6 ᠰᠠᠷ᠎ᠠ ᠵᠢᠨ 18᠎ᠤ ᠡᠳᠦᠷ᠂ 2025 ᠣᠨ᠎ᠤ ᠪᠦᠬᠦ ᠣᠷᠣᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠵᠢᠨ ᠠᠮᠤᠷ ᠲᠦᠪᠰᠢᠨ᠎ᠤ ᠠᠵᠢᠯ᠎ᠤᠨ ᠸᠢᠳᠢᠣ᠋ ᠬᠤᠷᠠᠯ᠎ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠦ᠋ ᠬᠤᠢ ᠯᠢᠶᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠶᠡᠷᠦᠩᠬᠡᠢ ᠰᠤᠷᠭ᠋ᠠᠭᠤᠯᠢ ᠪᠠᠶ᠋ᠢᠴᠠᠭ᠋ᠠᠭᠴᠢ ᠵᠦ᠍ ᠪᠦᠦ ᠵᠢᠶᠠᠩ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠪᠠ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠬᠦᠷᠢᠶᠡᠯᠡᠩ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ 2025 ᠣᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠵᠢᠨ ᠠᠮᠤᠷ ᠲᠦᠪᠰᠢᠨ᠎ᠤ ᠬᠠᠮᠢᠶ᠎ᠠ ᠪᠥᠬᠦᠢ ᠠᠵᠢᠯ᠎ᠢ ᠪᠠᠶ᠋ᠢᠷᠢᠯᠠᠭᠤᠯᠪᠠ᠃

ᠬᠤᠷᠠᠯ᠎ᠠᠴᠠ᠂ ᠡᠯ᠎ᠡ ᠭᠠᠵᠠᠷ᠎ᠤᠨ ᠡᠯ᠎ᠡ ᠰᠠᠯᠠᠭ᠎ᠠ ᠮᠥᠴᠢᠷ᠎ᠤᠨ᠎ᠬᠢᠨ ᠶᠡᠷᠦᠩᠬᠡᠢ ᠱᠦᠵᠢ ᠰᠢ᠎ᠵᠢᠨ᠎ᠫᠢᠩ᠎ᠤᠨ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠪᠦᠬᠦ ᠣᠷᠣᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠵᠢᠨ ᠠᠮᠤᠷ ᠲᠦᠪᠰᠢᠨ᠎ᠤ ᠠᠵᠢᠯ᠎ᠢ ᠪᠦᠬᠦ ᠬᠦᠴᠦᠨ ᠵᠶ᠋ᠠᠷ ᠰᠠᠶ᠋ᠢᠲᠤᠷ ᠬᠢᠬᠦ ᠬᠡᠷᠡᠭᠲᠡᠢ᠃ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠵᠢᠨ ᠥᠭᠡᠷᠡᠴᠢᠯᠡᠯᠲᠡ ᠪᠣᠯ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ ᠵᠠᠩᠭᠢᠯᠠᠭ᠎ᠠ ᠵᠢᠨ ᠠᠷᠭ᠎ᠠ ᠬᠡᠮᠵᠢᠶ᠎ᠡ᠂ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠴᠢᠬᠤᠯᠠ ᠶᠡᠬᠡ ᠠᠰᠠᠭᠤᠳᠠᠯ᠎ᠳᠤ ᠬᠠᠷᠢᠭᠤᠯᠲᠠ ᠥᠭᠬᠦ ᠬᠠᠷᠢᠭᠤᠴᠠᠯᠭ᠎ᠠ ᠡᠭᠦᠷᠭᠡᠯᠡᠯ᠂ ᠰᠤᠷᠭ᠋ᠠᠨ ᠬᠥᠮᠦᠵᠢᠯ᠎ᠤᠨ ᠬᠦᠴᠦᠷᠬᠡᠭ ᠣᠷᠣᠨ᠎ᠢ ᠥᠳᠲᠡᠷ ᠲᠦᠷᠭᠡᠨ ᠪᠠᠶ᠋ᠢᠭᠤᠯᠬᠤ ᠵᠠᠶ᠋ᠢᠯᠠᠰᠢ ᠦᠭᠡᠢ ᠱᠠᠭ᠋ᠠᠷᠳᠠᠯᠭ᠎ᠠ ᠵᠡᠷᠭᠡ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠬᠤ ᠬᠡᠷᠡᠭᠲᠡᠢ᠃ ᠤᠯᠤᠰ ᠲᠥᠷᠥ ᠵᠢᠨ ᠱᠠᠭ᠋ᠠᠷᠳᠠᠯᠭ᠎ᠠ ᠵᠢ ᠡᠵᠡᠮᠳᠡᠵᠦ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠵᠢᠨ ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠬᠤ᠎ᠳᠤ ᠲᠤᠯᠭ᠋ᠠᠷᠠᠵᠤ ᠪᠠᠶ᠋ᠢᠭ᠎ᠠ ᠴᠠᠭ᠎ᠤᠨ ᠪᠠᠶ᠋ᠢᠳᠠᠯ᠎ᠤᠨ ᠡᠭᠦᠷᠭᠡ ᠵᠢ ᠣᠨᠣᠪᠴᠢᠲᠠᠢ ᠰᠤᠳᠤᠯᠤᠨ ᠮᠠᠭ᠋ᠠᠳᠯᠠᠵᠤ᠂ ᠲᠤᠯᠭ᠋ᠠᠮ ᠰᠡᠳᠬᠢᠯᠭᠡ᠂ ᠡᠭᠦᠷᠭᠡᠲᠦ ᠰᠡᠳᠬᠢᠯᠭᠡ ᠵᠢ ᠲᠠᠰᠤᠷᠠᠯᠲᠠ ᠦᠭᠡᠢ ᠴᠢᠩᠭ᠋ᠠᠷᠠᠭᠤᠯᠵᠤ᠂ ᠬᠣᠷᠢᠭ᠎ᠠ ᠱᠤᠭᠤᠮ᠎ᠤᠨ ᠰᠡᠳᠬᠢᠮᠵᠢ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠵᠢᠨ ᠤᠬᠠᠮᠰᠠᠷ᠎ᠢ ᠳᠡᠭᠡᠭᠰᠢᠯᠡᠭᠦᠯᠦᠨ᠂ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠵᠤ᠂ ᠰᠢᠯᠭ᠋ᠠᠯᠲᠠ ᠵᠢᠨ ᠡᠯ᠎ᠡ ᠵᠦᠢ᠍ᠯ᠎ᠤᠨ ᠪᠡᠯᠡᠳᠭᠡᠯ ᠠᠵᠢᠯ᠎ᠢ ᠨᠠᠷᠢᠨ ᠨᠢᠮᠪᠠᠢ᠂ ᠡᠷᠡᠰ ᠴᠢᠩᠭ᠎ᠠ ᠰᠠᠶ᠋ᠢᠲᠤᠷ ᠬᠢᠬᠦ ᠬᠡᠷᠡᠭᠲᠡᠢ᠃ ᠤᠯᠤᠰ ᠲᠥᠷᠥ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠴᠢᠩᠭ᠎ᠠ ᠠᠳᠬᠤᠵᠤ᠂ ᠵᠠᠩᠭᠢᠯᠠᠭ᠎ᠠ ᠵᠢᠨ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠰᠢᠯᠭ᠋ᠠᠯᠲᠠ ᠵᠢᠨ ᠠᠵᠢᠯ᠎ᠢ ᠰᠠᠢ᠌ᠲᠤᠷ ᠵᠣᠬᠢᠶᠠᠨ ᠪᠠᠢ᠌ᠭᠤᠯᠵᠤ᠂ ᠰᠤᠷᠤᠭᠴᠢ᠎ᠪᠠᠷ ᠦᠨᠳᠦᠰᠦ ᠪᠣᠯᠭ᠋ᠠᠬᠤ ᠵᠢ ᠪᠠᠷᠢᠮᠲᠠᠯᠠᠨ ᠦᠢ᠍ᠯᠡᠴᠢᠯᠡᠭᠡ ᠵᠢ ᠰᠠᠶ᠋ᠢᠲᠤᠷ ᠪᠠᠲᠤᠯᠠᠵᠤ᠂ ᠰᠤᠷᠤᠭᠴᠢ ᠡᠯᠰᠡᠬᠦ ᠠᠵᠢᠯᠯᠠᠭ᠎ᠠ ᠵᠢ ᠵᠢᠷᠤᠮᠵᠢᠭᠤᠯᠤᠨ ᠰᠠᠶ᠋ᠢᠨ ᠰᠠᠶ᠋ᠢᠬᠠᠨ ᠠᠮᠢ ᠠᠬᠤᠢ ᠵᠢ ᠪᠣᠢ ᠪᠣᠯᠭ᠋ᠠᠵᠤ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠵᠦ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠵᠦ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠨ ᠰᠠᠬᠢᠯᠭ᠎ᠠ ᠪᠠᠲᠤ ᠵᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠵᠢᠷᠭᠤᠭ᠋ᠠᠨ ᠲᠠᠯ᠎ᠠ᠎ᠪᠠᠷ ᠴᠢᠩᠭ᠋ᠠᠳᠬᠠᠵᠤ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠵᠢᠨ ᠠᠮᠤᠷ ᠲᠦᠪᠰᠢᠨ᠎ᠤ ᠠᠵᠢᠯ᠎ᠢ ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
ᠥᠪᠡᠷᠲᠡᠭᠡᠨ ᠵᠠᠰᠠᠬᠤ ᠣᠷᠣᠨ ᠪᠣᠯᠤᠨ ᠡᠯ᠎ᠡ ᠠᠶ᠋ᠢᠮᠠᠭ ᠬᠣᠲᠠ ᠵᠢᠨ ᠨᠠᠮ᠎ᠤᠨ ᠬᠣᠷᠢᠶᠠᠨ ᠤ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠂ ᠰᠤᠷᠭ᠋ᠠᠨ ᠬᠥᠮᠦᠵᠢᠯ᠎ᠤᠨ ᠰᠢᠰᠲ᠋ᠧᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠ ᠰᠤᠷᠭ᠋ᠠᠨ ᠬᠥᠮᠦᠵᠢᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃