11 ᠳ᠋ᠦ᠍ᠭᠡᠷ ᠰᠠᠷ᠎ᠠ᠎ᠶᠢᠨ 29᠎ᠦ ᠡᠳᠦᠷ᠂ ᠬᠥᠬᠡᠬᠣᠲᠠ᠎ᠶᠢᠨ ᠳᠣᠣᠷ᠎ᠠ ᠠᠭᠠᠷ᠎ᠤᠨ ᠠᠵᠤ ᠠᠬᠤᠢ᠎ᠶᠢᠨ ᠠᠵᠤ ᠦᠢᠯᠡᠰ ᠪᠠ ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ᠎ᠶᠢ ᠪᠠᠢᠭᠤᠯᠬᠤ ᠶᠡᠬᠡ ᠬᠤᠷᠠᠯ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠶᠠᠪᠤᠭᠳᠠᠭᠰᠠᠨ ᠪᠠᠢᠨ᠎ᠠ᠃ ᠲᠣᠰ ᠬᠣᠯᠪᠣᠭᠠᠲᠤ ᠴᠣᠭᠴᠠ᠎ᠶᠢ ᠪᠠᠢᠭᠤᠯᠤᠭᠰᠠᠨ ᠨᠢ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭᠠᠷ᠎ᠤᠨ ᠠᠵᠤ ᠠᠬᠤᠢ᠎ᠶᠢᠨ ᠬᠦᠷᠢᠶᠡᠨ᠎ᠳᠡᠬᠢ ᠠᠵᠤ ᠦᠢᠯᠡᠰ ᠪᠠ ᠰᠤᠷᠭᠠᠨ ᠬᠥᠮᠦᠵᠢᠯ᠎ᠦᠨ ᠭᠦᠨᠵᠡᠭᠡᠢ ᠠᠭᠤᠰᠤᠯᠴᠠᠯ᠎ᠢ ᠤᠯᠠᠮ ᠨᠢᠭᠡ ᠠᠯᠬᠤᠮ ᠠᠬᠢᠭᠤᠯᠵᠤ᠂ ᠵᠠᠰᠠᠭ᠎ᠤᠨ ᠣᠷᠳᠣᠨ ᠬᠦᠷᠢᠶᠡᠯᠡᠩ ᠲᠣᠭᠣᠷᠢᠭ᠋ ᠰᠤᠷᠭᠠᠭᠤᠯᠢ ᠠᠵᠤ ᠠᠬᠤᠢᠯᠠᠯ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ᠋ ᠭᠥᠷᠳᠡᠬᠦ᠎ᠶᠢ ᠪᠡᠶᠡᠯᠡᠭᠦᠯᠬᠦ ᠪᠣᠯᠣᠨ᠎ᠠ᠃
ᠬᠥᠬᠡᠬᠣᠲᠠ᠎ᠶᠢᠨ ᠳᠣᠣᠷ᠎ᠠ ᠠᠭᠠᠷ᠎ᠤᠨ ᠠᠵᠤ ᠠᠬᠤᠢ᠎ᠶᠢᠨ ᠠᠵᠤ ᠦᠢᠯᠡᠰ ᠪᠠ ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ᠎ᠶᠢ ᠬᠥᠬᠡᠬᠣᠲᠠ᠎ᠶᠢᠨ ᠰᠠᠨᠰᠠᠷ ᠠᠶᠠᠯᠠᠯ᠎ᠤᠨ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ᠋᠂ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠳᠣᠣᠷ᠎ᠠ ᠠᠭᠠᠷ᠎ᠤᠨ ᠣᠶᠤᠨᠲᠤ ᠬᠣᠯᠪᠣᠭ᠎ᠠ (ᠥᠪᠥᠷ ᠮᠣᠩᠭᠣᠯ)᠎ᠶᠢᠨ ᠳᠡᠭᠡᠳᠦ ᠰᠢᠨ᠎ᠡ ᠮᠡᠷᠭᠡᠵᠢᠯ᠎ᠦᠨ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠬᠢᠵᠠᠭᠠᠷᠲᠤ ᠺᠣᠮᠫᠠᠨᠢ ᠵᠢᠴᠢ ᠬᠦᠷᠢᠶᠡᠯᠡᠩ ᠲᠣᠭᠣᠷᠢᠭ᠋᠎ᠤᠨ ᠳᠣᠲᠣᠷᠠᠬᠢ ᠳᠣᠣᠷ᠎ᠠ ᠠᠭᠠᠷ᠎ᠤᠨ ᠠᠵᠤ ᠠᠬᠤᠢ ᠯᠤᠭ᠎ᠠ ᠬᠠᠮᠢᠶ᠎ᠠ ᠪᠦᠬᠦᠢ ᠠᠵᠤ ᠠᠬᠤᠢᠯᠠᠯ ᠬᠠᠮᠲᠤᠷᠠᠭᠠᠳ ᠲᠦᠷᠦᠭᠦᠯᠡᠨ ᠪᠠᠢᠭᠤᠯᠵᠤ᠂ 80 ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢ ᠤᠷᠢᠵᠤ ᠬᠠᠮᠲᠤ᠎ᠪᠠᠷ ᠵᠣᠬᠢᠶᠠᠨ ᠪᠠᠢᠭᠤᠯᠤᠭᠰᠠᠨ ᠶᠤᠮ᠃ ᠲᠣᠰ ᠬᠣᠯᠪᠣᠭᠠᠲᠤ ᠴᠣᠭᠴᠠ ᠨᠢ 《ᠳᠣᠣᠷ᠎ᠠ ᠠᠭᠠᠷ + N》 ᠠᠵᠤ ᠦᠢᠯᠡᠰ᠎ᠦᠨ ᠬᠥᠭᠵᠢᠯᠲᠡ᠎ᠶᠢᠨ ᠬᠡᠪ ᠵᠠᠭᠪᠤᠷ᠎ᠢᠶᠠᠷ ᠳᠠᠮᠵᠢᠭᠤᠯᠤᠨ᠂ ᠰᠢᠨ᠎ᠡ ᠡᠭᠦᠳᠦᠯᠲᠡ᠎ᠶᠢᠨ ᠲᠣᠭᠲᠠᠴᠠ᠎ᠶᠢ ᠢᠳᠡᠪᠬᠢᠲᠡᠢ ᠬᠠᠢᠨ ᠰᠦᠪᠡᠭᠴᠢᠯᠡᠵᠦ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠦᠨ᠂ ᠬᠠᠮᠵᠢᠯᠴᠠᠨ ᠬᠠᠮᠲᠤᠷᠠᠯᠴᠠᠬᠤ᠎ᠪᠠᠨ ᠴᠢᠩᠭᠠᠳᠬᠠᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠪᠦᠬᠦᠢ ᠠᠵᠤ ᠦᠢᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠤᠨ ᠰᠢᠨ᠎ᠡ ᠬᠡᠪ ᠳᠠᠭᠤᠷᠢᠶᠠᠯ᠎ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭᠠᠷ᠎ᠤᠨ ᠠᠵᠤ ᠠᠬᠤᠢ᠎ᠶᠢᠨ ᠠᠵᠤ ᠦᠢᠯᠡᠰ ᠬᠢᠭᠡᠳ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠬᠤ ᠪᠣᠯᠣᠨ᠎ᠠ᠃