᠤᠭᠤᠯᠵᠤ ᠲᠠᠨᠢᠯᠴᠠᠭᠤᠯᠤᠭᠰᠠᠨ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠢ᠃
ᠡᠯ᠎ᠡ ᠱᠠᠲᠤᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠤᠴᠢᠯᠠᠨ ᠮᠡᠳᠡᠭᠦᠯᠵᠦ ᠲᠠᠨᠢᠯᠴᠠᠭᠤᠯᠬᠤ ᠲᠡᠰ ᠲᠠᠷᠠᠭ᠋ᠠᠯᠠᠯ᠂ ᠭᠤᠶᠤᠴᠢᠯᠠᠨ ᠮᠡᠳᠡᠭᠦᠯᠦᠭᠴᠢ ᠵᠢᠨ ᠬᠢᠷᠢ ᠬᠡᠮ (ᠨᠥᠬᠦᠴᠡᠯ)᠂ ᠭᠤᠶᠤᠴᠢᠯᠠᠨ ᠮᠡᠳᠡᠭᠦᠯᠬᠦ ᠲᠤᠰᠬᠠᠢ ᠮᠡᠷᠭᠡᠵᠢᠯ ᠪᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠤᠨ ᠵᠢᠷᠤᠮᠵᠢᠯᠳᠤ ᠴᠢᠨᠠᠷ᠂ ᠪᠦᠷᠢᠨ ᠪᠦᠲᠦᠨ ᠴᠢᠨᠠᠷ᠂ ᠪᠦᠲᠦᠮᠵᠢᠲᠦ ᠴᠢᠨᠠᠷ ᠵᠡᠷᠭᠡ᠎ᠳᠤ ᠴᠢᠩᠭ᠎ᠠ ᠬᠢᠨᠠᠵᠤ ᠬᠠᠷᠭᠤᠭᠤᠯᠬᠤ ᠵᠢ ᠬᠠᠷᠢᠭᠤᠴᠠᠨ᠎ᠠ᠃
ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠲᠣᠰ ᠭᠠᠵᠠᠷ ᠣᠷᠣᠨ᠎ᠤ᠎ᠪᠠᠨ ᠭᠤᠶᠤᠴᠢᠯᠠᠨ ᠮᠡᠳᠡᠭᠦᠯᠬᠦ ᠠᠵᠢᠯ᠎ᠢ ᠨᠢᠭᠡᠳᠦᠯᠲᠡᠢ ᠲᠥᠯᠥᠪᠯᠡᠨ ᠵᠢᠯᠤᠭᠤᠳᠴᠤ᠂ ᠡᠯ᠎ᠡ ᠰᠠᠯᠠᠭ᠎ᠠ ᠮᠥᠴᠢᠷ (ᠨᠢᠭᠡᠴᠢ)᠎ᠤᠨ ᠠᠵᠢᠯ᠎ᠤᠨ ᠪᠠᠶ᠋ᠢᠷᠢ ᠵᠢᠨ ᠪᠠᠶ᠋ᠢᠳᠠᠯ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠤᠨ ᠪᠦᠬᠦᠯᠢ ᠴᠣᠭᠴᠠ ᠵᠢᠨ ᠶᠠᠰᠤ ᠴᠢᠨᠠᠷ᠂ ᠬᠢᠨᠠᠨ ᠲᠣᠭᠲᠠᠭ᠋ᠠᠬᠤ ᠬᠦᠷᠢᠶ᠎ᠡ ᠬᠡᠪᠴᠢᠶ᠎ᠡ ᠵᠡᠷᠭᠡ ᠵᠢ ᠭᠤᠣᠯᠳᠠᠯᠭ᠎ᠠ᠎ᠲᠠᠢ ᠬᠢᠨᠠᠨ ᠬᠠᠷᠭᠤᠭᠤᠯᠵᠤ ᠬᠠᠷᠢᠭᠤᠴᠠᠨ᠎ᠠ᠃
ᠭᠤᠴᠢᠨ ᠳᠥᠷᠪᠡᠳᠦᠭᠡᠷ ᠵᠦᠢ᠍ᠯ ᠡᠯ᠎ᠡ ᠠᠶ᠋ᠢᠮᠠᠭ ᠬᠤᠳᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠣᠷᠣᠨ᠎ᠤ ᠰᠢᠭᠤᠳ ᠬᠠᠷᠢᠶ᠎ᠠ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠮᠠᠲ᠋ᠧᠷᠢᠶᠠᠯ ᠵᠶ᠋ᠠᠨ ᠳᠡᠭᠡᠭᠰᠢ ᠮᠡᠳᠡᠭᠦᠯᠬᠦ᠎ᠠᠴᠠ ᠡᠮᠦᠨ᠎ᠡ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠎ᠤᠨ ᠡᠯ᠎ᠡ ᠮᠡᠷᠭᠡᠵᠢᠯ ᠦ᠋᠊ᠨ ᠴᠣᠯᠠ ᠵᠢᠨ ᠰᠢᠷᠢᠰ᠎ᠤᠨ ᠭᠤᠶᠤᠴᠢᠯᠠᠨ ᠮᠡᠳᠡᠭᠦᠯᠦᠭᠴᠢ ᠵᠢᠨ ᠨᠢᠭᠡᠳᠦᠯᠲᠡᠢ ᠬᠡᠪ ᠵᠠᠭᠪᠤᠷ ᠪᠦᠬᠦᠢ ᠨᠡᠷᠡᠰ᠎ᠤᠨ ᠪᠦᠷᠢᠳᠬᠡᠯ᠎ᠢ ᠲᠤᠰ ᠲᠤᠰ᠎ᠤᠨ ᠠᠯᠪᠠᠨ ᠫᠣᠷᠲ᠋ᠧᠯ ᠰᠦᠯᠵᠢᠶᠡᠨ ᠳᠡᠭᠡᠷ᠎ᠡ᠎ᠪᠠᠨ ᠵᠠᠷᠯᠠᠨ ᠨᠡᠢ᠍ᠲᠡᠯᠡᠨᠡ᠂ ᠵᠠᠷᠯᠠᠨ ᠨᠡᠶ᠋ᠢᠲᠡᠯᠡᠬᠦ ᠴᠠᠭ ᠬᠤᠭᠤᠴᠠᠭ᠎ᠠ ᠵᠢ 5 ᠠᠵᠢᠯᠯᠠᠬᠤ ᠡᠳᠦᠷ᠎ᠠᠴᠠ ᠳᠤᠲᠠᠭᠤ ᠦᠭᠡᠢ ᠪᠠᠢ᠍ᠯᠭ᠋ᠠᠵᠤ᠂ ᠵᠠᠷᠯᠠᠨ ᠨᠡᠢ᠍ᠲᠡᠯᠡᠭᠡᠳ ᠣᠨᠳᠣᠣ ᠰᠠᠨᠠᠯ ᠦᠭᠡᠢ ᠪᠣᠯᠤᠭᠰᠠᠨ᠎ᠤ ᠲᠠᠷᠠᠭ᠎ᠠ ᠰᠠᠶᠢ ᠳᠡᠭᠡᠭᠰᠢ ᠮᠡᠳᠡᠭᠦᠯᠵᠦ ᠪᠣᠯᠣᠨ᠎ᠠ᠂ ᠳᠡᠭᠡᠭᠰᠢ ᠮᠡᠳᠡᠭᠦᠯᠬᠦ ᠮᠠᠲ᠋ᠧᠷᠢᠶᠠᠯ᠎ᠳᠤ ᠵᠠᠷᠯᠠᠨ ᠨᠡᠶ᠋ᠢᠲᠡᠯᠡᠭᠰᠡᠨ ᠪᠠᠶ᠋ᠢᠳᠠᠯ᠎ᠢ ᠪᠠᠭᠲᠠᠭ᠋ᠠᠬᠤ ᠬᠡᠷᠡᠭᠲᠡᠢ᠃
ᠭᠤᠴᠢᠨ ᠲᠠᠪᠤᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠬᠢᠯᠡᠬᠦ ᠪᠠᠶ᠋ᠢᠭᠤᠯᠤᠮᠵᠢ᠎ᠨᠢ ᠭᠤᠶᠤᠴᠢᠯᠠᠨ ᠮᠡᠳᠡᠭᠦᠯᠬᠦ ᠨᠥᠬᠦᠴᠡᠯ ᠶᠣᠰᠣᠭ᠋ᠠᠷ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠢ ᠳᠠᠬᠢᠨᠲᠠ ᠬᠠᠷᠭᠤᠭᠤᠯᠤᠨ᠎ᠠ᠃ ᠬᠢᠨᠠᠨ ᠬᠠᠷᠭᠤᠭᠤᠯᠬᠤ ᠠᠭᠤᠯᠭ᠎ᠠ᠎ᠳᠤ ᠭᠤᠣᠯᠳᠠᠭᠤ ᠭᠤᠶᠤᠴᠢᠯᠠᠨ ᠮᠡᠳᠡᠭᠦᠯᠬᠦ ᠬᠢᠷᠢ ᠬᠡᠮ᠂ ᠲᠠᠨᠢᠯᠴᠠᠭᠤᠯᠬᠤ ᠲᠡᠰ ᠲᠠᠷᠠᠭ᠋ᠠᠯᠠᠯ᠂ ᠬᠢᠨᠠᠨ ᠲᠣᠭᠲᠠᠭ᠋ᠠᠬᠤ ᠬᠦᠷᠢᠶ᠎ᠡ ᠬᠡᠪᠴᠢᠶ᠎ᠡ ᠵᠡᠷᠭᠡ ᠪᠠᠭᠲᠠᠨ᠎ᠠ᠃
ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠨᠢ ᠲᠣᠭᠲᠠᠭ᠋ᠠᠭᠰᠠᠨ ᠨᠥᠬᠦᠴᠡᠯ᠎ᠳᠤ ᠨᠡᠶ᠋ᠢᠴᠡᠬᠦ ᠦᠭᠡᠢ ᠪᠣᠯ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠬᠢᠯᠡᠬᠦ ᠪᠠᠶ᠋ᠢᠭᠤᠯᠤᠮᠵᠢ᠎ᠠᠴᠠ ᠭᠤᠶᠤᠴᠢᠯᠠᠨ ᠮᠡᠳᠡᠭᠦᠯᠦᠭᠴᠢ᠎ᠳᠤ ᠨᠥᠬᠦᠪᠦᠷᠢᠯᠡᠨ ᠵᠠᠯᠠᠷᠠᠭᠤᠯᠬᠤ ᠴᠢᠬᠤᠯᠠᠲᠠᠢ ᠪᠥᠬᠦ ᠮᠠᠲ᠋ᠧᠷᠢᠶᠠᠯ ᠵᠢᠴᠢ ᠴᠠᠭ᠎ᠤᠨ ᠬᠢᠵᠠᠭ᠋ᠠᠷ᠎ᠢ ᠨᠢᠭᠡ ᠯᠠ ᠤᠳᠠᠭ᠎ᠠ ᠵᠢᠨ ᠴᠢᠨᠠᠷᠲᠠᠢ᠎ᠪᠠᠷ ᠪᠢᠴᠢᠭ ᠵᠢᠡᠷ ᠮᠡᠳᠡᠭᠳᠡᠬᠦ ᠬᠡᠷᠡᠭᠲᠡᠢ᠂ ᠬᠤᠭᠤᠴᠠᠭ᠎ᠠ ᠬᠡᠲᠦᠷᠡᠲᠡᠯ᠎ᠡ ᠨᠥᠬᠦᠪᠦᠷᠢᠯᠡᠨ ᠵᠠᠯᠠᠷᠠᠭᠤᠯᠤᠭᠰᠠᠨ ᠦᠭᠡᠢ ᠪᠣᠯ ᠭᠤᠶᠤᠴᠢᠯᠠᠨ ᠮᠡᠳᠡᠭᠦᠯᠬᠦ ᠦᠭᠡᠢ ᠪᠣᠯᠣᠭᠰᠠᠨ ᠵᠶ᠋ᠠᠷ ᠦᠵᠡᠨ᠎ᠡ᠃ ᠭᠤᠶᠤᠴᠢᠯᠠᠨ ᠮᠡᠳᠡᠭᠦᠯᠬᠦ ᠳᠡᠰ ᠳᠠᠷᠠᠭ᠋ᠠᠯᠠᠯ᠂ ᠮᠠᠲ᠋ᠧᠷᠢᠶᠠᠯ᠎ᠨᠢ ᠵᠢᠷᠤᠮᠵᠢᠭᠤᠨ ᠪᠣᠰᠤ᠂ ᠪᠦᠷᠢᠨ ᠪᠤᠰᠤ ᠪᠠᠶ᠋ᠢᠪᠠᠯ᠂ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠭᠢᠯᠡᠬᠦ ᠪᠠᠶ᠋ᠢᠭᠤᠯᠤᠮᠵᠢ᠎ᠨᠢ ᠭᠤᠶᠤᠴᠢᠯᠠᠨ ᠮᠡᠳᠡᠭᠦᠯᠬᠦ ᠰᠠᠯᠠᠭ᠎ᠠ ᠮᠥᠴᠢᠷ (ᠨᠢᠭᠡᠴᠢ) ᠲᠤ ᠴᠠᠭ ᠲᠤᠬᠠᠢᠳᠤᠨᠢ ᠪᠢᠴᠢᠭ ᠵᠶ᠋ᠠᠷ ᠮᠡᠳᠡᠭᠳᠡᠵᠦ ᠨᠥᠬᠦᠪᠦᠷᠢᠯᠡᠨ ᠵᠠᠯᠠᠷᠠᠭᠤᠯᠵᠤ ᠲᠡᠭᠦᠯᠳᠡᠷᠵᠢᠭᠦᠯᠬᠦ ᠬᠡᠷᠡᠭᠲᠡᠢ (ᠠᠶ᠋ᠢᠮᠠᠭ ᠬᠤᠲᠠ ᠵᠢᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠥᠪᠥᠷ ᠮᠣᠩᠭᠤᠯ᠎ᠤᠨ ᠠᠵᠢᠯᠲᠠᠨ᠎ᠤ ᠶᠠᠪᠤᠳᠠᠯ ᠴᠢᠳᠠᠪᠤᠷᠢᠲᠠᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠪ᠎ᠠᠴᠠ ᠬᠠᠷᠢᠭᠤᠴᠠᠵᠤ ᠪᠠᠶ᠋ᠢᠭ᠋ᠠᠳ ᠬᠠᠷᠠᠭ᠋ᠠᠯᠵᠠᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠦ ᠬᠠᠷᠭᠤᠭᠤᠯᠵᠤ ᠰᠢᠢ᠍ᠳᠪᠦᠷᠢᠯᠡᠭᠦᠯᠦᠨ᠎ᠡ)᠃
ᠭᠤᠴᠢᠨ ᠵᠢᠷᠭᠤᠳᠤᠭ᠋ᠠᠷ ᠵᠦᠢ᠍ᠯ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠦᠭᠡᠢ᠄
(ᠨᠢᠭᠡ)ᠲᠤᠰ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠬᠤ ᠺᠣᠮᠢᠰ᠎ᠤᠨ ᠬᠢᠨᠠᠨ ᠲᠣᠭᠲᠠᠭ᠋ᠠᠬᠤ ᠬᠦᠷᠢᠶ᠎ᠡ ᠬᠡᠪᠴᠢᠶᠡᠨ᠎ᠳᠤ ᠦᠯᠦ ᠪᠠᠭᠲᠠᠬᠤ;
(ᠬᠤᠶᠠᠷ)ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠨᠢ ᠬᠢᠨᠠᠨ ᠲᠣᠭᠲᠠᠭ᠋ᠠᠬᠤ ᠺᠣᠮᠢᠰ᠎ᠤᠨ ᠬᠠᠮᠢᠶ᠎ᠠ ᠪᠦᠬᠦᠢ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ;
(ᠭᠤᠷᠪᠠ) ᠲᠣᠭᠲᠠᠭᠰᠠᠨ ᠴᠠᠭ ᠬᠤᠭᠤᠴᠠᠭ᠎ᠠ᠂ ᠳᠡᠰ ᠳᠠᠷᠠᠭ᠋ᠠᠯᠠᠯ ᠶᠣᠰᠣᠭ᠋ᠠᠷ ᠭᠤᠶᠤᠴᠢᠯᠠᠨ ᠮᠡᠳᠡᠭᠦᠯᠦᠭᠰᠡᠨ ᠦᠭᠡᠢ ᠪᠤᠶᠤ ᠬᠦᠷᠭᠡᠭᠰᠡᠨ ᠦᠭᠡᠢ;
(ᠳᠥᠷᠪᠡ)ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠬᠤ ᠲᠣᠭᠲᠠᠭ᠋ᠠᠯ᠎ᠳᠤ ᠨᠡᠶ᠋ᠢᠴᠡᠬᠦ ᠦᠭᠡᠢ ᠪᠤᠰᠤᠳ ᠪᠠᠶ᠋ᠢᠳᠠᠯ᠎ᠲᠠᠢ ᠪᠠᠶ᠋ᠢᠬᠤ᠃
ᠬᠦᠯᠢᠶᠡᠨ ᠠᠪᠴᠤ ᠰᠢᠢ᠍ᠳᠪᠦᠷᠢᠯᠡᠬᠦ ᠦᠭᠡᠢ ᠮᠠᠲ᠋ᠧᠷᠢᠶᠠᠯ᠎ᠢ ᠴᠠᠭ ᠲᠤᠬᠠᠢᠳᠤᠨᠢ ᠪᠤᠴᠠᠭ᠋ᠠᠬᠤ ᠵᠢᠨ ᠬᠠᠮᠲᠤ ᠤᠴᠢᠷ ᠰᠢᠯᠲᠠᠭ᠋ᠠᠨ᠎ᠢ᠎ᠨᠢ ᠲᠣᠳᠣᠷᠬᠠᠶ᠋ᠢᠯᠠᠬᠤ ᠬᠡᠷᠡᠭᠲᠡᠢ᠃
ᠭᠤᠴᠢᠨ ᠳᠣᠯᠣᠳᠤᠭ᠋ᠠᠷ ᠵᠦᠢ᠍ᠯ ᠳᠣᠣᠷᠠᠬᠢ ᠵᠢᠷᠭᠤᠭ᠋ᠠᠨ ᠵᠦᠢ᠍ᠯ᠎ᠤᠨ ᠪᠠᠶ᠋ᠢᠳᠠᠯ᠎ᠤᠨ ᠨᠢᠭᠡ᠎ᠳᠤ ᠨᠡᠶ᠋ᠢᠴᠡᠵᠦ᠂ ᠴᠢᠳᠠᠪᠤᠷᠢ᠂ ᠠᠵᠢᠯ᠎ᠤᠨ ᠠᠮᠵᠢᠯᠲᠠ᠂ ᠬᠤᠪᠢ ᠨᠡᠮᠡᠷᠢ᠎ᠪᠠᠷ ᠲᠣᠪᠣᠶ᠋ᠢᠮ᠎ᠠ ᠪᠠᠢ᠍ᠭ᠎ᠠ ᠬᠥᠮᠥᠰ᠎ᠲᠤ ᠭᠤᠶᠤᠴᠢᠯᠠᠨ ᠮᠡᠳᠡᠭᠦᠯᠬᠦ ᠨᠥᠬᠦᠴᠡᠯ᠎ᠢ ᠵᠣᠬᠢᠰᠲᠠᠢ᠎ᠪᠠᠷ ᠠᠭᠤᠵᠢᠭᠤ ᠲᠠᠯᠪᠢᠵᠤ᠂ ᠠᠵᠢᠯᠲᠠᠨ᠎ᠤ ᠶᠠᠪᠤᠳᠠᠯ᠎ᠤᠨ ᠬᠠᠷᠢᠶᠠᠯᠠᠭᠳᠠᠬᠤ ᠬᠠᠷᠢᠴᠠᠭ᠎ᠠ ᠶᠣᠰᠣᠭ᠋ᠠᠷ ᠮᠡᠷᠭᠡᠵᠢᠯ᠎ᠤᠨ ᠴᠣᠯᠠ ᠬᠢᠨᠠᠨ ᠲᠤᠭᠲᠠᠭ᠋ᠠᠯᠭ᠋ᠠᠬᠤᠪᠠᠷ ᠭᠤᠶᠤᠴᠢᠯᠠᠨ ᠮᠡᠳᠡᠭᠦᠯᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠭ᠋ᠠᠳ ᠦᠭᠡᠢ ᠦᠢ᠍ᠯᠡᠴᠢᠯᠡᠬᠦ ᠵᠠᠮ᠎ᠤᠨ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠺᠣᠮᠢᠰ᠎ᠠᠴᠠ ᠬᠢᠨᠠᠨ ᠲᠣᠭᠲᠠᠭ᠋ᠠᠨ᠎ᠠ᠃ ᠰᠢᠯᠭ᠋ᠠᠨ ᠦᠨᠡᠯᠡᠬᠦ ᠵᠢ ᠤᠶᠠᠯᠳᠤᠭᠤᠯᠬᠤ ᠮᠡᠷᠭᠡᠵᠢᠯ ᠦ᠋᠊ᠨ ᠴᠣᠯᠠ ᠵᠢᠨ ᠰᠢᠷᠢᠰ᠂ ᠲᠤᠰᠬᠠᠢ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠳᠤ ᠣᠷᠣᠯᠴᠠᠭᠰᠠᠨ ᠪᠠᠶ᠋ᠢᠪᠠᠯ᠂ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠣᠯ ᠲᠡᠷᠡ ᠬᠦ᠌ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
(ᠨᠢᠭᠡ) ᠴᠢᠬᠤᠯᠠ ᠶᠡᠭᠡ ᠰᠠᠭᠤᠷᠢ ᠰᠤᠳᠤᠯᠤᠯ ᠪᠠ ᠬᠤᠰᠢᠭᠤᠷᠠᠯ ᠮᠡᠷᠭᠡᠵᠢᠯ᠎ᠤᠨ ᠰᠢᠪᠲᠤᠯᠤᠯᠲᠠ ᠭᠠᠷᠭ᠋ᠠᠵᠤ᠂ ᠴᠢᠬᠤᠯᠠ ᠶᠡᠭᠡ ᠢᠨᠵᠧᠨᠧᠷᠢᠩ᠎ᠤᠨ ᠮᠡᠷᠭᠡᠵᠢᠯ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠨ᠂ ᠠᠵᠤ ᠠᠬᠤᠢ ᠨᠡᠶ᠋ᠢᠭᠡᠮ᠎ᠤᠨ ᠡᠯ᠎ᠡ ᠵᠦᠢ᠍ᠯ᠎ᠤᠨ ᠦᠢ᠍ᠯᠡᠰ᠎ᠤᠨ ᠬᠥᠭᠵᠢᠯᠲᠡ᠎ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠂ ᠤᠯᠤᠰ᠎ᠤᠨ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠂ ᠠᠵᠢᠯ ᠲᠥᠷᠥᠯ᠎ᠤᠨ ᠬᠥᠲᠥᠴᠢ ᠠᠵᠤ ᠠᠬᠤᠶ᠋ᠢᠯᠠᠯ᠎ᠤᠨ ᠲᠠᠨᠢᠯᠴᠠᠭᠤᠯᠤᠭᠰᠠᠨ ᠲᠣᠰ ᠨᠢᠭᠡᠴᠢ ᠵᠢᠨ ᠮᠡᠷᠭᠡᠵᠢᠯ᠎ᠤᠨ ᠬᠠᠷᠢᠭᠤᠴᠠᠯᠭ᠋ᠠᠲᠠᠨ᠎ᠨᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠠᠨᠢᠯᠴᠠᠭᠤᠯᠭ᠎ᠠ᠎ᠪᠠᠷ ᠳᠡᠮᠵᠢᠨ᠂ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠬᠢᠨᠠᠨ ᠲᠤᠭᠲᠠᠭ᠋ᠠᠯᠭ᠋ᠠᠬᠤᠪᠠᠷ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃
(ᠬᠤᠶᠠᠷ) 《ᠰᠣᠳᠣᠨ ᠴᠢᠳᠠᠪᠤᠷᠢᠲᠠᠨ ᠵᠶ᠋ᠠᠷ ᠥᠪᠥᠷ ᠮᠣᠩᠭᠤᠯ ᠵᠶ᠋ᠠᠨ ᠬᠥᠭᠵᠢᠭᠦᠯᠬᠦ》 ᠢᠨᠵᠧᠨᠧᠷᠢᠩ ᠵᠶ᠋ᠡᠷ ᠮᠠᠭ᠋ᠠᠳᠯᠠᠨ ᠲᠣᠭᠲᠠᠭ᠋ᠠᠭᠰᠠᠨ ᠨᠢᠭᠡ᠎ᠠᠴᠠ ᠵᠢᠷᠭᠤᠭ᠋ᠠᠨ ᠲᠥᠷᠥᠯ᠎ᠤᠨ ᠴᠢᠳᠠᠪᠤᠷᠢᠲᠠᠨ᠎ᠳᠤ ᠬᠢᠷᠢ ᠬᠡᠮ᠂ ᠵᠢᠯ ᠬᠤᠭᠤᠴᠠᠭ᠎ᠠ ᠵᠡᠷᠭᠡ ᠨᠥᠬᠦᠴᠡᠯ᠎ᠤᠨ ᠬᠢᠵᠠᠭ᠋ᠠᠷᠯᠠᠯ᠎ᠢ ᠠᠭᠤᠵᠢᠭᠤ ᠲᠠᠯᠪᠢᠵᠤ᠂ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃ ᠡᠭᠦᠨ᠎ᠳᠤ ᠨᠢᠭᠡ᠎ᠠᠴᠠ ᠳᠥᠷᠪᠡᠳᠦᠭᠡᠷ ᠲᠥᠷᠥᠯ᠎ᠤᠨ ᠴᠢᠳᠠᠪᠤᠷᠢᠲᠠᠨ ᠵᠶ᠋ᠠᠷ ᠮᠠᠭ᠋ᠠᠳᠯᠠᠨ ᠲᠣᠭᠲᠠᠭ᠋ᠠᠭᠰᠠᠨ ᠪᠠᠢ᠍ᠪᠠᠯ᠂ ᠵᠢᠩᠬᠢᠨᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠬᠢᠨᠠᠨ ᠲᠤᠭᠲᠠᠭ᠋ᠠᠯᠭ᠋ᠠᠬᠤᠪᠠᠷ ᠰᠢᠭᠤᠳ ᠭᠤᠶᠤᠴᠢᠠᠯᠨ ᠮᠡᠳᠡᠭᠦᠯᠵᠦ ᠪᠣᠯᠣᠨ᠎ᠠ; ᠲᠠᠪᠤ᠎ᠠᠴᠠ ᠵᠢᠷᠭᠤᠳᠤᠭ᠋ᠠᠷ ᠲᠥᠷᠥᠯ᠎ᠤᠨ ᠴᠢᠳᠠᠪᠤᠷᠢᠲᠠᠨ ᠵᠶ᠋ᠠᠷ ᠮᠠᠭ᠋ᠠᠳᠯᠠᠨ ᠲᠣᠭᠲᠠᠭ᠋ᠠᠭᠰᠠᠨ ᠪᠠᠶ᠋ᠢᠪᠠᠯ᠂ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠬᠢᠨᠠᠨ ᠲᠤᠭᠲᠠᠭ᠋ᠠᠯᠭ᠋ᠠᠬᠤᠪᠠᠷ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠂ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠪᠠᠷ ᠤᠷᠢᠭᠳᠠᠭ᠋ᠠᠳ ᠪᠦᠬᠦᠯᠢ 2 ᠵᠢᠯ ᠪᠣᠯᠤᠭᠰᠠᠨ ᠪᠦᠭᠡᠳ ᠬᠥᠮᠥᠨ ᠬᠡᠷᠡᠭᠯᠡᠬᠦ ᠨᠢᠭᠡᠴᠢ ᠵᠢᠨ ᠰᠢᠯᠭ᠋ᠠᠨ ᠬᠢᠨᠠᠬᠤ᠎ᠳᠤ ᠬᠢᠷᠢ ᠲᠡᠩᠴᠡᠭᠰᠡᠨ ᠪᠠᠢ᠍ᠪᠠᠯ᠂ ᠵᠢᠩᠬᠢᠨᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠬᠢᠨᠠᠨ ᠲᠤᠭᠲᠠᠭ᠋ᠠᠯᠭ᠋ᠠᠬᠤᠪᠠᠷ ᠭᠤᠶᠤᠴᠢᠯᠠᠨ ᠮᠡᠳᠡᠭᠦᠯᠵᠦ ᠪᠣᠯᠣᠨ᠎ᠠ᠃
(ᠭᠤᠷᠪᠠ)ᠫᠤᠰᠲ ᠳ᠋ᠣᠺᠲ᠋ᠣᠷ ᠤᠨ ᠥᠷᠲᠡᠭᠡᠨ᠎ᠳᠤ ᠪᠠᠶ᠋ᠢᠬᠤ ᠬᠤᠭᠤᠴᠠᠭ᠋ᠠᠨ᠎ᠳᠤ᠎ᠪᠠᠨ 《ᠤᠯᠤᠰ᠎ᠠᠴᠠ ᠫᠤᠰᠲ ᠳ᠋ᠣᠺᠲ᠋ᠣᠷ᠎ᠤᠨ ᠰᠤᠳᠤᠯᠭ᠋ᠠᠨ᠎ᠤ ᠠᠵᠢᠯᠲᠠᠨ᠎ᠢ ᠲᠤᠰᠠᠯᠠᠬᠤ ᠲᠥᠯᠥᠪᠯᠡᠭᠡ》᠎ᠳᠤ ᠰᠣᠩᠭᠤᠭᠳᠠᠨ ᠣᠷᠣᠵᠤ᠂《ᠳᠤᠮᠳᠠᠳᠤ ᠤᠯᠤᠰ᠎ᠤᠨ ᠫᠤᠰᠲ ᠳ᠋ᠣᠺᠲ᠋ᠣᠷ᠎ᠤᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠦᠨ᠎ᠤ ᠲᠤᠰᠠᠯᠠᠮᠵᠢ》ᠵᠢ ᠭᠥᠷᠳᠡᠭᠰᠡᠨ᠂ ᠮᠤᠵᠢ ᠶᠠᠮᠤᠨ᠎ᠤ ᠲᠠᠰ᠎ᠠᠴᠠ ᠳᠡᠭᠡᠭᠰᠢᠬᠢ ᠲᠥᠷᠥᠯ ᠵᠦᠢ᠍ᠯ᠎ᠢ ᠡᠷᠬᠢᠯᠡᠭᠰᠡᠨ ᠵᠡᠷᠭᠡ ᠨᠥᠬᠦᠴᠡᠯ᠎ᠤᠨ ᠨᠢᠭᠡ ᠵᠢ ᠬᠠᠩᠭ᠋ᠠᠵᠤ᠂ ᠫᠤᠰᠲ ᠳ᠋ᠣᠺᠲ᠋ᠣᠷ᠎ᠤᠨ ᠥᠷᠲᠡᠭᠡᠨ᠎ᠠᠴᠠ ᠭᠠᠷᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠳᠤ ᠦᠯᠡᠳᠡᠵᠦ ᠠᠵᠢᠯᠯᠠᠭᠰᠠᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠨ ᠬᠡᠷᠡᠭᠯᠡᠬᠦ ᠨᠢᠭᠡᠴᠢ᠎ᠨᠢ ᠰᠢᠯᠭ᠋ᠠᠨ ᠬᠢᠨᠠᠭ᠋ᠠᠳ ᠬᠢᠷᠢ ᠲᠡᠩᠴᠡᠭᠰᠡᠨ᠎ᠤ ᠳᠠᠷᠠᠭ᠎ᠠ᠂ ᠡᠯ᠎ᠡ ᠠᠶ᠋ᠢᠮᠠᠭ ᠬᠤᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠪᠤᠶᠤ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠰᠤᠳᠤᠯᠤᠨ ᠲᠠᠨᠢᠯᠴᠠᠭᠤᠯᠪᠠᠯ᠂ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃
(ᠳᠥᠷᠪᠡ) ᠤᠷᠲᠤ ᠬᠤᠭᠤᠴᠠᠭ᠎ᠠ᠎ᠪᠠᠷ ᠲᠤᠰᠬᠠᠢ ᠮᠡᠷᠭᠡᠵᠢᠯ᠎ᠤᠨ ᠠᠵᠢᠯ ᠬᠢᠭᠰᠡᠨ᠂ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠬᠤ ᠨᠥᠬᠦᠴᠡᠯ᠎ᠳᠤ ᠲᠣᠭᠲᠠᠭ᠋ᠠᠭᠰᠠᠨ ᠰᠤᠷᠤᠯᠭ᠎ᠠ ᠵᠢᠨ ᠨᠠᠮᠲᠠᠷ᠎ᠢ ᠪᠦᠷᠢᠯᠳᠦᠭᠦᠯᠦᠭᠰᠡᠨ ᠦᠭᠡᠢ ᠪᠣᠯᠪᠠᠴᠤ ᠠᠵᠢᠯ᠎ᠤᠨ ᠠᠮᠵᠢᠯᠲᠠ᠎ᠪᠠᠷ ᠢᠯᠡᠷᠬᠡᠢ᠂ ᠬᠤᠪᠢ ᠨᠡᠮᠡᠷᠢ᠎ᠪᠠᠷ ᠲᠣᠪᠣᠶ᠋ᠢᠮ᠎ᠠ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠪᠣᠯ ᠠᠵᠢᠯ᠎ᠤᠨ ᠪᠠᠶ᠋ᠢᠷᠢ᠎ᠳᠤ᠎ᠪᠠᠨ ᠪᠠᠶ᠋ᠢᠭ᠎ᠠ ᠵᠢᠩᠬᠢᠨᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠠᠵᠢᠯ ᠨᠢᠭᠡᠲᠡᠨ᠎ᠤ 2᠎ᠠᠴᠠ ᠢᠯᠡᠭᠦᠦ ᠲᠤᠰᠬᠠᠢ ᠮᠡᠷᠭᠡᠵᠢᠯᠲᠡᠨ᠎ᠠᠴᠠ ᠲᠠᠨᠢᠯᠴᠠᠭᠤᠯᠬᠤ ᠰᠠᠨᠠᠯ ᠭᠠᠷᠭ᠋ᠠᠵᠤ᠂ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠰᠤᠳᠤᠯᠤᠨ ᠲᠠᠨᠢᠯᠴᠠᠭᠤᠯᠪᠠᠯ᠂ ᠰᠤᠷᠤᠯᠭ᠎ᠠ ᠵᠢᠨ ᠨᠠᠮᠲᠠᠷ᠎ᠤᠨ ᠱᠠᠭ᠋ᠠᠷᠳᠠᠯᠭ᠎ᠠ᠎ᠳᠤ ᠬᠢᠵᠠᠭ᠋ᠠᠷᠯᠠᠭᠳᠠᠬᠤ ᠦᠭᠡᠢ᠎ᠪᠠᠷ ᠬᠠᠷᠠᠭ᠋ᠠᠯᠵᠠᠭᠰᠠᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠵᠦ ᠪᠣᠯᠣᠨ᠎ᠠ᠃
(ᠲᠠᠪᠤ)ᠲᠤᠰᠬᠠᠢ ᠮᠡᠷᠭᠡᠵᠢᠯ᠎ᠤᠨ ᠠᠵᠢᠯ᠎ᠢ ᠤᠷᠲᠤ ᠬᠤᠭᠤᠴᠠᠭ᠎ᠠ᠎ᠪᠠᠷ ᠬᠢᠭᠰᠡᠨ᠂ ᠢᠯᠡᠳᠲᠡ ᠠᠮᠵᠢᠯᠲᠠ ᠪᠦᠲᠦᠮᠵᠢ ᠣᠯᠣᠭᠰᠠᠨ ᠭᠠᠳᠠᠭ᠋ᠠᠳᠤ᠎ᠠᠴᠠ ᠤᠯᠤᠰ᠎ᠲᠤ᠎ᠪᠠᠨ ᠪᠤᠴᠠᠵᠤ ᠢᠷᠡᠭᠰᠡᠳ (ᠭᠠᠳᠠᠭ᠋ᠠᠳᠤ᠎ᠳᠤ ᠰᠤᠷᠤᠯᠴᠠᠭ᠋ᠠᠳ ᠤᠯᠤᠰ᠎ᠲᠤ᠎ᠪᠠᠨ ᠪᠤᠴᠠᠵᠤ ᠢᠷᠡᠭᠰᠡᠳ)᠂ ᠭᠠᠳᠠᠭ᠋ᠠᠳᠤ ᠬᠠᠷᠢᠶ᠎ᠠ᠎ᠲᠠᠢ ᠴᠢᠳᠠᠪᠤᠷᠢᠲᠠᠳ᠂ ᠠᠩᠬ᠎ᠠ ᠤᠳᠠᠭ᠎ᠠ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠵᠦ ᠪᠠᠢ᠍ᠪᠠᠯ᠂ ᠲᠤᠰᠬᠠᠢ ᠮᠡᠷᠭᠡᠵᠢᠯ᠎ᠤᠨ ᠬᠢᠷᠢ ᠲᠦᠪᠰᠢᠨ ᠪᠠ ᠠᠵᠢᠯ᠎ᠤᠨ ᠠᠮᠵᠢᠯᠲᠠ ᠵᠢᠨ ᠨᠥᠬᠦᠴᠡᠯ᠎ᠢ᠎ᠨᠢ ᠦᠨᠳᠦᠰᠦᠯᠡᠨ᠂ ᠤᠯᠤᠰ᠎ᠤᠨ ᠳᠣᠲᠣᠭ᠋ᠠᠳᠤ᠎ᠳᠠᠬᠢ ᠠᠳᠠᠯᠢ ᠲᠠᠰ᠎ᠤᠨ ᠰᠤᠷᠤᠯᠭ᠎ᠠ ᠵᠢᠨ ᠨᠠᠮᠲᠠᠷ᠎ᠲᠠᠢ ᠬᠢᠷᠢ ᠬᠡᠮ᠎ᠲᠠᠢ ᠬᠥᠮᠥᠰᠯᠦᠭᠡ ᠬᠠᠷᠢᠴᠠᠭᠤᠯᠤᠨ᠂ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠰᠤᠳᠤᠯᠤᠨ ᠲᠠᠨᠢᠯᠴᠠᠭᠤᠯᠵᠤ᠂ ᠠᠳᠠᠯᠢ ᠲᠥᠷᠥᠯ᠎ᠤᠨ ᠬᠥᠮᠥᠰ᠎ᠤᠨ ᠬᠢᠨᠠᠨ ᠲᠣᠭᠲᠠᠭ᠋ᠠᠬᠤ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠵᠤ᠂ ᠬᠠᠷᠠᠭ᠋ᠠᠯᠵᠠᠭᠰᠠᠨ ᠮᠡᠷᠭᠡᠵᠢᠯ᠎ᠤᠨ ᠴᠣᠯᠠ ᠬᠢᠨᠠᠨ ᠲᠤᠭᠲᠠᠭ᠋ᠠᠯᠭ᠋ᠠᠬᠤᠪᠠᠷ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃
(ᠵᠢᠷᠭᠤᠭ᠎ᠠ) ᠳᠡᠭᠡᠳᠦ ᠤᠷ᠎ᠠ ᠮᠡᠷᠭᠡᠰᠢᠯ᠎ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠬᠥᠭᠵᠢᠯᠲᠡ ᠵᠢ ᠬᠣᠯᠪᠣᠨ ᠨᠡᠪᠲᠡᠷᠡᠭᠦᠯᠦᠭᠰᠡᠨ 8 ᠬᠦᠷᠢᠶ᠎ᠡ ᠴᠠᠷᠠᠭ᠎ᠠ᠎ᠳᠤ᠂ ᠣᠨᠴᠠ ᠮᠡᠷᠭᠡᠵᠢᠯ ᠭᠤᠴᠤ ᠡᠷᠳᠡᠮ᠎ᠲᠠᠢ ᠤᠷ᠎ᠠ ᠮᠡᠷᠭᠡᠰᠢᠯ᠎ᠤᠨ ᠳᠠᠭ᠋ᠠᠭᠤᠯᠤᠭᠴᠢ ᠴᠢᠳᠠᠪᠤᠷᠢᠲᠠᠳ᠎ᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠰᠤᠳᠤᠯᠤᠨ ᠲᠠᠨᠢᠯᠴᠠᠭᠤᠯᠬᠤ ᠵᠢᠨ ᠬᠠᠮᠲᠤ᠂ ᠬᠠᠮᠢᠶ᠎ᠠ ᠪᠦᠬᠦᠢ ᠠᠵᠢᠯ᠎ᠤᠨ ᠠᠮᠵᠢᠯᠲᠠ᠂ ᠬᠤᠪᠢ ᠨᠡᠮᠡᠷᠢ ᠪᠠ ᠦᠷ᠎ᠡ ᠪᠦᠲᠦᠭᠡᠯ᠎ᠤᠨ ᠬᠢᠨᠠᠨ ᠲᠤᠭᠲᠠᠭ᠋ᠠᠭᠰᠠᠨ ᠮᠠᠲ᠋ᠧᠷᠢᠶᠠᠯ᠎ᠢ᠎ᠨᠢ ᠬᠠᠩᠭ᠋ᠠᠭᠰᠠᠨ ᠪᠠᠶ᠋ᠢᠪᠠᠯ᠂ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠬᠢᠨᠠᠨ ᠲᠤᠭᠲᠠᠭ᠋ᠠᠯᠭ᠋ᠠᠬᠤᠪᠠᠷ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃
ᠭᠤᠴᠢᠨ ᠨᠠᠢ᠍ᠮᠠᠳᠤᠭ᠋ᠠᠷ ᠵᠦᠢ᠍ᠯ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠨᠡᠶ᠋ᠢᠭᠡᠮ᠎ᠤᠨ ᠪᠦᠯᠬᠦᠮ ᠵᠢᠴᠢ ᠪᠤᠰᠤᠳ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠳ ᠣᠷᠳᠣ ᠬᠤᠭᠤᠴᠠᠭ᠎ᠠ᠎ᠪᠠᠷ ᠲᠤᠰᠬᠠᠢ ᠮᠡᠷᠭᠡᠵᠢᠯ᠎ᠤᠨ ᠠᠵᠢᠯ ᠬᠢᠭᠰᠡᠨ ᠪᠥᠭᠡᠳ ᠮᠠᠨ᠎ᠤ ᠣᠷᠣᠨ᠎ᠳᠤ ᠪᠦᠬᠦᠯᠢ 1 ᠵᠢᠯ ᠠᠵᠢᠯᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠢᠳᠡᠪᠬᠢᠲᠡᠢ ᠤᠷᠤᠯᠴᠠᠭᠰᠠᠨ᠎ᠤ ᠬᠠᠮᠲᠤ᠂ ᠰᠤᠷᠤᠯᠭ᠎ᠠ ᠵᠢᠨ ᠨᠠᠮᠲᠠᠷ᠂ ᠠᠵᠢᠯ᠎ᠤᠨ ᠠᠮᠵᠢᠯᠲᠠ ᠵᠡᠷᠭᠡ ᠨᠥᠬᠦᠴᠡᠯ᠎ᠢ ᠬᠠᠩᠭ᠋ᠠᠭᠰᠠᠨ ᠪᠠᠶ᠋ᠢᠪᠠᠯ᠂ ᠮᠡᠷᠭᠡᠵᠢᠯ᠎ᠤᠨ ᠴᠣᠯᠠ ᠵᠢ ᠱᠠᠲᠤ ᠳᠠᠷᠠᠭ᠋ᠠᠯᠠᠨ ᠮᠡᠳᠡᠭᠦᠯᠬᠦ ᠱᠠᠭ᠋ᠠᠷᠳᠠᠯᠭ᠎ᠠ᠎ᠳᠤ ᠬᠢᠵᠠᠭ᠋ᠠᠷᠯᠠᠭᠳᠠᠬᠤ ᠦᠭᠡᠢ᠎ᠪᠠᠷ ᠰᠢᠭᠤᠳ ᠬᠠᠷᠠᠭ᠋ᠠᠯᠵᠠᠭᠰᠠᠨ ᠲᠤᠰᠬᠠᠢ ᠮᠡᠷᠭᠡᠵᠢᠯ᠂ ᠲᠠᠰ ᠱᠠᠲᠤᠨ᠎ᠤ ᠮᠡᠷᠭᠡᠵᠢᠯ᠎ᠤᠨ ᠴᠣᠯᠠ ᠵᠢ ᠭᠤᠶᠤᠴᠢᠯᠠᠨ ᠮᠡᠳᠡᠭᠦᠯᠵᠦ ᠪᠣᠯᠣᠨ᠎ᠠ᠂ ᠡᠭᠦᠨ᠎ᠳᠤ᠂ ᠶᠡᠭᠡ ᠰᠤᠷᠭ᠋ᠠᠭᠤᠯᠢ ᠵᠢᠨ ᠥᠨᠳᠥᠰᠦᠨ ᠠᠩᠭᠢ᠎ᠠᠴᠠ ᠲᠡᠭᠦᠰᠦᠭᠰᠡᠨ ᠮᠥᠷᠲᠡᠭᠡᠨ ᠲᠤᠰᠬᠠᠢ ᠮᠡᠷᠭᠡᠵᠢᠯ᠎ᠤᠨ ᠠᠵᠢᠯ ᠡᠷᠬᠢᠯᠡᠭᠡᠳ ᠪᠦᠬᠦᠯᠢ 5 ᠵᠢᠯ ᠪᠣᠯᠤᠭᠰᠠᠨ ᠪᠤᠶᠤ ᠶᠡᠭᠡ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠠᠩᠭᠢ᠎ᠠᠴᠠ ᠲᠡᠭᠦᠰᠦᠭᠰᠡᠨ ᠮᠥᠷᠲᠡᠭᠡᠨ ᠲᠤᠰᠬᠠᠢ ᠮᠡᠷᠭᠡᠵᠢᠯ᠎ᠤᠨ ᠠᠵᠢᠯ ᠡᠷᠬᠢᠯᠡᠭᠡᠳ ᠪᠦᠬᠦᠯᠢ 8 ᠵᠢᠯ ᠪᠣᠯᠤᠭᠰᠠᠨ ᠪᠠᠶ᠋ᠢᠪᠠᠯ᠂ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ ᠵᠢ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ; ᠶᠡᠭᠡ ᠰᠤᠷᠭ᠋ᠠᠭᠤᠯᠢ ᠵᠢᠨ ᠥᠨᠳᠥᠰᠦᠨ ᠠᠩᠭᠢ᠎ᠠᠴᠠ ᠲᠡᠭᠦᠰᠦᠭᠰᠡᠨ ᠪᠥᠭᠡᠳ ᠲᠤᠰᠬᠠᠢ ᠮᠡᠷᠭᠡᠵᠢᠯ᠎ᠤᠨ ᠠᠵᠢᠯ ᠡᠷᠬᠢᠯᠡᠭᠡᠳ ᠪᠦᠬᠦᠯᠢ 12 ᠵᠢᠯ ᠪᠣᠯᠤᠭᠰᠠᠨ ᠪᠠᠶ᠋ᠢᠪᠠᠯ᠂ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃
ᠭᠤᠴᠢ ᠶᠢᠰᠦᠳᠦᠭᠡᠷ ᠵᠦᠢ᠍ᠯ ᠠᠯᠪᠠᠲᠠᠨ (ᠠᠯᠪᠠᠲᠠᠨ᠎ᠤ ᠬᠠᠤᠯᠢ᠎ᠪᠠᠷ ᠯᠠᠪᠯᠠᠯᠲᠠ ᠪᠣᠯᠭ᠋ᠠᠨ ᠬᠠᠮᠢᠶᠠᠷᠴᠤ ᠪᠠᠶ᠋ᠢᠭ᠎ᠠ ᠬᠥᠮᠥᠰ᠎ᠢ ᠪᠠᠭᠲᠠᠭ᠋ᠠᠨ᠎ᠠ) ᠪᠤᠶᠤ ᠴᠡᠷᠢᠭ᠎ᠠᠴᠠ ᠬᠠᠯᠠᠭᠳᠠᠵᠤ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠎ᠳᠤ ᠲᠤᠰᠬᠠᠢ ᠮᠡᠷᠭᠡᠵᠢᠯ᠎ᠤᠨ ᠠᠵᠢᠯ ᠬᠢᠵᠦ ᠪᠠᠶ᠋ᠢᠭ᠎ᠠ ᠠᠵᠢᠯᠲᠠᠳ ᠠᠩᠬ᠎ᠠ ᠤᠳᠠᠭ᠎ᠠ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠵᠦ ᠪᠠᠢ᠍ᠪᠠᠯ ᠲᠤᠰᠬᠠᠢ ᠮᠡᠷᠭᠡᠵᠢᠯ᠎ᠤᠨ ᠬᠢᠷᠢ ᠲᠦᠪᠰᠢᠨ ᠪᠠ ᠠᠵᠢᠯ᠎ᠤᠨ ᠠᠮᠵᠢᠯᠲᠠ ᠵᠢ᠎ᠨᠢ ᠦᠨᠳᠦᠰᠦᠯᠡᠬᠦ ᠵᠢᠨ ᠬᠠᠮᠲᠤ ᠠᠳᠠᠯᠢ ᠲᠦᠷᠦᠯ᠎ᠤᠨ ᠬᠥᠮᠥᠰ᠎ᠤᠨ ᠬᠢᠨᠠᠨ ᠲᠣᠭᠲᠠᠭ᠋ᠠᠬᠤ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠵᠤ᠂ ᠬᠠᠷᠠᠭ᠋ᠠᠯᠵᠠᠭᠰᠠᠨ ᠳᠡᠰ ᠱᠠᠲᠤᠨ᠎ᠤ ᠮᠡᠷᠭᠡᠵᠢᠯ᠎ᠤᠨ ᠴᠣᠯᠠ ᠵᠢ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃
ᠳᠥᠴᠢᠳᠦᠭᠡᠷ ᠵᠦᠢ᠍ᠯ ᠦᠨᠳᠦᠰᠦᠨ ᠱᠠᠲᠤᠨ᠎ᠳᠤ ᠦᠢ᠍ᠯᠡᠴᠢᠯᠡᠬᠦ ᠤᠳᠤᠷᠢᠳᠤᠮᠵᠢ ᠵᠢ ᠲᠣᠪᠤᠶ᠋ᠢᠯᠭ᠋ᠠᠨ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ᠎ᠤ ᠦᠨᠳᠦᠰᠦᠨ ᠱᠠᠲᠤᠨ᠎ᠤ ᠨᠢᠭᠡᠴᠢ᠎ᠳᠤ ᠰᠤᠷᠤᠭᠰᠠᠨ ᠲᠤᠰᠬᠠᠢ ᠮᠡᠷᠭᠡᠵᠢᠯ ᠪᠤᠶᠤ ᠣᠶ᠋ᠢᠷᠠᠯᠴᠠᠭ᠎ᠠ ᠲᠤᠰᠬᠠᠢ ᠮᠡᠷᠭᠡᠵᠢᠯ᠎ᠤᠨ ᠠᠵᠢᠯ᠎ᠢ ᠡᠷᠭᠢᠯᠡᠵᠦ᠂ ᠰᠢᠯᠭ᠋ᠠᠨ ᠬᠢᠨᠠᠭ᠋ᠠᠳ ᠬᠢᠷᠢ ᠲᠡᠩᠴᠡᠪᠡᠯ᠂ ᠮᠡᠷᠭᠡᠵᠢᠯ᠎ᠤᠨ ᠴᠣᠯᠠ ᠵᠢᠨ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ᠂ ᠳᠤᠮᠳᠠ ᠵᠡᠷᠭᠡ ᠵᠢᠨ ᠪᠠ ᠲᠡᠭᠦᠨ᠎ᠠᠴᠠ ᠳᠣᠷᠣᠭᠰᠢᠬᠢ ᠬᠠᠷᠠᠭ᠋ᠠᠯᠵᠠᠭᠰᠠᠨ ᠮᠡᠷᠭᠡᠵᠢᠯ᠎ᠤᠨ ᠴᠣᠯᠠ (ᠰᠢᠯᠭ᠋ᠠᠯᠲᠠ᠎ᠪᠠᠷ ᠰᠢᠯᠭ᠋ᠠᠨ ᠲᠣᠭᠲᠠᠭ᠋ᠠᠬᠤ ᠵᠢ ᠣᠷᠣᠯᠠᠭᠤᠯᠬᠤ ᠲᠤᠰᠬᠠᠢ ᠮᠡᠷᠭᠡᠵᠢᠯ ᠪᠠᠭᠲᠠᠬᠤ ᠦᠭᠡᠢ) ᠮᠠᠭ᠋ᠠᠳᠯᠠᠨ ᠲᠣᠭᠲᠠᠭ᠋ᠠᠯᠭ᠋ᠠᠬᠤ᠎ᠪᠠᠷ ᠰᠢᠭᠤᠳ ᠭᠤᠶᠤᠴᠢᠯᠠᠵᠤ ᠪᠣᠯᠣᠨ᠎ᠠ᠂ ᠬᠢᠨᠠᠨ ᠲᠣᠭᠲᠠᠭ᠋ᠠᠬᠤ ᠴᠢᠬᠤᠯᠠ ᠦᠭᠡᠢ᠃ ᠡᠭᠦᠨ᠎ᠳᠤ᠂ ᠲᠤᠰᠬᠠᠢ ᠮᠡᠷᠭᠡᠵᠢᠯ᠎ᠤᠨ ᠰᠤᠷᠤᠯᠭ᠎ᠠ ᠵᠢᠨ ᠨᠠᠮᠲᠠᠷ᠎ᠲᠠᠢ᠂ ᠠᠵᠢᠯᠯᠠᠭ᠋ᠠᠳ ᠪᠦᠬᠦᠯᠢ 2 ᠵᠢᠯ ᠪᠣᠯᠤᠭᠰᠠᠨ ᠪᠠᠶ᠋ᠢᠪᠠᠯ ᠲᠤᠰᠠᠯᠠᠬᠤ ᠲᠠᠰ᠎ᠤᠨ ᠮᠡᠷᠭᠡᠵᠢᠯ᠎ᠤᠨ ᠴᠣᠯᠠ᠎ᠪᠠᠷ ᠮᠠᠭ᠋ᠠᠳᠯᠠᠨ ᠲᠣᠭᠲᠠᠭ᠋ᠠᠵᠤ ᠪᠣᠯᠣᠨ᠎ᠠ; ᠥᠨᠳᠥᠰᠦᠨ ᠠᠩᠭᠢ ᠵᠢᠨ ᠰᠤᠷᠤᠯᠭ᠎ᠠ ᠵᠢᠨ ᠨᠠᠮᠲᠠᠷ᠎ᠲᠠᠢ ᠪᠤᠶᠤ ᠣᠶᠤᠲᠠᠨ᠎ᠤ ᠴᠣᠯᠠ᠎ᠲᠠᠢ ᠪᠣᠯ ᠠᠵᠢᠯᠯᠠᠭᠰᠠᠨ᠎ᠤ ᠲᠡᠷᠠᠭ᠎ᠠ ᠲᠤᠰᠠᠯᠠᠬᠤ ᠲᠡᠰ᠎ᠤᠨ ᠮᠡᠷᠭᠡᠵᠢᠯ᠎ᠤᠨ ᠴᠣᠯᠠ᠎ᠪᠠᠷ ᠮᠠᠭ᠋ᠠᠳᠯᠠᠨ ᠲᠣᠭᠲᠠᠭ᠋ᠠᠵᠤ ᠪᠣᠯᠣᠨ᠎ᠠ; ᠮᠠᠰᠲ᠋ᠧᠷ ᠴᠣᠯᠠ ᠪᠤᠶᠤ ᠠᠰᠫᠢᠷᠠᠨᠲ᠎ᠤᠨ ᠰᠤᠷᠤᠯᠭ᠎ᠠ ᠵᠢᠨ ᠨᠠᠮᠲᠠᠷ᠎ᠲᠠᠢ᠂ ᠠᠵᠢᠯᠯᠠᠭ᠋ᠠᠳ ᠪᠦᠬᠦᠯᠢ 1 ᠵᠢᠯ ᠪᠣᠯᠤᠭᠰᠠᠨ ᠪᠠᠶ᠋ᠢᠪᠠᠯ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ᠎ᠪᠠᠷ ᠮᠠᠭ᠋ᠠᠳᠯᠠᠨ ᠲᠣᠭᠲᠠᠭ᠋ᠠᠵᠤ ᠪᠣᠯᠣᠨ᠎ᠠ; ᠳ᠋ᠣᠺᠲ᠋ᠣᠷ ᠴᠣᠯᠠ᠎ᠲᠠᠢ ᠪᠣᠯ ᠠᠵᠢᠯᠯᠠᠭᠰᠠᠨ᠎ᠤ ᠲᠡᠷᠠᠭ᠎ᠠ ᠰᠢᠭᠤᠳ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ᠎ᠪᠠᠷ ᠮᠠᠭ᠋ᠠᠳᠯᠠᠨ ᠲᠣᠭᠲᠠᠭ᠋ᠠᠵᠤ ᠪᠣᠯᠣᠨ᠎ᠠ᠃
ᠳᠥᠴᠢᠨ ᠨᠢᠭᠡᠳᠦᠭᠡᠷ ᠵᠦᠢ᠍ᠯ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠠᠵᠢᠯ᠎ᠤᠨ ᠪᠠᠶ᠋ᠢᠷᠢ᠎ᠳᠤ ᠲᠣᠬᠢᠷᠠᠭᠤᠯᠤᠯᠲᠠ ᠬᠢᠭᠰᠡᠨ᠎ᠤ ᠳᠠᠷᠠᠭ᠎ᠠ᠂ ᠠᠵᠢᠯ᠎ᠤᠨ ᠲᠤᠰᠬᠠᠢ ᠮᠡᠷᠭᠡᠵᠢᠯ᠎ᠳᠤᠨᠢ ᠬᠤᠪᠢᠷᠠᠯᠲᠠ ᠭᠠᠷᠴᠤ᠂ ᠰᠢᠨ᠎ᠡ ᠮᠡᠷᠭᠡᠵᠢᠯ᠎ᠤᠨ ᠴᠣᠯᠠ ᠵᠢᠨ ᠰᠢᠷᠢᠰ (ᠲᠤᠰᠬᠠᠢ ᠮᠡᠷᠭᠡᠵᠢᠯ) ᠲᠤ ᠰᠢᠯᠵᠢᠭᠦᠯᠦᠨ ᠲᠣᠭᠲᠠᠭ᠋ᠠᠬᠤ ᠴᠢᠬᠤᠯᠠᠲᠠᠢ ᠪᠣᠯ᠂ ᠡᠷᠬᠡᠪᠰᠢ ᠣᠲᠣ ᠵᠢᠨ ᠠᠵᠢᠯ᠎ᠤᠨ ᠪᠠᠶ᠋ᠢᠷᠢ᠎ᠳᠤ᠎ᠪᠠᠨ 1 ᠵᠢᠯ᠎ᠠᠴᠠ ᠳᠡᠭᠡᠭᠰᠢ ᠲᠤᠰᠬᠠᠢ ᠮᠡᠷᠭᠡᠵᠢᠯ᠎ᠤᠨ ᠠᠵᠢᠯ ᠬᠢᠭᠰᠡᠨ ᠪᠠᠢ᠍ᠪᠠᠯ᠂ ᠬᠠᠷᠠᠭ᠋ᠠᠯᠵᠠᠭᠰᠠᠨ ᠮᠡᠷᠭᠡᠵᠢᠯ ᠦ᠋᠊ᠨ ᠴᠣᠯᠠ ᠵᠢᠨ ᠰᠢᠷᠢᠰ (ᠲᠤᠰᠬᠠᠢ ᠮᠡᠷᠭᠡᠵᠢᠯ)᠎ᠤᠨ ᠠᠳᠠᠯᠢ ᠲᠠᠰ᠎ᠤᠨ ᠮᠡᠷᠭᠡᠵᠢᠯ᠎ᠤᠨ ᠴᠣᠯᠠ ᠵᠢ ᠲᠣᠭᠲᠠᠭ᠋ᠠᠯ ᠶᠣᠰᠣᠭ᠋ᠠᠷ ᠭᠤᠶᠤᠴᠢᠯᠠᠨ ᠮᠡᠳᠡᠭᠦᠯᠵᠦ ᠬᠢᠨᠠᠨ ᠲᠣᠭᠲᠠᠭ᠋ᠠᠯᠭ᠋ᠠᠵᠤ ᠪᠣᠯᠣᠨ᠎ᠠ᠃ ᠰᠢᠨ᠎ᠡ ᠮᠡᠷᠭᠡᠵᠢᠯ᠎ᠤᠨ ᠴᠣᠯᠠ ᠣᠯᠣᠭᠰᠠᠨ᠎ᠤ ᠳᠠᠷᠠᠭ᠎ᠠ᠂ ᠬᠠᠷᠠᠭ᠋ᠠᠯᠵᠠᠭᠰᠠᠨ ᠲᠤᠰᠬᠠᠢ ᠮᠡᠷᠭᠡᠵᠢᠯ᠎ᠤᠨ ᠠᠵᠢᠯ᠎ᠢ 1 ᠵᠢᠯ᠎ᠠᠴᠠ ᠳᠡᠭᠡᠭᠰᠢ (ᠬᠠᠷᠠᠭ᠋ᠠᠯᠵᠠᠭᠰᠠᠨ ᠮᠡᠷᠭᠡᠵᠢᠯ ᠦ᠋᠊ᠨ ᠴᠣᠯᠠ ᠵᠢᠨ ᠰᠢᠷᠢᠰ᠂ ᠲᠤᠰᠬᠠᠢ ᠮᠡᠷᠭᠡᠵᠢᠯ᠎ᠤᠨ ᠬᠢᠨᠠᠨ ᠲᠣᠭᠲᠠᠭ᠋ᠠᠬᠤ ᠨᠥᠬᠦᠴᠡᠯ᠎ᠳᠤ ᠭᠤᠶᠤᠴᠢᠯᠠᠨ ᠮᠡᠳᠡᠭᠦᠯᠬᠦ᠎ᠳᠤ ᠠᠵᠢᠯ᠎ᠤᠨ ᠪᠠᠶ᠋ᠢᠷᠢ᠎ᠳᠤ ᠤᠷᠢᠵᠤ ᠲᠣᠮᠢᠯᠠᠬᠤ ᠲᠣᠳᠣᠷᠬᠠᠢ ᠱᠠᠭ᠋ᠠᠷᠳᠠᠯᠭ᠎ᠠ᠎ᠲᠠᠢ ᠪᠠᠶ᠋ᠢᠪᠠᠯ᠂ ᠰᠢᠨ᠎ᠡ ᠠᠵᠢᠯ᠎ᠤᠨ ᠪᠠᠶ᠋ᠢᠷᠢ᠎ᠳᠤ ᠤᠷᠢᠭᠳᠠᠨ ᠲᠣᠮᠢᠯᠠᠭᠳᠠᠵᠤ ᠠᠵᠢᠯᠯᠠᠭ᠋ᠠᠳ ᠪᠦᠬᠦᠯᠢ 1 ᠵᠢᠯ ᠪᠣᠯᠤᠭᠰᠠᠨ ᠪᠠᠶ᠋ᠢᠬᠤ ᠬᠡᠷᠡᠭᠲᠡᠢ) ᠪᠥᠭᠡᠳ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠬᠦ ᠨᠥᠬᠦᠴᠡᠯ᠎ᠳᠤ ᠨᠡᠶ᠋ᠢᠴᠡᠭᠰᠡᠨ ᠪᠠᠶ᠋ᠢᠪᠠᠯ᠂ ᠳᠡᠭᠡᠳᠦ ᠨᠢᠭᠡ ᠳᠡᠰ᠎ᠤᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠵᠦ ᠪᠣᠯᠣᠨ᠎ᠠ᠃ ᠮᠡᠷᠭᠡᠵᠢᠯ ᠦ᠋᠊ᠨ ᠴᠣᠯᠠ ᠵᠢᠨ ᠰᠢᠷᠢᠰ (ᠲᠤᠰᠬᠠᠢ ᠮᠡᠷᠭᠡᠵᠢᠯ) ᠰᠢᠯᠵᠢᠭᠰᠡᠨ ᠠᠵᠢᠯᠲᠠᠨ᠎ᠤ ᠬᠢᠷᠢ ᠬᠡᠮ ᠪᠠ ᠲᠤᠰᠢᠶᠠᠯ ᠡᠭᠦᠷᠭᠡᠯᠡᠭᠰᠡᠨ ᠵᠢᠯ ᠬᠤᠭᠤᠴᠠᠭ᠎ᠠ ᠵᠢ ᠤᠤᠯ᠎ᠤᠨ ᠮᠡᠷᠭᠡᠵᠢᠯ᠎ᠤᠨ ᠴᠣᠯᠠ᠎ᠲᠠᠢ᠎ᠨᠢ ᠨᠡᠢ᠍ᠯᠡᠭᠦᠯᠦᠨ ᠪᠤᠳᠤᠵᠤ᠂ ᠬᠠᠮᠢᠶ᠎ᠠ ᠪᠦᠬᠦᠢ ᠠᠵᠢᠯ᠎ᠤᠨ ᠠᠮᠵᠢᠯᠲᠠ ᠵᠢᠨ ᠦᠷ᠎ᠡ ᠪᠦᠲᠦᠭᠡᠯ᠎ᠢ᠎ᠨᠢ ᠮᠡᠳᠡᠷᠡᠨ ᠵᠥᠪᠰᠢᠶᠡᠷᠡᠨ᠎ᠡ᠃
ᠳᠥᠷᠪᠡᠳᠦᠭᠡᠷ ᠪᠦᠯᠦᠭ ᠬᠢᠨᠠᠨ ᠲᠣᠭᠲᠠᠭ᠋ᠠᠬᠤ ᠵᠢ ᠵᠣᠬᠢᠶᠠᠨ ᠪᠠᠶ᠋ᠢᠭᠤᠯᠬᠤ
ᠳᠥᠴᠢᠨ ᠬᠤᠶᠠᠳᠤᠭ᠋ᠠᠷ ᠵᠦᠢ᠍ᠯ ᠡᠯ᠎ᠡ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠬᠢᠯᠡᠬᠦ ᠪᠠᠶ᠋ᠢᠭᠤᠯᠤᠮᠵᠢ᠎ᠨᠢ ᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠲᠣᠭᠲᠠᠭ᠋ᠠᠬᠤ ᠵᠢᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠵᠤ᠂ ᠬᠢᠨᠠᠨ ᠲᠣᠭᠲᠠᠭ᠋ᠠᠬᠤ ᠵᠢᠨ ᠬᠡᠷᠡᠭᠵᠢᠭᠦᠯᠬᠦ ᠲᠥᠰᠥᠯ᠎ᠳᠤ ᠭᠤᠶᠤᠴᠢᠯᠠᠨ ᠮᠡᠳᠡᠭᠦᠯᠦᠭᠰᠡᠨ ᠪᠠᠶ᠋ᠢᠳᠠᠯ᠂ ᠬᠢᠨᠠᠨ ᠲᠣᠭᠲᠠᠭ᠋ᠠᠬᠤ ᠴᠠᠭ᠂ ᠭᠠᠵᠠᠷ ᠣᠷᠣᠨ᠂ ᠬᠢᠨᠠᠨ ᠲᠣᠭᠲᠠᠭ᠋ᠠᠬᠤ ᠺᠣᠮᠢᠰ᠎ᠢ ᠵᠣᠬᠢᠶᠠᠨ ᠪᠠᠶ᠋ᠢᠭᠤᠯᠤᠭᠰᠠᠨ ᠪᠠᠶ᠋ᠢᠳᠠᠯ᠂ ᠬᠢᠨᠠᠨ ᠲᠣᠭᠲᠠᠭ᠋ᠠᠬᠤ ᠠᠵᠢᠯ᠎ᠤᠨ ᠳᠡᠰ ᠳᠠᠷᠠᠭ᠋ᠠᠯᠠᠯ᠂ ᠠᠵᠢᠯ᠎ᠤᠨ ᠠᠷᠭ᠎ᠠ ᠬᠡᠮᠵᠢᠶ᠎ᠡ᠂ ᠭᠤᠶᠤᠴᠢᠯᠠᠨ ᠮᠡᠳᠡᠭᠦᠯᠦᠭᠴᠢᠳ᠎ᠤᠨ ᠨᠡᠷᠡᠰ᠂ ᠬᠢᠨᠠᠨ ᠲᠣᠭᠲᠠᠭ᠋ᠠᠬᠤ ᠺᠣᠮᠢᠰ᠎ᠤᠨ ᠲᠠᠨᠢᠯᠴᠠᠭᠤᠯᠤᠭᠰᠠᠨ ᠨᠡᠷᠡᠰ ᠵᠡᠷᠭᠡ ᠪᠠᠶ᠋ᠢᠳᠠᠯ᠎ᠢ ᠪᠠᠭᠲᠠᠭ᠋ᠠᠵᠤ᠂ ᠬᠢᠨᠠᠨ ᠲᠣᠭᠲᠠᠭ᠋ᠠᠬᠤ ᠬᠤᠷᠠᠯ ᠬᠤᠷᠠᠯᠳᠤᠬᠤ᠎ᠠᠴᠠ ᠨᠢᠭᠡ ᠭᠠᠷᠠᠭ᠎ᠤᠨ ᠡᠮᠦᠨ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠲᠤ ᠳᠡᠪᠰᠢᠭᠦᠯᠦᠨ ᠳᠠᠩᠰᠠᠯᠠᠭᠤᠯᠵᠤ᠂ ᠵᠥᠪᠰᠢᠶᠡᠷᠡᠭᠦᠯᠦᠭᠰᠡᠨ᠎ᠤ ᠳᠠᠷᠠᠭ᠎ᠠ ᠰᠠᠶᠢ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠵᠦ ᠪᠣᠯᠣᠨ᠎ᠠ᠃
ᠳᠥᠴᠢᠨ ᠭᠤᠷᠪᠠᠳᠤᠭ᠋ᠠᠷ ᠵᠦᠢ᠍ᠯ ᠡᠯ᠎ᠡ ᠬᠢᠨᠠᠨ ᠲᠣᠭᠲᠠᠭ᠋ᠠᠬᠤ ᠺᠣᠮᠢᠰ᠎ᠨᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠰᠢᠯᠭ᠋ᠠᠬᠤ᠂ ᠬᠢᠨᠠᠨ ᠲᠣᠭᠲᠠᠭ᠋ᠠᠬᠤ᠂ ᠨᠣᠮ ᠬᠠᠶᠠᠯᠴᠠᠬᠤ᠂ ᠦᠢ᠍ᠯᠡᠳᠦᠯᠭᠡ ᠵᠢᠨ ᠳᠤᠮᠳᠠ ᠪᠤᠳᠠᠲᠠᠢ ᠠᠵᠢᠯᠯᠠᠬᠤ᠂ ᠠᠵᠢᠯ᠎ᠤᠨ ᠠᠮᠵᠢᠯᠲᠠ᠎ᠪᠠᠨ ᠳᠡᠯᠭᠡᠨ ᠦᠵᠡᠭᠦᠯᠬᠦ ᠵᠡᠷᠭᠡ ᠠᠷᠭ᠎ᠠ ᠮᠠᠶᠢᠭ᠎ᠢ ᠠᠪᠴᠤ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠵᠢᠨ ᠴᠢᠭᠯᠡᠭᠦᠯᠦᠯᠲᠦ ᠴᠢᠨᠠᠷ ᠪᠠ ᠰᠢᠨᠵᠢᠯᠡᠬᠦ ᠤᠬᠠᠭ᠋ᠠᠨᠴᠢ ᠴᠢᠨᠠᠷ᠎ᠢ᠎ᠨᠢ ᠳᠡᠭᠡᠭᠰᠢᠯᠡᠭᠦᠯᠵᠦ ᠪᠣᠯᠣᠨ᠎ᠠ᠃
ᠳᠥᠴᠢᠨ ᠳᠥᠷᠪᠡᠳᠦᠭᠡᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠢ ᠵᠣᠬᠢᠶᠠᠨ ᠪᠠᠶ᠋ᠢᠭᠤᠯᠤᠭᠰᠠᠨ ᠨᠢᠭᠡᠴᠢ᠎ᠨᠢ ᠬᠢᠨᠠᠨ ᠲᠣᠭᠲᠠᠭ᠋ᠠᠬᠤ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠤᠨ᠎ᠠ᠃ ᠬᠢᠨᠠᠨ ᠲᠣᠭᠲᠠᠭ᠋ᠠᠬᠤ ᠬᠤᠷᠠᠯ᠎ᠢ ᠡᠷᠬᠢᠯᠡᠭᠴᠢ ᠭᠡᠰᠢᠭᠦᠨ ᠪᠤᠶᠤ ᠳᠡᠳ᠋ ᠡᠷᠬᠢᠯᠡᠭᠴᠢ ᠭᠡᠰᠢᠭᠦᠨ ᠡᠷᠬᠢᠯᠡᠨ᠎ᠡ᠂ ᠬᠢᠨᠠᠨ ᠲᠣᠭᠲᠠᠭ᠋ᠠᠬᠤ ᠬᠤᠷᠠᠯ᠎ᠳᠤ ᠣᠷᠣᠯᠴᠠᠬᠤ ᠲᠤᠰᠬᠠᠢ ᠮᠡᠷᠭᠡᠵᠢᠯᠲᠡᠨ᠎ᠤ ᠲᠤᠭ᠎ᠠ᠎ᠨᠢ ᠬᠢᠨᠠᠨ ᠲᠣᠭᠲᠠᠭ᠋ᠠᠬᠤ ᠺᠣᠮᠢᠰ᠎ᠤᠨ ᠬᠥᠮᠥᠨ᠎ᠤ ᠲᠣᠭ᠋ᠠᠨ᠎ᠤ 2/3᠎ᠠᠴᠠ ᠴᠦᠬᠡᠨ ᠪᠠᠶ᠋ᠢᠵᠤ ᠪᠣᠯᠬᠤ ᠦᠭᠡᠢ᠂ ᠦᠨᠳᠦᠰᠦᠨ ᠱᠠᠲᠤᠨ᠎ᠤ ᠪᠠ ᠲᠤᠰ ᠰᠢᠰᠲ᠋ᠧᠮ᠎ᠠᠴᠠ ᠭᠠᠳᠠᠨᠠᠬᠢ ᠲᠤᠰᠬᠠᠢ ᠮᠡᠷᠭᠡᠵᠢᠯᠲᠡᠨ᠎ᠢ ᠵᠣᠬᠢᠬᠤ ᠬᠠᠷᠢᠴᠠᠯᠲᠠᠢᠪᠠᠷ ᠪᠠᠭᠲᠠᠭ᠋ᠠᠭᠰᠠᠨ ᠪᠠᠶ᠋ᠢᠬᠤ ᠬᠡᠷᠡᠭᠲᠡᠢ᠃ ᠬᠢᠨᠠᠨ ᠲᠣᠭᠲᠠᠭ᠋ᠠᠬᠤ ᠬᠤᠷᠠᠯ᠎ᠳᠤ ᠣᠷᠣᠯᠴᠠᠬᠤ ᠲᠤᠰᠬᠠᠢ ᠮᠡᠷᠭᠡᠵᠢᠯᠲᠡᠨ ᠡᠷᠬᠡᠪᠰᠢ ᠬᠤᠪᠢ ᠬᠥᠮᠥᠨ᠎ᠤ ᠠᠮᠠᠯᠠᠯᠲᠠ ᠵᠢᠨ ᠪᠢᠴᠢᠭ᠎ᠲᠤ ᠭᠠᠷᠤᠨ ᠦᠰᠦᠭ ᠵᠢᠷᠤᠬᠤ ᠬᠡᠷᠡᠭᠲᠡᠢ᠃
ᠨᠢᠭᠡᠨᠲᠡ ᠭᠤᠷᠪᠠᠨ ᠵᠢᠯ ᠳᠠᠷᠠᠭ᠋ᠠᠯᠠᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠠᠵᠢᠯ᠎ᠢ ᠡᠭᠦᠷᠭᠡᠯᠡᠭᠰᠡᠨ ᠬᠢᠨᠠᠨ ᠲᠣᠭᠲᠠᠭ᠋ᠠᠬᠤ ᠺᠣᠮᠢᠰ᠎ᠤᠨ ᠭᠡᠰᠢᠭᠦᠨ᠎ᠢ ᠵᠠᠷᠴᠢᠮ ᠳᠡᠭᠡᠷ᠎ᠡ᠎ᠪᠠᠨ ᠲᠣᠰ ᠵᠢᠯ᠎ᠤᠨ ᠬᠢᠨᠠᠨ ᠲᠣᠭᠲᠠᠭ᠋ᠠᠬᠤ ᠺᠣᠮᠢᠰ᠎ᠤᠨ ᠭᠡᠰᠢᠭᠦᠨ ᠵᠶ᠋ᠠᠷ ᠤᠷᠢᠵᠤ ᠲᠣᠮᠢᠯᠠᠬᠤ ᠦᠭᠡᠢ᠃ ᠪᠡᠶ᠎ᠡ᠎ᠪᠠᠨ ᠳᠠᠭ᠋ᠠᠭ᠋ᠠᠵᠤ ᠬᠢᠨᠠᠨ ᠲᠣᠭᠲᠠᠭ᠋ᠠᠬᠤ᠎ᠳᠤ ᠡᠷᠬᠡᠪᠰᠢ ᠲᠣᠰ ᠨᠢᠭᠡᠴᠢ ᠵᠢᠨ ᠪᠤᠰᠤ ᠠᠵᠢᠯ ᠨᠢᠭᠡᠲᠡᠨ᠎ᠤ ᠵᠣᠬᠢᠬᠤ ᠲᠣᠭ᠋ᠠᠨ᠎ᠤ ᠲᠤᠰᠬᠠᠢ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠭᠡᠰᠢᠭᠦᠳ᠎ᠤᠨ ᠣᠷᠣᠯᠴᠠᠬᠤ ᠵᠢ ᠪᠠᠲᠤᠯᠠᠬᠤ ᠬᠡᠷᠡᠭᠲᠡᠢ᠃ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠢ ᠤᠷᠢᠵᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠠᠵᠢᠯ᠎ᠳᠤ ᠬᠢᠨᠠᠯᠲᠠ ᠲᠠᠯᠪᠢᠭᠤᠯᠵᠤ᠂ ᠬᠢᠨᠠᠨ ᠲᠣᠭᠲᠠᠭ᠋ᠠᠬᠤ ᠠᠵᠢᠯ᠎ᠤᠨ ᠡᠷᠬᠡ ᠲᠡᠭᠰᠢ ᠲᠥᠪ ᠭᠤᠣᠯᠴᠢ ᠪᠠᠶ᠋ᠢᠬᠤ ᠵᠢ ᠦᠨᠡᠨ ᠬᠦ᠌ ᠪᠠᠲᠤᠯᠠᠨ᠎ᠠ᠃
ᠳᠥᠴᠢᠨ ᠲᠠᠪᠤᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ ᠦᠨᠡᠯᠡᠨ ᠵᠦᠪᠯᠡᠵᠦ ᠲᠣᠭᠲᠠᠭ᠋ᠠᠬᠤ᠎ᠪᠠᠷ ᠲᠠᠮᠵᠢᠨ᠂ ᠴᠥᠭᠡᠩᠬᠢ᠎ᠨᠢ ᠣᠯᠠᠩᠬᠢ ᠵᠢ᠎ᠪᠠᠨ ᠲᠠᠭ᠋ᠠᠬᠤ ᠵᠠᠷᠴᠢᠮ ᠵᠶ᠋ᠠᠷ᠂ ᠨᠢᠭᠤᠴᠠ ᠰᠤᠩᠭᠤᠭᠤᠯᠢ ᠵᠢᠨ ᠠᠷᠭ᠎ᠠ᠎ᠪᠠᠷ ᠪᠠᠲᠤᠯᠠᠭ᠋ᠠᠳ᠂ ᠵᠥᠪᠰᠢᠶᠡᠷᠡᠭᠰᠡᠨ ᠪᠢᠯᠧᠲ᠎ᠤᠨ ᠲᠤᠭ᠎ᠠ᠎ᠨᠢ ᠬᠢᠨᠠᠨ ᠲᠣᠭᠲᠠᠭ᠋ᠠᠬᠤ ᠬᠤᠷᠠᠯ᠎ᠳᠤ ᠣᠷᠣᠯᠴᠠᠭᠰᠠᠨ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠪᠦᠬᠦ ᠲᠣᠭ᠋ᠠᠨ᠎ᠤ 2/3᠎ᠠᠴᠠ ᠳᠡᠭᠡᠭᠰᠢ ᠪᠠᠶ᠋ᠢᠪᠠᠯ ᠬᠢᠨᠠᠨ ᠲᠣᠭᠲᠠᠭ᠋ᠠᠵᠤ ᠪᠠᠲᠤᠯᠠᠭᠰᠠᠨ᠎ᠳᠤ ᠲᠣᠭ᠋ᠠᠴᠠᠭᠳᠠᠨ᠎ᠠ᠃ ᠬᠢᠨᠠᠨ ᠲᠣᠭᠲᠠᠭ᠋ᠠᠬᠤ ᠬᠤᠷᠠᠯ᠎ᠳᠤ ᠣᠷᠣᠯᠴᠠᠭᠰᠠᠨ ᠦᠭᠡᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠨᠢ ᠪᠤᠰᠤᠳ᠎ᠲᠤ ᠨᠠᠶ᠋ᠢᠳᠠᠵᠤ ᠪᠢᠯᠧᠲ ᠥᠭᠭᠦᠭᠦᠯᠬᠦ ᠪᠤᠶᠤ ᠨᠥᠬᠦᠪᠦᠷᠢᠯᠡᠨ ᠪᠢᠯᠧᠲ ᠥᠭᠴᠦ ᠪᠣᠯᠬᠤ ᠦᠭᠡᠢ᠃
ᠳᠥᠴᠢᠨ ᠵᠢᠷᠭᠤᠳᠤᠭ᠋ᠠᠷ ᠵᠦᠢ᠍ᠯ ᠬᠢᠨᠠᠨ ᠲᠣᠭᠲᠠᠭ᠋ᠠᠬᠤ ᠠᠵᠢᠯ᠎ᠤᠨ ᠬᠡᠷᠡᠭᠴᠡᠭᠡ ᠵᠢ ᠦᠨᠳᠦᠰᠦᠯᠡᠨ᠂ ᠬᠢᠨᠠᠨ ᠲᠣᠭᠲᠠᠭ᠋ᠠᠬᠤ ᠺᠣᠮᠢᠰ᠎ᠨᠢ ᠰᠢᠨᠵᠢᠯᠡᠭᠡᠨ᠎ᠤ ᠰᠠᠯᠠᠭ᠎ᠠ ᠪᠤᠶᠤ ᠲᠤᠰᠬᠠᠢ ᠮᠡᠷᠭᠡᠵᠢᠯ᠎ᠤᠨ ᠶᠣᠰᠣᠭ᠋ᠠᠷ ᠦᠨᠡᠯᠡᠨ ᠵᠦᠪᠯᠡᠵᠦ ᠲᠣᠭᠲᠠᠭ᠋ᠠᠬᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ ᠪᠣᠯᠣᠨ᠎ᠠ᠂ ᠦᠨᠡᠯᠡᠨ ᠵᠦᠪᠯᠡᠵᠦ ᠲᠣᠭᠲᠠᠭ᠋ᠠᠬᠤ ᠳᠤᠭᠤᠶ᠋ᠢᠯᠠᠩ ᠨᠢᠭᠡᠪᠦᠷᠢ᠎ᠨᠢ 3 ᠬᠥᠮᠥᠨ᠎ᠠᠴᠠ ᠴᠦᠬᠡᠨ ᠦᠭᠡᠢ ᠪᠠᠶ᠋ᠢᠵᠤ᠂ ᠭᠤᠶᠤᠴᠢᠯᠠᠨ ᠮᠡᠳᠡᠭᠦᠯᠦᠭᠴᠢ᠎ᠳᠤ ᠦᠨᠡᠯᠡᠨ ᠵᠦᠪᠯᠡᠵᠦ ᠲᠣᠭᠲᠠᠭ᠋ᠠᠭᠰᠠᠨ ᠰᠠᠨᠠᠯ ᠵᠶ᠋ᠠᠨ ᠪᠢᠴᠢᠭ ᠵᠶ᠋ᠠᠷ ᠳᠤᠷᠠᠳᠤᠨ ᠭᠠᠷᠭ᠋ᠠᠬᠤ ᠵᠢ ᠬᠠᠷᠢᠭᠤᠴᠠᠨ᠎ᠠ; ᠦᠨᠡᠯᠡᠨ ᠵᠦᠪᠯᠡᠵᠦ ᠲᠣᠭᠲᠠᠭ᠋ᠠᠬᠤ ᠳᠤᠭᠤᠶ᠋ᠢᠯᠠᠩ ᠪᠠᠶ᠋ᠢᠭᠤᠯᠬᠤ ᠦᠭᠡᠢ᠎ᠪᠠᠷ 3᠎ᠠᠴᠠ ᠢᠯᠡᠭᠦᠦ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ ᠠᠵᠢᠯ᠎ᠤᠨ ᠬᠤᠪᠢᠶᠠᠷᠢᠯᠠᠯ ᠶᠣᠰᠣᠭ᠋ᠠᠷ ᠦᠨᠡᠯᠡᠨ ᠵᠦᠪᠯᠡᠵᠦ ᠲᠣᠭᠲᠠᠭ᠋ᠠᠭᠰᠠᠨ ᠰᠠᠨᠠᠯ ᠵᠶ᠋ᠠᠨ ᠳᠤᠷᠠᠳᠤᠭᠰᠠᠨ ᠴᠤ᠌ ᠪᠣᠯᠣᠨ᠎ᠠ᠃ ᠦᠨᠡᠯᠡᠨ ᠵᠦᠪᠯᠡᠵᠦ ᠲᠣᠭᠲᠠᠭ᠋ᠠᠬᠤ ᠳᠤᠭᠤᠶ᠋ᠢᠯᠠᠩ ᠪᠤᠶᠤ ᠠᠵᠢᠯ ᠬᠤᠪᠢᠶᠠᠨ ᠦᠨᠡᠯᠡᠨ ᠵᠦᠪᠯᠡᠵᠦ ᠲᠣᠭᠲᠠᠭ᠋ᠠᠬᠤ ᠵᠢ ᠬᠠᠷᠢᠭᠤᠴᠠᠵᠤ ᠪᠠᠶ᠋ᠢᠭ᠎ᠠ ᠲᠤᠰᠬᠠᠢ ᠮᠡᠷᠭᠡᠵᠢᠯᠲᠡᠨ᠎ᠨᠢ ᠬᠢᠨᠠᠨ ᠲᠣᠭᠲᠠᠭ᠋ᠠᠬᠤ ᠬᠤᠷᠠᠯ ᠳᠡᠭᠡᠷ᠎ᠡ ᠦᠨᠡᠯᠡᠨ ᠵᠦᠪᠯᠡᠵᠦ ᠲᠣᠭᠲᠠᠭ᠋ᠠᠭᠰᠠᠨ ᠪᠠᠶ᠋ᠢᠳᠠᠯ ᠵᠶ᠋ᠠᠨ ᠲᠠᠨᠢᠯᠴᠠᠭᠤᠯᠵᠤ᠂ ᠬᠢᠨᠠᠨ ᠲᠣᠭᠲᠠᠭ᠋ᠠᠬᠤ ᠺᠣᠮᠢᠰ᠎ᠤᠨ ᠦᠨᠡᠯᠡᠨ ᠵᠦᠪᠯᠡᠵᠦ ᠲᠣᠭᠲᠠᠭ᠋ᠠᠨ ᠪᠠᠲᠤᠯᠠᠬᠤ ᠵᠢᠨ ᠯᠠᠪᠯᠠᠯᠲᠠ ᠪᠣᠯᠭ᠋ᠠᠨ᠎ᠠ᠃
ᠳᠥᠴᠢᠨ ᠳᠣᠯᠣᠳᠤᠭ᠋ᠠᠷ ᠵᠦᠢ᠍ᠯ ᠪᠢᠯᠧᠲ ᠥᠭᠴᠦ ᠪᠠᠲᠤᠯᠠᠭᠰᠠᠨ ᠦᠷ᠎ᠡ ᠳ᠋ᠦᠩ᠎ᠢ ᠡᠷᠬᠢᠯᠡᠭᠴᠢ ᠭᠡᠰᠢᠭᠦᠨ ᠪᠤᠶᠤ ᠬᠢᠨᠠᠨ ᠲᠣᠭᠲᠠᠭ᠋ᠠᠬᠤ ᠬᠤᠷᠠᠯ᠎ᠢ ᠡᠷᠬᠢᠯᠡᠵᠦ ᠪᠠᠶ᠋ᠢᠭ᠎ᠠ ᠳᠡᠳ᠋ ᠡᠷᠬᠢᠯᠡᠭᠴᠢ ᠭᠡᠰᠢᠭᠦᠨ᠎ᠨᠢ ᠨᠡᠶ᠋ᠢᠲᠡᠯᠡᠨ᠎ᠡ᠃ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠡᠷᠬᠢᠯᠡᠭᠴᠢ ᠭᠡᠰᠢᠭᠦᠨ ᠪᠤᠶᠤ ᠡᠷᠬᠢᠯᠡᠭᠴᠢ ᠭᠡᠰᠢᠭᠦᠨ᠎ᠠᠴᠠ ᠡᠷᠬᠡ ᠣᠯᠭᠤᠭᠰᠠᠨ᠎ᠤ ᠲᠠᠷᠠᠭ᠎ᠠ᠂ ᠬᠢᠨᠠᠨ ᠲᠣᠭᠲᠠᠭ᠋ᠠᠬᠤ ᠬᠤᠷᠠᠯ᠎ᠢ ᠡᠷᠬᠢᠯᠡᠭᠰᠡᠨ ᠳᠡᠳ᠋ ᠡᠷᠬᠢᠯᠡᠭᠴᠢ ᠭᠡᠰᠢᠭᠦᠨ ᠭᠠᠷᠤᠨ ᠦᠰᠦᠭ ᠵᠢᠷᠤᠵᠤ ᠨᠤᠲᠠᠯᠠᠬᠤ ᠵᠢᠨ ᠬᠠᠮᠲᠤ ᠬᠢᠨᠠᠨ ᠲᠣᠭᠲᠠᠭ᠋ᠠᠬᠤ ᠺᠣᠮᠢᠰ᠎ᠤᠨ ᠲᠠᠮᠠᠭ᠎ᠠ ᠵᠢ ᠳᠠᠷᠤᠬᠤ ᠬᠡᠷᠡᠭᠲᠡᠢ᠃
ᠳᠥᠴᠢᠨ ᠨᠠᠢ᠍ᠮᠠᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠭᠢᠯᠡᠬᠦ ᠪᠠᠶ᠋ᠢᠭᠤᠯᠤᠮᠵᠢ᠎ᠨᠢ ᠬᠢᠨᠠᠨ ᠲᠣᠭᠲᠠᠭ᠋ᠠᠬᠤ ᠬᠤᠷᠠᠯ᠎ᠤᠨ ᠪᠠᠶ᠋ᠢᠳᠠᠯ᠎ᠢ ᠪᠥᠬᠦ ᠶᠠᠪᠤᠴᠠ᠎ᠪᠠᠷ᠎ᠨᠢ ᠲᠡᠮᠳᠡᠭᠯᠡᠵᠦ᠂ ᠳᠡᠮᠲᠡᠭᠯᠡᠬᠦ ᠠᠭᠤᠯᠭ᠎ᠠ᠎ᠳᠤ ᠬᠢᠨᠠᠨ ᠲᠣᠭᠲᠠᠭ᠋ᠠᠭᠰᠠᠨ ᠴᠠᠭ᠂ ᠬᠢᠨᠠᠨ ᠲᠣᠭᠲᠠᠭ᠋ᠠᠬᠤ᠎ᠳᠤ ᠣᠷᠣᠯᠴᠠᠭᠰᠠᠨ ᠲᠤᠰᠬᠠᠢ ᠮᠡᠷᠭᠡᠵᠢᠯᠲᠡᠨ᠂ ᠬᠢᠨᠠᠨ ᠲᠣᠭᠲᠠᠭ᠋ᠠᠭᠳᠠᠬᠤ ᠡᠲᠡᠭᠡᠳ᠂ ᠬᠢᠨᠠᠨ ᠲᠣᠭᠲᠠᠭ᠋ᠠᠭᠰᠠᠨ ᠪᠠᠶ᠋ᠢᠳᠠᠯ᠂ ᠦᠨᠡᠯᠡᠨ ᠵᠦᠪᠯᠡᠵᠦ ᠲᠣᠭᠲᠠᠭ᠋ᠠᠭᠰᠠᠨ ᠰᠠᠨᠠᠯ᠂ ᠪᠢᠯᠧᠲ ᠥᠭᠭᠦᠭᠰᠡᠨ ᠦᠷ᠎ᠡ ᠳ᠋ᠦᠩ ᠵᠡᠷᠭᠡ ᠵᠢ ᠪᠠᠭᠲᠠᠭ᠋ᠠᠨ᠎ᠠ᠂ ᠡᠳᠡᠭᠡᠷ᠎ᠢ ᠬᠢᠨᠠᠨ ᠲᠣᠭᠲᠠᠭ᠋ᠠᠬᠤ ᠪᠠᠶ᠋ᠢᠭᠤᠯᠤᠮᠵᠢ᠎ᠨᠢ ᠦᠯᠡᠳᠡᠭᠡᠨ ᠬᠠᠳᠠᠭ᠋ᠠᠯᠠᠭ᠋ᠠᠳ ᠪᠠᠶ᠋ᠢᠴᠠᠭ᠋ᠠᠬᠤ᠎ᠳᠤ ᠪᠡᠯᠡᠳᠬᠡᠵᠦ᠂ ᠬᠢᠨᠠᠨ ᠲᠣᠭᠲᠠᠭ᠋ᠠᠬᠤ ᠪᠥᠬᠦ ᠶᠠᠪᠤᠴᠠ ᠵᠢ ᠪᠠᠶ᠋ᠢᠴᠠᠭ᠋ᠠᠵᠤ ᠮᠦᠷᠳᠡᠨ ᠤᠬᠤᠴᠢᠯᠠᠵᠤ ᠪᠣᠯᠬᠤ ᠵᠢ ᠪᠠᠲᠤᠯᠠᠬᠤ ᠬᠡᠷᠡᠭᠲᠡᠢ᠃ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠬᠢᠯᠡᠬᠦ ᠪᠠᠶ᠋ᠢᠭᠤᠯᠤᠮᠵᠢ᠎ᠨᠤᠭᠤᠳ ᠬᠤᠷᠠᠯ᠎ᠤᠨ ᠲᠡᠮᠳᠡᠭᠯᠡᠯ᠎ᠢ ᠨᠠᠷᠢᠨ ᠬᠢᠨᠠᠮᠠᠭ᠋ᠠᠢ᠎ᠪᠠᠷ ᠬᠢᠵᠦ᠂ ᠲᠠᠩᠰᠠ ᠡᠪᠬᠡᠮᠡᠯ᠎ᠳᠤ ᠣᠷᠣᠭᠤᠯᠤᠨ ᠬᠠᠮᠢᠶᠠᠷᠴᠤ᠂ ᠤᠷᠳᠤ ᠬᠤᠭᠤᠴᠠᠭ᠎ᠠ᠎ᠪᠠᠷ ᠬᠠᠳᠠᠭ᠋ᠠᠯᠠᠬᠤ ᠬᠡᠷᠡᠭᠲᠡᠢ᠃
ᠳᠥᠴᠢ ᠶᠢᠰᠦᠳᠦᠭᠡᠷ ᠵᠦᠢ᠍ᠯ ᠬᠢᠨᠠᠨ ᠲᠣᠭᠲᠠᠭ᠋ᠠᠬᠤ ᠬᠤᠷᠠᠯ᠎ᠳᠤ ᠪᠢᠲᠡᠭᠦᠮᠵᠢᠯᠡᠨ ᠲᠤᠰᠠᠭ᠋ᠠᠷᠯᠠᠭᠰᠠᠨ ᠬᠠᠮᠢᠶᠠᠷᠤᠯᠲᠠ ᠵᠢ ᠬᠡᠷᠡᠭᠵᠢᠭᠦᠯᠵᠦ᠂ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠨᠡᠷᠡᠰ᠎ᠢ ᠭᠠᠳᠠᠭᠰᠢ ᠵᠠᠷᠯᠠᠨ ᠨᠡᠶ᠋ᠢᠲᠡᠯᠡᠬᠦ ᠦᠭᠡᠢ᠃ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ ᠪᠠ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠺᠤᠮᠢᠰ᠎ᠤᠨ ᠬᠡᠷᠡᠭ ᠡᠷᠭᠢᠯᠡᠬᠦ ᠪᠠᠶ᠋ᠢᠭᠤᠯᠤᠮᠵᠢ ᠵᠢᠨ ᠠᠵᠢᠯᠲᠠᠳ ᠬᠢᠨᠠᠨ ᠲᠣᠭᠲᠠᠭ᠋ᠠᠭᠰᠠᠨ ᠠᠭᠤᠯᠭ᠎ᠠ ᠵᠢ ᠭᠠᠳᠠᠭᠰᠢ ᠵᠠᠳᠠᠷᠠᠭᠤᠯᠵᠤ ᠪᠣᠯᠬᠤ ᠦᠭᠡᠢ᠂ ᠬᠢᠨᠠᠨ ᠲᠣᠭᠲᠠᠭ᠋ᠠᠬᠤ ᠮᠠᠲ᠋ᠧᠷᠢᠶᠠᠯ᠎ᠢ ᠳᠤᠷ᠎ᠠ᠎ᠪᠠᠷ ᠵᠶ᠋ᠠᠨ ᠭᠥᠯᠢᠶᠡᠨ ᠠᠪᠴᠤ ᠪᠣᠯᠬᠤ ᠦᠭᠡᠢ᠂ ᠲᠤᠰᠢᠶᠠᠯ᠎ᠤᠨ ᠳᠥᠭᠦᠮ ᠵᠶ᠋ᠠᠨ ᠠᠰᠢᠬᠯᠠᠨ ᠵᠦᠢ ᠪᠤᠰᠤ ᠠᠰᠢᠭ ᠣᠯᠵᠤ ᠪᠣᠯᠬᠤ ᠦᠭᠡᠢ᠃
ᠲᠠᠪᠢᠳᠤᠭ᠋ᠠᠷ ᠵᠦᠢ᠍ᠯ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠨᠢ ᠬᠢᠨᠠᠨ ᠲᠣᠭᠲᠠᠭ᠋ᠠᠬᠤ ᠠᠵᠢᠯ᠎ᠯᠤᠭ᠎ᠠ ᠠᠰᠢᠭ ᠬᠤᠣᠷ᠎ᠤᠨ ᠬᠠᠷᠢᠴᠠᠭ᠎ᠠ᠎ᠲᠠᠢ ᠪᠤᠶᠤ ᠪᠤᠰᠤᠳ ᠬᠠᠷᠢᠴᠠᠭ᠎ᠠ᠎ᠲᠠᠢ᠎ᠠᠴᠠ ᠪᠣᠯᠵᠤ ᠪᠤᠰᠤᠳᠴᠢ ᠪᠥᠭᠡᠳ ᠭᠤᠣᠯᠴᠢ᠎ᠪᠠᠷ ᠬᠢᠨᠠᠨ ᠲᠣᠭᠲᠠᠭ᠋ᠠᠬᠤ ᠵᠢ ᠨᠥᠯᠥᠭᠡᠯᠡᠵᠦ ᠮᠡᠳᠡᠬᠦ᠎ᠳᠤ ᠬᠦᠷᠪᠡᠯ᠂ ᠰᠠᠨᠠᠭ᠋ᠠᠴᠢᠯᠠᠭ᠎ᠠ᠎ᠠᠴᠠ᠎ᠪᠠᠨ ᠵᠠᠶ᠋ᠢᠯᠠᠬᠤ᠎ᠪᠠᠷ ᠭᠤᠶᠤᠴᠢᠯᠠᠬᠤ ᠬᠡᠷᠡᠭᠲᠡᠢ᠃ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠺᠤᠮᠢᠰ᠎ᠤᠨ ᠬᠡᠷᠡᠭ ᠡᠷᠬᠢᠯᠡᠬᠦ ᠪᠠᠶ᠋ᠢᠭᠤᠯᠤᠮᠵᠢ᠎ᠨᠢ ᠳᠡᠭᠡᠷ᠎ᠡ ᠳᠤᠷᠠᠳᠤᠭᠰᠠᠨ ᠪᠠᠶ᠋ᠢᠳᠠᠯ᠎ᠢ ᠣᠯᠵᠤ ᠮᠡᠳᠡᠪᠡᠯ᠂ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠢ ᠵᠠᠶ᠋ᠢᠯᠠᠭᠤᠯᠬᠤ᠎ᠪᠠᠷ ᠮᠡᠳᠡᠭᠳᠡᠬᠦ ᠬᠡᠷᠡᠭᠲᠡᠢ᠃
ᠲᠠᠪᠢᠨ ᠨᠢᠭᠡᠳᠦᠭᠡᠷ ᠵᠦᠢ᠍ᠯ ᠬᠢᠨᠠᠨ ᠲᠣᠭᠲᠠᠭ᠋ᠠᠬᠤ ᠠᠵᠢᠯ ᠳᠠᠭᠤᠰᠤᠭᠰᠠᠨ᠎ᠤ ᠳᠠᠷᠠᠭ᠎ᠠ᠂ 5 ᠠᠵᠢᠯᠯᠠᠬᠤ ᠡᠳᠦᠷ᠎ᠤᠨ ᠳᠣᠲᠣᠷ᠎ᠠ᠂ ᠬᠢᠨᠠᠨ ᠲᠣᠭᠲᠠᠭ᠋ᠠᠬᠤ ᠺᠣᠮᠢᠰ᠎ᠤᠨ ᠵᠣᠬᠢᠶᠠᠨ ᠪᠠᠶ᠋ᠢᠭᠤᠯᠤᠭᠰᠠᠨ ᠨᠢᠭᠡᠴᠢ᠎ᠨᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠵᠠᠷᠯᠠᠨ ᠨᠡᠶ᠋ᠢᠲᠡᠯᠡᠬᠦ ᠬᠡᠷᠡᠭᠲᠡᠢ᠂ ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 5 ᠠᠵᠢᠯᠯᠠᠬᠤ ᠡᠳᠦᠷ᠎ᠠᠴᠠ ᠳᠤᠲᠠᠭᠤ ᠪᠠᠶ᠋ᠢᠵᠤ ᠪᠣᠯᠬᠤ ᠦᠭᠡᠢ᠃ ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ ᠢᠯᠡᠴᠢᠯᠡᠨ ᠮᠡᠳᠡᠭᠦᠯᠦᠭᠰᠡᠨ ᠵᠠᠭ᠋ᠠᠯᠳᠤᠯᠭ᠎ᠠ ᠵᠢ ᠭᠥᠯᠢᠶᠡᠨ ᠠᠪᠤᠭᠰᠠᠨ ᠪᠠᠶ᠋ᠢᠪᠠᠯ᠂ ᠬᠢᠨᠠᠨ ᠲᠣᠭᠲᠠᠭ᠋ᠠᠬᠤ ᠺᠣᠮᠢᠰ᠎ᠢ ᠵᠣᠬᠢᠶᠠᠨ ᠪᠠᠶ᠋ᠢᠭᠤᠯᠤᠭᠰᠠᠨ ᠨᠢᠭᠡᠴᠢ᠎ᠠᠴᠠ ᠪᠠᠶ᠋ᠢᠴᠠᠭ᠋ᠠᠨ ᠬᠠᠷᠭᠤᠭᠤᠯᠬᠤ ᠠᠵᠢᠯ᠎ᠢ ᠬᠠᠷᠢᠭᠤᠴᠠᠬᠤ ᠵᠢᠨ ᠬᠠᠮᠲᠤ᠂ 20 ᠠᠵᠢᠯᠯᠠᠬᠤ ᠡᠳᠦᠷ᠎ᠤᠨ ᠳᠣᠲᠣᠷ᠎ᠠ ᠰᠢᠢ᠍ᠳᠪᠦᠷᠢᠯᠡᠭᠰᠡᠨ ᠰᠠᠨᠠᠯ ᠵᠶ᠋ᠠᠨ ᠳᠤᠷᠠᠳᠬᠤ ᠬᠡᠷᠡᠭᠲᠡᠢ᠃
ᠲᠠᠪᠢᠨ ᠬᠤᠶᠠᠳᠤᠭ᠋ᠠᠷ ᠵᠦᠢ᠍ᠯ ᠭᠤᠶᠤᠴᠢᠯᠠᠨ ᠮᠡᠳᠡᠭᠦᠯᠦᠭᠴᠢ᠎ᠨᠢ ᠲᠤᠰ ᠬᠥᠮᠥᠨ᠎ᠯᠦᠭᠡ ᠬᠣᠯᠪᠤᠭᠳᠠᠬᠤ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠳᠤ ᠣᠨᠳᠣᠣ ᠰᠠᠨᠠᠯ᠎ᠲᠠᠢ ᠪᠠᠶ᠋ᠢᠪᠠᠯ᠂ ᠲᠤᠰ ᠬᠥᠮᠥᠨ᠎ᠨᠢ ᠭᠤᠶᠤᠴᠢᠯᠠᠯ ᠪᠠ ᠭᠡᠷᠡᠴᠢ ᠪᠠᠷᠢᠮᠲᠠ ᠵᠢᠨ ᠮᠠᠲ᠋ᠧᠷᠢᠶᠠᠯ ᠵᠶ᠋ᠠᠨ ᠳᠤᠷᠠᠳᠴᠤ ᠪᠣᠯᠣᠨ᠎ᠠ᠂ ᠬᠢᠨᠠᠨ ᠲᠣᠭᠲᠠᠭ᠋ᠠᠬᠤ ᠺᠣᠮᠢᠰ᠎ᠤᠨ ᠵᠤᠬᠢᠶᠠᠨ ᠪᠠᠢ᠍ᠭᠤᠯᠤᠭᠰᠠᠨ ᠨᠢᠭᠡᠴᠢ ᠪᠤᠶᠤ ᠬᠡᠷᠡᠭ ᠡᠷᠬᠢᠯᠡᠬᠦ ᠪᠠᠶ᠋ᠢᠭᠤᠯᠤᠮᠵᠢ ᠠᠴᠠ ᠬᠦᠯᠢᠶᠡᠨ ᠠᠪᠴᠤ ᠳᠠᠬᠢᠨᠲᠠ ᠪᠠᠶ᠋ᠢᠴᠠᠭ᠋ᠠᠬᠤ ᠵᠢ ᠬᠠᠷᠢᠭᠤᠴᠠᠬᠤ ᠵᠢᠨ ᠬᠠᠮᠲᠤ ᠭᠤᠶᠤᠴᠢᠯᠠᠨ ᠮᠡᠳᠡᠭᠦᠯᠦᠭᠴᠢ᠎ᠳᠤ ᠴᠠᠭ ᠲᠤᠬᠠᠢᠳᠤᠨᠢ ᠬᠠᠷᠢᠭᠤᠯᠲᠠ ᠥᠭᠭᠦᠨ᠎ᠡ᠃
ᠲᠠᠪᠢᠨ ᠭᠤᠷᠪᠠᠳᠤᠭ᠋ᠠᠷ ᠵᠦᠢ᠍ᠯ ᠬᠢᠨᠠᠨ ᠲᠣᠭᠲᠠᠭ᠋ᠠᠬᠤ ᠠᠵᠢᠯ ᠳᠠᠭᠤᠰᠤᠭᠰᠠᠨ᠎ᠤ ᠳᠠᠷᠠᠭ᠋ᠠᠬᠢ ᠨᠢᠭᠡ ᠰᠠᠷ᠎ᠠ ᠵᠢᠨ ᠳᠣᠲᠣᠷ᠎ᠠ᠂ ᠵᠠᠷᠯᠠᠨ ᠨᠡᠶ᠋ᠢᠲᠡᠯᠡᠬᠦ᠎ᠪᠠᠷ ᠳᠠᠮᠵᠢᠭ᠋ᠠᠳ ᠣᠨᠳᠣᠣ ᠰᠠᠨᠠᠯ ᠦᠭᠡᠢ ᠬᠢᠨᠠᠨ ᠲᠣᠭᠲᠠᠭ᠋ᠠᠬᠤ᠎ᠳᠤ ᠪᠠᠲᠤᠯᠠᠭᠳᠠᠭᠰᠠᠳᠢ ᠡᠯ᠎ᠡ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠭᠢᠯᠡᠬᠦ ᠪᠠᠶ᠋ᠢᠭᠤᠯᠤᠮᠵᠢ᠎ᠠᠴᠠ ᠬᠠᠷᠭᠤᠭᠤᠯᠤᠨ ᠵᠥᠪᠰᠢᠶᠡᠷᠡᠭᠰᠡᠨ ᠮᠡᠳᠡᠭᠦᠯᠦᠯᠲᠡ᠂ ᠵᠠᠷᠯᠠᠨ ᠨᠡᠶ᠋ᠢᠲᠡᠯᠡᠭᠰᠡᠨ ᠪᠠᠶ᠋ᠢᠳᠠᠯ ᠪᠠ 《ᠬᠢᠨᠠᠨ ᠲᠣᠭᠲᠠᠭ᠋ᠠᠬᠤ ᠺᠣᠮᠢᠰ᠎ᠤᠨ ᠠᠮᠠᠯᠠᠯᠲᠠ ᠵᠢᠨ ᠪᠢᠴᠢᠭ》᠎ᠢ ᠬᠠᠷᠠᠭ᠋ᠠᠯᠵᠠᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠮᠡᠳᠡᠭᠦᠯᠵᠦ ᠨᠤᠲᠠᠯᠠᠭᠤᠯᠤᠨ᠎ᠠ᠃ 《ᠬᠠᠨᠳᠤᠯᠭ᠎ᠠ᠎ᠲᠠᠢ᠎ᠪᠠᠷ ᠦᠨᠡᠯᠡᠵᠦ᠂ ᠬᠠᠨᠳᠤᠯᠭ᠎ᠠ᠎ᠲᠠᠢ᠎ᠪᠠᠷ ᠬᠡᠷᠡᠭᠯᠡᠬᠦ》 ᠮᠡᠷᠭᠡᠵᠢᠯ᠎ᠤᠨ ᠴᠣᠯᠠ᠂ ᠮᠠᠯᠴᠢᠨ ᠲᠠᠷᠢᠶᠠᠴᠢᠨ᠎ᠤ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠠᠶ᠋ᠢᠮᠠᠭ ᠬᠤᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠬᠢᠨᠠᠨ ᠵᠥᠪᠰᠢᠶᠡᠷᠡᠵᠦ ᠨᠤᠲᠠᠯᠠᠨ᠎ᠠ᠃
ᠬᠡᠷᠪᠡ ᠣᠨᠴᠠᠭ᠋ᠠᠢ ᠪᠠᠶ᠋ᠢᠳᠠᠯ ᠲᠣᠬᠢᠶᠠᠯᠳᠤᠭ᠋ᠠᠳ ᠬᠠᠷᠭᠤᠭᠤᠯᠤᠨ ᠵᠥᠪᠰᠢᠶᠡᠷᠡᠭᠦᠯᠦᠭᠰᠡᠨ ᠮᠡᠳᠡᠭᠦᠯᠦᠯᠲᠡ᠎ᠪᠠᠨ ᠴᠠᠭ ᠲᠤᠬᠠᠢᠳᠤᠨᠢ ᠮᠡᠳᠡᠭᠦᠯᠦᠨ ᠬᠦᠷᠭᠡᠵᠦ ᠳᠡᠶ᠋ᠢᠯᠬᠦ ᠦᠭᠡᠢ ᠪᠣᠯ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠭᠤᠶᠤᠴᠢᠯᠠᠯ᠎ᠤᠨ ᠪᠢᠴᠢᠭ ᠵᠶ᠋ᠠᠨ ᠴᠠᠭ ᠲᠤᠬᠠᠢᠳᠤᠨᠢ ᠲᠤᠰᠢᠶᠠᠬᠤ ᠬᠡᠷᠡᠭᠲᠡᠢ᠃
ᠲᠠᠪᠢᠨ ᠳᠥᠷᠪᠡᠳᠦᠭᠡᠷ ᠵᠦᠢ᠍ᠯ ᠬᠠᠷᠭᠤᠭᠤᠯᠤᠨ ᠵᠥᠪᠰᠢᠶᠡᠷᠡᠭᠦᠯᠵᠦ ᠳᠠᠩᠰᠠᠯᠠᠭᠤᠯᠤᠨ ᠪᠠᠲᠤᠯᠠᠭᠳᠠᠭᠰᠠᠨ ᠬᠥᠮᠥᠰ᠎ᠲᠤ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠵᠣᠬᠢᠶᠠᠭᠰᠠᠨ ᠬᠡᠪ᠎ᠤᠨ ᠮᠡᠷᠭᠡᠵᠢᠯ᠎ᠤᠨ ᠴᠣᠯᠠ ᠵᠢᠨ ᠦᠨᠡᠮᠯᠡᠯ ᠣᠯᠭᠤᠵᠤ᠂ ᠬᠡᠪ᠎ᠤᠨ ᠮᠡᠷᠭᠡᠵᠢᠯ᠎ᠤᠨ ᠴᠣᠯᠠ ᠵᠢᠨ ᠦᠨᠡᠮᠯᠡᠯ᠎ᠨᠢ ᠴᠠᠭ᠋ᠠᠰᠤᠨ ᠬᠡᠪ᠎ᠤᠨ ᠮᠡᠷᠭᠡᠵᠢᠯ᠎ᠤᠨ ᠴᠣᠯᠠ ᠵᠢᠨ ᠦᠨᠡᠮᠯᠡᠯ᠎ᠲᠠᠢ ᠠᠳᠠᠯᠢᠬᠠᠨ ᠬᠦᠴᠦᠨ᠎ᠲᠠᠢ᠃ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢᠨ ᠦᠨᠡᠮᠯᠡᠯ᠎ᠳᠤ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠲᠠᠮᠠᠭ᠎ᠠ ᠲᠠᠷᠤᠨ᠎ᠠ; 《ᠬᠠᠨᠳᠤᠯᠭ᠎ᠠ᠎ᠲᠠᠢ᠎ᠪᠠᠷ ᠦᠨᠡᠯᠡᠵᠦ᠂ ᠬᠠᠨᠳᠤᠯᠭ᠎ᠠ᠎ᠲᠠᠢ᠎ᠪᠠᠷ ᠬᠡᠷᠡᠭᠯᠡᠬᠦ》 ᠮᠡᠷᠭᠡᠵᠢᠯ᠎ᠤᠨ ᠴᠣᠯᠠ ᠵᠢᠨ ᠦᠨᠡᠮᠯᠡᠯ (ᠳᠡᠭᠡᠳᠦ ᠵᠡᠷᠭᠡ ᠵᠢᠨ᠎ᠬᠢ ᠵᠢ ᠪᠠᠭᠲᠠᠭ᠋ᠠᠨ᠎ᠠ)᠎ᠳᠤ ᠡᠯ᠎ᠡ ᠠᠶ᠋ᠢᠮᠠᠭ ᠬᠤᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠠᠴᠠ ᠲᠠᠮᠠᠭ᠎ᠠ ᠳᠠᠷᠤᠨ᠎ᠠ; ᠳᠤᠮᠳᠠ᠂ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠵᠢᠨ ᠦᠨᠡᠮᠯᠡᠯ᠎ᠳᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠬᠠᠷᠠᠭ᠋ᠠᠯᠵᠠᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠲᠠᠮᠠᠭ᠎ᠠ ᠳᠠᠷᠤᠨ᠎ᠠ᠃
ᠲᠠᠪᠢᠨ ᠲᠠᠪᠤᠳᠤᠭ᠋ᠠᠷ ᠵᠦᠢ᠍ᠯ ᠬᠢᠨᠠᠨ ᠲᠣᠭᠲᠠᠭ᠋ᠠᠬᠤ ᠠᠷᠭ᠎ᠠ ᠮᠠᠶᠢᠭ ᠵᠶ᠋ᠠᠷ ᠣᠯᠣᠭᠰᠠᠨ ᠮᠡᠷᠭᠡᠵᠢᠯ᠎ᠤᠨ ᠴᠣᠯᠠ ᠵᠢᠨ ᠡᠬᠢᠯᠡᠵᠦ ᠪᠤᠳᠤᠬᠤ ᠴᠠᠭ᠎ᠨᠢ ᠬᠢᠨᠠᠨ ᠲᠣᠭᠲᠠᠭ᠋ᠠᠬᠤ ᠺᠣᠮᠢᠰ᠎ᠤᠨ ᠪᠠᠲᠤᠯᠠᠭᠰᠠᠨ ᠴᠠᠭ ᠪᠣᠯᠣᠨ᠎ᠠ; ᠮᠠᠭ᠋ᠠᠳᠯᠠᠨ ᠲᠣᠭᠲᠠᠭ᠋ᠠᠬᠤ ᠠᠷᠭ᠎ᠠ ᠮᠠᠶᠢᠭ ᠵᠶ᠋ᠠᠷ ᠣᠯᠣᠭᠰᠠᠨ ᠮᠡᠷᠭᠡᠵᠢᠯ᠎ᠤᠨ ᠴᠣᠯᠠ ᠵᠢᠨ ᠡᠬᠢᠯᠡᠵᠦ ᠪᠤᠳᠤᠬᠤ ᠴᠠᠭ᠎ᠨᠢ ᠮᠠᠭ᠋ᠠᠳᠯᠠᠨ ᠲᠣᠭᠲᠠᠭ᠋ᠠᠭᠰᠠᠨ ᠨᠢᠭᠡᠴᠢ ᠵᠢᠨ ᠬᠢᠨᠠᠨ ᠬᠠᠷᠭᠤᠭᠤᠯᠵᠤ ᠪᠠᠲᠤᠯᠠᠭᠰᠠᠨ ᠴᠠᠭ ᠪᠣᠯᠣᠨ᠎ᠠ᠃
ᠲᠠᠪᠢᠨ ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠬᠢᠨᠠᠨ ᠲᠣᠭᠲᠠᠭ᠋ᠠᠬᠤ ᠺᠣᠮᠢᠰ ᠪᠠᠶ᠋ᠢᠭᠤᠯᠬᠤ ᠨᠥᠬᠦᠴᠡᠯ᠎ᠢ ᠪᠦᠷᠢᠯᠳᠦᠭᠦᠯᠦᠭᠡᠳᠦᠢ ᠮᠡᠷᠭᠡᠵᠢᠯ᠎ᠤᠨ ᠴᠣᠯᠠ ᠵᠢᠨ ᠰᠢᠷᠢᠰ (ᠲᠤᠰᠬᠠᠢ ᠮᠡᠷᠭᠡᠵᠢᠯ)᠎ᠢ ᠤᠯᠤᠰ ᠪᠤᠶᠤ ᠪᠤᠰᠤᠳ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠬᠢᠨᠠᠨ ᠲᠣᠭᠲᠠᠭ᠋ᠠᠬᠤ ᠺᠣᠮᠢᠰ᠎ᠲᠤ ᠨᠠᠶ᠋ᠢᠳᠠᠵᠤ ᠬᠢᠨᠠᠨ ᠲᠣᠭᠲᠠᠭ᠋ᠠᠯᠭ᠋ᠠᠵᠤ ᠪᠣᠯᠣᠨ᠎ᠠ᠃ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠪᠠ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠨᠢᠭᠡᠴᠢ ᠵᠢᠨ ᠳᠤᠮᠳᠠ ᠪᠠ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠵᠢᠨ ᠮᠠᠲ᠋ᠧᠷᠢᠶᠠᠯ᠎ᠢ ᠮᠡᠷᠭᠡᠵᠢᠯ᠎ᠤᠨ ᠴᠣᠯᠠ ᠵᠢᠨ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ᠂ ᠠᠶ᠋ᠢᠮᠠᠭ ᠬᠤᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠪᠤᠶᠤ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠨᠢᠭᠡᠳᠦᠯᠲᠡᠢ ᠨᠠᠶ᠋ᠢᠳᠠᠯᠭ᠎ᠠ ᠵᠢᠨ ᠠᠯᠪᠠᠨ ᠵᠠᠬᠢᠳᠠᠯ ᠭᠠᠷᠭ᠋ᠠᠵᠤ ᠥᠭᠭᠦᠨ᠎ᠡ; ᠡᠯ᠎ᠡ ᠠᠶ᠋ᠢᠮᠠᠭ ᠬᠤᠲᠠ ᠵᠢᠨ ᠳᠤᠮᠳᠠ ᠪᠠ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠵᠢᠨ ᠮᠠᠲ᠋ᠧᠷᠢᠶᠠᠯ᠎ᠢ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠵᠠᠷᠴᠢᠮ ᠶᠣᠰᠣᠭ᠋ᠠᠷ᠂ ᠬᠠᠷᠠᠭ᠋ᠠᠯᠵᠠᠭᠰᠠᠨ ᠠᠶ᠋ᠢᠮᠠᠭ ᠬᠤᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠠᠴᠠ ᠬᠢᠨᠠᠨ ᠬᠠᠷᠭᠤᠭᠤᠯᠤᠭᠰᠠᠨ᠎ᠤ ᠳᠠᠷᠠᠭ᠎ᠠ ᠨᠢᠭᠡᠳᠦᠯᠲᠡᠢ ᠨᠠᠶ᠋ᠢᠳᠠᠨᠠ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠵᠢᠡᠷ ᠵᠥᠪᠰᠢᠶᠡᠷᠡᠭᠦᠯᠦᠭᠰᠡᠨ ᠦᠭᠡᠢ᠎ᠪᠠᠷ ᠨᠠᠶ᠋ᠢᠳᠠᠵᠤ ᠬᠢᠨᠠᠨ ᠲᠣᠭᠲᠠᠭ᠋ᠠᠯᠭ᠋ᠠᠵᠤ ᠣᠯᠣᠭᠰᠠᠨ ᠮᠡᠷᠭᠡᠵᠢᠯ᠎ᠤᠨ ᠴᠣᠯᠠ ᠵᠢ ᠮᠡᠳᠡᠷᠡᠨ ᠵᠥᠪᠰᠢᠶᠡᠷᠡᠬᠦ ᠦᠭᠡᠢ᠃
ᠲᠥᠪ᠎ᠤᠨ ᠪᠤᠶᠤ ᠪᠤᠰᠤᠳ ᠮᠤᠵᠢ᠂ ᠥᠪᠡᠷᠲᠡᠭᠡᠨ ᠵᠠᠰᠠᠬᠤ ᠣᠷᠣᠨ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠰᠢᠭᠤᠳ ᠬᠠᠷᠢᠶ᠎ᠠ ᠬᠤᠲᠠ ᠵᠢᠨ ᠨᠢᠭᠡᠴᠢ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠮᠠᠨ᠎ᠤ ᠣᠷᠣᠨ᠎ᠳᠤ ᠨᠠᠶ᠋ᠢᠳᠠᠵᠤ ᠬᠢᠨᠠᠨ ᠲᠣᠭᠲᠠᠭ᠋ᠠᠯᠭ᠋ᠠᠬᠤ ᠴᠢᠬᠤᠯᠠᠲᠠᠢ ᠪᠣᠯ ᠲᠣᠰ ᠨᠢᠭᠡᠴᠢ᠎ᠪᠠᠷ ᠵᠶ᠋ᠠᠨ ᠵᠥᠪᠰᠢᠶᠡᠷᠡᠭᠦᠯᠬᠦ ᠵᠢᠨ ᠬᠠᠮᠲᠤ ᠲᠥᠪ᠎ᠤᠨ ᠨᠢᠭᠡᠴᠢ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠍ᠭᠡᠮ ᠦ᠋᠊ᠨ ᠪᠠᠲᠤᠯᠠᠭ᠎ᠠ ᠵᠢᠨ ᠰᠠᠯᠠᠭ᠎ᠠ ᠮᠥᠴᠢᠷ ᠪᠤᠶᠤ ᠪᠤᠰᠤᠳ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠨᠠᠶ᠋ᠢᠳᠠᠵᠤ ᠬᠢᠨᠠᠨ ᠲᠣᠭᠲᠠᠭ᠋ᠠᠯᠭ᠋ᠠᠬᠤ ᠠᠯᠪᠠᠨ ᠵᠠᠬᠢᠳᠠᠯ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠬᠠᠮᠢᠶ᠎ᠠ ᠪᠦᠬᠦᠢ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠭᠢᠯᠡᠬᠦ ᠪᠠᠶ᠋ᠢᠭᠤᠯᠤᠮᠵᠢ ᠵᠢ ᠵᠢᠭ᠋ᠠᠨ ᠲᠣᠭᠲᠠᠭ᠋ᠠᠵᠤ ᠬᠦᠯᠢᠶᠡᠨ ᠠᠪᠴᠤ ᠰᠢᠢ᠍ᠳᠪᠦᠷᠢᠯᠡᠭᠦᠯᠦᠨ᠎ᠡ᠃ ᠳᠤᠮᠳᠠ ᠪᠠ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠯᠲᠠ᠎ᠳᠤ ᠣᠷᠣᠯᠴᠠᠬᠤ ᠪᠣᠯ᠂ ᠮᠡᠷᠭᠡᠵᠢᠯ᠎ᠤᠨ ᠴᠣᠯᠠ ᠵᠢᠨ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ᠂ ᠨᠢᠭᠡᠴᠢ ᠵᠢᠨ ᠪᠠᠶ᠋ᠢᠭ᠎ᠠ ᠭᠠᠵᠠᠷ (ᠲᠣᠮᠢᠯᠠᠨ ᠰᠠᠭᠤᠯᠭ᠋ᠠᠭᠰᠠᠨ ᠭᠠᠵᠠᠷ)᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠰᠢᠭᠤᠳ ᠨᠠᠶ᠋ᠢᠳᠠᠵᠤ ᠪᠣᠯᠣᠨ᠎ᠠ᠃ ᠤᠯᠤᠰ᠎ᠠᠴᠠ ᠪᠤᠶᠤ ᠥᠪᠡᠷᠲᠡᠭᠡᠨ ᠵᠠᠰᠠᠬᠤ ᠣᠷᠣᠨ᠎ᠠᠴᠠ ᠠᠰᠲᠠᠭ᠋ᠠᠨ ᠪᠢᠴᠢᠭ ᠮᠠᠲ᠋ᠧᠷᠢᠶᠠᠯ᠎ᠳᠤ ᠮᠠᠨ᠎ᠤ ᠣᠷᠣᠨ᠎ᠳᠤ ᠨᠠᠶ᠋ᠢᠳᠠᠵᠤ ᠬᠢᠨᠠᠨ ᠲᠣᠭᠲᠠᠭ᠋ᠠᠯᠭ᠋ᠠᠵᠤ ᠪᠣᠯᠣᠨ᠎ᠠ ᠭᠡᠵᠦ ᠲᠣᠭᠲᠠᠭ᠋ᠠᠭᠰᠠᠨ ᠪᠠᠶ᠋ᠢᠪᠠᠯ᠂ ᠳᠡᠭᠡᠷ᠎ᠡ ᠳᠤᠷᠠᠳᠤᠭᠰᠠᠨ ᠲᠣᠭᠲᠠᠭ᠋ᠠᠯ᠎ᠤᠨ ᠳᠡᠰ ᠳᠠᠷᠠᠭ᠋ᠠᠯᠠᠯ ᠶᠣᠰᠣᠭ᠋ᠠᠷ ᠭᠦᠢ᠍ᠴᠡᠳᠬᠡᠭᠰᠡᠨ ᠴᠦ᠍ ᠪᠣᠯᠣᠨ᠎ᠠ᠃
ᠲᠠᠪᠢᠨ ᠳᠣᠯᠣᠳᠤᠭ᠋ᠠᠷ ᠵᠦᠢ᠍ᠯ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠵᠢᠨ ᠦᠨᠡᠮᠯᠡᠯ᠎ᠤᠨ ᠮᠡᠳᠡᠭᠡ ᠵᠠᠩᠭᠢ ᠵᠢ ᠰᠦᠯᠵᠢᠶᠡᠨ ᠳᠡᠭᠡᠷ᠎ᠡ ᠬᠠᠷᠭᠤᠭᠤᠯᠤᠨ ᠰᠢᠯᠭ᠋ᠠᠬᠤ᠂ ᠭᠠᠵᠠᠷ ᠣᠷᠣᠨ᠎ᠤ ᠬᠤᠭᠤᠷᠣᠨᠳᠤ᠎ᠪᠠᠨ ᠬᠠᠷᠢᠯᠴᠠᠨ ᠮᠡᠳᠡᠷᠡᠬᠦ ᠵᠢ ᠪᠡᠶᠡᠯᠡᠭᠦᠯᠦᠨ᠎ᠡ᠃ ᠪᠤᠰᠤᠳ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠲᠥᠪ᠎ᠤᠨ ᠨᠢᠭᠡᠴᠢ ᠪᠤᠶᠤ ᠴᠡᠷᠢᠭ ᠠᠩᠭᠢ᠎ᠠᠴᠠ ᠮᠠᠨ᠎ᠤ ᠣᠷᠣᠨ᠎ᠳᠤ ᠢᠷᠡᠵᠦ ᠠᠵᠢᠯᠯᠠᠭᠰᠠᠨ (ᠠᠵᠢᠯ ᠣᠯᠣᠭᠰᠠᠨ) ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠤᠤᠯ᠎ᠤᠨ ᠭᠠᠵᠠᠷ ᠣᠷᠣᠨ (ᠨᠢᠭᠡᠴᠢ᠂ ᠰᠠᠯᠠᠭ᠎ᠠ ᠮᠥᠴᠢᠷ) ᠳᠤ᠎ᠪᠠᠨ ᠣᠯᠣᠭᠰᠠᠨ ᠮᠡᠷᠭᠡᠵᠢᠯ᠎ᠤᠨ ᠴᠣᠯᠠ ᠵᠢᠨ ᠦᠨᠡᠮᠯᠡᠯ᠎ᠢ᠎ᠨᠢ ᠪᠥᠬᠦ ᠤᠯᠤᠰ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠭᠰᠠᠨ ᠮᠡᠳᠡᠭᠡ ᠵᠠᠩᠭᠢ ᠵᠢᠨ ᠪᠠᠶ᠋ᠢᠴᠠᠭ᠋ᠠᠨ ᠰᠢᠯᠭ᠋ᠠᠬᠤ ᠰᠢᠰᠲ᠋ᠧᠮ ᠵᠢᠴᠢ ᠡᠯ᠎ᠡ ᠭᠠᠵᠠᠷ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠵᠶ᠋ᠠᠷ ᠳᠡᠮᠵᠢᠨ ᠪᠠᠶ᠋ᠢᠴᠠᠭ᠋ᠠᠨ ᠯᠠᠪᠯᠠᠵᠤ ᠬᠠᠷᠭᠤᠭᠤᠯᠤᠨ ᠰᠢᠯᠭ᠋ᠠᠭᠰᠠᠨᠤ ᠲᠠᠷᠠᠭ᠎ᠠ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠬᠡᠷᠡᠭᠯᠡᠵᠦ ᠪᠣᠯᠣᠨ᠎ᠠ᠂ ᠳᠠᠭᠢᠵᠤ ᠰᠢᠨ᠎ᠡ᠎ᠪᠠᠷ ᠨᠤᠲᠠᠯᠠᠵᠤ ᠦᠨᠡᠮᠯᠡᠯ ᠰᠣᠯᠢᠬᠤ ᠦᠭᠡᠢ᠃
ᠰᠦᠯᠵᠢᠶᠡᠨ ᠳᠡᠭᠡᠷ᠎ᠡ ᠪᠠᠶ᠋ᠢᠴᠠᠭ᠋ᠠᠨ ᠰᠢᠯᠭ᠋ᠠᠬᠤ ᠠᠷᠭ᠎ᠠ ᠮᠠᠶᠢᠭ ᠵᠶ᠋ᠠᠷ ᠬᠢᠨᠠᠨ ᠬᠠᠷᠭᠤᠭᠤᠯᠵᠤ ᠳᠡᠶ᠋ᠢᠯᠬᠦ ᠦᠭᠡᠢ ᠪᠣᠯ᠂ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ᠎ᠨᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠳᠠᠬᠢᠨᠲᠠ ᠰᠢᠨ᠎ᠡ᠎ᠪᠠᠷ ᠨᠤᠲᠠᠯᠠᠨ ᠲᠣᠭᠲᠠᠭ᠋ᠠᠨ᠎ᠠ; ᠳᠤᠮᠳᠠ᠂ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠵᠢ ᠮᠡᠷᠭᠡᠵᠢᠯ᠎ᠤᠨ ᠴᠣᠯᠠ ᠵᠢᠨ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠬᠠᠷᠠᠭ᠋ᠠᠯᠵᠠᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠳᠠᠬᠢᠨᠲᠠ ᠰᠢᠨ᠎ᠡ᠎ᠪᠠᠷ ᠨᠤᠲᠠᠯᠠᠨ ᠲᠣᠭᠲᠠᠭ᠋ᠠᠨ᠎ᠠ᠃ ᠬᠠᠮᠲᠤᠳᠤᠨᠢ ᠥᠪᠡᠷᠲᠡᠭᠡᠨ ᠵᠠᠰᠠᠬᠤ ᠣᠷᠣᠨ᠎ᠤ ᠡᠯᠧᠺᠳ᠋ᠷᠣᠨ ᠬᠡᠪ ᠦ᠋᠊ᠨ ᠮᠡᠷᠭᠡᠵᠢᠯ᠎ᠤᠨ ᠴᠣᠯᠠ ᠵᠢᠨ ᠦᠨᠡᠮᠯᠡᠯ᠎ᠢ ᠰᠣᠯᠢᠵᠤ ᠣᠯᠭᠤᠨ᠎ᠠ᠃
ᠲᠠᠪᠢᠨ ᠨᠠᠢ᠍ᠮᠠᠳᠤᠭ᠋ᠠᠷ ᠵᠦᠢ᠍ᠯ ᠬᠢᠨᠠᠨ ᠲᠣᠭᠲᠠᠭ᠋ᠠᠬᠤ ᠠᠵᠢᠯ ᠳᠠᠭᠤᠰᠤᠭᠰᠠᠨ᠎ᠤ ᠳᠠᠷᠠᠭ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭ᠋ᠠᠯᠠᠯ᠎ᠤᠨ ᠶᠣᠰᠣᠭ᠋ᠠᠷ 《ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ ᠬᠦᠰᠦᠨᠦᠭᠲᠦ》 ᠵᠢ᠎ᠨᠢ ᠤᠤᠯ᠎ᠤᠨ ᠠᠷᠭ᠎ᠠ ᠵᠠᠮ ᠵᠢᠡᠷ ᠭᠤᠶᠤᠴᠢᠯᠠᠨ ᠮᠡᠳᠡᠭᠦᠯᠦᠭᠰᠡᠨ ᠨᠢᠭᠡᠴᠢ᠎ᠳᠤ ᠪᠤᠴᠠᠭ᠋ᠠᠨ ᠥᠭᠴᠦ᠂ ᠬᠤᠪᠢ ᠬᠥᠮᠥᠨ᠎ᠤ ᠲᠠᠩᠰᠠ ᠡᠪᠬᠡᠮᠡᠯ᠎ᠳᠤ ᠬᠠᠳᠠᠭ᠋ᠠᠯᠠᠬᠤ ᠬᠡᠷᠡᠭᠲᠡᠢ᠃ ᠪᠤᠰᠤᠳ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠢ ᠴᠥᠮ ᠪᠤᠴᠠᠭ᠋ᠠᠬᠤ ᠦᠭᠡᠢ ᠪᠠᠶ᠋ᠢᠵᠤ᠂ ᠬᠢᠨᠠᠨ ᠲᠣᠭᠲᠠᠭ᠋ᠠᠬᠤ ᠺᠣᠮᠢᠰ᠎ᠤᠨ ᠬᠡᠷᠡᠭ ᠡᠷᠭᠢᠯᠡᠬᠦ ᠪᠠᠶ᠋ᠢᠭᠤᠯᠤᠮᠵᠢ᠎ᠳᠤ ᠬᠠᠳᠠᠭ᠋ᠠᠯᠠᠵᠤ ᠪᠠᠶ᠋ᠢᠴᠠᠭ᠋ᠠᠬᠤ᠎ᠳᠤ ᠪᠡᠯᠡᠳᠬᠡᠵᠦ᠂ ᠪᠦᠬᠦᠯᠢ 1 ᠵᠢᠯ ᠪᠣᠯᠤᠭᠰᠠᠨ᠎ᠤ ᠳᠠᠷᠠᠭ᠎ᠠ ᠴᠡᠪᠡᠷᠯᠡᠵᠦ ᠠᠷᠢᠯᠭ᠋ᠠᠨ᠎ᠠ᠃
ᠲᠠᠪᠤᠳᠤᠭ᠋ᠠᠷ ᠪᠦᠯᠦᠭ ᠦᠢ᠍ᠯᠡᠴᠢᠯᠡᠭᠡ ᠪᠠ ᠬᠢᠨᠠᠯᠲᠠ ᠬᠠᠮᠢᠶᠠᠷᠤᠯᠲᠠ
ᠲᠠᠪᠢ ᠶᠢᠰᠦᠳᠦᠭᠡᠷ ᠵᠦᠢ᠍ᠯ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠣᠯᠣᠨ ᠬᠢᠨᠠᠨ ᠲᠣᠭᠲᠠᠭ᠋ᠠᠬᠤ ᠺᠣᠮᠢᠰ᠎ᠤᠨ ᠵᠣᠬᠢᠶᠠᠨ ᠪᠠᠶ᠋ᠢᠭᠤᠯᠤᠭᠰᠠᠨ ᠨᠢᠭᠡᠴᠢ (ᠬᠡᠷᠡᠭ ᠡᠷᠭᠢᠯᠡᠬᠦ ᠪᠠᠶ᠋ᠢᠭᠤᠯᠤᠮᠵᠢ)᠎ᠨᠢ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠮᠡᠳᠡᠭᠡ ᠵᠠᠩᠭᠢᠴᠢᠯᠠᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠵᠦ ᠬᠢᠨᠠᠨ ᠲᠣᠭᠲᠠᠭ᠋ᠠᠬᠤ ᠦᠢ᠍ᠯᠡᠴᠢᠯᠡᠭᠡᠨ᠎ᠢ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢ᠍ᠳᠪᠦᠷᠢᠯᠡᠬᠦ᠂ ᠰᠦᠯᠵᠢᠶᠡᠨ ᠳᠡᠭᠡᠷ᠎ᠡ ᠭᠦᠢ᠍ᠴᠡᠳᠬᠡᠬᠦ᠂ ᠰᠦᠯᠵᠢᠶᠡᠨ ᠳᠡᠭᠡᠷ᠎ᠡ ᠪᠠᠶ᠋ᠢᠴᠠᠭ᠋ᠠᠨ ᠯᠠᠪᠯᠠᠬᠤ᠂ ᠰᠦᠯᠵᠢᠶᠡᠨ ᠳᠡᠭᠡᠷ᠎ᠡ ᠬᠠᠷᠢᠭᠤ ᠲᠤᠰᠬᠠᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠬᠦ ᠬᠡᠷᠡᠭᠲᠡᠢ᠃
ᠵᠢᠷᠠᠳᠤᠭ᠋ᠠᠷ ᠵᠦᠢ᠍ᠯ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠦᠢ᠍ᠯᠡᠴᠢᠯᠡᠭᠡᠨ᠎ᠤ ᠲᠠᠪᠴᠠᠩ ᠪᠠᠶ᠋ᠢᠭᠤᠯᠵᠤ᠂ ᠵᠢᠨ ᠪᠠᠷᠢᠮᠵᠢᠶ᠎ᠠ ᠵᠢ ᠨᠢᠭᠡᠳᠬᠡᠨ᠂ ᠬᠢᠨᠠᠨ ᠲᠣᠭᠲᠠᠭ᠋ᠠᠭᠰᠠᠨ ᠦᠷ᠎ᠡ ᠳ᠋ᠦᠩ ᠵᠡᠷᠭᠡ ᠴᠤᠭᠯᠠᠭᠤᠯᠬᠤ ᠵᠢ ᠵᠢᠷᠤᠮᠵᠢᠭᠤᠯᠬᠤ ᠬᠡᠷᠡᠭᠲᠡᠢ᠃ ᠮᠡᠳᠡᠭᠡ ᠵᠠᠩᠭᠢ ᠵᠢᠨ ᠠᠮᠤᠷ ᠲᠦᠪᠰᠢᠨ ᠪᠠ ᠬᠤᠪᠢ ᠬᠥᠮᠥᠨ᠎ᠤ ᠨᠢᠭᠤᠴᠠ ᠵᠢ ᠪᠠᠲᠤᠯᠠᠭᠰᠠᠨ ᠤᠷᠢᠲᠠᠯ ᠳᠣᠣᠷ᠎ᠠ᠂ ᠮᠡᠷᠭᠡᠵᠢᠯ᠎ᠤᠨ ᠴᠣᠯᠠ ᠵᠢᠨ ᠮᠡᠳᠡᠭᠡ ᠵᠠᠩᠭᠢ ᠵᠢ ᠪᠠᠶ᠋ᠢᠴᠠᠭ᠋ᠠᠨ ᠰᠢᠯᠭ᠋ᠠᠬᠤ ᠦᠢ᠍ᠯᠡᠴᠢᠯᠡᠭᠡ ᠬᠠᠩᠭ᠋ᠠᠨ᠎ᠠ᠃
ᠵᠢᠷᠠᠨ ᠨᠢᠭᠡᠳᠦᠭᠡᠷ ᠵᠦᠢ᠍ᠯ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠣᠯᠣᠨ ᠠᠵᠢᠯ ᠲᠥᠷᠥᠯ (ᠲᠤᠬᠠᠶ᠋ᠢᠯᠠᠭᠰᠠᠨ ᠠᠵᠢᠯ)᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ (ᠳᠣᠷᠣᠭᠰᠢ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠭᠡᠵᠦ ᠲᠣᠪᠴᠢᠯᠠᠨ᠎ᠠ)᠎ᠨᠢ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠠᠵᠢᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠠᠴᠠ ᠬᠢᠨᠠᠨ ᠬᠠᠮᠢᠶᠠᠷᠬᠤ᠂ ᠠᠵᠢᠯ ᠲᠥᠷᠥᠯ (ᠨᠢᠭᠡᠴᠢ)᠎ᠤᠨ ᠥᠪᠡᠷ᠎ᠢ᠎ᠪᠠᠨ ᠱᠠᠭ᠋ᠠᠷᠳᠠᠬᠤ ᠪᠠ ᠨᠡᠶ᠋ᠢᠭᠡᠮ᠎ᠤᠨ ᠬᠢᠨᠠᠯᠲᠠ ᠲᠠᠯᠪᠢᠬᠤ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢᠨ ᠲᠤᠭᠲᠠᠯᠴᠠᠭ᠎ᠠ ᠵᠢ ᠪᠠᠶ᠋ᠢᠭᠤᠯᠬᠤ ᠬᠡᠷᠡᠭᠲᠡᠢ᠃ ᠪᠠᠶ᠋ᠢᠴᠠᠭ᠋ᠠᠭᠳᠠᠵᠤ ᠪᠠᠶ᠋ᠢᠭ᠎ᠠ ᠨᠢᠭᠡᠴᠢ᠂ ᠬᠠᠮᠢᠶ᠎ᠠ ᠪᠦᠬᠦᠢ ᠪᠠᠶ᠋ᠢᠭᠤᠯᠤᠮᠵᠢ ᠪᠠ ᠬᠤᠪᠢ ᠬᠥᠮᠥᠨ᠎ᠨᠢ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠦᠨᠡᠨ ᠮᠥᠨ ᠵᠶ᠋ᠠᠷ ᠬᠠᠩᠭ᠋ᠠᠬᠤ ᠬᠡᠷᠡᠭᠲᠡᠢ᠂ ᠪᠠᠶ᠋ᠢᠴᠠᠭ᠋ᠠᠬᠤ ᠵᠢ ᠲᠡᠪᠴᠢᠬᠦ ᠪᠤᠶᠤ ᠬᠤᠳᠠᠯ ᠵᠶ᠋ᠠᠷ ᠮᠡᠳᠡᠭᠦᠯᠬᠦ᠂ ᠨᠢᠭᠤᠭ᠋ᠠᠳ ᠮᠡᠳᠡᠭᠦᠯᠬᠦ ᠦᠭᠡᠢ ᠪᠠᠶ᠋ᠢᠵᠤ ᠪᠣᠯᠬᠤ ᠦᠭᠡᠢ᠃
ᠵᠢᠷᠠᠨ ᠬᠤᠶᠠᠳᠤᠭ᠋ᠠᠷ ᠵᠦᠢ᠍ᠯ ᠭᠤᠶᠤᠴᠢᠯᠠᠨ ᠮᠡᠳᠡᠭᠦᠯᠦᠭᠴᠢ ᠵᠢ ᠳᠣᠣᠷᠠᠬᠢ ᠬᠡᠳᠦᠨ ᠲᠠᠯ᠎ᠠ᠎ᠪᠠᠷ ᠭᠤᠣᠯᠳᠠᠯᠭ᠎ᠠ᠎ᠲᠠᠢ ᠬᠢᠨᠠᠨ ᠬᠠᠮᠢᠶᠠᠷᠤᠨ᠎ᠠ᠄
(ᠨᠢᠭᠡ) ᠮᠡᠷᠭᠡᠵᠢᠯ᠎ᠤᠨ ᠴᠣᠯᠠ ᠮᠡᠳᠡᠭᠦᠯᠬᠦ ᠨᠥᠬᠦᠴᠡᠯ᠎ᠳᠤ ᠨᠡᠶ᠋ᠢᠴᠡᠬᠦ ᠦᠭᠡᠢ ᠭᠡᠳᠡᠭ᠎ᠢ ᠲᠣᠳᠣᠷᠬᠠᠢ ᠮᠡᠳᠡᠵᠦ ᠪᠠᠶ᠋ᠢᠭ᠋ᠠᠳ ᠮᠥᠨ ᠬᠦ᠌ ᠵᠣᠷᠢᠭᠤᠳᠠ᠎ᠪᠠᠷ ᠬᠤᠳᠠᠯ ᠬᠠᠭᠤᠷᠮᠠᠭ (ᠦᠨᠡᠨ ᠪᠣᠳᠠᠲᠠᠢ ᠪᠤᠰᠤ)ᠠᠮᠠᠯᠠᠯᠲᠠ ᠬᠢᠬᠦ᠂ ᠮᠡᠳᠡᠭᠡ ᠵᠠᠩᠭᠢ ᠵᠢ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠵᠶ᠋ᠠᠷ ᠭᠤᠶᠤᠴᠢᠯᠠᠨ ᠮᠡᠳᠡᠭᠦᠯᠬᠦ;
(ᠬᠤᠶᠠᠷ)ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠳᠤ ᠬᠤᠳᠠᠯ ᠬᠠᠭᠤᠷᠮᠠᠭ(ᠦᠨᠡᠨ ᠪᠣᠳᠠᠲᠠᠢ ᠪᠤᠰᠤ)ᠮᠠᠲ᠋ᠧᠷᠢᠶᠠᠯ ᠬᠠᠩᠭ᠋ᠠᠭᠰᠠᠨ (ᠲᠠᠭᠯᠠᠨ ᠪᠢᠴᠢᠭᠰᠡᠨ)᠂ ᠥᠭᠦᠯᠡᠯ᠎ᠢ ᠬᠠᠭᠤᠷᠮᠠᠭ ᠵᠶ᠋ᠠᠷ ᠵᠣᠬᠢᠶᠠᠵᠤ ᠣᠷᠣᠯᠠᠨ ᠪᠢᠴᠢᠭᠰᠡᠨ᠂ ᠪᠤᠰᠤᠳ᠎ᠤᠨ ᠪᠦᠲᠦᠭᠡᠯ ᠪᠤᠶᠤ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠎ᠢ ᠬᠤᠯᠠᠭ᠋ᠠᠶ᠋ᠢᠯᠠᠭᠰᠠᠨ᠂ ᠠᠵᠢᠯ᠎ᠤᠨ ᠠᠮᠵᠢᠯᠲᠠ ᠵᠢᠨ ᠦᠷ᠎ᠡ ᠪᠦᠲᠦᠭᠡᠯ᠎ᠨᠢ ᠦᠨᠡᠨ ᠪᠣᠳᠠᠲᠠᠢ ᠪᠢᠰᠢ᠂ ᠬᠠᠭᠤᠷᠮᠠᠭ ᠵᠶ᠋ᠠᠷ ᠵᠣᠬᠢᠶᠠᠭᠰᠠᠨ ᠪᠤᠶᠤ ᠬᠢᠨᠠᠨ ᠲᠤᠭᠲᠠᠭ᠋ᠠᠯᠲᠠ ᠵᠢ ᠵᠣᠷᠢᠭᠤᠳᠠ᠎ᠪᠠᠷ ᠪᠤᠷᠤᠭᠤ ᠬᠥᠲᠥᠯᠬᠦ ᠪᠠᠶ᠋ᠢᠳᠠᠯ᠎ᠲᠠᠢ ᠪᠠᠶ᠋ᠢᠬᠤ ᠵᠡᠷᠭᠡ;
(ᠭᠤᠷᠪᠠ) ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠬᠦ ᠶᠠᠪᠤᠴᠠ᠎ᠳᠤ ᠨᠠᠶ᠋ᠢᠷ ᠲᠠᠯ᠎ᠠ ᠬᠠᠷᠠᠵᠤ ᠭᠤᠶᠣᠬᠤ᠂ ᠳᠠᠯᠳᠠᠭᠤᠷ ᠦᠢ᠍ᠯᠡᠳᠬᠦ ᠵᠡᠷᠭᠡ ᠵᠦᠢ ᠪᠤᠰᠤ ᠦᠢ᠍ᠯᠡ ᠠᠵᠢᠯᠯᠠᠭ᠎ᠠ᠎ᠲᠠᠢ ᠪᠠᠶ᠋ᠢᠬᠤ;
(ᠳᠥᠷᠪᠡ) ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠥᠢ᠍ᠯᠡ ᠠᠵᠢᠯᠯᠠᠭ᠎ᠠ᠃
ᠵᠢᠷᠠᠨ ᠭᠤᠷᠪᠠᠳᠤᠭ᠋ᠠᠷ ᠵᠦᠢ᠍ᠯ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠢ ᠳᠣᠣᠷᠠᠬᠢ ᠬᠡᠳᠦᠨ ᠲᠠᠯ᠎ᠠ᠎ᠪᠠᠷ ᠭᠤᠣᠯᠳᠠᠯᠭ᠎ᠠ᠎ᠲᠠᠢ ᠬᠢᠨᠠᠨ ᠬᠠᠮᠢᠶᠠᠷᠤᠨ᠎ᠠ᠄
(ᠨᠢᠭᠡ) ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠪᠡᠶ᠎ᠡ ᠭᠠᠷᠤᠯ᠎ᠢ ᠲᠣᠭᠲᠠᠭ᠋ᠠᠯ᠎ᠠᠴᠠ ᠵᠥᠷᠢᠴᠡᠨ ᠭᠠᠳᠠᠭᠰᠢ ᠢᠯᠡ ᠨᠡᠶ᠋ᠢᠲᠡᠯᠡᠬᠦ;
(ᠬᠤᠶᠠᠷ) ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠮᠠᠲ᠋ᠧᠷᠢᠶᠠᠯ᠎ᠢ ᠳᠤᠷ᠎ᠠ᠎ᠪᠠᠷ ᠵᠶ᠋ᠠᠨ ᠭᠥᠯᠢᠶᠡᠨ ᠠᠪᠬᠤ;
(ᠭᠤᠷᠪᠠ) ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠭᠰᠠᠨ ᠠᠭᠤᠯᠭ᠎ᠠ ᠵᠢ ᠲᠣᠭᠲᠠᠭ᠋ᠠᠯ᠎ᠠᠴᠠ ᠵᠥᠷᠢᠴᠡᠨ ᠭᠠᠳᠠᠭᠰᠢ ᠵᠠᠳᠠᠷᠠᠭᠤᠯᠬᠤ;
(ᠳᠥᠷᠪᠡ) ᠵᠠᠶ᠋ᠢᠯᠠᠬᠤ ᠶᠣᠰᠣᠲᠠᠢ ᠪᠠᠶ᠋ᠢᠬᠤ᠎ᠳᠤ ᠵᠠᠶ᠋ᠢᠯᠠᠬᠤ᠎ᠪᠠᠷ ᠴᠠᠭ ᠲᠤᠬᠠᠢᠳᠤᠨᠢ ᠡᠰᠡ ᠭᠤᠶᠤᠴᠢᠯᠠᠭᠰᠠᠨ;
(ᠲᠠᠪᠤ) ᠦᠨᠡᠯᠡᠨ ᠵᠦᠪᠯᠡᠵᠦ ᠲᠣᠭᠲᠠᠭ᠋ᠠᠬᠤ᠂ ᠬᠤᠪᠢ ᠥᠭᠬᠦ᠂ ᠪᠢᠯᠧᠲ ᠥᠭᠬᠦ ᠵᠡᠷᠭᠡ ᠭᠤᠬ᠍ᠴᠤᠭ᠎ᠠ᠎ᠳᠤ ᠢᠯᠡᠳᠲᠡ ᠭᠤᠣᠯᠴᠢ ᠪᠤᠰᠤ ᠪᠠᠶ᠋ᠢᠳᠠᠯ᠎ᠲᠠᠢ ᠪᠠᠶ᠋ᠢᠬᠤ;
(ᠵᠢᠷᠭᠤᠭ᠎ᠠ) ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠪᠡᠶ᠎ᠡ ᠭᠠᠷᠤᠯ ᠵᠶ᠋ᠠᠨ ᠠᠰᠢᠬᠯᠠᠨ ᠲᠣᠭᠲᠠᠭ᠋ᠠᠯ᠎ᠠᠴᠠ ᠵᠥᠷᠢᠴᠡᠨ ᠪᠤᠰᠤᠳ᠎ᠤᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠳᠤ ᠲᠥᠬᠦᠮ ᠦᠵᠡᠭᠦᠯᠵᠦ᠂ ᠵᠦᠢ ᠪᠤᠰᠤ ᠠᠰᠢᠭ ᠲᠤᠰᠠ ᠣᠯᠬᠤ;
(ᠲᠤᠯᠤᠭ᠎ᠠ)ᠬᠤᠯᠪᠣᠭᠳᠠᠯ ᠪᠦᠬᠦᠢ ᠵᠠᠭᠤᠴᠢ ᠵᠡᠷᠭᠡ ᠨᠡᠶ᠋ᠢᠭᠡᠮ᠎ᠤᠨ ᠪᠠᠶ᠋ᠢᠭᠤᠯᠤᠮᠵᠢ᠎ᠲᠠᠢ ᠠᠰᠢᠭ ᠲᠤᠰᠠ ᠵᠢᠨ ᠰᠣᠯᠢᠯᠴᠠᠭ᠎ᠠ ᠬᠢᠵᠦ᠂ ᠬᠢᠨᠠᠨ ᠲᠣᠭᠲᠠᠭ᠋ᠠᠬᠤ ᠲᠤᠰᠢᠶᠠᠯ ᠬᠠᠷᠢᠭᠤᠴᠠᠯᠭ᠎ᠠ᠎ᠪᠠᠨ ᠵᠥᠪ ᠵᠶ᠋ᠠᠷ ᠭᠦᠢ᠍ᠴᠡᠳᠬᠡᠵᠦ ᠴᠢᠳᠠᠬᠤ ᠦᠭᠡᠢ ᠪᠠᠶ᠋ᠢᠬᠤ;
(ᠨᠠᠢ᠍ᠮᠠ) ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠥᠢ᠍ᠯᠡ ᠠᠵᠢᠯᠯᠠᠭ᠎ᠠ᠃
ᠵᠢᠷᠠᠨ ᠳᠥᠷᠪᠡᠳᠦᠭᠡᠷ ᠵᠦᠢ᠍ᠯ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠠᠮᠢᠶ᠎ᠠ ᠪᠦᠬᠦᠢ ᠠᠵᠢᠯᠲᠠᠨ᠎ᠢ ᠳᠣᠣᠷᠠᠬᠢ ᠬᠡᠳᠦᠨ ᠲᠠᠯ᠎ᠠ᠎ᠪᠠᠷ ᠭᠤᠣᠯᠳᠠᠯᠭ᠎ᠠ᠎ᠲᠠᠢ ᠬᠢᠨᠠᠨ ᠬᠠᠮᠢᠶᠠᠷᠤᠨ᠎ᠠ᠄
(ᠨᠢᠭᠡ)ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠵᠦ ᠬᠢᠨᠠᠨ ᠲᠣᠭᠲᠠᠭ᠋ᠠᠯᠭ᠋ᠠᠬᠤ ᠮᠠᠲ᠋ᠧᠷᠢᠶᠠᠯ᠎ᠢ ᠲᠣᠭᠲᠠᠭ᠋ᠠᠯ ᠶᠣᠰᠣᠭ᠋ᠠᠷ ᠬᠢᠨᠠᠨ ᠬᠠᠷᠭᠤᠭᠤᠯᠤᠭᠰᠠᠨ ᠦᠭᠡᠢ;
(ᠬᠤᠶᠠᠷ) ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠢ ᠲᠣᠭᠲᠠᠭ᠋ᠠᠯ ᠶᠣᠰᠣᠭ᠋ᠠᠷ ᠰᠣᠩᠭᠤᠭᠰᠠᠨ ᠦᠭᠡᠢ᠂ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠮᠡᠳᠡᠭᠡ ᠵᠠᠩᠭᠢ ᠵᠢ ᠲᠣᠭᠲᠠᠭ᠋ᠠᠯ᠎ᠠᠴᠠ ᠵᠥᠷᠢᠴᠡᠨ ᠭᠠᠳᠠᠭᠰᠢ ᠵᠠᠳᠠᠷᠠᠭᠤᠯᠤᠭᠰᠠᠨ᠂ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠵᠠᠶ᠋ᠢᠯᠠᠬᠤ ᠵᠢ ᠮᠡᠳᠡᠭᠳᠡᠬᠦ ᠴᠢᠬᠤᠯᠠᠳᠠᠢ ᠪᠠᠶ᠋ᠢᠲᠠᠯ᠎ᠠ᠎ᠪᠠᠨ ᠴᠠᠭ ᠲᠤᠬᠠᠢᠳᠤᠨᠢ ᠰᠢᠢ᠍ᠳᠪᠦᠷᠢᠯᠡᠭᠰᠡᠨ ᠦᠭᠡᠢ;
(ᠭᠤᠷᠪᠠ) ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠮᠠᠲ᠋ᠧᠷᠢᠶᠠᠯ᠎ᠢ ᠳᠤᠷ᠎ᠠ᠎ᠪᠠᠷ ᠵᠶ᠋ᠠᠨ ᠭᠥᠯᠢᠶᠡᠨ ᠠᠪᠬᠤ;
(ᠳᠥᠷᠪᠡ)ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠠᠭᠤᠯᠭ᠎ᠠ ᠵᠢ ᠲᠣᠭᠲᠠᠭ᠋ᠠᠯ᠎ᠠᠴᠠ ᠵᠥᠷᠢᠴᠡᠨ ᠭᠠᠳᠠᠭᠰᠢ ᠵᠠᠳᠠᠷᠠᠭᠤᠯᠬᠤ;
(ᠲᠠᠪᠤ) ᠵᠠᠶ᠋ᠢᠯᠠᠬᠤ ᠶᠣᠰᠣᠲᠠᠢ ᠪᠠᠶ᠋ᠢᠲᠠᠯ᠎ᠠ ᠴᠠᠭ ᠲᠤᠬᠠᠢᠳᠤᠨᠢ ᠵᠠᠶ᠋ᠢᠯᠠᠭᠤᠯᠬᠤ᠎ᠪᠠᠷ ᠡᠰᠡ ᠭᠤᠶᠤᠴᠢᠯᠠᠭᠰᠠᠨ;
(ᠵᠢᠷᠭᠤᠭ᠎ᠠ)ᠡᠭᠦᠷᠭᠡ ᠲᠤᠰᠢᠶᠠᠯ᠎ᠤᠨ ᠵᠶ᠋ᠠᠨ ᠲᠥᠬᠦᠮᠢ ᠠᠰᠢᠬᠯᠠᠨ ᠲᠣᠭᠲᠠᠭ᠋ᠠᠯ᠎ᠠᠴᠠ ᠵᠥᠷᠢᠴᠡᠨ ᠪᠤᠰᠤᠳ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠳᠤ ᠲᠥᠬᠦᠮ ᠦᠵᠡᠭᠦᠯᠵᠦ᠂ ᠵᠦᠢ ᠪᠤᠰᠤ ᠠᠰᠢᠭ ᠲᠤᠰᠠ ᠣᠯᠬᠤ;
(ᠲᠤᠯᠤᠭ᠎ᠠ) ᠡᠭᠦᠷᠭᠡ ᠲᠤᠰᠢᠶᠠᠯ᠎ᠤᠨ ᠵᠶ᠋ᠠᠨ ᠲᠦᠬᠦᠮ᠎ᠢ ᠠᠰᠢᠬᠯᠠᠨ ᠲᠣᠭᠲᠠᠭ᠋ᠠᠯ᠎ᠠᠴᠠ ᠵᠥᠷᠢᠴᠡᠨ ᠬᠤᠯᠪᠣᠭᠳᠠᠯ ᠪᠦᠬᠦᠢ ᠵᠠᠭᠤᠴᠢ ᠵᠡᠷᠭᠡ ᠨᠡᠶ᠋ᠢᠭᠡᠮ᠎ᠤᠨ ᠪᠠᠶ᠋ᠢᠭᠤᠯᠤᠮᠵᠢ᠎ᠳᠤ ᠲᠦᠬᠦᠮ ᠦᠵᠡᠭᠦᠯᠵᠦ᠂ ᠵᠦᠢ ᠪᠤᠰᠤ ᠠᠰᠢᠭ ᠲᠤᠰᠠ ᠣᠯᠬᠤ;
(ᠨᠠᠢ᠍ᠮᠠ) ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠥᠢ᠍ᠯᠡ ᠠᠵᠢᠯᠯᠠᠭ᠎ᠠ᠃
ᠵᠢᠷᠠᠨ ᠲᠠᠪᠤᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠢ ᠳᠣᠣᠷᠠᠬᠢ ᠬᠡᠳᠦᠨ ᠲᠠᠯ᠎ᠠ᠎ᠪᠠᠷ ᠭᠤᠣᠯᠳᠠᠯᠭ᠎ᠠ᠎ᠲᠠᠢ ᠬᠢᠨᠠᠨ ᠬᠠᠮᠢᠶᠠᠷᠤᠨ᠎ᠠ᠄
(ᠨᠢᠭᠡ) ᠲᠣᠭᠲᠠᠭ᠋ᠠᠭᠰᠠᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠠᠷᠭ᠎ᠠ᠂ ᠦᠨᠡᠯᠡᠬᠦ ᠪᠠᠷᠢᠮᠵᠢᠶ᠎ᠠ᠂ ᠬᠢᠨᠠᠨ ᠲᠣᠭᠲᠠᠭ᠋ᠠᠬᠤ ᠳᠡᠰ ᠳᠠᠷᠠᠭ᠋ᠠᠯᠠᠯ ᠵᠡᠷᠭᠡ᠎ᠨᠢ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠪᠤᠶᠤ ᠵᠣᠷᠢᠭ ᠰᠠᠨᠠᠭ᠎ᠠ᠎ᠲᠠᠢ ᠨᠡᠶ᠋ᠢᠴᠡᠬᠦ ᠦᠭᠡᠢ;
(ᠬᠤᠶᠠᠷ) ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠤᠯᠪᠣᠭᠳᠠᠯ ᠪᠦᠬᠦᠢ ᠲᠣᠭᠲᠠᠭ᠋ᠠᠯ᠎ᠤᠨ ᠱᠠᠭ᠋ᠠᠷᠳᠠᠯᠭ᠎ᠠ ᠶᠣᠰᠣᠭ᠋ᠠᠷ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠺᠣᠮᠢᠰ᠎ᠢ ᠵᠢᠷᠤᠮᠵᠢᠭᠤᠯᠤᠨ ᠪᠠᠶ᠋ᠢᠭᠤᠯᠤᠭᠰᠠᠨ ᠦᠭᠡᠢ᠂ ᠲᠣᠭᠲᠠᠭ᠋ᠠᠯ ᠶᠣᠰᠣᠭ᠋ᠠᠷ ᠬᠢᠨᠠᠨ ᠵᠥᠪᠰᠢᠶᠡᠷᠡᠵᠦ ᠳᠠᠩᠰᠠᠯᠠᠭᠤᠯᠤᠭᠰᠠᠨ ᠦᠭᠡᠢ ᠪᠤᠶᠤ ᠬᠦᠴᠦᠨ᠎ᠲᠠᠢ ᠬᠤᠭᠤᠴᠠᠭ᠎ᠠ᠎ᠨᠢ ᠲᠤᠯᠤᠭᠰᠠᠨ ᠪᠠᠶ᠋ᠢᠲᠠᠯ᠎ᠠ ᠳᠠᠭᠢᠵᠤ ᠬᠢᠨᠠᠨ ᠵᠥᠪᠰᠢᠶᠡᠷᠡᠵᠦ ᠳᠠᠩᠰᠠᠯᠠᠭᠤᠯᠤᠭᠰᠠᠨ ᠦᠭᠡᠢ;
(ᠭᠤᠷᠪᠠ) ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠠᠮᠢᠶᠠᠷᠤᠯᠲᠠ᠎ᠨᠢ ᠵᠢᠷᠤᠮᠵᠢᠭᠤᠨ ᠪᠤᠰᠤ᠂ ᠲᠠᠨᠢᠯᠴᠠᠭᠤᠯᠤᠨ ᠰᠢᠯᠢᠨ ᠰᠣᠩᠭᠤᠬᠤ᠂ ᠪᠣᠯᠪᠠᠰᠤᠷᠠᠭᠤᠯᠵᠤ ᠰᠢᠯᠭ᠋ᠠᠨ ᠬᠢᠨᠠᠬᠤ᠂ ᠪᠤᠴᠠᠭ᠋ᠠᠨ ᠭᠠᠷᠭ᠋ᠠᠵᠤ ᠵᠠᠯᠬᠠᠭ᠋ᠠᠨ ᠴᠡᠭᠡᠷᠯᠡᠭᠦᠯᠬᠦ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠣᠭᠲᠠᠴᠠ᠎ᠨᠢ ᠪᠦᠷᠢᠨ ᠲᠡᠭᠦᠯᠳᠡᠷ ᠪᠤᠰᠤ;
(ᠳᠥᠷᠪᠡ)ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠢ ᠬᠢᠨᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ᠎ᠪᠠᠨ ᠲᠣᠭᠲᠠᠭ᠋ᠠᠯ ᠶᠣᠰᠣᠭ᠋ᠠᠷ ᠭᠦᠢ᠍ᠴᠡᠳᠬᠡᠭᠰᠡᠨ ᠦᠭᠡᠢ᠂ ᠭᠤᠶᠤᠴᠢᠯᠠᠨ ᠮᠡᠳᠡᠭᠦᠯᠦᠭᠴᠢ ᠵᠢ ᠳᠤᠷ᠎ᠠ᠎ᠪᠠᠷ᠎ᠨᠢ ᠲᠠᠯᠪᠢᠵᠤ᠂ ᠥᠮᠥᠭᠯᠡᠭᠰᠡᠨ ᠪᠤᠶᠤ ᠬᠠᠪᠰᠤᠷᠴᠤ ᠪᠠᠶ᠋ᠢᠭ᠋ᠠᠳ ᠬᠤᠳᠠᠯ ᠬᠠᠭᠤᠷᠮᠠᠭ ᠵᠶ᠋ᠠᠷ ᠵᠤᠬᠢᠶᠠᠭᠰᠠᠨ᠂ ᠭᠤᠶᠤᠴᠢᠯᠠᠨ ᠮᠡᠳᠡᠭᠦᠯᠦᠭᠴᠢ ᠵᠢᠨ ᠨᠥᠬᠦᠴᠡᠯ᠎ᠳᠤ ᠨᠡᠶ᠋ᠢᠴᠡᠬᠦ ᠦᠭᠡᠢ ᠪᠠᠶ᠋ᠢᠬᠤ ᠵᠢ ᠲᠣᠳᠣᠷᠬᠠᠢ ᠮᠡᠳᠡᠵᠤ ᠪᠠᠶ᠋ᠢᠭ᠋ᠠᠳ ᠮᠥᠨ ᠬᠦ᠌ ᠲᠡᠭᠦᠨ᠎ᠢ ᠬᠠᠪᠰᠤᠷᠴᠤ ᠮᠡᠷᠭᠡᠵᠢᠯ᠎ᠤᠨ ᠴᠣᠯᠠ ᠣᠯᠭᠤᠭᠰᠠᠨ;
(ᠲᠠᠪᠤ)ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠡᠷᠬᠡ ᠵᠢᠨ ᠬᠢᠵᠠᠭ᠋ᠠᠷ᠎ᠠᠴᠠ ᠳᠠᠪᠠᠵᠤ᠂ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠦᠷᠢᠶ᠎ᠡ ᠬᠡᠪᠴᠢᠶ᠎ᠡ ᠵᠢ ᠳᠤᠷ᠎ᠠ᠎ᠪᠠᠷ ᠵᠶ᠋ᠠᠨ ᠦᠷᠭᠡᠳᠭᠡᠭᠰᠡᠨ;
(ᠵᠢᠷᠭᠤᠭ᠎ᠠ)ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠵᠢ ᠵᠣᠬᠢᠶᠠᠨ ᠪᠠᠶ᠋ᠢᠭᠤᠯᠬᠤ ᠪᠤᠶᠤ ᠨᠠᠶ᠋ᠢᠳᠠᠵᠤ ᠬᠢᠨᠠᠨ ᠲᠣᠭᠲᠠᠭ᠋ᠠᠯᠭ᠋ᠠᠬᠤ᠎ᠨᠢ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ᠂ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠲᠣᠭᠲᠠᠭ᠋ᠠᠯ ᠶᠣᠰᠣᠭ᠋ᠠᠷ ᠥᠯᠥ ᠳᠠᠩᠰᠠᠯᠠᠭᠤᠯᠤᠭᠰᠠᠨ;
(ᠳᠣᠯᠤᠭ᠎ᠠ)ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠡᠷᠬᠡ ᠮᠡᠳᠡᠯ᠎ᠤᠨ ᠬᠡᠪᠴᠢᠶ᠎ᠡ ᠵᠢ ᠠᠰᠢᠬᠯᠠᠨ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠬᠦ ᠠᠷᠭ᠎ᠠ ᠵᠠᠮ᠎ᠢ ᠭᠠᠭᠴᠠᠭ᠋ᠠᠷ ᠡᠵᠡᠮᠰᠢᠵᠦ᠂ ᠲᠣᠭᠲᠠᠭ᠋ᠠᠯ ᠶᠣᠰᠣᠭ᠋ᠠᠷ ᠵᠠᠶ᠋ᠢᠯᠠᠭᠤᠯᠬᠤ ᠲᠣᠭᠲᠠᠭ᠋ᠠᠯ ᠭᠠᠷᠭ᠋ᠠᠭᠰᠠᠨ ᠦᠭᠡᠢ᠂ ᠬᠢᠨᠠᠨ ᠲᠣᠭᠲᠠᠭ᠋ᠠᠬᠤ ᠶᠠᠪᠤᠴᠠ ᠪᠤᠶᠤ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠵᠣᠷᠢᠭᠤᠳᠠ ᠡᠵᠡᠮᠳᠡᠬᠦ᠂ ᠡᠯᠳᠡᠪ ᠨᠡᠷ᠎ᠡ᠎ᠪᠠᠷ ᠥᠨᠳᠥᠷ ᠰᠦᠢ᠍ᠳᠬᠡᠯ ᠬᠤᠷᠢᠶᠠᠬᠤ᠂ ᠬᠤᠯᠪᠣᠭᠳᠠᠯ ᠪᠦᠬᠦᠢ ᠵᠠᠭᠤᠴᠢ ᠵᠡᠷᠭᠡ ᠨᠡᠶ᠋ᠢᠭᠡᠮ᠎ᠤᠨ ᠪᠠᠶ᠋ᠢᠭᠤᠯᠤᠮᠵᠢ᠎ᠲᠠᠢ ᠠᠰᠢᠭ ᠲᠤᠰᠠ ᠵᠢᠨ ᠬᠤᠯᠪᠣᠭ᠎ᠠ᠎ᠲᠠᠢ ᠪᠠᠶ᠋ᠢᠬᠤ ᠵᠡᠷᠭᠡ;
(ᠨᠠᠢ᠍ᠮᠠ) ᠢᠯᠡᠴᠢᠯᠡᠨ ᠮᠡᠳᠡᠭᠦᠯᠵᠦ ᠵᠠᠭ᠋ᠠᠯᠳᠤᠭᠰᠠᠨ ᠠᠰᠠᠭᠤᠳᠠᠯ᠎ᠤᠨ ᠰᠦᠪᠡᠭᠴᠢ ᠵᠢ ᠴᠠᠭ ᠲᠤᠬᠠᠢᠳᠤᠨᠢ ᠪᠠᠶ᠋ᠢᠴᠠᠭ᠋ᠠᠨ ᠬᠠᠷᠭᠤᠭᠤᠯᠤᠭᠰᠠᠨ ᠦᠭᠡᠢ᠂ ᠭᠤᠶᠤᠴᠢᠯᠠᠨ ᠮᠡᠳᠡᠭᠦᠯᠦᠭᠴᠢ ᠵᠢᠨ ᠳᠠᠬᠢᠨᠲᠠ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠬᠤ ᠪᠤᠶᠤ ᠢᠯᠡᠴᠢᠯᠡᠨ ᠵᠠᠭ᠋ᠠᠯᠳᠤᠬᠤ ᠠᠷᠭ᠎ᠠ ᠵᠠᠮ᠎ᠨᠢ ᠢᠯᠭᠤᠮ ᠪᠤᠰᠤ ᠪᠠᠶ᠋ᠢᠬᠤ;
(ᠶᠢᠰᠦ) ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠥᠢ᠍ᠯᠡ ᠠᠵᠢᠯᠯᠠᠭ᠎ᠠ᠃
ᠵᠢᠷᠠᠨ ᠵᠢᠷᠭᠤᠳᠤᠭ᠋ᠠᠷ ᠵᠦᠢ᠍ᠯ ᠬᠥᠮᠥᠨ ᠬᠡᠷᠡᠭᠯᠡᠬᠦ ᠨᠢᠭᠡᠴᠢ ᠵᠢ ᠳᠣᠣᠷᠠᠬᠢ ᠬᠡᠳᠦᠨ ᠲᠠᠯ᠎ᠠ᠎ᠪᠠᠷ ᠭᠤᠣᠯᠳᠠᠯᠭ᠎ᠠ᠎ᠲᠠᠢ ᠬᠢᠨᠠᠨ ᠬᠠᠮᠢᠶᠠᠷᠤᠨ᠎ᠠ᠄
(ᠨᠢᠭᠡ)ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠢ ᠬᠢᠨᠠᠨ ᠬᠠᠷᠭᠤᠭᠤᠯᠬᠤ᠂ ᠲᠠᠨᠢᠯᠴᠠᠭᠤᠯᠬᠤ ᠡᠭᠦᠷᠭᠡ ᠬᠠᠷᠢᠭᠤᠴᠠᠯᠭ᠎ᠠ᠎ᠪᠠᠨ ᠲᠣᠭᠲᠠᠭ᠋ᠠᠯ ᠶᠣᠰᠣᠭ᠋ᠠᠷ ᠭᠦᠢ᠍ᠴᠡᠳᠬᠡᠭᠰᠡᠨ ᠦᠭᠡᠢ᠂ ᠭᠤᠶᠤᠴᠢᠯᠠᠨ ᠮᠡᠳᠡᠭᠦᠯᠦᠭᠴᠢ ᠵᠢ ᠳᠤᠷ᠎ᠠ᠎ᠪᠠᠷ᠎ᠨᠢ ᠲᠠᠯᠪᠢᠬᠤ᠂ ᠥᠮᠥᠭᠯᠡᠬᠦ ᠪᠤᠶᠤ ᠬᠠᠪᠰᠤᠷᠴᠤ ᠪᠠᠶ᠋ᠢᠭ᠋ᠠᠳ ᠬᠤᠳᠠᠯ ᠬᠠᠭᠤᠷᠮᠠᠭ ᠵᠶ᠋ᠠᠷ ᠵᠤᠬᠢᠶᠠᠭᠰᠠᠨ᠂ ᠭᠤᠶᠤᠴᠢᠯᠠᠨ ᠮᠡᠳᠡᠭᠦᠯᠦᠭᠴᠢ ᠵᠢᠨ ᠨᠥᠬᠦᠴᠡᠯ᠎ᠳᠤ ᠨᠡᠶ᠋ᠢᠴᠡᠬᠦ ᠦᠭᠡᠢ ᠪᠠᠶ᠋ᠢᠬᠤ ᠵᠢ ᠲᠣᠳᠣᠷᠬᠠᠢ ᠮᠡᠳᠡᠵᠤ ᠪᠠᠶ᠋ᠢᠭ᠋ᠠᠳ ᠮᠥᠨ ᠬᠦ᠌ ᠲᠡᠭᠦᠨ᠎ᠢ ᠬᠠᠪᠰᠤᠷᠴᠤ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠦᠭᠰᠡᠨ;
(ᠬᠤᠶᠠᠷ)ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠢ ᠲᠣᠭᠲᠠᠭ᠋ᠠᠯ ᠶᠣᠰᠣᠭ᠋ᠠᠷ ᠵᠠᠷᠯᠠᠨ ᠨᠡᠶ᠋ᠢᠲᠡᠯᠡᠭᠰᠡᠨ ᠦᠭᠡᠢ᠂ ᠵᠠᠷᠯᠠᠨ ᠨᠡᠶ᠋ᠢᠲᠡᠯᠡᠭᠰᠡᠨ ᠪᠠᠶ᠋ᠢᠳᠠᠯ᠎ᠳᠤ ᠣᠨᠳᠣᠣ ᠰᠠᠨᠠᠯ᠎ᠲᠠᠢ ᠪᠤᠶᠤ ᠵᠠᠭ᠋ᠠᠯᠳᠤᠵᠤ ᠢᠯᠡᠴᠢᠯᠡᠨ ᠮᠡᠳᠡᠭᠦᠯᠦᠭᠰᠡᠨ ᠠᠰᠠᠭᠤᠳᠠᠯ᠎ᠢ ᠴᠠᠭ ᠲᠤᠬᠠᠢᠳᠤᠨᠢ ᠪᠠᠶ᠋ᠢᠴᠠᠭ᠋ᠠᠵᠤ ᠬᠢᠨᠠᠨ ᠬᠠᠷᠭᠤᠭᠤᠯᠵᠤ ᠰᠢᠢ᠍ᠳᠪᠦᠷᠢᠯᠡᠭᠰᠡᠨ ᠦᠭᠡᠢ;
(ᠭᠤᠷᠪᠠ)ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠴᠠᠭ ᠲᠤᠬᠠᠢᠳᠤᠨᠢ ᠳᠡᠭᠡᠭᠰᠢ ᠮᠡᠳᠡᠭᠦᠯᠦᠭᠰᠡᠨ ᠦᠭᠡᠢ;
(ᠳᠥᠷᠪᠡ) ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠥᠢ᠍ᠯᠡ ᠠᠵᠢᠯᠯᠠᠭ᠎ᠠ᠃
ᠵᠢᠷᠠᠨ ᠳᠣᠯᠣᠳᠤᠭ᠋ᠠᠷ ᠵᠦᠢ᠍ᠯ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠠᠰᠢᠷᠠᠮ ᠵᠢᠡᠷ ᠰᠤᠭᠤᠴᠢᠨ ᠪᠠᠶ᠋ᠢᠴᠠᠭ᠋ᠠᠬᠤ᠂ ᠲᠣᠭᠲᠠᠮᠠᠯ ᠬᠤᠭᠤᠴᠠᠭ᠎ᠠ᠎ᠲᠠᠢ ᠲᠣᠭᠤᠷᠢᠨ ᠪᠠᠶ᠋ᠢᠴᠠᠭ᠋ᠠᠬᠤ᠂ ᠭᠤᠣᠯᠳᠠᠯᠭ᠎ᠠ᠎ᠲᠠᠢ ᠰᠢᠮᠳᠠᠭᠤᠯᠤᠨ ᠪᠠᠶ᠋ᠢᠴᠠᠭ᠋ᠠᠬᠤ᠂ ᠶᠠᠰᠤ ᠴᠢᠨᠠᠷ᠎ᠢ ᠦᠨᠡᠯᠡᠨ ᠵᠢᠱ᠌ᠢᠬᠦ᠂ ᠲᠤᠰᠬᠠᠢ᠍ᠯᠠᠨ ᠴᠡᠭᠴᠡᠯᠡᠵᠦ ᠵᠠᠰᠠᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ᠎ᠢ ᠭᠦᠢ᠍ᠴᠡᠳ ᠬᠡᠷᠡᠭᠯᠡᠨ᠂ ᠰᠠᠨᠠᠭᠤᠯᠬᠤ᠂ ᠲᠤᠯᠭ᠋ᠠᠨ ᠠᠰᠠᠭᠤᠬᠤ᠂ ᠪᠣᠯᠵᠣᠨ ᠶᠠᠷᠢᠯᠴᠠᠬᠤ᠂ ᠲᠤᠬᠠᠢ ᠵᠢᠨ ᠲᠠᠯᠠᠪᠤᠷ᠎ᠲᠤ ᠲᠣᠭᠤᠷᠢᠨ ᠦᠵᠡᠬᠦ᠂ ᠮᠠᠲ᠋ᠧᠷᠢᠶᠠᠯ ᠪᠠᠶ᠋ᠢᠴᠠᠭ᠋ᠠᠨ ᠦᠵᠡᠬᠦ ᠵᠡᠷᠭᠡ ᠪᠣᠳᠠᠲᠠᠢ ᠬᠡᠯᠪᠡᠷᠢ᠎ᠪᠠᠷ ᠳᠠᠮᠵᠢᠭᠤᠯᠤᠨ᠂ ᠢᠨᠲ᠋ᠧᠷ ᠰᠦᠯᠵᠢᠶ᠎ᠡ᠂ ᠲᠣᠮᠣ ᠳ᠋ᠠᠶ᠋ᠢᠲ᠋ᠠ᠎ᠪᠠᠷ ᠰᠢᠭᠰᠢᠨ ᠪᠠᠶ᠋ᠢᠴᠠᠭ᠋ᠠᠬᠤ ᠵᠡᠷᠭᠡ ᠮᠡᠳᠡᠭᠡ ᠵᠠᠩᠭᠢ ᠵᠢᠨ ᠮᠡᠷᠭᠡᠵᠢᠯ᠎ᠤᠨ ᠠᠷᠭ᠎ᠠ ᠪᠠᠷᠢᠯ᠎ᠢ ᠪᠦᠲᠦᠮᠵᠢᠲᠡᠶ ᠠᠰᠢᠬᠯᠠᠵᠤ᠂ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠪᠥᠬᠦ ᠶᠠᠪᠤᠴᠠ᠎ᠳᠤ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠢ᠃
ᠵᠢᠯ ᠪᠦᠷᠢ ᠵᠣᠬᠢᠬᠤ ᠬᠠᠷᠢᠴᠠᠯ ᠵᠶ᠋ᠠᠷ ᠵᠠᠷᠢᠮ ᠬᠢᠨᠠᠨ ᠲᠣᠭᠲᠠᠭ᠋ᠠᠬᠤ ᠨᠢᠭᠡᠴᠢ ᠵᠢ ᠲᠣᠬᠢᠶᠠᠯᠳᠤᠯ ᠵᠶ᠋ᠠᠷ ᠰᠣᠩᠭᠤᠵᠤ᠂ ᠲᠡᠳᠡᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠭᠰᠠᠨ ᠪᠠᠶ᠋ᠢᠳᠠᠯ᠎ᠳᠤ ᠰᠤᠭᠤᠴᠢᠨ ᠪᠠᠶ᠋ᠢᠴᠠᠭ᠋ᠠᠯᠲᠠ ᠬᠢᠬᠦ ᠪᠤᠶᠤ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠯ᠂ ᠰᠦᠯᠵᠢᠶᠡᠨ᠎ᠤ ᠢᠷᠭᠡᠳ᠎ᠤᠨ ᠦᠯᠡᠳᠡᠭᠡᠭᠰᠡᠨ ᠦᠭᠡ᠂ ᠵᠠᠭ᠋ᠠᠯᠳᠤᠵᠤ ᠢᠯᠡᠴᠢᠯᠡᠨ ᠮᠡᠳᠡᠭᠦᠯᠬᠦ᠂ ᠵᠠᠭᠤᠴᠢᠯᠠᠭᠤᠷ᠎ᠤᠨ ᠮᠡᠳᠡᠭᠡᠯᠡᠯ᠂ ᠲᠣᠭᠤᠷᠢᠨ ᠪᠠᠶ᠋ᠢᠴᠠᠭ᠋ᠠᠵᠤ ᠬᠢᠨᠠᠨ ᠪᠤᠳᠤᠬᠤ ᠵᠡᠷᠭᠡ᠎ᠪᠠᠷ ᠲᠤᠰᠬᠠᠭᠰᠠᠨ ᠠᠰᠠᠭᠤᠳᠠᠯ᠎ᠤᠨ ᠰᠦᠪᠡᠭᠴᠢ ᠵᠢᠴᠢ ᠰᠤᠭᠤᠴᠢᠨ ᠪᠠᠶ᠋ᠢᠴᠠᠭ᠋ᠠᠵᠤ ᠲᠣᠭᠤᠷᠢᠨ ᠪᠠᠶ᠋ᠢᠴᠠᠭ᠋ᠠᠬᠤ ᠶᠠᠪᠤᠴᠠ᠎ᠳᠤ ᠢᠯᠡᠷᠡᠭᠦᠯᠦᠭᠰᠡᠨ ᠠᠰᠠᠭᠤᠳᠠᠯ᠎ᠤᠨ ᠰᠦᠪᠡᠭᠴᠢ ᠵᠡᠷᠭᠡ ᠵᠢ ᠦᠨᠳᠦᠰᠦᠯᠡᠨ᠂ ᠬᠢᠨᠠᠨ ᠲᠣᠭᠲᠠᠭ᠋ᠠᠬᠤ ᠨᠢᠭᠡᠴᠢ ᠵᠢ ᠰᠢᠮᠳᠠᠭᠤᠯᠤᠨ ᠪᠠᠶ᠋ᠢᠴᠠᠭ᠋ᠠᠬᠤ᠂ ᠭᠡᠳᠡᠷᠭᠦ ᠪᠠᠶ᠋ᠢᠴᠠᠭ᠋ᠠᠬᠤ᠂ ᠳᠠᠬᠢᠨᠳᠠ ᠪᠠᠶ᠋ᠢᠴᠠᠭ᠋ᠠᠬᠤ ᠬᠡᠷᠡᠭᠲᠡᠢ᠃
ᠵᠢᠷᠠᠨ ᠨᠠᠢ᠍ᠮᠠᠳᠤᠭ᠋ᠠᠷ ᠵᠦᠢ᠍ᠯ ᠡᠯ᠎ᠡ ᠱᠠᠲᠤᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠳᠣᠲᠣᠭ᠋ᠠᠳᠤ ᠵᠢ ᠬᠠᠮᠠᠭ᠋ᠠᠯᠠᠬᠤ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠰ ᠭᠠᠵᠠᠷ ᠣᠷᠣᠨ᠎ᠤ᠎ᠪᠠᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠣᠷᠴᠢᠨ ᠨᠦᠬᠦᠴᠡᠯ᠎ᠳᠤ ᠲᠤᠰᠬᠠᠶ᠋ᠢᠯᠠᠨ ᠴᠡᠭᠴᠡᠯᠡᠵᠦ ᠵᠠᠰᠠᠬᠤ ᠠᠵᠢᠯ᠎ᠢ ᠴᠢᠩᠭ᠋ᠠᠳᠬᠠᠵᠤ᠂ ᠡᠯ᠎ᠡ ᠲᠥᠷᠥᠯ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠂ ᠰᠢᠯᠭ᠋ᠠᠬᠤ᠂ ᠦᠨᠡᠮᠯᠡᠯ ᠣᠯᠭᠤᠬᠤ ᠪᠠ ᠰᠦᠢ᠍ᠳᠬᠡᠯ ᠬᠤᠷᠢᠶᠠᠬᠤ ᠵᠦᠢ᠍ᠯᠡᠰ᠎ᠢ ᠬᠠᠤᠯᠢ ᠶᠣᠰᠣᠭ᠋ᠠᠷ ᠢᠯᠭ᠋ᠠᠷᠠᠭᠤᠯᠤᠨ ᠵᠢᠷᠤᠮᠵᠢᠭᠤᠯᠵᠤ᠂ ᠬᠤᠯᠪᠣᠭᠳᠠᠯ ᠪᠦᠬᠦᠢ ᠵᠠᠭᠤᠴᠢ ᠵᠡᠷᠭᠡ ᠨᠡᠶ᠋ᠢᠭᠡᠮ᠎ᠤᠨ ᠪᠠᠶ᠋ᠢᠭᠤᠯᠤᠮᠵᠢ ᠵᠢᠨ ᠬᠤᠳᠠᠯ ᠬᠠᠭᠤᠷᠮᠠᠭ ᠰᠦᠯᠵᠢᠶᠡᠨ ᠥᠷᠲᠡᠭᠡ ᠭᠠᠷᠭ᠋ᠠᠬᠤ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠭᠡᠷ᠎ᠡ᠎ᠪᠠᠷ ᠮᠡᠭᠡ ᠭᠠᠷᠭ᠋ᠠᠬᠤ᠂ ᠬᠤᠳᠠᠯ ᠬᠠᠭᠤᠷᠮᠠᠭ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠂ ᠬᠤᠳᠠᠯ ᠬᠠᠭᠤᠷᠮᠠᠭ ᠦᠨᠡᠮᠯᠡᠯ ᠦᠢ᠍ᠯᠡᠳᠴᠦ ᠫᠠᠨᠽᠠᠯᠠᠬᠤ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠡᠯ᠎ᠡ ᠨᠢᠭᠡᠴᠢ ᠵᠢᠨ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ᠂ ᠬᠠᠤᠯᠢ ᠪᠤᠰᠤ ᠪᠠᠶ᠋ᠢᠭᠤᠯᠤᠮᠵᠢ᠂ ᠬᠠᠤᠯᠢ ᠪᠤᠰᠤ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠬᠡᠨ ᠲᠣᠷᠭ᠋ᠠᠵᠤ ᠰᠢᠢ᠍ᠳᠪᠦᠷᠢᠯᠡᠨ᠎ᠡ᠃ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠬᠤᠯᠪᠣᠭᠳᠠᠯ ᠪᠦᠬᠦᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠵᠢᠯᠴᠠᠨ ᠥᠭᠦᠯᠡᠯ ᠣᠷᠣᠯᠠᠨ ᠪᠢᠴᠢᠵᠦ ᠣᠷᠣᠯᠠᠨ ᠨᠡᠢ᠍ᠲᠡᠯᠡᠭᠰᠡᠨ᠂ ᠬᠤᠳᠠᠯ ᠬᠠᠭᠤᠷᠮᠠᠭ ᠵᠶ᠋ᠠᠷ ᠨᠡᠢ᠍ᠲᠡᠯᠡᠭᠰᠡᠨ ᠵᠡᠷᠭᠡ ᠰᠠᠬᠢᠯᠭ᠎ᠠ ᠪᠠᠲᠤ ᠳᠦᠷᠢᠮ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃
ᠵᠢᠷᠠ ᠶᠢᠰᠦᠳᠦᠭᠡᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠤᠨ ᠵᠣᠬᠢᠶᠠᠨ ᠪᠠᠢ᠍ᠭᠤᠯᠤᠭᠰᠠᠨ ᠨᠢᠭᠡᠴᠢ᠎ᠨᠦᠭᠦᠳ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ᠂ ᠬᠢᠨᠠᠯᠲᠠ ᠲᠠᠯᠪᠢᠬᠤ ᠪᠠ ᠬᠢᠨᠠᠨ ᠪᠤᠳᠤᠬᠤ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃
ᠳᠠᠯᠠᠳᠤᠭ᠋ᠠᠷ ᠵᠦᠢ᠍ᠯ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠲᠣᠭᠲᠠᠭ᠋ᠠᠬᠤ ᠺᠣᠮᠢᠰ᠎ᠤᠨ ᠵᠣᠬᠢᠶᠠᠨ ᠪᠠᠶ᠋ᠢᠭᠤᠯᠤᠭᠰᠠᠨ ᠨᠢᠭᠡᠴᠢ ᠪᠠ ᠬᠡᠷᠡᠭ ᠡᠷᠭᠢᠯᠡᠬᠦ ᠪᠠᠶ᠋ᠢᠭᠤᠯᠤᠮᠵᠢ᠎ᠨᠤᠭᠤᠳ ᠵᠠᠭ᠋ᠠᠯᠳᠤᠵᠤ ᠢᠯᠡᠴᠢᠯᠡᠨ ᠮᠡᠳᠡᠭᠦᠯᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠨᠡᠶ᠋ᠢᠭᠡᠮ᠎ᠤᠨ ᠬᠢᠨᠠᠯᠲᠠ ᠵᠢ ᠬᠦᠯᠢᠶᠡᠬᠦ ᠬᠡᠷᠡᠭᠲᠡᠢ᠃
ᠵᠢᠷᠭᠤᠳᠤᠭ᠋ᠠᠷ ᠪᠦᠯᠦᠭ ᠲᠣᠭᠲᠠᠭ᠋ᠠᠯ ᠢ ᠵᠥᠷᠢᠴᠡᠵᠦ ᠰᠠᠬᠢᠯᠭ᠎ᠠ ᠪᠠᠲᠤ ᠵᠢᠵᠥᠷᠢᠴᠡᠭᠰᠡᠨ ᠠᠰᠠᠭᠤᠳᠠᠯ᠎ᠤᠳ᠎ᠢ ᠰᠢᠢ᠍ᠳᠪᠦᠷᠢᠯᠡᠬᠦ
ᠳᠠᠯᠠᠨ ᠨᠢᠭᠡᠳᠦᠭᠡᠷ ᠵᠦᠢ᠍ᠯ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠢᠲᠡᠭᠡᠮᠵᠢ ᠵᠢᠨ ᠲᠤᠭᠲᠠᠯᠴᠠᠭ᠋ᠠᠨᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠰᠢᠰᠲ᠋ᠧᠮ᠎ᠳᠤ ᠲᠦᠰᠢᠭᠯᠡᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠤᠨ ᠬᠥᠮᠥᠷᠭᠡ (ᠳᠣᠷᠣᠭᠰᠢ ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠤᠨ ᠬᠥᠮᠥᠷᠭᠡ ᠭᠡᠵᠦ ᠲᠣᠪᠴᠢᠯᠠᠨ᠎ᠠ) ᠵᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠤᠨ ᠬᠥᠮᠥᠷᠭᠡ᠎ᠨᠢ ᠭᠤᠣᠯᠳᠠᠭᠤ ᠬᠤᠪᠢ ᠬᠥᠮᠥᠨ᠎ᠳᠤ ᠬᠤᠯᠪᠣᠭᠳᠠᠭᠰᠠᠨ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ ᠵᠢ ᠲᠡᠮᠳᠡᠭᠯᠡᠨ᠎ᠡ᠂ ᠡᠭᠦᠨ᠎ᠳᠤ ᠲᠣᠭᠲᠠᠭ᠋ᠠᠯ᠎ᠠᠴᠠ ᠵᠥᠷᠢᠴᠡᠭᠰᠡᠨ ᠪᠠᠶ᠋ᠢᠳᠠᠯ᠂ ᠰᠢᠢ᠍ᠳᠪᠦᠷᠢᠯᠡᠬᠦ ᠦᠨᠳᠦᠰᠦᠯᠡᠯ᠂ ᠰᠢᠢ᠍ᠳᠪᠦᠷᠢᠯᠡᠭᠰᠡᠨ ᠠᠷᠭ᠎ᠠ ᠬᠡᠮᠵᠢᠶ᠎ᠡ᠂ ᠬᠦᠴᠦᠨ᠎ᠲᠠᠢ ᠪᠣᠯᠤᠭᠰᠠᠨ ᠴᠠᠭ ᠬᠤᠭᠤᠴᠠᠭ᠎ᠠ᠂ ᠲᠡᠮᠳᠡᠭᠯᠡᠭᠰᠡᠨ ᠬᠤᠭᠤᠴᠠᠭ᠎ᠠ ᠬᠢᠵᠠᠭ᠋ᠠᠷ ᠵᠢᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠲᠡᠮᠳᠡᠭᠯᠡᠬᠦ ᠴᠢᠬᠤᠯᠠᠲᠠᠢ ᠪᠤᠰᠤᠳ ᠮᠡᠳᠡᠭᠡ ᠵᠠᠩᠭᠢ ᠵᠢ ᠪᠠᠭᠲᠠᠭ᠋ᠠᠨ᠎ᠠ᠃
ᠲᠠᠯᠠᠨ ᠬᠤᠶᠠᠳᠤᠭ᠋ᠠᠷ ᠵᠦᠢ᠍ᠯ ᠭᠤᠶᠤᠴᠢᠯᠠᠨ ᠮᠡᠳᠡᠭᠦᠯᠦᠭᠴᠢ᠎ᠨᠢ ᠬᠤᠳᠠᠯ ᠬᠠᠭᠤᠷᠮᠠᠭ ᠭᠤᠶᠤᠴᠢᠯᠠᠯ᠎ᠤᠨ ᠮᠠᠲ᠋ᠧᠷᠢᠶᠠᠯ ᠬᠠᠩᠭ᠋ᠠᠵᠤ᠂ ᠰᠢᠢ᠍ᠳᠬᠡᠭᠳᠡᠨ ᠰᠢᠢ᠍ᠳᠪᠦᠷᠢᠯᠡᠭᠳᠡᠭᠰᠡᠨ ᠵᠡᠷᠭᠡ ᠬᠠᠮᠢᠶ᠎ᠠ ᠪᠦᠬᠦᠢ ᠪᠠᠶ᠋ᠢᠳᠠᠯ ᠵᠶ᠋ᠠᠨ ᠨᠢᠭᠤᠨ ᠳᠠᠯᠳᠠᠯᠠᠭᠰᠠᠨ ᠪᠠᠶ᠋ᠢᠪᠠᠯ᠂ ᠬᠥᠮᠥᠨ ᠬᠡᠷᠡᠭᠯᠡᠬᠦ ᠨᠢᠭᠡᠴᠢ᠎ᠠᠴᠠ ᠲᠡᠭᠦᠨ᠎ᠤ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠬᠢᠷᠢ ᠬᠡᠮ᠎ᠢ᠎ᠨᠢ ᠬᠠᠰᠤᠨ᠎ᠠ; ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠬᠤ᠂ ᠪᠤᠰᠤᠳ᠎ᠤᠨ ᠪᠦᠲᠦᠭᠡᠯ ᠪᠠ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠎ᠢ ᠬᠠᠭᠤᠯᠬᠤ᠂ ᠬᠤᠯᠠᠭ᠋ᠠᠶ᠋ᠢᠯᠠᠬᠤ᠂ ᠵᠣᠬᠢᠶᠠᠯ ᠦᠭᠦᠯᠡᠯ᠎ᠳᠤ ᠵᠣᠬᠢᠰ ᠦᠭᠡᠢ᠎ᠪᠠᠷ ᠨᠡᠷ᠎ᠡ᠎ᠪᠠᠨ ᠪᠢᠴᠢᠬᠦ ᠵᠡᠷᠭᠡ ᠵᠦᠢ ᠪᠤᠰᠤ ᠠᠷᠭ᠎ᠠ ᠪᠠᠷᠢᠯ ᠵᠶ᠋ᠠᠷ ᠮᠡᠷᠭᠡᠵᠢᠯ᠎ᠤᠨ ᠴᠣᠯᠠ ᠣᠯᠣᠭᠰᠠᠨ ᠪᠠᠶ᠋ᠢᠪᠠᠯ᠂ ᠡᠰᠡᠬᠦᠯ᠎ᠡ ᠲᠣᠰ ᠬᠡᠷᠡᠭᠵᠢᠭᠦᠯᠬᠦ ᠨᠠᠷᠢᠨ ᠳᠦᠷᠢᠮ᠎ᠤᠨ ᠵᠢᠷᠠᠨ ᠬᠤᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠲᠠᠨᠢᠯᠴᠠᠭᠤᠯᠤᠭᠰᠠᠨ ᠨᠢᠭᠡᠴᠢ ᠪᠠ ᠬᠢᠨᠠᠨ ᠲᠣᠭᠲᠠᠭ᠋ᠠᠬᠤ ᠺᠣᠮᠢᠰ᠎ᠤᠨ ᠵᠤᠬᠢᠶᠠᠨ ᠪᠠᠶ᠋ᠢᠭᠤᠯᠤᠭᠰᠠᠨ ᠨᠢᠭᠡᠴᠢ᠎ᠠᠴᠠ ᠪᠠᠶ᠋ᠢᠴᠠᠭ᠋ᠠᠨ ᠬᠠᠷᠭᠤᠭᠤᠯᠵᠤ᠂ ᠮᠡᠷᠭᠡᠵᠢᠯ᠎ᠤᠨ ᠴᠣᠯᠠ ᠵᠢᠨ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ᠂ ᠬᠠᠷᠠᠭ᠋ᠠᠯᠵᠠᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠲᠡᠭᠦᠨ᠎ᠤ ᠮᠡᠷᠭᠡᠵᠢᠯ᠎ᠤᠨ ᠴᠣᠯᠠ ᠵᠢ᠎ᠨᠢ ᠬᠦᠴᠦᠨ ᠦᠭᠡᠢ ᠪᠣᠯᠭ᠋ᠠᠬᠤ ᠵᠢᠨ ᠬᠠᠮᠲᠤ᠂ ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠤᠨ ᠬᠥᠮᠥᠷᠭᠡ᠎ᠳᠤ ᠲᠡᠮᠳᠡᠭᠯᠡᠨ ᠤᠷᠤᠭᠤᠯᠤᠨ᠎ᠠ᠂ ᠲᠡᠮᠳᠡᠭᠯᠡᠬᠦ ᠬᠤᠭᠤᠴᠠᠭ᠎ᠠ ᠬᠢᠵᠠᠭ᠋ᠠᠷ᠎ᠨᠢ 3 ᠵᠢᠯ ᠪᠠᠶ᠋ᠢᠵᠤ ᠲᠡᠮᠲᠡᠭᠯᠡᠭᠰᠡᠨ ᠬᠤᠭᠤᠴᠠᠭ᠎ᠠ ᠬᠢᠵᠠᠭ᠋ᠠᠷ᠎ᠤᠨ ᠳᠣᠲᠣᠷ᠎ᠠ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠨ ᠮᠡᠳᠡᠭᠦᠯᠵᠦ ᠪᠣᠯᠬᠤ ᠦᠭᠡᠢ᠃ ᠥᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠠᠶ᠋ᠢᠪᠠᠯ᠂ ᠠᠵᠢᠯᠯᠠᠵᠤ ᠪᠠᠶ᠋ᠢᠭ᠎ᠠ ᠨᠢᠭᠡᠴᠢ᠎ᠳᠤ᠎ᠨᠢ ᠮᠡᠳᠡᠭᠳᠡᠵᠦ᠂ ᠠᠵᠢᠯᠯᠠᠵᠤ ᠪᠠᠶ᠋ᠢᠭ᠎ᠠ ᠨᠢᠭᠡᠴᠢ (ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ)᠎ᠳᠤᠨᠢ ᠵᠤᠬᠢᠬᠤ ᠰᠢᠢ᠍ᠳᠪᠦᠷᠢᠯᠡᠯᠲᠡ ᠥᠭᠬᠦ᠎ᠪᠠᠷ ᠰᠠᠨᠠᠭᠤᠯᠭ᠎ᠠ ᠳᠤᠷᠠᠳᠬᠤ ᠬᠡᠷᠡᠭᠲᠡᠢ᠃
ᠲᠠᠯᠠᠨ ᠭᠤᠷᠪᠠᠳᠤᠭ᠋ᠠᠷ ᠵᠦᠢ᠍ᠯ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠳ᠎ᠲᠤ ᠲᠤᠰ ᠬᠡᠷᠡᠭᠵᠢᠭᠦᠯᠬᠦ ᠨᠠᠷᠢᠨ ᠳᠦᠷᠢᠮ᠎ᠤᠨ ᠵᠢᠷᠠᠨ ᠭᠤᠷᠪᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠲᠣᠭᠲᠠᠭ᠋ᠠᠯ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠬᠢᠨᠠᠨ ᠲᠣᠭᠲᠠᠭ᠋ᠠᠬᠤ ᠺᠣᠮᠢᠰ ᠦ᠋᠊ᠨ ᠵᠣᠬᠢᠶᠠᠨ ᠪᠠᠶ᠋ᠢᠭᠤᠯᠤᠭᠰᠠᠨ ᠨᠢᠭᠡᠴᠢ᠎ᠠᠴᠠ ᠲᠡᠳᠡᠨ᠎ᠤ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠢᠷᠢ ᠬᠡᠮ᠎ᠢ᠎ᠨᠢ ᠬᠠᠰᠤᠵᠤ᠂ ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠤᠨ ᠬᠥᠮᠥᠷᠭᠡ᠎ᠳᠤ ᠲᠡᠮᠳᠡᠭᠯᠡᠨ ᠣᠷᠣᠭᠤᠯᠤᠨ᠎ᠠ᠂ ᠲᠡᠮᠳᠡᠭᠯᠡᠬᠦ ᠬᠤᠭᠤᠴᠠᠭ᠎ᠠ ᠬᠢᠵᠠᠭ᠋ᠠᠷ᠎ᠨᠢ 3 ᠵᠢᠯ ᠪᠣᠯᠬᠤ ᠵᠢᠨ ᠬᠠᠮᠲᠤ᠂ ᠠᠵᠢᠯᠯᠠᠵᠤ ᠪᠠᠶ᠋ᠢᠭ᠎ᠠ ᠨᠢᠭᠡᠴᠢ᠎ᠳᠤ᠎ᠨᠢ ᠮᠡᠳᠡᠭᠳᠡᠵᠦ᠂ ᠠᠵᠢᠯᠯᠠᠵᠤ ᠪᠠᠶ᠋ᠢᠭ᠎ᠠ ᠨᠢᠭᠡᠴᠢ᠎ᠳᠤ᠎ᠨᠢ ᠵᠣᠬᠢᠬᠤ ᠰᠢᠢ᠍ᠳᠪᠦᠷᠢᠯᠡᠯᠲᠡ ᠥᠭᠬᠦ᠎ᠪᠠᠷ ᠰᠠᠨᠠᠭᠤᠯᠭ᠎ᠠ ᠳᠤᠷᠠᠳᠬᠤ ᠬᠡᠷᠡᠭᠲᠡᠢ᠃
ᠳᠠᠯᠠᠨ ᠳᠥᠷᠪᠡᠳᠦᠭᠡᠷ ᠵᠦᠢ᠍ᠯ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠠᠮᠢᠶ᠎ᠠ ᠪᠦᠬᠦᠢ ᠠᠵᠢᠯᠲᠠᠳ᠎ᠲᠤ ᠲᠣᠰ ᠬᠡᠷᠡᠭᠵᠢᠭᠦᠯᠬᠦ ᠨᠠᠷᠢᠨ ᠳᠦᠷᠢᠮ᠎ᠤᠨ ᠵᠢᠷᠠᠨ ᠳᠥᠷᠪᠡᠳᠦᠭᠡᠷ ᠵᠦᠢ᠍ᠯ᠎ᠳᠤ ᠲᠣᠭᠲᠠᠭ᠋ᠠᠭᠰᠠᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠤᠨ ᠬᠥᠮᠥᠷᠭᠡ᠎ᠳᠤ ᠲᠡᠮᠳᠡᠭᠯᠡᠨ ᠣᠷᠣᠭᠤᠯᠤᠨ᠎ᠠ᠂ ᠲᠡᠮᠳᠡᠭᠯᠡᠬᠦ ᠬᠤᠭᠤᠴᠠᠭ᠎ᠠ ᠬᠢᠵᠠᠭ᠋ᠠᠷ᠎ᠨᠢ 3 ᠵᠢᠯ ᠪᠣᠯᠣᠨ᠎ᠠ᠂ ᠲᠡᠮᠳᠡᠭᠯᠡᠬᠦ ᠬᠤᠭᠤᠴᠠᠭ᠎ᠠ ᠬᠢᠵᠠᠭ᠋ᠠᠷ᠎ᠤᠨ ᠳᠣᠲᠣᠷ᠎ᠠ ᠬᠠᠮᠢᠶ᠎ᠠ ᠪᠦᠬᠦᠢ ᠨᠢᠭᠡᠴᠢ᠎ᠠᠴᠠ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠠᠮᠢᠶ᠎ᠠ ᠪᠦᠬᠦᠢ ᠠᠵᠢᠯ᠎ᠢ ᠳᠠᠭᠢᠵᠤ ᠬᠢᠵᠦ ᠪᠣᠯᠬᠤ ᠦᠭᠡᠢ ᠬᠡᠮᠡᠨ ᠵᠠᠷᠯᠢᠭᠳᠠᠵᠤ᠂ ᠬᠠᠤᠯᠢ ᠶᠣᠰᠣᠭ᠋ᠠᠷ ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠨ᠎ᠡ᠃
ᠳᠠᠯᠠᠨ ᠲᠠᠪᠤᠳᠤᠭ᠋ᠠᠷ ᠵᠦᠢ᠍ᠯ ᠡᠯ᠎ᠡ ᠠᠶ᠋ᠢᠮᠠᠭ ᠬᠤᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠲᠣᠰ ᠭᠠᠵᠠᠷ ᠣᠷᠣᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠳᠤ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ᠎ᠪᠠᠨ ᠬᠤᠷᠢᠶᠠᠩᠭᠤᠶ᠋ᠢᠯᠠᠬᠤ ᠵᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠳᠡᠭᠡᠳᠦ ᠵᠡᠷᠭᠡ ᠵᠢᠨ ᠬᠢᠨᠠᠨ ᠲᠣᠭᠲᠠᠭ᠋ᠠᠬᠤ ᠺᠣᠮᠢᠰ᠎ᠨᠢ ᠲᠣᠰ ᠮᠡᠷᠭᠡᠵᠢᠯ ᠦ᠋᠊ᠨ ᠴᠣᠯᠠ ᠵᠢᠨ ᠰᠢᠷᠢᠰ (ᠲᠤᠰᠬᠠᠢ ᠮᠡᠷᠭᠡᠵᠢᠯ)᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠳᠤ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ᠎ᠪᠠᠨ ᠬᠤᠷᠢᠶᠠᠩᠭᠤᠶ᠋ᠢᠯᠠᠬᠤ ᠵᠢ ᠬᠠᠷᠢᠭᠤᠴᠠᠵᠤ᠂ ᠭᠤᠶᠤᠴᠢᠯᠠᠨ ᠮᠡᠳᠡᠭᠦᠯᠦᠭᠴᠢ᠂ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ ᠵᠢᠴᠢ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠠᠮᠢᠶ᠎ᠠ ᠪᠦᠬᠦᠢ ᠠᠵᠢᠯᠲᠠᠨ᠎ᠳᠤ ᠢᠲᠡᠭᠡᠮᠵᠢ ᠵᠢ ᠬᠠᠷᠭᠤᠭᠤᠯᠤᠨ ᠪᠠᠶ᠋ᠢᠴᠠᠭ᠋ᠠᠯᠲᠠ ᠬᠢᠬᠦ᠎ᠳᠤ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠪᠥᠬᠦ ᠣᠷᠣᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠳᠤ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ ᠵᠢ ᠬᠤᠷᠢᠶᠠᠩᠭᠤᠶ᠋ᠢᠯᠠᠬᠤ ᠵᠢ᠎ᠨᠢ ᠬᠠᠷᠢᠭᠤᠴᠠᠨ᠎ᠠ᠃ ᠬᠦᠨᠳᠦ ᠨᠣᠴᠢᠲᠠᠢ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠣᠷᠣᠰᠢᠵᠤ ᠪᠠᠶ᠋ᠢᠪᠠᠯ᠂ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠵᠦ ᠬᠢᠨᠠᠨ ᠲᠣᠭᠲᠠᠭ᠋ᠠᠯᠭ᠋ᠠᠬᠤ᠎ᠳᠤ ᠢᠲᠡᠭᠡᠯ ᠠᠯᠳᠠᠭᠰᠠᠳ᠎ᠤᠨ ᠬᠠᠷ᠎ᠠ ᠲᠠᠩᠰᠠᠨ᠎ᠳᠤ ᠣᠷᠣᠭᠤᠯᠵᠤ᠂ ᠬᠠᠤᠯᠢ ᠲᠣᠭᠲᠠᠭ᠋ᠠᠯ ᠶᠣᠰᠣᠭ᠋ᠠᠷ ᠢᠲᠡᠭᠡᠯ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠦᠨ᠎ᠡ᠃
ᠳᠠᠯᠠᠨ ᠵᠢᠷᠭᠤᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠨᠢ ᠬᠢᠨᠠᠨ ᠵᠥᠪᠰᠢᠶᠡᠷᠡᠭᠦᠯᠵᠦ ᠳᠠᠩᠰᠠᠯᠠᠭᠤᠯᠤᠭᠰᠠᠨ ᠦᠭᠡᠢ᠂ ᠬᠦᠴᠦᠨ᠎ᠲᠠᠢ ᠬᠤᠭᠤᠴᠠᠭ᠎ᠠ᠎ᠨᠢ ᠲᠤᠯᠤᠭᠰᠠᠨ ᠪᠠᠶ᠋ᠢᠲᠠᠯ᠎ᠠ ᠳᠠᠬᠢᠵᠤ ᠬᠢᠨᠠᠨ ᠵᠥᠪᠰᠢᠶᠡᠷᠡᠭᠦᠯᠵᠦ ᠳᠠᠩᠰᠠᠯᠠᠭᠤᠯᠤᠭᠰᠠᠨ ᠦᠭᠡᠢ ᠪᠤᠶᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠡᠷᠬᠡ ᠮᠡᠳᠡᠯ᠎ᠤᠨ ᠬᠡᠪᠴᠢᠶ᠎ᠡ᠎ᠠᠴᠠ ᠳᠠᠪᠠᠭᠰᠠᠨ᠂ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠦᠷᠢᠶ᠎ᠡ ᠬᠡᠪᠴᠢᠶ᠎ᠡ᠎ᠪᠠᠨ ᠳᠤᠷ᠎ᠠ᠎ᠪᠠᠷ ᠥᠷᠭᠡᠳᠬᠡᠭᠰᠡᠨ ᠵᠢᠴᠢ ᠬᠢᠨᠠᠨ ᠲᠣᠭᠲᠠᠭ᠋ᠠᠬᠤ ᠳᠡᠰ ᠳᠠᠷᠠᠭ᠋ᠠᠯᠠᠯ ᠪᠠ ᠲᠣᠭᠲᠠᠭ᠋ᠠᠯ᠎ᠢ ᠵᠦᠷᠢᠴᠡᠵᠦ ᠬᠢᠨᠠᠨ ᠲᠣᠭᠲᠠᠭ᠋ᠠᠬᠤ ᠠᠵᠢᠯ ᠬᠢᠭᠰᠡᠨ ᠪᠠᠶ᠋ᠢᠪᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠲᠡᠳᠡᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠡᠷᠬᠡ ᠵᠢᠨ ᠬᠢᠵᠠᠭ᠋ᠠᠷ ᠪᠤᠶᠤ ᠡᠷᠬᠡ ᠵᠢᠨ ᠬᠢᠵᠠᠭ᠋ᠠᠷ ᠪᠠ ᠬᠦᠷᠢᠶ᠎ᠡ ᠬᠡᠪᠴᠢᠶ᠎ᠡ᠎ᠠᠴᠠ ᠳᠠᠪᠠᠭᠰᠠᠨ ᠮᠡᠷᠭᠡᠵᠢᠯ᠎ᠤᠨ ᠴᠣᠯᠠ ᠬᠢᠨᠠᠨ ᠲᠤᠭᠲᠠᠭ᠋ᠠᠭᠰᠠᠨ ᠦᠢ᠍ᠯᠡ ᠠᠵᠢᠯᠯᠠᠭ᠎ᠠ ᠪᠤᠯᠤᠨ ᠦᠷ᠎ᠡ ᠳ᠋ᠦᠩ᠎ᠢ᠎ᠨᠢ ᠮᠡᠳᠡᠷᠡᠬᠦ ᠦᠭᠡᠢ᠃
ᠳᠠᠯᠠᠨ ᠳᠣᠯᠣᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠲᠤ ᠲᠣᠰ ᠬᠡᠷᠡᠭᠵᠢᠭᠦᠯᠬᠦ ᠨᠠᠷᠢᠨ ᠳᠦᠷᠢᠮ᠎ᠤᠨ ᠵᠢᠷᠠᠨ ᠲᠠᠪᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠠᠵᠢᠯ᠎ᠤᠨ ᠰᠠᠨᠠᠭᠤᠯᠤᠮᠵᠢ ᠥᠭᠴᠦ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠵᠤ᠂ ᠨᠥᠯᠥᠭᠡ ᠵᠢ᠎ᠨᠢ ᠠᠷᠢᠯᠭ᠋ᠠᠬᠤ ᠬᠡᠷᠡᠭᠲᠡᠢ; ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠬᠤᠶᠠᠷ ᠵᠦᠢ᠍ᠯ᠎ᠠᠴᠠ ᠳᠡᠭᠡᠭᠰᠢ ᠪᠠᠶ᠋ᠢᠬᠤ ᠪᠤᠶᠤ ᠲᠡᠭᠦᠨ᠎ᠤ ᠳᠣᠲᠣᠷᠠᠬᠢ ᠨᠢᠭᠡ ᠵᠦᠢ᠍ᠯ᠎ᠤᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠨᠡᠶ᠋ᠢᠲᠡ 2 ᠤᠳᠠᠭ᠎ᠠ ᠢᠯᠡᠷᠡᠵᠦ᠂ ᠬᠢᠨᠠᠨ ᠲᠣᠭᠲᠠᠭ᠋ᠠᠬᠤ ᠬᠠᠮᠢᠶᠠᠷᠤᠯᠲᠠ᠎ᠨᠢ ᠰᠤᠯᠠ ᠵᠠᠳᠠᠭ᠋ᠠᠢ᠂ ᠴᠢᠩᠭ᠎ᠠ ᠠᠳᠬᠤᠭᠰᠠᠨ ᠦᠭᠡᠢ᠎ᠠᠴᠠ ᠪᠣᠯᠵᠤ ᠵᠠᠭ᠋ᠠᠯᠳᠤᠯᠭ᠎ᠠ ᠨᠡᠯᠢᠶᠡᠳ ᠣᠯᠠᠨ᠂ ᠮᠠᠷᠭᠤᠯᠳᠤᠭ᠋ᠠᠨ ᠨᠡᠯᠢᠶᠡᠳ ᠶᠡᠭᠡ ᠪᠠᠶ᠋ᠢᠪᠠᠯ᠂ ᠬᠢᠨᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠣᠯᠵᠣᠨ ᠶᠠᠷᠢᠯᠴᠠᠵᠤ᠂ ᠬᠢᠨᠠᠨ ᠲᠣᠭᠲᠠᠭ᠋ᠠᠬᠤ ᠠᠵᠢᠯ᠎ᠢ᠎ᠨᠢ ᠳᠠᠷᠤᠶ᠋ᠢᠬᠠᠨ ᠵᠣᠭᠰᠣᠭ᠋ᠠᠵᠤ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠵᠤ᠂ ᠨᠥᠯᠥᠭᠡ ᠵᠢ᠎ᠨᠢ ᠠᠷᠢᠯᠭ᠋ᠠᠬᠤ᠎ᠪᠠᠷ ᠵᠠᠷᠯᠢᠭᠳᠠᠬᠤ ᠬᠡᠷᠡᠭᠲᠡᠢ᠃
ᠳᠠᠯᠠᠨ ᠨᠠᠢ᠍ᠮᠠᠳᠤᠭ᠋ᠠᠷ ᠵᠦᠢ᠍ᠯ ᠬᠢᠨᠠᠨ ᠲᠣᠭᠲᠠᠭ᠋ᠠᠬᠤ ᠺᠣᠮᠢᠰ᠎ᠨᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ ᠵᠶ᠋ᠠᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠃ ᠦᠨᠡᠨ ᠬᠦ᠌ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠪᠠᠯ᠂ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠠᠵᠢᠯ᠎ᠢ᠎ᠨᠢ ᠰᠡᠷᠭᠦᠭᠡᠵᠦ᠂ ᠳᠠᠷᠠᠭ᠎ᠠ ᠨᠢᠭᠡ ᠵᠢᠯ᠎ᠤᠨ ᠭᠤᠣᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠎ᠲᠤ ᠵᠢᠭᠰᠠᠭ᠋ᠠᠨ ᠣᠷᠣᠭᠤᠯᠤᠨ᠎ᠠ᠃
ᠬᠢᠨᠠᠨ ᠲᠣᠭᠲᠠᠭ᠋ᠠᠬᠤ ᠺᠣᠮᠢᠰ᠎ᠨᠢ ᠨᠢᠭᠡ ᠳᠠᠩᠰᠠᠯᠠᠭᠤᠯᠬᠤ ᠦᠶᠡᠯᠡᠯ᠎ᠤᠨ ᠬᠤᠭᠤᠴᠠᠭ᠋ᠠᠨ᠎ᠳᠤ 2 ᠤᠳᠠᠭ᠎ᠠ ᠰᠠᠨᠠᠭᠤᠯᠤᠭᠳᠠᠬᠤ ᠪᠤᠶᠤ 1 ᠤᠳᠠᠭ᠎ᠠ ᠪᠣᠯᠵᠣᠨ ᠶᠠᠷᠢᠯᠴᠠᠭᠰᠠᠨ᠂ ᠴᠡᠭᠴᠡᠯᠡᠨ ᠰᠠᠶ᠋ᠢᠵᠢᠷᠠᠭᠤᠯᠬᠤ᠎ᠪᠠᠷ ᠳᠠᠮᠵᠢᠭ᠋ᠠᠳ ᠮᠥᠨ ᠬᠦ᠌ ᠢᠯᠡᠳᠲᠡ ᠰᠠᠶ᠋ᠢᠵᠢᠷᠠᠭᠰᠠᠨ ᠦᠭᠡᠢ ᠪᠠᠶ᠋ᠢᠪᠠᠯ᠂ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠲᠡᠳᠡᠨ᠎ᠤ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠡᠷᠬᠡ ᠵᠢ᠎ᠨᠢ ᠬᠤᠷᠢᠶᠠᠨ ᠠᠪᠤᠨ᠎ᠠ᠃
ᠳᠠᠯ᠎ᠠ ᠶᠢᠰᠦᠳᠦᠭᠡᠷ ᠵᠦᠢ᠍ᠯ ᠭᠤᠶᠤᠴᠢᠯᠠᠨ ᠮᠡᠳᠡᠭᠦᠯᠦᠭᠴᠢ ᠵᠢᠨ ᠠᠵᠢᠯᠯᠠᠵᠤ ᠪᠠᠶ᠋ᠢᠭ᠎ᠠ ᠨᠢᠭᠡᠴᠢ᠎ᠨᠢ ᠬᠢᠨᠠᠨ ᠬᠠᠷᠭᠤᠭᠤᠯᠬᠤ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ᠂ ᠲᠠᠨᠢᠯᠴᠠᠭᠤᠯᠤᠭᠰᠠᠨ ᠬᠥᠮᠥᠰ᠎ᠤᠨ ᠬᠢᠷᠢ ᠬᠡᠮ᠎ᠤᠨ ᠨᠥᠬᠦᠴᠡᠯ᠂ ᠠᠵᠢᠯ᠎ᠤᠨ ᠶᠣᠰᠣ ᠰᠤᠷᠲᠠᠬᠤᠨ ᠵᠢᠴᠢ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠵᠤ ᠪᠠᠶ᠋ᠢᠭ᠎ᠠ ᠪᠠᠶ᠋ᠢᠳᠠᠯ᠎ᠢ᠎ᠨᠢ ᠴᠢᠩᠭ᠎ᠠ ᠡᠵᠡᠮᠳᠡᠭᠰᠡᠨ ᠦᠭᠡᠢ᠂ ᠬᠢᠨᠠᠨ ᠬᠠᠷᠭᠤᠭᠤᠯᠬᠤ ᠳᠡᠰ ᠳᠠᠷᠠᠭ᠋ᠠᠯᠠᠯ᠎ᠨᠢ ᠪᠦᠷᠢᠨ ᠲᠡᠭᠦᠯᠳᠡᠷ ᠪᠤᠰᠤ᠂ ᠡᠰᠡᠬᠦᠯ᠎ᠡ ᠲᠣᠰ ᠬᠡᠷᠡᠭᠵᠢᠭᠦᠯᠬᠦ ᠨᠠᠷᠢᠨ ᠳᠦᠷᠢᠮ᠎ᠤᠨ ᠵᠢᠷᠠᠨ ᠵᠢᠷᠭᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠨᠢᠭᠡ᠎ᠨᠢ ᠣᠷᠣᠰᠢᠵᠤ ᠪᠠᠶ᠋ᠢᠪᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠤᠶᠤ ᠬᠢᠨᠠᠨ ᠲᠣᠭᠲᠠᠭ᠋ᠠᠬᠤ ᠺᠣᠮᠢᠰ᠎ᠤᠨ ᠵᠣᠬᠢᠶᠠᠨ ᠪᠠᠶ᠋ᠢᠭᠤᠯᠤᠭᠰᠠᠨ ᠨᠢᠭᠡᠴᠢ᠎ᠠᠴᠠ ᠰᠢᠭᠤᠳ ᠬᠠᠷᠢᠭᠤᠴᠠᠵᠤ ᠪᠠᠶ᠋ᠢᠭ᠎ᠠ ᠭᠤᠣᠯᠴᠢᠯᠠᠨ ᠬᠠᠮᠢᠶᠠᠷᠬᠤ ᠠᠵᠢᠯᠲᠠᠨ ᠪᠠ ᠰᠢᠭᠤᠳ ᠬᠠᠷᠢᠭᠤᠴᠠᠯᠭ᠎ᠠ᠎ᠲᠠᠢ ᠬᠦᠮᠦᠨ᠎ᠢ ᠰᠢᠭᠦᠮᠵᠢᠯᠡᠨ ᠰᠤᠷᠭ᠋ᠠᠬᠤ ᠵᠢᠨ ᠬᠠᠮᠲᠤ᠂ ᠵᠠᠷᠯᠢᠭᠳᠠᠵᠤ ᠪᠠᠶ᠋ᠢᠭ᠋ᠠᠳ ᠨᠦᠬᠦᠪᠦᠷᠢᠯᠡᠨ ᠵᠠᠯᠠᠷᠠᠭᠤᠯᠬᠤ ᠠᠷᠭ᠎ᠠ ᠬᠡᠮᠵᠢᠶ᠎ᠡ ᠠᠪᠤᠭᠤᠯᠵᠤ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠤᠨ᠎ᠠ᠃ ᠴᠡᠭᠴᠡᠯᠡᠨ ᠰᠠᠶ᠋ᠢᠵᠢᠷᠠᠭᠤᠯᠤᠭᠰᠠᠨ ᠵᠶ᠋ᠠᠷ ᠬᠦᠷᠦᠯᠴᠡᠬᠦ ᠦᠭᠡᠢ ᠪᠠᠶ᠋ᠢᠪᠠᠯ᠂ ᠬᠠᠤᠯᠢ ᠶᠣᠰᠣᠭ᠋ᠠᠷ ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠨ᠎ᠡ᠃
ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠪᠤᠶᠤ ᠠᠵᠢᠯᠲᠠᠨ᠎ᠤ ᠶᠠᠪᠤᠳᠠᠯ᠎ᠤᠨ ᠣᠷᠣᠯᠠᠬᠤ ᠪᠠᠶ᠋ᠢᠭᠤᠯᠤᠮᠵᠢ ᠵᠡᠷᠭᠡ᠎ᠨᠢ ᠬᠢᠨᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ ᠪᠠᠶ᠋ᠢᠪᠠᠯ᠂ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠳᠡᠭᠡᠷ᠎ᠡ ᠳᠤᠷᠠᠳᠤᠭᠰᠠᠨ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
ᠨᠠᠶᠠᠳᠤᠭ᠋ᠠᠷ ᠵᠦᠢ᠍ᠯ ᠨᠢᠭᠡᠴᠢ ᠪᠠ ᠬᠤᠪᠢ ᠬᠥᠮᠥᠨ᠎ᠨᠢ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠵᠦ ᠬᠢᠨᠠᠨ ᠲᠣᠭᠲᠠᠭ᠋ᠠᠯᠭ᠋ᠠᠬᠤ ᠶᠠᠪᠤᠴᠠ᠎ᠳᠤ ᠰᠠᠬᠢᠯᠭ᠎ᠠ ᠪᠠᠲᠤ ᠪᠠ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠂ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠲᠤᠰᠢᠶᠠᠯᠲᠠᠨ᠎ᠳᠤ ᠵᠠᠰᠠᠭ᠎ᠤᠨ ᠶᠠᠪᠤᠳᠠᠯ᠎ᠤᠨ ᠰᠢᠢ᠍ᠳᠬᠡᠯ ᠥᠭᠬᠦ ᠬᠠᠤᠯᠢ》᠂ 《ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠳᠤ ᠰᠢᠢ᠍ᠳᠬᠡᠯ ᠥᠭᠬᠦ ᠲᠣᠭᠲᠠᠭ᠋ᠠᠯ》 ᠵᠡᠷᠭᠡ ᠬᠠᠤᠯᠢ ᠲᠣᠭᠲᠠᠭ᠋ᠠᠯ ᠶᠣᠰᠣᠭ᠋ᠠᠷ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠶᠠᠪᠤᠳᠠᠯ᠎ᠤᠨ ᠬᠠᠷᠢᠭᠤᠴᠠᠯᠭ᠎ᠠ ᠨᠡᠬᠡᠮᠵᠢᠯᠡᠨ᠎ᠡ; ᠶᠠᠯ᠎ᠠ ᠬᠢᠭᠰᠡᠨ ᠰᠡᠵᠢᠭᠯᠡᠯᠲᠡᠢ ᠪᠠᠶ᠋ᠢᠪᠠᠯ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠳᠣᠯᠣᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠨᠠᠶᠠᠨ ᠨᠢᠭᠡᠳᠦᠭᠡᠷ ᠵᠦᠢ᠍ᠯ ᠲᠤᠰ ᠬᠡᠷᠡᠭᠵᠢᠭᠦᠯᠬᠦ ᠨᠠᠷᠢᠨ ᠳᠦᠷᠢᠮ᠎ᠢ ᠳᠠᠷᠤᠮᠠᠯᠯᠠᠨ ᠲᠠᠷᠬᠠᠭ᠋ᠠᠬᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠤᠤᠯ᠎ᠤᠨ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ〉᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ》 (ᠥᠪᠥᠷ ᠬᠥᠮᠥᠨ ᠨᠡᠶ᠋ᠢᠭᠡᠮ ᠲᠠᠷᠬᠠᠭ᠋ᠠᠭᠰᠠᠨ [2023] 4 ᠳ᠋ᠦ᠍ᠭᠡᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃