ᠰᠤᠷᠭ᠋ᠠᠨ ᠬᠥᠮᠦᠵᠢᠯ᠎ᠤᠨ ᠶᠠᠮᠤᠨ᠎ᠤ ᠨᠢᠭᠡᠳᠦᠯᠲᠡᠢ ᠪᠠᠶ᠋ᠢᠷᠢᠯᠠᠭᠤᠯᠤᠯᠲᠠ ᠵᠢ ᠦᠨᠳᠦᠰᠦᠯᠡᠨ᠂ ᠡᠯ᠎ᠡ ᠶᠡᠬᠡ ᠳᠡᠭᠡᠳᠦ ᠰᠤᠷᠭ᠋ᠠᠭᠤᠯᠢ 2027 ᠣᠨ᠎ᠠᠴᠠ ᠡᠬᠢᠯᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠰᠤᠷᠤᠭᠴᠢ ᠡᠯᠰᠡᠬᠦ᠎ᠪᠠᠷ ᠪᠠᠶ᠋ᠢᠭ᠎ᠠ ᠡᠯ᠎ᠡ ᠲᠤᠰᠬᠠᠢ ᠮᠡᠷᠭᠡᠵᠢᠯ (ᠲᠤᠰᠬᠠᠢ ᠮᠡᠷᠭᠡᠵᠢᠯ᠎ᠤᠨ ᠲᠥᠷᠥᠯ)᠎ᠤᠨ ᠬᠢᠴᠢᠶᠡᠯ ᠲᠥᠷᠥᠯ᠎ᠢ ᠰᠣᠩᠭᠣᠨ ᠰᠢᠯᠭ᠋ᠠᠬᠤ ᠱᠠᠭ᠋ᠠᠷᠳᠠᠯᠭ᠎ᠠ ᠵᠢ ᠨᠠᠶ᠋ᠢᠷᠠᠭᠤᠯᠤᠨ ᠮᠡᠳᠡᠭᠦᠯᠵᠦ᠂ ᠡᠳᠦᠭᠡ ᠨᠡᠢ᠌ᠲᠡᠯᠡᠪᠡ᠂ ᠡᠨᠡ᠎ᠨᠢ ᠮᠠᠨ᠎ᠤ ᠣᠷᠣᠨ᠎ᠤ 2027 ᠣᠨ᠎ᠠᠴᠠ ᠡᠬᠢᠯᠡᠨ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠦᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠯᠴᠠᠬᠤ ᠰᠤᠷᠤᠭᠴᠢᠳ ᠳᠤᠰᠬᠠᠢ ᠮᠡᠷᠭᠡᠵᠢᠯ ᠵᠶ᠋ᠠᠨ ᠰᠣᠩᠭᠣᠬᠤ᠎ᠳᠤ ᠯᠠᠪᠯᠠᠯᠲᠠ ᠬᠠᠩᠭ᠋ᠠᠬᠤ ᠵᠢᠨ ᠬᠠᠮᠲᠤ ᠬᠣᠯᠪᠣᠭᠳᠠᠯ ᠪᠦᠬᠦᠢ ᠵᠦᠢ᠍ᠯ᠎ᠤᠨ ᠲᠤᠬᠠᠢ ᠳᠣᠣᠷᠠᠬᠢ ᠮᠡᠲᠦ ᠲᠣᠳᠤᠷᠬᠠᠢ᠌ᠯᠠᠪᠠ᠃
ᠨᠢᠭᠡ᠂ ᠶᠡᠬᠡ ᠳᠡᠭᠡᠳᠦ ᠰᠤᠷᠭ᠋ᠠᠭᠤᠯᠢ ᠡᠮᠬᠢᠯᠡᠨ ᠨᠠᠢ᠌ᠷᠠᠭᠤᠯᠵᠤ ᠮᠡᠳᠡᠭᠦᠯᠦᠭᠰᠡᠨ ᠪᠥᠬᠦ ᠲᠤᠰᠬᠠᠢ ᠮᠡᠷᠭᠡᠵᠢᠯ (ᠲᠤᠰᠬᠠᠢ ᠮᠡᠷᠭᠡᠵᠢᠯ᠎ᠤᠨ ᠲᠥᠷᠥᠯ) ᠶᠣᠰᠤᠭ᠋ᠠᠷ ᠰᠤᠷᠤᠭᠴᠢ ᠡᠯᠰᠡᠬᠦ ᠲᠤᠬᠠᠢ ᠵᠢᠨ ᠵᠢᠯ ᠪᠣᠯᠭ᠋ᠠᠨ ᠮᠠᠨ᠎ᠤ ᠣᠷᠣᠨ᠎ᠳᠤ ᠰᠤᠷᠤᠭᠴᠢ ᠡᠯᠰᠡᠬᠦ ᠲᠥᠯᠥᠪᠯᠡᠭᠡ ᠲᠣᠬᠢᠷᠠᠭᠤᠯᠬᠤ ᠪᠢᠰᠢ᠃ 2027 ᠣᠨ᠎ᠠᠴᠠ ᠡᠬᠢᠯᠡᠨ᠂ ᠮᠠᠨ᠎ᠤ ᠣᠷᠣᠨ᠎ᠠᠴᠠ ᠪᠣᠳᠠᠲᠠᠢ ᠰᠤᠷᠤᠭᠴᠢ ᠡᠯᠰᠡᠬᠦ ᠶᠡᠬᠡ ᠳᠡᠭᠡᠳᠦ ᠰᠤᠷᠭ᠋ᠠᠭᠤᠯᠢ᠂ ᠲᠤᠰᠬᠠᠢ ᠮᠡᠷᠭᠡᠵᠢᠯ (ᠲᠤᠰᠬᠠᠢ ᠮᠡᠷᠭᠡᠵᠢᠯ᠎ᠤᠨ ᠲᠥᠷᠥᠯ) ᠪᠣᠯᠤᠨ ᠰᠣᠩᠭᠣᠨ ᠰᠢᠯᠭ᠋ᠠᠬᠤ ᠬᠢᠴᠢᠶᠡᠯ ᠲᠥᠷᠥᠯ᠎ᠤᠨ ᠱᠠᠭ᠋ᠠᠷᠳᠠᠯᠭ᠎ᠠ ᠵᠢᠴᠢ ᠶᠡᠬᠡ ᠳᠡᠭᠡᠳᠦ ᠰᠤᠷᠭ᠋ᠠᠭᠤᠯᠢ ᠵᠢᠨ ᠬᠠᠮᠢᠶ᠎ᠠ ᠪᠦᠬᠦᠢ ᠲᠤᠰᠬᠠᠢ ᠮᠡᠷᠭᠡᠵᠢᠯ (ᠲᠤᠰᠬᠠᠢ ᠮᠡᠷᠭᠡᠵᠢᠯ᠎ᠤᠨ ᠲᠥᠷᠥᠯ)᠎ᠨᠢ ᠮᠠᠨ᠎ᠤ ᠣᠷᠣᠨ᠎ᠳᠤ ᠹᠢᠽᠢᠺ᠎ᠤᠨ ᠬᠢᠴᠢᠶᠡᠯ ᠲᠥᠷᠥᠯ ᠪᠠ ᠲᠡᠦᠬᠡ ᠵᠢᠨ ᠬᠢᠴᠢᠶᠡᠯ ᠲᠥᠷᠥᠯ᠎ᠤᠨ ᠰᠤᠷᠤᠭᠴᠢ ᠡᠯᠰᠡᠬᠦ ᠲᠥᠯᠥᠪᠯᠡᠭᠡ ᠵᠢ ᠲᠤᠰ ᠲᠤᠰ ᠲᠣᠬᠢᠷᠠᠭᠤᠯᠬᠤ ᠡᠰᠡᠬᠦ ᠵᠢ ᠡᠷᠬᠡᠪᠰᠢ ᠶᠡᠬᠡ ᠳᠡᠭᠡᠳᠦ ᠰᠤᠷᠭ᠋ᠠᠭᠤᠯᠢ ᠵᠢᠨ ᠨᠡᠢ᠌ᠲᠡᠯᠡᠭᠰᠡᠨ ᠲᠤᠰ ᠵᠢᠯ᠎ᠤᠨ ᠮᠠᠨ᠎ᠤ ᠣᠷᠣᠨ᠎ᠠᠴᠠ ᠰᠤᠷᠤᠭᠴᠢ ᠡᠯᠰᠡᠬᠦ ᠲᠥᠯᠥᠪᠯᠡᠭᠡ᠎ᠪᠠᠷ ᠪᠠᠷᠢᠮᠵᠢᠶ᠎ᠠ ᠪᠣᠯᠭ᠋ᠠᠬᠤ ᠬᠡᠷᠡᠭᠲᠡᠢ᠃
ᠬᠣᠶᠠᠷ᠂ ᠲᠤᠰ ᠠᠯᠪᠠᠨ ᠵᠠᠷᠯᠠᠯ ᠪᠣᠯ 2027 ᠣᠨ᠎ᠠᠴᠠ ᠡᠬᠢᠯᠡᠨ᠂ ᠮᠠᠨ᠎ᠤ ᠣᠷᠣᠨ ᠤ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠯᠴᠠᠬᠤ ᠰᠢᠯᠭ᠋ᠠᠭᠤᠯᠤᠭᠴᠢ ᠬᠢᠴᠢᠶᠡᠯ ᠲᠥᠷᠥᠯ᠎ᠢ ᠰᠣᠩᠭᠣᠬᠤ ᠦᠶ᠎ᠡ᠎ᠳᠤ ᠯᠠᠪᠯᠠᠯᠲᠠ ᠪᠣᠯᠭ᠋ᠠᠵᠤ᠂ ᠳᠠᠬᠢᠨ ᠰᠢᠨ᠎ᠡ ᠬᠢᠴᠢᠶᠡᠯ ᠲᠥᠷᠥᠯ᠎ᠢ ᠨᠡᠶ᠋ᠢᠲᠡᠯᠡᠬᠦ ᠪᠣᠯᠲᠠᠯ᠎ᠠ ᠬᠡᠷᠡᠭᠯᠡᠨ᠎ᠡ᠃ 2025 ᠣᠨ᠂ 2026 ᠣᠨ᠎ᠳᠤ᠂ ᠮᠠᠨ᠎ᠤ ᠣᠷᠣᠨ᠎ᠤ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠯᠴᠠᠬᠤ ᠰᠢᠯᠭ᠋ᠠᠭᠤᠯᠤᠭᠴᠢ ᠪᠠᠰᠠ 《2025 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠰᠤᠷᠤᠭᠴᠢ ᠡᠯᠰᠡᠬᠦ᠎ᠪᠠᠷ ᠪᠠᠢ᠌ᠭ᠎ᠠ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠢ ᠰᠣᠩᠭᠣᠨ ᠰᠢᠯᠭ᠋ᠠᠬᠤ ᠬᠢᠴᠢᠶᠡᠯ ᠲᠥᠷᠥᠯ᠎ᠤᠨ ᠱᠠᠭ᠋ᠠᠷᠳᠠᠯᠭ᠎ᠠ ᠵᠢ ᠨᠡᠶ᠋ᠢᠲᠡᠯᠡᠬᠦ ᠲᠤᠬᠠᠢ ᠠᠯᠪᠠᠨ ᠵᠠᠷᠯᠠᠯ》 ᠵᠶ᠋ᠠᠷ ᠯᠠᠪᠯᠠᠯᠲᠠ ᠪᠣᠯᠭ᠋ᠠᠬᠤ ᠵᠢᠨ ᠬᠠᠮᠲᠤ ᠰᠤᠷᠤᠭᠴᠢ ᠡᠯᠰᠡᠬᠦ ᠶᠡᠬᠡ ᠳᠡᠭᠡᠳᠦ ᠰᠤᠷᠭ᠋ᠠᠭᠤᠯᠢ ᠵᠢᠨ ᠲᠤᠰ ᠵᠢᠯ᠎ᠤᠨ ᠨᠡᠶ᠋ᠢᠲᠡᠯᠡᠭᠰᠡᠨ ᠰᠤᠷᠤᠭᠴᠢ ᠡᠯᠰᠡᠬᠦ ᠳᠦᠷᠢᠮ ᠵᠢᠴᠢ ᠮᠠᠨ᠎ᠤ ᠣᠷᠣᠨ᠎ᠠᠴᠠ ᠰᠤᠷᠤᠭᠴᠢ ᠡᠯᠰᠡᠬᠦ ᠲᠥᠯᠥᠪᠯᠡᠭᠡ᠎ᠪᠠᠷ ᠪᠠᠷᠢᠮᠵᠢᠶ᠎ᠠ ᠪᠣᠯᠭ᠋ᠠᠨ᠎ᠠ᠃
ᠳᠠᠭ᠋ᠠᠯᠳᠤᠭᠤᠯᠤᠯ᠄ 2027 ᠣᠨ᠎ᠠᠴᠠ ᠡᠬᠢᠯᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠰᠤᠷᠤᠭᠴᠢ ᠡᠯᠰᠡᠬᠦ᠎ᠪᠠᠷ ᠪᠠᠢ᠌ᠭ᠎ᠠ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ (ᠲᠤᠰᠬᠠᠢ ᠮᠡᠷᠭᠡᠵᠢᠯ᠎ᠤᠨ ᠲᠥᠷᠥᠯ)᠎ᠢ ᠰᠣᠩᠭᠣᠨ ᠰᠢᠯᠭ᠋ᠠᠬᠤ ᠬᠢᠴᠢᠶᠡᠯ ᠲᠥᠷᠥᠯ᠎ᠤᠨ ᠱᠠᠭ᠋ᠠᠷᠳᠠᠯᠭ᠎ᠠ【ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ᠂ ᠳᠡᠭᠡᠳᠦ ᠵᠡᠷᠭᠡ ᠵᠢᠨ ᠠᠵᠢᠯ ᠮᠡᠷᠭᠡᠵᠢᠯ (ᠳᠤᠰᠬᠠᠢ ᠮᠡᠷᠭᠡᠵᠢᠯ)᠎ᠤᠨ ᠰᠤᠷᠭ᠋ᠠᠭᠤᠯᠢ】
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2025 ᠣᠨ᠎ᠤ 3 ᠰᠠᠷ᠎ᠠ ᠵᠢᠨ 10᠎ᠤ ᠡᠳᠦᠷ