ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
2025 ᠣᠨ᠎ᠤ 《ᠵᠠᠭᠤᠨ ᠡᠳᠦᠷ᠎ᠲᠤ ᠮᠢᠩᠭ᠎ᠠ ᠲᠦᠮᠡᠨ ᠠᠵᠢᠯᠲᠠᠨ ᠤᠷᠢᠵᠤ ᠡᠯᠰᠡᠬᠦ ᠲᠤᠰᠬᠠᠶ ᠠᠵᠢᠯᠯᠠᠭ᠎ᠠ》 ᠡᠬᠢᠯᠡᠪᠡ
ᠨᠡᠶ᠋ᠢᠲᠡᠯᠡᠭᠰᠡᠨ ᠴᠠᠭ᠄ 2025-06-20

17᠎ᠤ ᠡᠳᠦᠷ ᠬᠦᠮᠣᠠ᠎ᠤ ᠬᠦᠴᠣᠠ᠎ᠤ ᠡᠭᠢ ᠪᠠᠶᠠᠯᠢᠭ ᠪᠠ ᠨᠠᠶ᠋ᠢᠭᠡᠮ᠎ᠤᠨ ᠪᠠᠲᠣᠯᠠᠭ᠎ᠠ ᠵᠢᠨ ᠶᠠᠮᠣᠠ᠎ᠠᠴᠠ ᠰᠣᠷᠪᠣᠯᠵᠢᠯᠠᠭᠴᠢ ᠵᠢᠨ ᠣᠶ᠋ᠢᠯᠠᠭ᠋ᠠᠭᠰᠠᠨ ᠵᠶ᠋ᠠᠷ᠂ 2025 ᠣᠨ᠎ᠤ 《ᠵᠠᠭᠤᠨ ᠡᠳᠦᠷ᠎ᠲᠤ ᠮᠢᠩᠭ᠎ᠠ ᠲᠦᠮᠡᠨ ᠠᠵᠢᠯᠲᠠᠨ ᠤᠷᠢᠵᠤ ᠡᠯᠰᠡᠬᠦ ᠲᠤᠰᠬᠠᠢ ᠠᠵᠢᠯᠯᠠᠭ᠎ᠠ》 ᠵᠢ ᠲᠤᠰ ᠡᠳᠦᠷ ᠡᠬᠢᠯᠡᠭᠦᠯᠪᠡ᠃ ᠲᠣᠰ ᠤᠳᠠᠭ᠋ᠠᠨ᠎ᠤ ᠠᠵᠢᠯᠯᠠᠭ᠎ᠠ᠎ᠨᠢ 《ᠠᠵᠢᠯ ᠣᠯᠭᠤᠯᠲᠠ᠎ᠪᠠᠷ ᠢᠷᠡᠭᠡᠳᠦᠶ᠎ᠪᠠᠨ ᠬᠥᠲᠥᠯᠦᠨ ᠳᠠᠭ᠋ᠠᠭᠤᠯᠵᠤ  ᠵᠠᠯᠠᠭᠤ ᠨᠠᠰᠤᠨ᠎ᠤ ᠬᠦᠰᠡᠯ ᠵᠶ᠋ᠠᠨ ᠴᠣᠭᠴᠠᠯᠠᠬᠤ》᠎ᠪᠠᠷ ᠭᠤᠤᠯ ᠰᠡᠳᠦᠪ ᠪᠣᠯᠭ᠋ᠠᠵᠤ᠂ 100 ᠰᠢᠬᠠᠮ ᠡᠳᠦᠷ᠎ᠤᠨ ᠴᠠᠭ᠎ᠢ ᠵᠠᠷᠤᠴᠠᠭᠤᠯᠵᠤ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠶ᠋ᠠᠷ ᠭᠤᠤᠯᠳᠠᠯᠭ᠎ᠠ ᠪᠣᠯᠭ᠋ᠠᠭᠰᠠᠨ ᠡᠯ᠎ᠡ ᠲᠥᠷᠥᠯ᠎ᠤᠨ ᠬᠥᠳᠡᠯᠮᠦᠷᠢᠴᠢᠳ᠎ᠲᠤ ᠬᠠᠨᠳᠤᠭᠤᠯᠵᠤ᠂ ᠮᠢᠩᠭ᠎ᠠ ᠲᠦᠮᠡᠨ ᠠᠵᠢᠯ᠎ᠤᠨ ᠪᠠᠶ᠋ᠢᠷᠢ ᠵᠢᠨ ᠮᠡᠳᠡᠭᠡ ᠵᠠᠩᠭᠢ ᠵᠢ ᠨᠡᠭᠡᠭᠡᠨ ᠴᠤᠭᠯᠠᠭᠤᠯᠵᠤ᠂ ᠠᠵᠢᠯ᠎ᠤᠨ ᠪᠠᠶ᠋ᠢᠷᠢ ᠵᠢ ᠲᠥᠪᠯᠡᠷᠡᠭᠦᠯᠦᠨ ᠵᠣᠬᠢᠶᠠᠨ ᠪᠠᠶ᠋ᠢᠭᠤᠯᠬᠤ᠎ᠪᠠᠷ ᠲᠥᠯᠥᠪᠯᠡᠵᠦ ᠪᠣᠶ᠃

ᠣᠶ᠋ᠢᠯᠠᠭ᠋ᠠᠭᠰᠠᠨ ᠵᠶ᠋ᠠᠷ᠂ ᠲᠣᠰ ᠤᠳᠠᠭ᠋ᠠᠨ᠎ᠤ ᠠᠵᠢᠯᠯᠠᠭ᠎ᠠ ᠵᠢ ᠰᠦᠯᠵᠢᠶ᠎ᠡ᠎ᠪᠠᠷ ᠪᠠ ᠰᠦᠯᠵᠢᠶᠡᠨ᠎ᠠᠴᠠ ᠭᠠᠳᠠᠭᠤᠷᠬᠢ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠶᠠᠪᠤᠭᠳᠠᠭᠤᠯᠤᠨ᠎ᠠ᠃

ᠲᠤᠬᠠᠶ ᠵᠢᠨ ᠲᠠᠯᠠᠪᠤᠷ᠎ᠲᠠᠬᠢ ᠤᠷᠢᠨ ᠡᠯᠰᠡᠯᠲᠡ᠎ᠨᠢ ᠬᠥᠭᠵᠢᠯᠲᠡ ᠵᠢᠨ ᠬᠤᠰᠢᠭᠤᠷᠠᠯ᠂ ᠬᠡᠷᠡᠭᠴᠡᠭᠡ ᠱᠠᠭ᠋ᠠᠷᠳᠠᠯᠭ᠎ᠠ ᠳᠤᠲᠠᠭᠳᠠᠵᠤ ᠪᠠᠶ᠋ᠢᠭ᠎ᠠ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠤᠤᠯᠳᠠᠭᠤ ᠵᠣᠬᠢᠶᠠᠮᠠᠯ ᠣᠶᠤᠨ᠂ ᠲᠡᠷᠢᠭᠦᠨ᠎ᠤ ᠦᠢ᠍ᠯᠡᠳᠭᠡᠯ᠂ ᠣᠲᠣ ᠦᠶ᠎ᠡ ᠵᠢᠨ ᠦᠢ᠍ᠯᠡᠴᠢᠯᠡᠭᠡ᠂ ᠣᠯᠠᠨ ᠤᠯᠤᠰ᠎ᠤᠨ ᠠᠷᠠᠯᠵᠢᠶ᠎ᠠ ᠵᠡᠷᠭᠡ ᠠᠵᠢᠯ ᠲᠥᠷᠥᠯ᠎ᠤᠨ ᠠᠵᠤ ᠠᠬᠤᠶ᠋ᠢᠯᠠᠯ᠎ᠳᠤ ᠬᠠᠨᠳᠤᠭᠤᠯᠤᠨ᠂ ᠠᠵᠢᠯ ᠲᠥᠷᠥᠯ᠎ᠤᠨ ᠴᠢᠨᠠᠷᠲᠠᠶ ᠲᠤᠰᠬᠠᠶ ᠲᠠᠯᠠᠪᠤᠷ᠎ᠤᠨ ᠠᠵᠢᠯᠲᠠᠨ ᠤᠷᠢᠵᠤ ᠡᠯᠰᠡᠬᠦ ᠠᠵᠢᠯᠯᠠᠭ᠎ᠠ ᠥᠷᠨᠢᠭᠦᠯᠦᠨ᠎ᠡ; ᠤᠯᠤᠰ᠎ᠤᠨ ᠣᠷᠣᠨ ᠪᠦᠰᠡ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠦᠢ᠍ᠯᠡᠴᠢᠯᠡᠬᠦ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠢ ᠬᠦᠴᠦᠷᠬᠡᠭᠵᠢᠭᠦᠯᠬᠦ ᠵᠡᠷᠭᠡ ᠪᠠᠶ᠋ᠢᠷᠢᠯᠠᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ᠂ ᠭᠤᠷᠪᠠ ᠳᠥᠷᠪᠡᠳᠦᠭᠡᠷ ᠵᠡᠷᠭᠡᠯᠡᠯ᠎ᠤᠨ ᠬᠤᠲᠠ ᠵᠡᠷᠭᠡ᠎ᠳᠤ ᠭᠤᠤᠯᠳᠠᠯᠭ᠎ᠠ᠎ᠲᠠᠢ᠎ᠪᠠᠷ ᠣᠷᠣᠨ ᠪᠦᠰᠡ ᠵᠢᠨ ᠴᠢᠨᠠᠷᠲᠠᠶ ᠠᠵᠢᠯᠲᠠᠨ ᠤᠷᠢᠵᠤ ᠡᠯᠰᠡᠬᠦ ᠲᠤᠰᠬᠠᠶ ᠠᠵᠢᠯᠯᠠᠭ᠎ᠠ ᠥᠷᠨᠢᠭᠦᠯᠦᠨ᠎ᠡ; ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠲᠤ ᠠᠩᠬᠠᠷᠤᠯ ᠵᠶ᠋ᠠᠨ ᠲᠥᠪᠯᠡᠷᠡᠭᠦᠯᠦᠨ ᠲᠤᠰᠬᠠᠶ ᠮᠡᠷᠭᠡᠵᠢᠯ᠎ᠤᠨ ᠴᠢᠨᠠᠷᠲᠠᠶ ᠲᠤᠰᠬᠠᠶ ᠲᠠᠯᠠᠪᠤᠷ᠎ᠤᠨ ᠠᠵᠢᠯᠲᠠᠨ ᠤᠷᠢᠵᠤ ᠡᠯᠰᠡᠬᠦ ᠠᠵᠢᠯᠯᠠᠭ᠎ᠠ ᠥᠷᠨᠢᠭᠦᠯᠦᠨ᠎ᠡ᠃

ᠰᠦᠯᠵᠢᠶᠡᠨ ᠳᠡᠭᠡᠷᠡᠬᠢ ᠤᠷᠢᠨ ᠡᠯᠰᠡᠯᠲᠡ᠎ᠨᠢ ᠳᠤᠮᠳᠠᠳᠤ ᠤᠯᠤᠰ᠎ᠤᠨ ᠣᠯᠠᠨ ᠨᠡᠶ᠋ᠢᠲᠡ ᠵᠢᠨ ᠠᠵᠢᠯᠲᠠᠨ ᠤᠷᠢᠵᠤ ᠡᠯᠰᠡᠬᠦ ᠰᠦᠯᠵᠢᠶ᠎ᠡ᠂ ᠳᠤᠮᠳᠠᠳᠤ ᠤᠯᠤᠰ᠎ᠤᠨ ᠤᠯᠤᠰ᠎ᠤᠨ ᠴᠢᠳᠠᠪᠤᠷᠢᠲᠠᠨ᠎ᠤ ᠰᠦᠯᠵᠢᠶ᠎ᠡ ᠵᠢᠴᠢ 《ᠠᠵᠢᠯ ᠣᠯᠭᠤᠯᠲᠠ ᠵᠢᠨ ᠰᠦᠯᠵᠢᠶ᠎ᠡ》᠎ᠳᠤ ᠬᠤᠷᠠᠯ᠎ᠤᠨ ᠭᠤᠤᠯ ᠲᠠᠯᠠᠪᠠᠶ ᠭᠠᠷᠭ᠋ᠠᠭᠰᠠᠨ ᠪᠥᠭᠡᠳ ᠠᠵᠢᠯ ᠣᠯᠭᠤᠯᠲᠠ ᠵᠢ ᠬᠥᠲᠥᠯᠦᠨ ᠵᠢᠯᠣᠭᠤᠳᠬᠤ ᠭᠠᠵᠠᠷ᠎ᠤᠨ ᠵᠢᠷᠤᠭ ᠭᠠᠷᠭ᠋ᠠᠪᠠ᠃ ᠠᠵᠢᠯᠯᠠᠭ᠎ᠠ᠎ᠨᠢ ᠭᠤᠤᠯᠳᠠᠯᠭ᠎ᠠ ᠪᠣᠯᠬᠤ ᠠᠵᠢᠯ ᠲᠥᠷᠥᠯ᠂ ᠭᠤᠤᠯᠳᠠᠯᠭ᠎ᠠ ᠪᠣᠯᠬᠤ ᠲᠥᠷᠥᠯ ᠵᠦᠢ᠍ᠯ᠂ ᠭᠤᠤᠯᠳᠠᠯᠭ᠎ᠠ ᠪᠣᠯᠬᠤ ᠶᠡᠭᠡ ᠳᠡᠭᠡᠳᠦ ᠰᠤᠷᠭ᠋ᠠᠭᠤᠯᠢ᠂ ᠭᠤᠤᠯᠳᠠᠯᠭ᠎ᠠ ᠪᠣᠯᠬᠤ ᠲᠤᠰᠬᠠᠶ ᠮᠡᠷᠭᠡᠵᠢᠯ᠎ᠠᠴᠠ ᠲᠡᠭᠦᠰᠦᠭᠰᠡᠳ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠤᠤᠯ ᠰᠡᠳᠦᠪ᠂ ᠠᠵᠢᠯ ᠲᠥᠷᠥᠯ ᠪᠠ ᠣᠯᠠᠨ ᠲᠦᠮᠡᠨ᠎ᠳᠤ ᠬᠠᠨᠲᠤᠭᠤᠯᠤᠨ ᠰᠢᠭᠤᠳ ᠨᠡᠪᠲᠡᠷᠡᠭᠦᠯᠭᠡ᠎ᠪᠠᠷ ᠲᠤᠰ ᠲᠤᠰ᠎ᠲᠤ᠎ᠨᠢ ᠠᠵᠢᠯ᠎ᠤᠨ ᠪᠠᠶ᠋ᠢᠷᠢ ᠲᠠᠨᠢᠯᠴᠠᠭᠤᠯᠬᠤ ᠪᠣᠯᠤᠨ᠎ᠠ᠃ ᠠᠩᠬᠠᠨ᠎ᠤ ᠭᠠᠷᠠᠭ᠎ᠲᠤ᠂ ᠰᠦᠯᠵᠢᠶᠡᠨ ᠳᠡᠭᠡᠷᠡᠬᠢ ᠠᠵᠢᠯᠲᠠᠨ ᠤᠷᠢᠵᠤ ᠡᠯᠰᠡᠬᠦ ᠲᠠᠪᠴᠠᠩ᠎ᠳᠤ ᠵᠣᠬᠢᠶᠠᠮᠠᠯ ᠣᠶᠣᠨ᠎ᠤ ᠠᠵᠢᠯ ᠲᠥᠷᠥᠯ᠂ ᠡᠨᠧᠷᠭᠢ ᠵᠢᠨ ᠠᠵᠢᠯ ᠲᠥᠷᠥᠯ᠂ ᠦᠢ᠍ᠯᠡᠳᠬᠦ ᠦᠢ᠍ᠯᠡᠰ᠂ ᠰᠢᠨ᠎ᠡ᠎ᠪᠠᠷ ᠬᠥᠭᠵᠢᠵᠦ ᠪᠠᠶ᠋ᠢᠭ᠎ᠠ ᠠᠵᠢᠯ ᠲᠥᠷᠥᠯ ᠵᠡᠷᠭᠡ ᠠᠵᠢᠯᠲᠠᠨ ᠤᠷᠢᠵᠤ ᠡᠯᠰᠡᠬᠦ 4 ᠲᠤᠰᠬᠠᠶ ᠲᠠᠯᠠᠪᠠᠶ ᠳᠣᠬᠢᠷᠠᠭᠤᠯᠵᠤ᠂ ᠨᠡᠶ᠋ᠢᠲᠡ 1300 ᠭᠠᠷᠤᠶ ᠬᠥᠮᠦᠨ ᠬᠡᠷᠡᠭᠯᠡᠬᠦ ᠨᠢᠭᠡᠴᠢ᠎ᠳᠤ ᠠᠵᠢᠯᠲᠠᠨ ᠤᠷᠢᠵᠤ ᠬᠡᠷᠡᠭᠯᠡᠬᠦ ᠬᠡᠷᠡᠭᠴᠡᠭᠡ ᠵᠢ 4.5 ᠲᠦᠮᠡᠨ ᠬᠥᠮᠦᠨ ᠤᠳᠠᠭ᠎ᠠ ᠬᠠᠩᠭ᠋ᠠᠪᠠ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
             蒙ICP备05000248号