ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠳᠡᠭᠡᠳᠦ ᠳᠡᠰ᠎ᠤᠨ ᠴᠢᠳᠠᠪᠤᠷᠢᠲᠠᠨ᠎ᠢ ᠢᠯᠡ ᠨᠡᠶ᠋ᠢᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2024-11-12

     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ 〈ᠴᠢᠳᠠᠪᠤᠷᠢᠲᠠᠨ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ〉 ᠢᠨᠵᠧᠨᠧᠷᠢᠩ᠎ᠤᠨ ᠲᠥᠷᠥ ᠵᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠰᠠᠨᠠᠯ》 (ᠥᠪᠥᠷ ᠨᠠᠮ ᠠᠯᠪᠠᠨ ᠲᠠᠷᠬᠠᠭ᠋ᠠᠭᠰᠠᠨ [2024] 18 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠴᠢᠳᠠᠪᠤᠷᠢᠲᠠᠨ ᠤᠷᠢᠬᠤ ᠠᠯᠪᠠᠨ ᠵᠠᠷᠯᠠᠯ᠎ᠢ ᠨᠡᠶ᠋ᠢᠲᠡᠯᠡᠬᠦ᠂ ᠨᠡᠷ᠎ᠡ ᠮᠡᠳᠡᠭᠦᠯᠵᠦ ᠬᠢᠨᠠᠨ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱ᠌ᠢᠵᠦ ᠮᠠᠭ᠋ᠠᠳᠯᠠᠨ ᠲᠣᠭᠲᠠᠭ᠋ᠠᠬᠤ᠂  ᠪᠠᠶ᠋ᠢᠴᠠᠭ᠋ᠠᠬᠤ᠂ ᠪᠡᠶ᠎ᠡ ᠵᠢᠨ ᠪᠠᠶ᠋ᠢᠴᠠᠭ᠋ᠠᠯᠲᠠ ᠬᠢᠬᠦ ᠵᠡᠷᠭᠡ ᠳᠡᠰ ᠳᠠᠷᠠᠭ᠋ᠠᠯᠠᠯ ᠵᠶ᠋ᠠᠷ ᠳᠠᠮᠵᠢᠨ᠂ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠴᠢᠳᠠᠪᠤᠷᠢᠲᠠᠨ ᠵᠶ᠋ᠠᠷ 1 ᠬᠥᠮᠦᠨ᠎ᠢ ᠳᠣᠭᠲᠠᠭ᠋ᠠᠪᠠ᠂ ᠡᠳᠦᠭᠡ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠳᠡᠭᠡᠳᠦ ᠳᠡᠰ᠎ᠤᠨ ᠴᠢᠳᠠᠪᠤᠷᠢᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠨᠢᠭᠡᠴᠢ ᠵᠢ  ᠢᠯᠡ ᠨᠡᠶ᠋ᠢᠲᠡᠯᠡᠪᠡ᠃
      ᠨᠢᠭᠡ᠂ ᠢᠯᠡ ᠨᠡᠶ᠋ᠢᠲᠡᠯᠡᠬᠦ ᠡᠲᠡᠭᠡᠳ
      ᠯᠢ ᠯᠢ ᠮᠢᠩ᠂ ᠡᠷᠡᠭᠲᠡᠢ᠂ 1978 ᠣᠨ᠎ᠤ 12 ᠰᠠᠷ᠎ᠠ᠎ᠳᠤ ᠲᠦᠷᠦᠵᠠᠢ᠂ ᠳ᠋ᠣᠺᠲ᠋ᠣᠷᠠᠨᠲ᠂ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠺᠣᠮᠫᠢᠦ᠋ᠲ᠋ᠧᠷ ᠪᠣᠯᠤᠨ ᠰᠦᠯᠵᠢᠶᠡᠨ᠎ᠤ ᠠᠮᠤᠷ ᠲᠦᠪᠰᠢᠨ᠎ᠤ ᠰᠠᠯᠪᠤᠷᠢ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ᠎ᠳᠤ ᠤᠷᠢᠬᠤ᠎ᠪᠠᠷ ᠲᠥᠯᠥᠪᠯᠡᠵᠦ ᠪᠣᠢ᠃
      ᠬᠣᠶᠠᠷ᠂ ᠢᠯᠡ ᠨᠡᠶ᠋ᠢᠲᠡᠯᠡᠬᠦ ᠴᠠᠭ ᠬᠤᠭᠤᠴᠠᠭ᠎ᠠ
      2024 ᠣᠨ᠎ᠤ 11 ᠰᠠᠷ᠎ᠠ ᠵᠢᠨ 7- 2024 ᠣᠨ᠎ᠤ 11 ᠰᠠᠷ᠎ᠠ ᠵᠢᠨ 13᠎ᠤ ᠡᠳᠦᠷ
      ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ
      ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠎ᠪᠠᠷ ᠳᠡᠭᠡᠷ᠎ᠡ ᠳᠤᠷᠠᠳᠤᠭᠰᠠᠨ ᠢᠯᠡ ᠨᠡᠢ᠌ᠲᠡᠯᠡᠭᠰᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠂ ᠲᠤᠰᠬᠠᠬᠤ ᠮᠠᠲ᠋ᠧᠷᠢᠶᠠᠯ᠎ᠳᠤ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠴᠢᠬᠤᠯᠠᠲᠠᠢ᠂ ᠬᠤᠪᠢ ᠬᠥᠮᠦᠨ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠮᠠᠶᠢᠭ ᠵᠶ᠋ᠡᠨ ᠬᠠᠩᠭ᠋ᠠᠬᠤ ᠬᠡᠷᠡᠭᠲᠡᠢ᠃
      ᠤᠲᠠᠰᠤ ᠵᠢᠴᠢ ᠢᠮᠧᠯ᠄ 0471 - 2857005; nmgjytjsgzc@126.com᠃


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
            2024 ᠣᠨ᠎ᠤ 11 ᠰᠠᠷ᠎ᠠ ᠵᠢᠨ 7᠎ᠤ ᠡᠳᠦᠷ

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号