ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠠᠯᠪᠠᠨ ᠮᠡᠳᠡᠭᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ ᠠᠵᠢᠯ ᠦᠢᠯᠡᠰ᠎ᠦᠨ ᠨᠢᠭᠡᠴᠢ᠎ᠶᠢᠨ ᠠᠵᠢᠯᠲᠠᠨ᠎ᠤ ᠨᠠᠰᠤᠵᠢᠯ᠎ᠤᠨ ᠳᠠᠭᠠᠳᠬᠠᠯ᠎ᠤᠨ ᠳᠦᠷᠢᠮ᠎ᠦᠨ ᠥᠭᠡᠷᠡᠴᠢᠯᠡᠯᠲᠡ᠎ᠶᠢ ᠬᠡᠷᠡᠭᠵᠢᠭᠦᠯᠬᠦ ᠠᠷᠭ᠎ᠠ 》᠎ᠶᠢᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ
ᠨᠡᠶ᠋ᠢᠲᠡᠯᠡᠭᠰᠡᠨ ᠴᠠᠭ᠄ 2026-02-03

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠢᠴᠢᠭ ᠮᠠᠲᠧᠷᠢᠶᠠᠯ

 

ᠥᠪᠥᠷ ᠵᠠᠰᠠᠭ ᠠᠯᠪᠠᠨ ᠲᠠᠷᠬᠠᠭᠠᠭᠰᠠᠨ 〔2025〕 41 ᠳ᠋ᠦ᠍ᠭᠡᠷ ᠲᠣᠭᠠᠲᠤ

 

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ ᠠᠵᠢᠯ ᠦᠢᠯᠡᠰ᠎ᠦᠨ ᠨᠢᠭᠡᠴᠢ ᠎ᠶᠢᠨ ᠠᠵᠢᠯᠲᠠᠨ᠎ᠤ ᠨᠠᠰᠤᠵᠢᠯ᠎ᠤᠨ ᠳᠠᠭᠠᠳᠬᠠᠯ᠎ᠤᠨ ᠎ᠦᠨ ᠥᠭᠡᠷᠡᠴᠢᠯᠡᠯᠲᠡ᠎ᠶᠢ ᠬᠡᠷᠡᠭᠵᠢᠭᠦᠯᠬᠦ ᠠᠷᠭ᠎ᠠ》᠎ᠶᠢᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ 

 

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ ᠄ 

ᠪᠠᠢᠭᠤᠯᠭ᠎ᠠ ᠠᠵᠢᠯ ᠦᠢᠯᠡᠰ᠎ᠦᠨ ᠨᠢᠭᠡᠴᠢ᠎ᠶᠢᠨ ᠠᠵᠢᠯᠲᠠᠨ᠎ᠤ ᠨᠠᠰᠤᠵᠢᠯ᠎ᠤᠨ ᠳᠠᠭᠠᠳᠬᠠᠯ᠎ᠤᠨ ᠳᠦᠷᠢᠮ᠎ᠦᠨ ᠥᠭᠡᠷᠡᠴᠢᠯᠡᠯᠲᠡ᠎ᠶᠢᠨ ᠰᠢᠯᠵᠢᠯᠲᠡ᠎ᠶᠢᠨ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ ᠣᠯᠭᠣᠮᠵᠢ ᠬᠦᠷᠲᠡᠭᠡᠮᠵᠢ᠎ᠶᠢᠨ ᠲᠠᠯ᠎ᠠ᠎ᠪᠠᠷ ᠲᠣᠭᠲᠠᠭᠤᠨ᠎ᠢᠶᠠᠷ ᠵᠣᠯᠭᠠᠭᠤᠯᠬᠤ ᠬᠣᠯᠪᠣᠭᠳᠠᠯ ᠪᠦᠬᠦᠢ ᠠᠵᠢᠯ᠎ᠤᠨ ᠲᠤᠬᠠᠢ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠡᠳ᠋᠎ᠦᠨ ᠵᠠᠰᠠᠭ᠎ᠤᠨ ᠶᠠᠮᠤᠨ᠎ᠤ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ ᠠᠵᠢᠯ ᠦᠢᠯᠡᠰ᠎ᠦᠨ ᠨᠢᠭᠡᠴᠢ᠎ᠶᠢᠨ ᠠᠵᠢᠯᠲᠠᠨ᠎ᠤ ᠨᠠᠰᠤᠵᠢᠯ᠎ᠤᠨ ᠳᠠᠭᠠᠳᠬᠠᠯ᠎ᠤᠨ ᠳᠦᠷᠢᠮ᠎ᠦᠨ ᠥᠭᠡᠷᠡᠴᠢᠯᠡᠯᠲᠡ᠎ᠶᠢ ᠬᠡᠷᠡᠭᠵᠢᠭᠦᠯᠬᠦ ᠠᠷᠭ᠎ᠠ》 (ᠥᠪᠥᠷ ᠵᠠᠰᠠᠭ ᠠᠯᠪᠠᠨ ᠲᠠᠷᠬᠠᠭᠠᠭᠰᠠᠨ 〔2015〕 127 ᠳ᠋ᠤᠭᠠᠷ ᠲᠣᠭᠠᠲᠤ᠂ ᠳᠣᠷᠣᠭ᠍ᠰᠢ 《ᠬᠡᠷᠡᠭᠵᠢᠭᠦᠯᠬᠦ ᠠᠷᠭ᠎ᠠ》 ᠭᠡᠵᠦ ᠲᠣᠪᠴᠢᠯᠠᠨ᠎ᠠ)᠎ᠶᠢᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ᠎ᠪᠠᠷ ᠲᠣᠭᠲᠠᠵᠤ᠂ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠃ 

ᠨᠢᠭᠡ᠂ 《ᠬᠡᠷᠡᠭᠵᠢᠭᠦᠯᠬᠦ ᠠᠷᠭ᠎ᠠ》᠎ᠶᠢᠨ ᠬᠣᠷᠢᠨ ᠳᠥᠷᠪᠡᠳᠦᠭᠡᠷ ᠵᠦᠢᠯ (ᠬᠣᠶᠠᠷ)᠎ᠦᠨ ᠳᠣᠲᠣᠷᠠᠬᠢ 《(2)》᠎ᠶᠢᠨ ᠠᠭᠤᠯᠭ᠎ᠠ᠎ᠳᠤ ᠵᠠᠰᠠᠪᠤᠷᠢ ᠣᠷᠣᠭᠤᠯᠤᠭᠠᠳ ᠄ 《ᠰᠢᠨ᠎ᠡ ᠠᠷᠭ᠎ᠠ᠎ᠳᠡᠬᠢ ᠣᠯᠭᠣᠮᠵᠢ ᠬᠦᠷᠲᠡᠭᠡᠮᠵᠢ᠎ᠶᠢ ᠪᠤᠳᠤᠵᠤ ᠣᠯᠭᠣᠬᠤ ᠪᠠᠷᠢᠮᠵᠢᠶ᠎ᠠ = ᠨᠠᠰᠤᠵᠢᠯ᠎ᠤᠨ ᠠᠰᠠᠷᠠᠮᠵᠢ᠎ᠶᠢᠨ ᠰᠠᠭᠤᠷᠢ ᠮᠥᠩᠭᠥ + ᠬᠤᠪᠢ ᠬᠥᠮᠥᠨ᠎ᠦ ᠲᠠᠩᠰᠠᠨ ᠡᠷᠦᠬᠡ᠎ᠳᠡᠬᠢ ᠨᠠᠰᠤᠵᠢᠯ᠎ᠤᠨ ᠠᠰᠠᠷᠠᠮᠵᠢ᠎ᠶᠢᠨ ᠮᠥᠩᠭᠥ + ᠰᠢᠯᠵᠢᠯᠲᠡ᠎ᠶᠢᠨ ᠴᠢᠨᠠᠷᠲᠠᠢ ᠨᠠᠰᠤᠵᠢᠯ᠎ᠤᠨ ᠠᠰᠠᠷᠠᠮᠵᠢ᠎ᠶᠢᠨ ᠮᠥᠩᠭᠥ + ᠠᠵᠢᠯ ᠮᠡᠷᠭᠡᠵᠢᠯ᠎ᠦᠨ ᠣᠨ᠎ᠤ ᠮᠥᠩᠭᠥ 

ᠨᠠᠰᠤᠵᠢᠯ᠎ᠤᠨ ᠠᠰᠠᠷᠠᠮᠵᠢ᠎ᠶᠢᠨ ᠰᠠᠭᠤᠷᠢ ᠮᠥᠩᠭᠥ = ᠠᠵᠢᠯ᠎ᠠᠴᠠ᠎ᠪᠠᠨ ᠪᠠᠭᠤᠵᠤ ᠠᠮᠠᠷᠠᠬᠤ ᠦᠶ᠎ᠡ᠎ᠶᠢᠨ ᠳᠡᠭᠡᠷ᠎ᠡ ᠣᠨ᠎ᠤ ᠥᠪᠡᠷᠲᠡᠭᠡᠨ ᠵᠠᠰᠠᠬᠤ ᠣᠷᠣᠨ᠎ᠤ ᠪᠥᠬᠥ ᠰᠢᠰᠲᠧᠮ᠎ᠦᠨ ᠬᠣᠲᠠ ᠪᠠᠯᠭᠠᠰᠤᠨ᠎ᠤ ᠨᠢᠭᠡᠴᠢ᠎ᠶᠢᠨ ᠠᠵᠢᠯ ᠣᠯᠣᠭᠰᠠᠳ᠎ᠤᠨ ᠰᠠᠷ᠎ᠠ᠎ᠶᠢᠨ ᠳᠤᠮᠳᠠᠴᠢ ᠴᠠᠯᠢᠩ ×(1+ ᠲᠣᠰ ᠬᠥᠮᠥᠨ᠎ᠦ ᠰᠦᠢᠳᠬᠡᠯ ᠲᠤᠰᠢᠶᠠᠭᠰᠠᠨ ᠳᠤᠮᠳᠠᠴᠢ ᠴᠠᠯᠢᠩ᠎ᠤᠨ ᠢᠯᠡᠳᠬᠡᠭᠴᠢ ᠲᠣᠭ᠎ᠠ) ÷2× ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ×1% 

ᠬᠤᠪᠢ ᠬᠥᠮᠥᠨ᠎ᠦ ᠳᠠᠩᠰᠠᠨ ᠡᠷᠦᠬᠡ᠎ᠳᠡᠬᠢ ᠨᠠᠰᠤᠵᠢᠯ᠎ᠤᠨ ᠠᠰᠠᠷᠠᠮᠵᠢ᠎ᠶᠢᠨ ᠮᠥᠩᠭᠥ = ᠠᠵᠢᠯ᠎ᠠᠴᠠ᠎ᠪᠠᠨ ᠪᠠᠭᠤᠵᠤ ᠠᠮᠠᠷᠠᠬᠤ ᠦᠶ᠎ᠡ᠎ᠶᠢᠨ ᠬᠤᠪᠢ ᠬᠥᠮᠥᠨ᠎ᠦ ᠨᠠᠰᠤᠵᠢᠯ᠎ᠤᠨ ᠦᠨᠳᠦᠰᠦᠨ ᠳᠠᠭᠠᠳᠬᠠᠯ᠎ᠤᠨ ᠬᠤᠪᠢ ᠬᠥᠮᠥᠨ᠎ᠦ ᠳᠠᠩᠰᠠᠨ ᠡᠷᠦᠬᠡ᠎ᠳᠤ᠎ᠪᠠᠨ ᠬᠠᠳᠠᠭᠠᠯᠠᠭᠰᠠᠨ ᠨᠡᠢᠲᠡ ᠲᠣᠭ᠎ᠠ ÷ ᠪᠤᠳᠤᠵᠤ ᠣᠯᠭᠣᠬᠤ ᠰᠠᠷ᠎ᠠ᠎ᠶᠢᠨ ᠲᠣᠭ᠎ᠠ

ᠰᠢᠯᠵᠢᠯᠲᠡ᠎ᠶᠢᠨ ᠴᠢᠨᠠᠷᠲᠠᠢ ᠨᠠᠰᠤᠵᠢᠯ᠎ᠤᠨ ᠠᠰᠠᠷᠠᠮᠵᠢ᠎ᠶᠢᠨ ᠮᠥᠩᠭᠥ = ᠠᠵᠢᠯ᠎ᠠᠴᠠ᠎ᠪᠠᠨ ᠪᠠᠭᠤᠵᠤ ᠠᠮᠠᠷᠠᠬᠤ ᠦᠶ᠎ᠡ᠎ᠶᠢᠨ ᠳᠡᠭᠡᠷ᠎ᠡ ᠣᠨ᠎ᠤ ᠥᠪᠡᠷᠲᠡᠭᠡᠨ ᠵᠠᠰᠠᠬᠤ ᠣᠷᠣᠨ᠎ᠤ ᠪᠥᠬᠥ ᠰᠢᠰᠲᠧᠮ᠎ᠦᠨ ᠬᠣᠲᠠ ᠪᠠᠯᠭᠠᠰᠤᠨ᠎ᠤ ᠨᠢᠭᠡᠴᠢ᠎ᠶᠢᠨ ᠠᠵᠢᠯ ᠣᠯᠣᠭᠰᠠᠳ᠎ᠤᠨ ᠰᠠᠷ᠎ᠠ᠎ᠶᠢᠨ ᠳᠤᠮᠳᠠᠴᠢ ᠴᠠᠯᠢᠩ × ᠲᠣᠰ ᠬᠥᠮᠥᠨ᠎ᠤ ᠰᠦᠢᠳᠬᠡᠯ ᠲᠤᠰᠢᠶᠠᠭᠰᠠᠨ᠎ᠢᠶᠠᠷ ᠦᠵᠡᠬᠦ ᠢᠯᠡᠳᠬᠡᠭᠴᠢ ᠲᠣᠭ᠎ᠠ × ᠰᠦᠢᠳᠬᠡᠯ ᠲᠤᠰᠢᠶᠠᠭᠰᠠᠨ᠎ᠢᠶᠠᠷ ᠦᠵᠡᠬᠦ ᠢᠯᠡᠳᠬᠡᠭᠴᠢ ᠲᠣᠭ᠎ᠠ᠎ᠶᠢᠨ ᠲᠣᠬᠢᠷᠠᠭᠤᠯᠤᠯᠲᠠ᠎ᠶᠢᠨ ᠢᠯᠡᠳᠬᠡᠮᠵᠢ × ᠰᠦᠢᠳᠬᠡᠯ ᠲᠤᠰᠢᠶᠠᠭᠰᠠᠨ᠎ᠢᠶᠡᠷ ᠦᠵᠡᠬᠦ ᠵᠢᠯ ᠬᠤᠭᠤᠴᠠᠭ᠎ᠠ × 1.2% 

ᠠᠵᠢᠯ ᠮᠡᠷᠭᠡᠵᠢᠯ᠎ᠦᠨ ᠣᠨ᠎ᠤ ᠮᠥᠩᠭᠥ᠎ᠶᠢ 《ᠪᠠᠢᠭᠤᠯᠭ᠎ᠠ ᠠᠵᠢᠯ ᠦᠢᠯᠡᠰ᠎ᠦᠨ ᠨᠢᠭᠡᠴᠢ᠎ᠶᠢᠨ ᠠᠵᠢᠯ ᠮᠡᠷᠭᠡᠵᠢᠯ᠎ᠦᠨ ᠣᠨ᠎ᠤ ᠮᠥᠩᠭᠥ᠎ᠶᠢᠨ ᠠᠷᠭ᠎ᠠ 》᠎ᠶᠢᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠪᠤᠳᠤᠵᠤ ᠣᠯᠭᠣᠨ᠎ᠠ ᠃ 

ᠲᠤᠰ ᠬᠥᠮᠥᠨ᠎ᠦ ᠰᠦᠢᠳᠬᠡᠯ ᠲᠤᠰᠢᠶᠠᠭᠰᠠᠨ ᠳᠤᠮᠳᠠᠴᠢ ᠴᠠᠯᠢᠩ᠎ᠤᠨ ᠢᠯᠡᠳᠬᠡᠭᠴᠢ ᠲᠣᠭ᠎ᠠ = (ᠲᠤᠰ ᠬᠥᠮᠥᠨ᠎ᠦ ᠰᠦᠢᠳᠬᠡᠯ ᠲᠤᠰᠢᠶᠠᠭᠰᠠᠨ᠎ᠢᠶᠠᠷ ᠦᠵᠡᠬᠦ ᠢᠯᠡᠳᠬᠡᠭᠴᠢ ᠲᠣᠭ᠎ᠠ × ᠰᠦᠢᠳᠬᠡᠯ ᠲᠤᠰᠢᠶᠠᠭᠰᠠᠨ᠎ᠢᠶᠠᠷ ᠦᠵᠡᠬᠦ ᠢᠯᠡᠳᠬᠡᠭᠴᠢ ᠲᠣᠭ᠎ᠠ᠎ᠶᠢᠨ ᠲᠣᠬᠢᠷᠠᠭᠤᠯᠤᠯᠲᠠ᠎ᠶᠢᠨ ᠢᠯᠡᠳᠬᠡᠮᠵᠢ × ᠰᠦᠢᠳᠬᠡᠯ ᠲᠤᠰᠢᠶᠠᠭᠰᠠᠨ᠎ᠢᠶᠠᠷ ᠦᠵᠡᠬᠦ ᠵᠢᠯ ᠬᠤᠭᠤᠴᠠᠭ᠎ᠠ + ᠲᠤᠰ ᠬᠥᠮᠥᠨ᠎ᠦ ᠰᠦᠢᠳᠬᠡᠯ ᠲᠤᠰᠢᠶᠠᠭᠰᠠᠨ ᠪᠣᠳᠠᠲᠠᠢ ᠳᠤᠮᠳᠠᠴᠢ ᠴᠠᠯᠢᠩ᠎ᠤᠨ ᠢᠯᠡᠳᠬᠡᠭᠴᠢ ᠲᠣᠭ᠎ᠠ × ᠰᠦᠢᠳᠬᠡᠯ ᠲᠤᠰᠢᠶᠠᠭᠰᠠᠨ ᠪᠣᠳᠠᠲᠠᠢ ᠵᠢᠯ ᠬᠤᠭᠤᠴᠠᠭ᠎ᠠ)÷ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ 

ᠰᠦᠢᠳᠬᠡᠯ ᠲᠤᠰᠢᠶᠠᠭᠰᠠᠨ᠎ᠢᠶᠠᠷ ᠦᠵᠡᠬᠦ ᠢᠯᠡᠳᠬᠡᠭᠴᠢ ᠲᠣᠭ᠎ᠠ᠎ᠶᠢ ᠲᠤᠰ ᠬᠥᠮᠥᠨ᠎ᠦ ᠠᠵᠢᠯ᠎ᠠᠴᠠ᠎ᠪᠠᠨ ᠪᠠᠭᠤᠵᠤ ᠠᠮᠠᠷᠠᠬᠤ ᠦᠶ᠎ᠡ᠎ᠶᠢᠨ ᠲᠤᠰᠢᠶᠠᠯ ᠳᠡᠰ (ᠠᠵᠢᠯ᠎ᠤᠨ ᠪᠠᠢᠷᠢ᠂ ᠠᠵᠢᠯᠴᠢᠨ᠎ᠤ ᠮᠡᠷᠭᠡᠵᠢᠯ᠎ᠦᠨ ᠵᠡᠷᠭᠡ ᠳᠡᠰ) ᠵᠡᠷᠭᠡ᠎ᠶᠢ ᠦᠨᠳᠦᠰᠦᠯᠡᠨ ᠲᠣᠭᠲᠠᠭᠠᠨ᠎ᠠ᠃ 

ᠰᠦᠢᠳᠬᠡᠯ ᠲᠤᠰᠢᠶᠠᠭᠰᠠᠨ᠎ᠢᠶᠠᠷ ᠦᠵᠡᠬᠦ ᠢᠯᠡᠳᠬᠡᠭᠴᠢ ᠲᠣᠭ᠎ᠠ ᠎ᠶᠢᠨ ᠲᠣᠬᠢᠷᠠᠭᠤᠯᠤᠯᠲᠠ ᠎ᠶᠢᠨ ᠢᠯᠡᠳᠬᠡᠮᠵᠢ ᠎ᠶᠢ ᠵᠠᠷᠴᠢᠮ ᠳᠡᠭᠡᠷ᠎ᠡ᠎ᠪᠡᠨ ᠵᠢᠯ ᠪᠦᠷᠢ ᠢᠯᠡ ᠨᠡᠢᠲᠡᠯᠡᠨ᠎ᠡ (〈 1 〉 ᠎ᠶᠢᠨ ᠦᠶ᠎ᠡ᠎ᠳᠦ ᠢᠯᠡ ᠨᠡᠢᠲᠡᠯᠡᠬᠦ ᠦᠭᠡᠢ ᠪᠠᠢᠵᠤ ᠪᠣᠯᠣᠨ᠎ᠠ)》 ᠪᠣᠯᠭᠠᠪᠠ ᠃ 

ᠬᠣᠶᠠᠷ᠂ 《ᠬᠡᠷᠡᠭᠵᠢᠭᠦᠯᠬᠦ ᠠᠷᠭ᠎ᠠ》᠎ᠶᠢᠨ ᠬᠣᠷᠢᠨ ᠳᠥᠷᠪᠡᠳᠦᠭᠡᠷ ᠵᠦᠢᠯ᠎ᠳᠦ ᠨᠢᠭᠡ ᠵᠤᠷᠪᠤᠰ 《ᠪᠠᠲᠤᠯᠠᠬᠤ》 ᠲᠣᠭᠲᠠᠭᠠᠯ ᠨᠡᠮᠡᠪᠡ᠂ ᠲᠤᠬᠠᠢᠯᠠᠪᠠᠯ 《2024 ᠣᠨ᠎ᠤ 10 ᠳ᠋ᠤᠭᠠᠷ ᠰᠠᠷ᠎ᠠ᠎ᠶᠢᠨ 1᠎ᠦ ᠡᠳᠦᠷ᠎ᠡᠴᠡ 2029 ᠣᠨ᠎ᠤ 12 ᠳ᠋ᠤᠭᠠᠷ ᠰᠠᠷ᠎ᠠ᠎ᠶᠢᠨ 31᠎ᠦ ᠡᠳᠦᠷ ᠪᠣᠯᠲᠠᠯᠠᠬᠢ ᠬᠤᠭᠤᠴᠠᠭᠠᠨ᠎ᠳᠤ ᠠᠵᠢᠯ ᠎ᠠᠴᠠ᠎ᠪᠠᠨ ᠪᠠᠭᠤᠵᠤ ᠠᠮᠠᠷᠠᠭᠰᠠᠨ ᠪᠠᠢᠵᠤ ᠰᠢᠨ᠎ᠡ ᠠᠷᠭ᠎ᠠ᠎ᠳᠠᠬᠢ ᠣᠯᠭᠣᠮᠵᠢ ᠬᠦᠷᠲᠡᠭᠡᠮᠵᠢ᠎ᠶᠢᠨ ᠪᠠᠷᠢᠮᠵᠢᠶ᠎ᠠ ᠨᠢ ᠤᠤᠯ᠎ᠤᠨ ᠬᠠᠭᠤᠴᠢᠨ ᠠᠷᠭ᠎ᠠ᠎ᠳᠠᠬᠢ ᠣᠯᠭᠣᠮᠵᠢ ᠬᠦᠷᠲᠡᠭᠡᠮᠵᠢ᠎ᠶᠢᠨ ᠪᠠᠷᠢᠮᠵᠢᠶ᠎ᠠ᠎ᠠᠴᠠ ᠳᠣᠣᠷ᠎ᠠ ᠪᠠᠢᠭ᠎ᠠ ᠠᠵᠢᠯ ᠎ᠠᠴᠠ᠎ᠪᠠᠨ ᠪᠠᠭᠤᠵᠤ ᠠᠮᠠᠷᠠᠭᠰᠠᠳ᠎ᠲᠤ ᠣᠯᠭᠣᠮᠵᠢ ᠬᠦᠷᠲᠡᠭᠡᠮᠵᠢ᠎ᠶᠢ ᠨᠢ 〈 ᠪᠠᠲᠤᠯᠠᠬᠤ〉 ᠪᠣᠳᠣᠯᠭ᠎ᠠ᠎ᠶᠢ ᠬᠡᠷᠡᠭᠵᠢᠭᠦᠯᠵᠦ᠂ ᠬᠠᠷᠠᠭᠠᠯᠵᠠᠭᠰᠠᠨ 2024 ᠣᠨ᠎ᠤ 9 ᠳ᠋ᠦ᠍ᠭᠡᠷ ᠰᠠᠷ᠎ᠠ᠎ᠶᠢᠨ ᠬᠠᠭᠤᠴᠢᠨ ᠠᠷᠭ᠎ᠠ᠎ᠳᠡᠬᠢ ᠣᠯᠭᠣᠮᠵᠢ ᠬᠦᠷᠲᠡᠭᠡᠮᠵᠢ᠎ᠶᠢᠨ ᠪᠠᠷᠢᠮᠵᠢᠶ᠎ᠠ᠎ᠪᠠᠷ ᠣᠯᠭᠣᠨ᠎ᠠ (ᠲᠣᠰ ᠬᠥᠮᠥᠨ᠎ᠦ ᠠᠵᠢᠯ ᠎ᠠᠴᠠ᠎ᠪᠠᠨ ᠪᠠᠭᠤᠵᠤ ᠠᠮᠠᠷᠠᠬᠤ ᠦᠶ᠎ᠡ᠎ᠶᠢᠨ ᠠᠵᠢᠯ ᠮᠡᠷᠭᠡᠵᠢᠯ᠎ᠦᠨ ᠣᠨ᠎ᠤ ᠮᠥᠩᠭᠥ᠎ᠶᠢ ᠨᠢ ᠰᠠᠭᠤᠯᠭᠠᠨ ᠠᠪᠤᠨ᠎ᠠ)》᠃

ᠭᠤᠷᠪᠠ᠂ 《ᠬᠡᠷᠡᠭᠵᠢᠭᠦᠯᠬᠦ ᠠᠷᠭ᠎ᠠ》᠎ᠶᠢᠨ ᠬᠣᠷᠢ ᠶᠢᠰᠦᠳᠦᠭᠡᠷ ᠵᠦᠢᠯ᠎ᠳᠦ 《ᠳᠠᠭᠠᠳᠬᠠᠯ᠎ᠳᠤ ᠣᠷᠣᠯᠴᠠᠭᠰᠠᠳ ᠠᠵᠢᠯ᠎ᠠᠴᠠ᠎ᠪᠠᠨ ᠪᠠᠭᠤᠵᠤ ᠠᠮᠠᠷᠠᠬᠤ ᠭᠠᠷᠳᠠᠮ᠎ᠢ ᠭᠦᠢᠴᠡᠳᠬᠡᠭᠰᠡᠨ᠎ᠦ ᠲᠠᠷᠠᠭ᠎ᠠ᠂ ᠨᠡᠢᠭᠡᠮ᠎ᠦᠨ ᠳᠠᠭᠠᠳᠬᠠᠯ᠎ᠤᠨ ᠭᠠᠷᠳᠠᠨ ᠭᠦᠢᠴᠡᠳᠬᠡᠬᠦ ᠪᠠᠢᠭᠤᠯᠤᠮᠵᠢ ᠨᠢ ᠨᠠᠰᠤᠵᠢᠯ᠎ᠤᠨ ᠠᠰᠠᠷᠠᠮᠵᠢ᠎ᠶᠢᠨ ᠦᠨᠳᠦᠰᠦᠨ ᠮᠥᠩᠭᠥ ᠣᠯᠬᠤ ᠭᠤᠶᠤᠴᠢᠯᠠᠯ᠎ᠢ ᠬᠢᠨᠠᠨ ᠬᠠᠷᠭᠤᠭᠤᠯᠬᠤ ᠬᠡᠷᠡᠭᠲᠡᠢ᠃ ᠠᠵᠢᠯᠲᠠᠨ ᠠᠵᠢᠯᠴᠢᠨ ᠬᠢᠨᠠᠨ ᠬᠠᠷᠭᠤᠭᠤᠯᠵᠤ ᠪᠠᠲᠤᠯᠠᠭᠰᠠᠨ ᠠᠵᠢᠯ᠎ᠠᠴᠠ᠎ᠪᠠᠨ ᠪᠠᠭᠤᠵᠤ ᠠᠮᠠᠷᠠᠬᠤ ᠴᠠᠭ᠎ᠤᠨ ᠲᠠᠷᠠᠭ᠎ᠠ ᠰᠠᠷ᠎ᠠ᠎ᠠᠴᠠ ᠨᠢ ᠡᠬᠢᠯᠡᠨ ᠨᠠᠰᠤᠵᠢᠯ᠎ᠤᠨ ᠠᠰᠠᠷᠠᠮᠵᠢ᠎ᠶᠢᠨ ᠦᠨᠳᠦᠰᠦᠨ ᠮᠥᠩᠭᠥ ᠠᠪᠤᠨ᠎ᠠ》 ᠭᠡᠵᠦ ᠵᠠᠰᠠᠪᠤᠷᠢ ᠣᠷᠣᠭᠤᠯᠪᠠ᠃ 

ᠳᠥᠷᠪᠡ᠂ ᠲᠣᠰ ᠮᠡᠳᠡᠭᠳᠡᠯ᠎ᠢ ᠳᠠᠷᠤᠮᠠᠯᠯᠠᠨ ᠲᠠᠷᠬᠠᠭᠠᠭᠰᠠᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠂ ᠬᠡᠷᠡᠭᠵᠢᠭᠦᠯᠬᠦ ᠶᠠᠪᠤᠴᠠ᠎ᠳᠤ ᠬᠡᠷᠪᠡ ᠠᠰᠠᠭᠤᠳᠠᠯ᠎ᠲᠠᠢ ᠪᠣᠯ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠬᠠᠷᠢᠭᠤᠴᠠᠨ ᠲᠠᠢᠯᠪᠤᠷᠢᠯᠠᠨ᠎ᠠ ᠃ 

 

2025 ᠣᠨ᠎ᠤ 12 ᠳ᠋ᠤᠭᠠᠷ ᠰᠠᠷ᠎ᠠ᠎ᠶᠢᠨ 7᠎ᠤ ᠡᠳᠦᠷ

 

(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

       2025 ᠣᠨ᠎ᠤ 12 ᠳ᠋ᠤᠭᠠᠷ ᠰᠠᠷ᠎ᠠ᠎ᠶᠢᠨ 8᠎ᠦ ᠡᠳᠦᠷ ᠳᠠᠷᠤᠮᠠᠯᠯᠠᠨ ᠲᠠᠷᠬᠠᠭᠠᠪᠠ

 

ᠢᠷᠡᠯᠲᠡ᠄        
          
ᠬᠠᠮᠢᠶ᠎ᠡ ᠪᠦᠬᠦᠢ ᠰᠣᠨᠢᠨ
 
             蒙ICP备05000248号