ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠮᠠᠨ᠎ᠤ ᠣᠷᠣᠨ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠦᠨ᠎ᠡ
ᠨᠡᠶ᠋ᠢᠲᠡᠯᠡᠭᠰᠡᠨ ᠴᠠᠭ᠄ 2025-06-23

ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠰᠤᠷᠭ᠋ᠠᠨ ᠬᠥᠮᠦᠵᠢᠯ᠎ᠤᠨ ᠲᠢᠩᠬᠢᠮ᠂ ᠡᠪᠯᠡᠯ᠎ᠤᠨ ᠬᠣᠷᠢᠶ᠎ᠠ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ 2025 ᠣᠨ᠎ᠤ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠬᠤ ᠲᠥᠯᠥᠪᠯᠡᠭᠡ ᠵᠢ ᠬᠡᠷᠡᠭᠵᠢᠭᠦᠯᠬᠦ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃

ᠠᠵᠢᠯ᠎ᠢ ᠳᠥᠷᠪᠡᠨ ᠲᠠᠯ᠎ᠠ᠎ᠠᠴᠠ ᠵᠠᠯᠭ᠋ᠠᠭ᠎ᠠ᠎ᠪᠠᠷ ᠥᠷᠨᠢᠭᠦᠯᠬᠦ᠎ᠪᠠᠷ ᠪᠣᠢ᠂ ᠦᠵᠡᠯ ᠰᠠᠨᠠᠭ᠎ᠠ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠵᠠᠯᠠᠭᠤᠴᠤᠳ ᠪᠠᠭ᠋ᠠᠴᠤᠳ᠎ᠤᠨ ᠰᠣᠯᠢᠯᠴᠠᠬᠤ ᠲᠥᠯᠥᠪᠯᠡᠭᠡ ᠵᠢᠨ ᠪᠦᠬᠦ ᠶᠠᠪᠤᠴᠠ᠂ ᠡᠯ᠎ᠡ ᠲᠠᠯ᠎ᠠ᠎ᠳᠤ ᠲᠤᠭᠤᠰᠢᠯᠠᠭᠤᠯᠵᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠪᠦᠬᠦ ᠬᠦᠴᠦᠨ ᠵᠶ᠋ᠠᠷ ᠪᠣᠶ᠋ᠢᠵᠢᠭᠤᠯᠤᠨ ᠦᠢ᠍ᠯᠡᠳᠦᠯᠭᠡᠵᠢᠭᠦᠯᠦᠨ᠎ᠡ;  ᠵᠣᠬᠢᠴᠠᠭᠤᠯᠵᠤ ᠬᠣᠯᠪᠣᠯᠳᠤᠨ ᠬᠥᠳᠡᠯᠦᠯᠴᠡᠬᠦ ᠵᠢ ᠴᠢᠩᠭ᠋ᠠᠳᠬᠠᠵᠤ᠂ ᠪᠦᠬᠦ ᠬᠡᠪᠴᠢᠶᠡᠨ᠎ᠳᠤ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠂ ᠦᠨᠳᠦᠰᠦᠲᠡᠨ᠎ᠨᠦᠭᠦᠳ᠎ᠤᠨ ᠰᠢᠨ᠎ᠡ᠎ᠪᠠᠷ ᠪᠣᠢ ᠪᠣᠯᠤᠭᠰᠠᠨ ᠵᠠᠯᠠᠭᠤᠴᠤᠳ ᠪᠠᠭ᠋ᠠᠴᠤᠳ᠎ᠤᠨ ᠬᠠᠮᠲᠤᠯᠢᠭ ᠬᠠᠷᠢᠯᠴᠠᠵᠤ ᠰᠣᠯᠢᠯᠴᠠᠬᠤ ᠠᠵᠢᠯᠯᠠᠭ᠎ᠠ᠂ 《ᠭᠠᠷ ᠬᠣᠯᠪᠣᠯᠴᠠᠬᠤ》 ᠦᠢ᠍ᠯᠡᠳᠦᠯᠭᠡ ᠵᠢᠨ ᠠᠵᠢᠯᠯᠠᠭ᠎ᠠ ᠵᠡᠷᠭᠡ᠎ᠪᠠᠷ ᠳᠠᠮᠵᠢᠭᠤᠯᠤᠨ᠂ ᠮᠤᠵᠢ ᠵᠢᠨ ᠬᠣᠭᠣᠷᠣᠨᠳᠣᠬᠢ ᠵᠠᠯᠠᠭᠤᠴᠤᠳ ᠪᠠᠭ᠋ᠠᠴᠤᠳ᠎ᠤᠨ ᠬᠠᠮᠵᠢᠯᠴᠠᠭ᠋ᠠᠨ᠎ᠤ ᠰᠣᠯᠢᠯᠴᠠᠬᠤ ᠵᠠᠭᠪᠤᠷ᠎ᠢ ᠰᠦᠪᠡᠭᠴᠢᠯᠡᠨ ᠰᠢᠨ᠎ᠡ ᠵᠢ ᠡᠭᠦᠳᠴᠦ᠂ ᠥᠪᠥᠷ ᠮᠣᠩᠭᠣᠯ ᠪᠠ ᠳᠤᠮᠳᠠ ᠵᠡᠭᠦᠨ ᠭᠡᠰᠡᠭ᠂ ᠳᠠᠯᠠᠢ ᠳᠠᠭ᠋ᠠᠤ ᠪᠠ ᠬᠢᠯᠢ ᠬᠢᠵᠠᠭ᠋ᠠᠷ᠎ᠤᠨ ᠮᠤᠵᠢ ᠣᠷᠣᠨ᠎ᠤ ᠰᠣᠯᠢᠯᠴᠠᠵᠤ ᠬᠠᠮᠲᠤᠷᠠᠯᠴᠠᠬᠤ ᠵᠢ ᠴᠢᠩᠭ᠋ᠠᠳᠬᠠᠨ᠂ ᠵᠠᠯᠠᠭᠤᠴᠤᠳ ᠪᠠᠭ᠋ᠠᠴᠤᠳ᠎ᠤᠨ ᠰᠣᠯᠢᠯᠴᠠᠬᠤ ᠲᠥᠯᠥᠪᠯᠡᠭᠡ᠎ᠳᠤ ᠣᠷᠣᠯᠴᠠᠬᠤ ᠬᠡᠪᠴᠢᠶ᠎ᠡ ᠵᠢ ᠥᠷᠭᠡᠳᠬᠡᠨ᠎ᠡ; ᠠᠷᠭ᠎ᠠ ᠪᠣᠲᠤᠯᠭ᠎ᠠ ᠵᠢᠨ ᠰᠢᠨ᠎ᠡ ᠵᠢ ᠡᠭᠦᠳᠴᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ ᠎ᠤᠨ ᠰᠣᠯᠢᠯᠴᠠᠭ᠋ᠠᠨ᠎ᠤ ᠲᠦᠷᠦᠯ ᠲᠡᠮᠳᠡᠭᠲᠦ ᠵᠢᠨ ᠪᠠᠶ᠋ᠢᠭᠤᠯᠤᠯᠲᠠ ᠪᠣᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠵᠠᠯᠠᠭᠤᠴᠤᠳ ᠪᠠᠭ᠋ᠠᠴᠤᠳ ᠎ᠤᠨ ᠰᠣᠯᠢᠯᠴᠠᠭ᠋ᠠᠨ᠎ᠤ ᠠᠷᠭ᠎ᠠ ᠵᠠᠮ᠎ᠢ ᠥᠷᠭᠡᠳᠭᠡᠨ᠎ᠡ; ᠦᠢ᠍ᠯᠡᠴᠢᠯᠡᠭᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠯᠠᠭᠤᠴᠤᠳ ᠪᠠᠭ᠋ᠠᠴᠤᠳ᠎ᠤᠨ ᠡᠷᠡᠭᠦᠯ ᠵᠶ᠋ᠠᠷ ᠥᠰᠦᠨ ᠪᠣᠶ᠋ᠢᠵᠢᠬᠤ᠂ ᠵᠠᠯᠠᠭᠤᠴᠤᠳ᠎ᠤᠨ ᠠᠵᠢᠯ ᠣᠯᠵᠤ ᠦᠢ᠍ᠯᠡᠰ ᠪᠤᠰᠬᠠᠬᠤ᠂ ᠰᠢᠨ᠎ᠡ᠎ᠪᠠᠷ ᠪᠣᠢ ᠪᠣᠯᠤᠭᠰᠠᠨ ᠵᠠᠯᠠᠭᠤᠴᠤᠳ ᠪᠠᠭ᠋ᠠᠴᠤᠳ᠎ᠤᠨ ᠬᠠᠮᠲᠤᠯᠢᠭ᠎ᠤᠨ ᠥᠰᠦᠨ ᠪᠣᠢ᠌ᠵᠢᠯᠲᠠ ᠪᠠ ᠬᠥᠭᠵᠢᠯᠲᠡ ᠵᠡᠷᠭᠡ ᠵᠢᠨ ᠲᠣᠭᠣᠷᠢᠨ᠎ᠳᠤ ᠡᠯᠪᠡᠭ ᠪᠠᠶᠠᠯᠢᠭ ᠤᠳᠬ᠎ᠠ ᠠᠭᠤᠯᠭ᠎ᠠ ᠪᠥᠬᠦᠢ ᠠᠵᠢᠯᠯᠠᠭ᠎ᠠ ᠵᠢ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢ ᠨᠡᠮᠡᠷᠢᠯᠡᠨ᠎ᠡ᠃

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号