ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
2023 ᠣᠨ᠎ᠤ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠎ᠤᠨ ᠰᠢᠷᠢᠰ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2023-11-29

         ᠥᠪᠥᠷ ᠰᠤᠷᠭ᠋ᠠᠨ ᠲᠥᠷᠦ ᠵᠢᠨ ᠪᠣᠳᠤᠯᠭ᠎ᠠ ᠬᠠᠤᠯᠢ ᠳᠦᠷᠢᠮ ᠪᠢᠴᠢᠭ

                [2020] 31 ᠳ᠋ᠦ᠍ᠭᠡᠷ ᠲᠣᠭ᠋ᠠᠲᠤ


ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠡᠯ᠎ᠡ ᠳᠡᠭᠡᠳᠦ ᠰᠤᠷᠭ᠋ᠠᠭᠤᠯᠢ᠎ᠳᠤ᠄
      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠨ ᠬᠠᠤᠯᠢ ᠵᠢᠨ ᠬᠠᠤᠯᠢ᠎ᠪᠠᠷ ᠵᠠᠰᠠᠬᠤ ᠬᠥᠮᠦᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠦᠭᠡ᠂ ᠰᠤᠷᠭ᠋ᠠᠨ ᠬᠥᠮᠦᠵᠢᠯ᠎ᠤᠨ ᠶᠠᠮᠤᠨ᠎ᠤ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠬᠠᠤᠯᠢ ᠵᠢ ᠲᠦᠭᠡᠮᠡᠯᠵᠢᠭᠦᠯᠬᠦ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ 《2023 ᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ 〈ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ〉᠎ᠤᠨ ᠰᠢᠷᠢᠰ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ 2023 ᠣᠨ᠎ᠤ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠎ᠤᠨ ᠰᠢᠷᠢᠰ ᠠᠵᠢᠯᠯᠠᠭ᠎ᠠ ᠵᠢ ᠥᠷᠨᠢᠭᠦᠯᠬᠦ ᠬᠣᠯᠪᠣᠭᠳᠠᠯ ᠪᠦᠬᠦᠢ ᠵᠦᠢ᠍ᠯ᠎ᠢ ᠮᠡᠳᠡᠭᠳᠡᠪᠡ᠄
      ᠨᠢᠭᠡ᠂ ᠠᠵᠢᠯᠯᠠᠭ᠋ᠠᠨ᠎ᠤ ᠴᠠᠭ
      2023 ᠣᠨ᠎ᠤ 12 ᠰᠠᠷ᠎ᠠ ᠵᠢᠨ 1-12 ᠰᠠᠷ᠎ᠠ ᠵᠢᠨ 7᠎ᠤ ᠡᠳᠦᠷ
      ᠬᠣᠶᠠᠷ᠂ ᠠᠵᠢᠯᠯᠠᠭ᠋ᠠᠨ᠎ᠤ ᠭᠣᠣᠯ ᠰᠡᠳᠦᠪ
      ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠣᠶᠣᠯ᠎ᠢ ᠪᠦᠲᠦᠭᠡᠨ ᠪᠠᠶ᠋ᠢᠭᠤᠯᠤᠶ᠎ᠠ
      ᠭᠤᠷᠪᠠ᠂ ᠠᠵᠢᠯᠯᠠᠭ᠋ᠠᠨ᠎ᠤ ᠪᠠᠶ᠋ᠢᠷᠢᠯᠠᠭᠤᠯᠤᠯᠲᠠ
      ᠡᠯ᠎ᠡ ᠠᠶ᠋ᠢᠮᠠᠭ ᠬᠣᠲᠠ᠂ ᠡᠯ᠎ᠡ ᠳᠡᠭᠡᠳᠦ ᠰᠤᠷᠭ᠋ᠠᠭᠤᠯᠢ ᠵᠢᠨ᠎ᠬᠢᠨ ᠠᠵᠢᠯᠯᠠᠭ᠋ᠠᠨ᠎ᠤ ᠭᠣᠣᠯ ᠰᠡᠳᠦᠪ᠎ᠤᠨ ᠲᠣᠭᠣᠷᠢᠨ᠎ᠳᠤ ᠦᠨᠳᠦᠰᠦᠨ ᠬᠠᠤᠯᠢ ᠵᠢᠨ ᠰᠤᠷᠤᠯᠴᠠᠯᠭ᠎ᠠ ᠤᠬᠠᠭᠤᠯᠭ᠎ᠠ ᠬᠥᠮᠦᠵᠢᠯ ᠎ᠤᠨ ᠠᠵᠢᠯᠯᠠᠭ᠎ᠠ ᠵᠢ ᠭᠦᠨᠵᠡᠭᠡᠢ ᠥᠷᠨᠢᠭᠦᠯᠬᠦ ᠬᠡᠷᠡᠭᠲᠡᠢ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠂ ᠣᠨᠴᠠᠭ᠋ᠠᠢ᠌ᠯᠠᠨ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠨ ᠬᠠᠤᠯᠢ ᠵᠢᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ᠂ ᠦᠨᠳᠦᠰᠦᠨ ᠬᠠᠤᠯᠢ᠂ ᠢᠷᠭᠡᠨ᠎ᠤ ᠬᠠᠤᠯᠢ ᠵᠢᠨ ᠪᠢᠴᠢᠭ᠂ ᠬᠠᠤᠯᠢ ᠴᠠᠭ᠋ᠠᠵᠠ ᠬᠠᠤᠯᠢ ᠳᠦᠷᠢᠮ ᠪᠣᠯᠤᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ᠂ ᠡᠬᠡ ᠣᠷᠣᠨᠴᠢ ᠦᠵᠡᠯ᠎ᠤᠨ ᠬᠥᠮᠦᠵᠢᠯ ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠮᠡᠳᠡᠯᠭᠡ ᠵᠢ ᠭᠦᠨᠵᠡᠭᠡᠢ ᠰᠤᠷᠤᠯᠴᠠᠨ ᠤᠬᠠᠭᠤᠯᠤᠨ᠎ᠠ᠃ ᠪᠣᠳᠠᠲᠠᠢ ᠠᠭᠤᠯᠭ᠎ᠠ ᠪᠣᠯᠤᠨ  ᠠᠵᠢᠯᠯᠠᠭ᠋ᠠᠨ᠎ᠤ ᠬᠡᠯᠪᠡᠷᠢ᠎ᠨᠢ ᠲᠤᠰ ᠭᠠᠵᠠᠷ ᠲᠤᠰ ᠰᠤᠷᠭ᠋ᠠᠭᠤᠯᠢ ᠵᠢᠨ ᠵᠶ᠋ᠠᠨ ᠪᠣᠳᠠᠲᠠᠢ ᠲᠣᠬᠢᠷᠠᠭᠤᠯᠤᠯᠲᠠ ᠵᠢ  ᠦᠨᠳᠦᠰᠦᠯᠡᠵᠦ ᠪᠣᠯᠤᠨ᠎ᠠ᠃
      (ᠨᠢᠭᠡ) 《ᠦᠨᠳᠦᠰᠦᠨ ᠬᠠᠤᠯᠢ ᠵᠢᠨ ᠬᠠᠮᠠᠭ᠋ᠠᠯᠠᠭᠴᠢ》 ᠭᠡᠬᠦ ᠠᠵᠢᠯᠯᠠᠭ᠋ᠠᠨ᠎ᠤ ᠲᠥᠯᠥᠪᠯᠡᠭᠡ᠃ ᠡᠯ᠎ᠡ ᠠᠶ᠋ᠢᠮᠠᠭ ᠬᠣᠲᠠ᠂ ᠡᠯ᠎ᠡ ᠳᠡᠭᠡᠳᠦ ᠰᠤᠷᠭ᠋ᠠᠭᠤᠯᠢ ᠵᠢᠨ᠎ᠬᠢᠨ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠰᠤᠷᠤᠭᠴᠢᠳ᠎ᠢ ᠵᠣᠷᠢᠭᠵᠢᠭᠤᠯᠤᠨ ᠪᠦᠬᠦ ᠤᠯᠤᠰ᠎ᠤᠨ ᠰᠤᠷᠤᠭᠴᠢᠳ᠎ᠤᠨ 《ᠦᠨᠳᠦᠰᠦᠨ ᠬᠠᠤᠯᠢ ᠵᠢ ᠰᠤᠷᠤᠯᠴᠠᠵᠤ ᠦᠨᠳᠦᠰᠦᠨ ᠬᠠᠤᠯᠢ ᠵᠢ ᠡᠷᠬᠢᠮᠯᠡᠬᠦ》 ᠠᠵᠢᠯᠯᠠᠭ᠎ᠠ ᠵᠢᠨ ᠰᠦᠯᠵᠢᠶᠡᠨ᠎ᠤ ᠰᠤᠷᠤᠯᠴᠠᠯᠭ᠎ᠠ ᠪᠠ 《ᠦᠨᠳᠦᠰᠦᠨ ᠬᠠᠤᠯᠢ ᠵᠢᠨ ᠬᠠᠮᠠᠭ᠋ᠠᠯᠠᠭᠴᠢ》 ᠭᠡᠬᠦ ᠠᠵᠢᠯᠯᠠᠭ᠎ᠠ ᠵᠢᠨ ᠲᠥᠯᠥᠪᠯᠡᠭᠡ᠎ᠳᠤ ᠢᠳᠡᠪᠬᠢᠲᠡᠢ ᠣᠷᠣᠯᠴᠠᠭᠤᠯᠬᠤ᠎ᠪᠠᠷ ᠬᠥᠲᠥᠯᠥᠨ ᠵᠢᠯᠣᠭᠣᠳᠴᠤ᠂ ᠰᠤᠷᠤᠭᠴᠢᠳ᠎ᠤᠨ ᠦᠨᠳᠦᠰᠦᠨ ᠬᠠᠤᠯᠢ ᠵᠢ ᠰᠤᠷᠤᠯᠴᠠᠬᠤ ᠠᠵᠢᠯᠯᠠᠭ᠎ᠠ᠎ᠳᠤ ᠣᠷᠣᠯᠴᠠᠬᠤ ᠢᠳᠡᠪᠬᠢᠵᠢᠯ ᠪᠠ ᠪᠦᠲᠦᠮᠵᠢᠲᠦ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ 《ᠦᠨᠳᠦᠰᠦᠨ ᠬᠠᠤᠯᠢ ᠵᠢᠨ ᠬᠠᠮᠠᠭ᠋ᠠᠯᠠᠭᠴᠢ》 ᠭᠡᠬᠦ ᠠᠵᠢᠯᠯᠠᠭ᠎ᠠ ᠵᠢᠨ ᠲᠥᠯᠥᠪᠯᠡᠭᠡ᠎ᠳᠤ ᠣᠷᠣᠯᠴᠠᠬᠤ ᠨᠡᠪᠲᠡᠷᠡᠬᠦ ᠵᠠᠮ᠎ᠢ 2023 ᠣᠨ᠎ᠤ 12 ᠰᠠᠷ᠎ᠠ ᠵᠢᠨ 8᠎ᠤ ᠡᠳᠦᠷ᠎ᠤᠨ           17᠄ 00᠎ᠳᠤ ᠬᠠᠭ᠋ᠠᠨ᠎ᠠ᠃
      (ᠬᠣᠶᠠᠷ) 《ᠦᠨᠳᠦᠰᠦᠨ ᠬᠠᠤᠯᠢ ᠪᠢᠳᠡᠨ᠎ᠲᠠᠢ ᠬᠠᠮᠲᠤ ᠦᠰᠦᠨ ᠪᠣᠢ᠌ᠵᠢᠨ᠎ᠠ》 ᠭᠡᠬᠦ ᠵᠠᠯᠭ᠋ᠠᠭᠤᠯᠤᠨ ᠳᠠᠭᠤᠯᠠᠬᠤ ᠠᠵᠢᠯᠯᠠᠭ᠎ᠠ᠃ ᠡᠯ᠎ᠡ ᠠᠶ᠋ᠢᠮᠠᠭ ᠬᠣᠲᠠ᠂ ᠡᠯ᠎ᠡ ᠳᠡᠭᠡᠳᠦ ᠰᠤᠷᠭ᠋ᠠᠭᠤᠯᠢ ᠵᠢᠨ᠎ᠬᠢᠨ ᠦᠨᠳᠦᠰᠦᠨ ᠬᠠᠤᠯᠢ ᠵᠢᠨ ᠭᠣᠣᠯ ᠰᠡᠳᠦᠪᠲᠦ ᠳᠠᠭᠤᠨ᠎ᠤ ᠬᠥᠮᠥᠵᠢᠭᠦᠯᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠦᠨᠳᠦᠰᠦᠨ ᠬᠠᠤᠯᠢ ᠪᠢᠳᠡᠨ᠎ᠲᠠᠢ ᠬᠠᠮᠲᠤ ᠥᠰᠦᠨ ᠪᠣᠢ᠌ᠵᠢᠨ᠎ᠠ》 ᠭᠡᠬᠦ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠦᠨ᠎ᠡ᠃ 12 ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠪᠦᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠠᠤᠯᠢ ᠵᠢ ᠲᠥᠭᠡᠮᠡᠯᠵᠢᠭᠦᠯᠬᠦ ᠰᠦᠯᠵᠢᠶ᠎ᠡ (http://qspfw.moe.gov.cn᠂ ᠳᠣᠷᠣᠭᠰᠢ 《ᠬᠠᠤᠯᠢ ᠵᠢ ᠲᠦᠭᠡᠮᠡᠯᠵᠢᠭᠦᠯᠬᠦ ᠰᠦᠯᠵᠢᠶ᠎ᠡ》 ᠭᠡᠵᠦ ᠳᠦᠭᠦᠮᠴᠢᠯᠡᠨ᠎ᠡ) ᠡᠰᠡᠬᠦᠯ᠎ᠡ ᠡᠯ᠎ᠡ ᠲᠥᠷᠥᠯ᠎ᠤᠨ ᠰᠢᠨ᠎ᠡ ᠵᠠᠭᠤᠴᠢᠯᠠᠭᠤᠷ ᠵᠶ᠋ᠡᠷ ᠰᠢᠯᠢᠳᠡᠭ ᠵᠠᠯᠭ᠋ᠠᠭᠤᠯᠤᠨ ᠳᠠᠭᠤᠯᠠᠭᠰᠠᠨ ᠪᠦᠲᠦᠭᠡᠯ᠎ᠢ ᠳᠠᠮᠵᠢᠭᠤᠯᠤᠨ᠎ᠠ᠃ ᠬᠣᠯᠪᠤᠭᠳᠠᠯ ᠪᠥᠬᠦᠢ ᠪᠦᠲᠦᠭᠡᠯ᠎ᠢ ᠬᠣᠯᠪᠤᠭᠳᠠᠯ ᠪᠦᠬᠦᠢ ᠬᠠᠭᠤᠳᠠᠰᠤᠨ᠎ᠤ ᠲᠦᠷᠦᠭᠦᠦ ᠨᠢᠭᠤᠷ᠎ᠲᠤ ᠳᠡᠯᠭᠡᠨ ᠦᠵᠡᠭᠦᠯᠦᠨ᠎ᠡ᠃
      (ᠭᠤᠷᠪᠠ) ᠤᠯᠤᠰ᠎ᠤᠨ ᠦᠨᠳᠦᠰᠦᠨ ᠬᠠᠤᠯᠢ ᠵᠢᠨ ᠡᠳᠦᠷ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ 《ᠦᠨᠳᠦᠰᠦᠨ ᠬᠠᠤᠯᠢ ᠵᠢᠨ ᠥᠷᠯᠥᠭᠡᠨ᠎ᠤ  ᠣᠩᠰᠢᠯᠭ᠎ᠠ》 ᠭᠡᠬᠦ ᠠᠵᠢᠯᠯᠠᠭ᠎ᠠ᠃ 2023 ᠣᠨ᠎ᠤ 12 ᠰᠠᠷ᠎ᠠ ᠵᠢᠨ 4᠎ᠤ ᠡᠳᠦᠷ ᠪᠣᠯ ᠠᠷᠪᠠᠳᠤᠭ᠋ᠠᠷ ᠤᠯᠤᠰ᠎ᠤᠨ ᠦᠨᠳᠦᠰᠦᠨ ᠬᠠᠤᠯᠢ ᠵᠢᠨ ᠡᠳᠦᠷ ᠮᠥᠨ᠂ ᠰᠤᠷᠭ᠋ᠠᠨ ᠬᠥᠮᠦᠵᠢᠯ᠎ᠤᠨ ᠶᠠᠮᠤᠨ ᠪᠡᠭᠡᠵᠢᠩ᠎ᠳᠤ ᠭᠣᠣᠯ ᠬᠤᠷᠠᠯ᠎ᠤᠨ ᠲᠠᠯᠠᠪᠠᠢ ᠭᠠᠷᠭ᠋ᠠᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ 《ᠦᠨᠳᠦᠰᠦᠨ ᠬᠠᠤᠯᠢ ᠵᠢᠨ ᠥᠷᠯᠥᠭᠡ ᠵᠢᠨ ᠤᠩᠰᠢᠯᠭ᠎ᠠ》 ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠦᠨ᠎ᠡ᠃ ᠲᠤᠬᠠᠢ ᠵᠢᠨ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠥᠪᠥᠷ ᠮᠣᠩᠭᠣᠯ᠎ᠲᠤ ᠬᠤᠪᠢᠶᠠᠷᠢ ᠬᠤᠷᠠᠯ᠎ᠤᠨ ᠲᠠᠯᠠᠪᠠᠢ ᠭᠠᠷᠭ᠋ᠠᠵᠤ᠂ ᠭᠣᠣᠯ ᠬᠤᠷᠠᠯ᠎ᠤᠨ ᠲᠠᠯᠠᠪᠠᠢ᠎ᠲᠠᠢ ᠵᠡᠷᠭᠡ᠎ᠪᠠᠷ ᠠᠵᠢᠯᠯᠠᠭ᠎ᠠ᠎ᠳᠤ ᠣᠷᠣᠯᠴᠠᠨ᠎ᠠ᠃ ᠨᠥᠬᠥᠴᠡᠯ᠎ᠲᠠᠢ ᠰᠤᠷᠭ᠋ᠠᠭᠤᠯᠢ ᠰᠤᠷᠤᠭᠴᠢᠳ᠎ᠢ ᠢᠳᠡᠪᠬᠢᠲᠡᠢ ᠵᠣᠬᠢᠶᠠᠨ ᠪᠠᠶ᠋ᠢᠭᠤᠯᠵᠤ ᠬᠠᠤᠯᠢ ᠵᠢ ᠲᠦᠭᠡᠮᠡᠯᠵᠢᠭᠦᠯᠬᠦ ᠰᠦᠯᠵᠢᠶ᠎ᠡ᠎ᠪᠠᠷ ᠳᠠᠮᠵᠢᠭᠤᠯᠤᠨ ᠰᠢᠭᠤᠳ ᠨᠡᠪᠲᠡᠷᠡᠭᠦᠯᠭᠡ ᠵᠢ ᠰᠣᠨᠢᠷᠬᠠᠭᠤᠯᠵᠤ᠂ ᠬᠠᠮᠲᠤ᠎ᠳᠤ᠎ᠪᠠᠨ ᠣᠷᠣᠯᠴᠠᠨ᠎ᠠ᠃ ᠪᠣᠳᠠᠲᠠᠢ ᠲᠣᠬᠢᠷᠠᠭᠤᠯᠤᠯᠲᠠ ᠳᠣᠣᠷᠠᠬᠢ ᠮᠡᠲᠦ᠄
      1. 9᠄ 00-9᠄ 05 ᠲᠤᠭ ᠮᠠᠨᠳᠤᠭᠤᠯᠬᠤ ᠶᠣᠰᠣᠯᠠᠯ;
      2. 9᠄ 05-9᠄ 15 ᠦᠨᠳᠦᠰᠦᠨ ᠬᠠᠤᠯᠢ ᠵᠢᠨ ᠥᠷᠯᠥᠭᠡ ᠵᠢᠨ ᠤᠩᠰᠢᠯᠭ᠎ᠠ᠂ ᠰᠤᠷᠭ᠋ᠠᠨ ᠬᠥᠮᠦᠵᠢᠯ᠎ᠤᠨ ᠶᠠᠮᠤᠨ᠎ᠤ ᠤᠳᠤᠷᠢᠳᠤᠯᠭ᠎ᠠ᠎ᠠᠴᠠ ᠦᠨᠳᠦᠰᠦᠨ ᠬᠠᠤᠯᠢ ᠵᠢᠨ ᠬᠡᠰᠡᠭ ᠵᠤᠷᠪᠤᠰ (ᠳᠠᠭ᠋ᠠᠯᠳᠤᠭᠤᠯᠤᠯ᠎ᠳᠤ ᠨᠠᠷᠢᠨ ᠦᠵᠡᠭᠡᠷᠡᠢ)᠎ᠢ ᠳᠠᠭ᠋ᠠᠭᠤᠯᠤᠨ ᠤᠩᠰᠢᠵᠤ᠂ ᠠᠬᠤᠢ ᠲᠠᠯᠠᠪᠠᠢ᠎ᠳᠤ ᠰᠤᠷᠤᠭᠴᠢ ᠵᠢᠴᠢ ᠪᠦᠬᠦ  ᠠᠵᠢᠯᠲᠠᠨ᠎ᠲᠠᠭᠠᠨ ᠤᠩᠰᠢᠵᠤ᠂ ᠡᠯ᠎ᠡ ᠭᠠᠵᠠᠷ᠎ᠤᠨ ᠰᠤᠷᠭ᠋ᠠᠭᠤᠯᠢ ᠬᠠᠤᠯᠢ ᠵᠢ ᠲᠦᠭᠡᠮᠡᠯᠵᠢᠭᠦᠯᠬᠦ ᠰᠦᠯᠵᠢᠶ᠎ᠡ᠎ᠪᠠᠷ ᠳᠠᠮᠵᠢᠭᠤᠯᠤᠨ ᠰᠦᠯᠵᠢᠶᠡᠨ᠎ᠤ ᠰᠢᠭᠤᠳ ᠨᠡᠪᠲᠡᠷᠡᠭᠦᠯᠭᠡ ᠵᠢ ᠬᠦᠯᠢᠶᠡᠨ ᠠᠪᠴᠤ ᠦᠵᠡᠨ᠂ ᠵᠡᠷᠭᠡ᠎ᠪᠠᠷ ᠳᠠᠭ᠋ᠠᠵᠤ ᠰᠤᠷᠤᠯᠴᠠᠨ᠎ᠠ;
      3. 9᠄ 15-9᠄ 20 ᠭᠣᠣᠯ ᠬᠤᠷᠠᠯ᠎ᠤᠨ ᠲᠠᠯᠠᠪᠠᠢ᠎ᠳᠤ 《ᠦᠨᠳᠦᠰᠦᠨ ᠬᠠᠤᠯᠢ ᠪᠢᠳᠡᠨ᠎ᠲᠠᠢ ᠬᠠᠮᠲᠤ ᠥᠰᠦᠨ ᠪᠣᠢ᠌ᠵᠢᠨ᠎ᠠ》 ᠭᠡᠬᠦ ᠳᠠᠭᠤᠤ ᠵᠢ ᠳᠠᠭ᠋ᠠᠭᠤᠯᠤᠨ ᠳᠠᠭᠤᠯᠠᠵᠤ᠂ ᠡᠯ᠎ᠡ ᠭᠠᠵᠠᠷ᠎ᠤᠨ ᠰᠤᠷᠭ᠋ᠠᠭᠤᠯᠢ ᠳᠠᠭ᠋ᠠᠵᠤ ᠳᠠᠭᠤᠯᠠᠨ᠎ᠠ (ᠳᠠᠭᠤᠤ ᠵᠢᠨ ᠦᠭᠡ ᠵᠢ ᠬᠠᠤᠯᠢ ᠵᠢ ᠲᠦᠭᠡᠮᠡᠯᠵᠢᠭᠦᠯᠬᠦ ᠰᠦᠯᠵᠢᠶᠡᠨ᠎ᠠᠴᠠ ᠪᠠᠭᠤᠯᠭ᠋ᠠᠵᠤ ᠪᠣᠯᠤᠨ᠎ᠠ);
      4. 9᠄ 20-9᠄ 45 ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠰᠤᠷᠤᠭᠴᠢᠳ᠎ᠤᠨ 《ᠦᠨᠳᠦᠰᠦᠨ ᠬᠠᠤᠯᠢ ᠵᠢ ᠰᠤᠷᠤᠯᠴᠠᠵᠤ ᠦᠨᠳᠦᠰᠦᠨ ᠬᠠᠤᠯᠢ ᠵᠢ ᠡᠷᠬᠢᠮᠯᠡᠬᠦ》 ᠠᠵᠢᠯᠯᠠᠭ᠎ᠠ ᠵᠢᠨ ᠪᠦᠬᠦ ᠤᠯᠤᠰ᠎ᠤᠨ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ᠎ᠤ ᠶᠠᠷᠢᠶ᠎ᠠ ᠢᠯᠡᠳᠬᠡᠯ ᠎ᠤᠨ ᠤᠷᠤᠯᠳᠤᠭ᠋ᠠᠨ᠎ᠤ ᠰᠢᠯᠢᠳᠡᠭ ᠵᠶ᠋ᠠᠷ  ᠰᠢᠯᠭ᠋ᠠᠷᠠᠭᠤᠯᠤᠭᠰᠠᠳ᠎ᠤᠨ ᠦᠵᠡᠭᠦᠯᠭᠡ ᠵᠢᠨ ᠲᠣᠭᠯᠠᠯᠲᠠ;
      5. 9᠄ 45-10᠄ 00 ᠰᠤᠷᠭ᠋ᠠᠨ ᠬᠥᠮᠦᠵᠢᠯ᠎ᠤᠨ ᠶᠠᠮᠤᠨ᠎ᠤ ᠤᠳᠤᠷᠢᠳᠤᠯᠭ᠎ᠠ ᠶᠠᠷᠢᠶ᠎ᠠ ᠲᠠᠯᠪᠢᠨ᠎ᠠ᠃
      ᠳᠥᠷᠪᠡ᠂ ᠠᠵᠢᠯ᠎ᠤᠨ ᠱᠠᠭ᠋ᠠᠷᠳᠠᠯᠭ᠎ᠠ
      ᠡᠯ᠎ᠡ ᠠᠶ᠋ᠢᠮᠠᠭ ᠬᠣᠲᠠ᠂ ᠡᠯ᠎ᠡ ᠳᠡᠭᠡᠳᠦ ᠰᠤᠷᠭ᠋ᠠᠭᠤᠯᠢ ᠵᠢᠨ᠎ᠬᠢᠨ ᠦᠨᠳᠦᠰᠦᠨ ᠬᠠᠤᠯᠢ ᠵᠢ ᠰᠤᠷᠤᠯᠴᠠᠵᠤ ᠤᠬᠠᠭᠤᠯᠬᠤ ᠵᠢ ᠨᠢᠭᠡ ᠵᠦᠢ᠍ᠯ᠎ᠤᠨ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠷᠭ᠎ᠠ ᠬᠡᠯᠪᠡᠷᠢ ᠵᠢ ᠴᠢᠬᠤᠯᠠᠴᠢᠯᠠᠨ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠺᠠᠳ᠋ᠷ ᠪᠠᠭᠰᠢ ᠰᠤᠷᠤᠭᠴᠢᠳ᠎ᠤᠨ ᠢᠳᠡᠪᠬᠢᠲᠡᠢ ᠣᠷᠣᠯᠴᠠᠬᠤ ᠵᠢ ᠬᠥᠲᠥᠯᠥᠨ ᠵᠢᠯᠣᠭᠣᠳᠴᠤ᠂ ᠰᠤᠷᠤᠯᠴᠠᠬᠤ ᠠᠵᠢᠯᠯᠠᠭ᠎ᠠ ᠵᠢ ᠥᠷᠭᠡᠨ ᠵᠶ᠋ᠠᠷ ᠬᠠᠮᠤᠷᠤᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ᠃ ᠡᠭᠦᠨ᠎ᠤ ᠬᠠᠮᠲᠤ᠂ ᠤᠬᠠᠭᠤᠯᠤᠨ ᠮᠡᠳᠡᠭᠡᠯᠡᠬᠦ ᠵᠢ ᠴᠢᠩᠭ᠋ᠠᠳᠬᠠᠵᠤ᠂ ᠣᠯᠠᠨ ᠵᠦᠢ᠍ᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ ᠲᠤᠰ ᠭᠠᠵᠠᠷ ᠣᠷᠣᠨ ᠲᠤᠰ ᠰᠤᠷᠭ᠋ᠠᠭᠤᠯᠢ ᠵᠢᠨ ᠦᠨᠳᠦᠰᠦᠨ ᠬᠠᠤᠯᠢ ᠵᠢᠨ ᠰᠤᠷᠤᠯᠴᠠᠯᠭ᠎ᠠ ᠤᠬᠠᠭᠤᠯᠭ᠎ᠠ ᠬᠥᠮᠦᠵᠢᠯ᠎ᠤᠨ ᠭᠢᠯᠠᠰ ᠴᠡᠭ ᠪᠠ ᠣᠨᠴᠠᠯᠢᠭ᠎ᠢ ᠴᠠᠭ ᠲᠤᠬᠠᠢ᠎ᠳᠤ᠎ᠨᠢ ᠢᠯᠡᠷᠡᠭᠦᠯᠵᠦ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ ᠵᠢ ᠬᠦᠨᠳᠦᠳᠬᠡᠬᠦ ᠬᠠᠤᠯᠢ ᠵᠢ ᠰᠤᠷᠤᠯᠴᠠᠬᠤ ᠬᠠᠤᠯᠢ ᠵᠢ ᠰᠠᠬᠢᠬᠤ ᠬᠠᠤᠯᠢ ᠵᠢ ᠬᠡᠷᠡᠭᠯᠡᠬᠦ  ᠭᠦᠨ ᠵᠤᠵᠠᠭ᠋ᠠᠨ ᠠᠭᠤᠷ ᠠᠮᠢᠰᠬᠤᠯ᠎ᠢ ᠪᠣᠢ ᠪᠣᠯᠭ᠋ᠠᠬᠤ ᠬᠡᠷᠡᠭᠲᠡᠢ᠃
      ᠡᠯ᠎ᠡ ᠠᠶ᠋ᠢᠮᠠᠭ ᠬᠣᠲᠠ᠂ ᠡᠯ᠎ᠡ ᠳᠡᠭᠡᠳᠦ ᠰᠤᠷᠭ᠋ᠠᠭᠤᠯᠢ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠎ᠠ ᠵᠢ ᠥᠷᠨᠢᠭᠦᠯᠦᠭᠰᠡᠨ ᠪᠠᠶ᠋ᠢᠳᠠᠯ᠂ ᠣᠨᠴᠠᠭ᠋ᠠᠢ᠌ᠯᠠᠨ ᠭᠣᠣᠯ ᠠᠷᠭ᠎ᠠ ᠪᠠᠷᠢᠯ᠂ ᠨᠡᠶ᠋ᠢᠲᠡᠯᠢᠭ ᠲᠤᠷᠰᠢᠯᠭ᠎ᠠ (《ᠦᠨᠳᠦᠰᠦᠨ ᠬᠠᠤᠯᠢ ᠵᠢᠨ ᠥᠷᠯᠥᠭᠡ ᠵᠢᠨ ᠤᠩᠰᠢᠯᠭ᠎ᠠ》 ᠭᠡᠬᠦ ᠠᠵᠢᠯᠯᠠᠭ᠎ᠠ᠎ᠳᠤ ᠣᠷᠣᠯᠴᠠᠭᠰᠠᠨ ᠰᠤᠷᠭ᠋ᠠᠭᠤᠯᠢ ᠵᠢᠨ ᠲᠣᠭ᠎ᠠ ᠪᠠ ᠰᠤᠷᠤᠭᠴᠢ ᠵᠢᠨ ᠲᠣᠭ᠎ᠠ᠂ ᠬᠠᠮᠢᠶ᠎ᠠ ᠪᠦᠬᠦᠢ ᠠᠵᠢᠯᠯᠠᠭ᠋ᠠᠨ᠎ᠤ ᠭᠡᠷᠡᠯ ᠵᠢᠷᠤᠭ᠂ ᠸᠢᠳᠢᠣ᠋ ᠵᠡᠷᠭᠡ ᠵᠢ ᠪᠠᠭᠲᠠᠭ᠋ᠠᠨ᠎ᠠ) ᠵᠢ ᠨᠠᠷᠢᠨ ᠬᠢᠨᠠᠮᠠᠭ᠋ᠠᠢ ᠳ᠋ᠦᠩᠨᠡᠵᠦ᠂ ᠶᠡᠷᠦᠩᠬᠡᠶ᠋ᠢᠯᠡᠭᠰᠡᠨ ᠦᠰᠦᠭ ᠪᠢᠴᠢᠭ᠎ᠤᠨ ᠮᠠᠲ᠋ᠧᠷᠢᠶᠠᠯ᠎ᠢ ᠪᠥᠷᠢᠯᠳᠦᠭᠦᠯᠦᠨ᠂ 12 ᠰᠠᠷ᠎ᠠ ᠵᠢᠨ 12᠎ᠤᠨ ᠡᠳᠦᠷ᠎ᠠᠴᠠ ᠡᠮᠦᠨ᠎ᠡ ᠮᠠᠲ᠋ᠧᠷᠢᠶᠠᠯ᠎ᠤᠨ ᠡᠯᠧᠺᠲᠷᠣᠨ ᠬᠡᠪᠯᠡᠯ᠎ᠢ nmgjytfgc@163.com᠎ᠳᠤ ᠬᠦᠷᠭᠡᠨ᠎ᠡ᠃ ᠬᠠᠷᠢᠯᠴᠠᠬᠤ ᠬᠥᠮᠦᠨ᠄ ᠸᠠᠩ ᠰᠢᠶᠣᠤ ᠹᠠᠩ᠂ ᠤᠲᠠᠰᠤ᠄ 0471-2856729᠃


      ᠳᠠᠭ᠋ᠠᠯᠳᠤᠭᠤᠯᠤᠯ᠄
      1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠬᠠᠤᠯᠢ ᠵᠢᠨ ᠥᠷᠯᠥᠭᠡ ᠵᠢᠨ ᠤᠩᠰᠢᠯᠭ᠎ᠠ ᠵᠢᠨ ᠬᠤᠪᠢᠶᠠᠷᠢ ᠬᠤᠷᠠᠯ᠎ᠤᠨ ᠲᠠᠯᠠᠪᠠᠢ ᠵᠢ ᠬᠠᠮᠵᠢᠨ ᠲᠣᠬᠢᠷᠠᠭᠤᠯᠬᠤ ᠲᠤᠬᠠᠢ ᠵᠠᠬᠢᠳᠠᠯ
      2. ᠦᠨᠳᠦᠰᠦᠨ ᠬᠠᠤᠯᠢ ᠵᠢᠨ ᠥᠷᠯᠥᠭᠡ ᠵᠢᠨ ᠣᠩᠰᠢᠯᠭ᠎ᠠ ᠵᠢᠨ ᠠᠭᠤᠯᠭ᠎ᠠ


        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                 2023 ᠣᠨ᠎ᠤ 11 ᠰᠠᠷ᠎ᠠ ᠵᠢᠨ 28᠎ᠤ ᠡᠳᠦᠷ


ᠳᠠᠭ᠋ᠠᠯᠳᠤᠭᠤᠯᠤᠯ 1᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠬᠠᠤᠯᠢ ᠵᠢᠨ ᠥᠷᠯᠥᠭᠡ ᠵᠢᠨ ᠤᠩᠰᠢᠯᠭ᠎ᠠ ᠵᠢᠨ ᠬᠤᠪᠢᠶᠠᠷᠢ ᠬᠤᠷᠠᠯ᠎ᠤᠨ ᠲᠠᠯᠠᠪᠠᠢ ᠵᠢ ᠬᠠᠮᠵᠢᠨ ᠲᠣᠬᠢᠷᠠᠭᠤᠯᠬᠤ ᠲᠤᠬᠠᠢ ᠵᠠᠬᠢᠳᠠᠯ .docx
ᠳᠠᠭ᠋ᠠᠯᠳᠤᠭᠤᠯᠤᠯ 2᠄ 2. ᠦᠨᠳᠦᠰᠦᠨ ᠬᠠᠤᠯᠢ ᠵᠢᠨ ᠥᠷᠯᠥᠭᠡ ᠵᠢᠨ ᠣᠩᠰᠢᠯᠭ᠎ᠠ ᠵᠢᠨ ᠠᠭᠤᠯᠭ᠎ᠠ .docx
   

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号