ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
2024 ᠣᠨ᠎ᠤ ᠪᠦᠬᠦ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠢ ᠨᠡᠶ᠋ᠢᠲᠡᠯᠡᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-03-17

            ᠥᠪᠥᠷ ᠰᠤᠷᠭ᠋ᠠᠨ ᠠᠵᠢᠯ ᠮᠡᠷᠭᠡᠵᠢᠯ ᠨᠠᠰᠤᠨ᠎ᠳᠤ ᠬᠦᠷᠦᠭᠰᠡᠳ

                   ᠪᠢᠴᠢᠭ [2024] 111 ᠳ᠋ᠦ᠍ᠭᠡᠷ ᠲᠣᠭ᠋ᠠᠲᠤ

 

ᠡᠯ᠎ᠡ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ᠄

《2024 ᠣᠨ᠎ᠤ ᠪᠦᠬᠦ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠡᠷᠬᠢᠯᠡᠬᠦ ᠲᠤᠬᠠᠢ ᠮᠡᠳᠡᠭᠳᠡᠯ》 (ᠥᠪᠥᠷ ᠰᠤᠷᠭ᠋ᠠᠨ ᠠᠵᠢᠯ ᠮᠡᠷᠭᠡᠵᠢᠯ ᠨᠠᠰᠤᠨ᠎ᠳᠤ ᠬᠦᠷᠦᠭᠰᠡᠳ ᠪᠢᠴᠢᠭ [2024] 89 ᠳ᠋ᠦ᠍ᠭᠡᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠡᠯ᠎ᠡ ᠰᠤᠷᠭ᠋ᠠᠭᠤᠯᠢ ᠵᠢᠨ ᠰᠣᠩᠭᠤᠨ ᠲᠠᠨᠢᠯᠴᠠᠭᠤᠯᠬᠤ᠂ ᠬᠠᠮᠵᠢᠨ ᠡᠷᠬᠢᠯᠡᠭᠰᠡᠨ ᠨᠢᠭᠡᠴᠢ ᠵᠢᠨ ᠨᠠᠷᠢᠨ ᠨᠢᠮᠪᠠᠢ ᠵᠣᠬᠢᠶᠠᠨ ᠪᠠᠢ᠌ᠭᠤᠯᠬᠤ᠂ ᠲᠤᠰᠬᠠᠢ ᠮᠡᠷᠭᠡᠵᠢᠯᠲᠡᠨ ᠨᠠᠷᠢᠨ ᠬᠢᠨᠠᠮᠠᠭ᠋ᠠᠢ ᠬᠢᠨᠠᠨ ᠳᠣᠭᠲᠠᠭ᠋ᠠᠬᠤ᠎ᠪᠠᠷ ᠳᠠᠮᠵᠢᠨ᠂ ᠪᠦᠬᠦ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠡᠯ᠎ᠡ ᠵᠦᠢ᠍ᠯ᠎ᠤᠨ ᠤᠷᠤᠯᠳᠤᠭ᠋ᠠᠨ᠎ᠢ ᠲᠡᠭᠦᠰ ᠠᠮᠵᠢᠯᠲᠠ᠎ᠲᠠᠢ ᠥᠨᠳᠦᠷᠯᠡᠭᠦᠯᠪᠡ᠃

ᠤᠷᠤᠯᠳᠤᠭ᠋ᠠᠨ᠎ᠢ ᠬᠢᠨᠠᠨ ᠲᠣᠭᠲᠠᠭ᠋ᠠᠬᠤ ᠳᠤᠭᠤᠶ᠋ᠢᠯᠠᠩ ᠡᠷᠬᠡ ᠲᠡᠭᠰᠢ᠂ ᠲᠥᠪ ᠭᠣᠣᠯᠴᠢ᠂ ᠢᠯᠡ ᠪᠠᠶ᠋ᠢᠯᠭ᠋ᠠᠬᠤ ᠵᠠᠷᠴᠢᠮ᠎ᠢ ᠪᠠᠷᠢᠮᠲᠠᠯᠠᠵᠤ᠂ ᠤᠷᠤᠯᠳᠤᠭ᠋ᠠᠨ᠎ᠤ ᠳᠦᠷᠢᠮ ᠲᠣᠭᠲᠠᠭ᠋ᠠᠯ᠎ᠢ ᠦᠨᠳᠦᠰᠦᠯᠡᠨ ᠨᠠᠷᠢᠨ ᠬᠢᠨᠠᠮᠠᠭ᠋ᠠᠢ ᠦᠨᠡᠯᠡᠨ ᠳᠣᠭᠲᠠᠭ᠋ᠠᠵᠤ᠂ ᠪᠦᠯᠬᠦᠮ᠎ᠤᠨ ᠨᠢᠭᠡᠳᠦᠭᠡᠷ ᠳᠡᠰ᠎ᠤᠨ ᠱᠠᠩᠨᠠᠯ 102᠂ ᠬᠤᠪᠢ ᠬᠥᠮᠦᠨ᠎ᠤ ᠨᠢᠭᠡᠳᠦᠭᠡᠷ ᠳᠡᠰ᠎ᠤᠨ ᠱᠠᠩᠨᠠᠯ 18᠂ ᠪᠦᠯᠬᠦᠮ᠎ᠤᠨ ᠬᠣᠶᠠᠳᠤᠭ᠋ᠠᠷ ᠳᠡᠰ᠎ᠤᠨ ᠱᠠᠩᠨᠠᠯ 187᠂ ᠬᠤᠪᠢ ᠬᠥᠮᠦᠨ᠎ᠤ ᠬᠣᠶᠠᠳᠤᠭ᠋ᠠᠷ ᠳᠡᠰ᠎ᠤᠨ ᠱᠠᠩᠨᠠᠯ 34᠂ ᠪᠦᠯᠬᠦᠮ᠎ᠤᠨ ᠭᠤᠷᠪᠠᠳᠤᠭ᠋ᠠᠷ ᠳᠡᠰ᠎ᠤᠨ ᠱᠠᠩᠨᠠᠯ 293᠂ ᠬᠤᠪᠢ ᠬᠥᠮᠦᠨ᠎ᠤ ᠭᠤᠷᠪᠠᠳᠤᠭ᠋ᠠᠷ ᠳᠡᠰ᠎ᠤᠨ ᠱᠠᠩᠨᠠᠯ 53 ᠵᠢ ᠰᠢᠯᠭ᠋ᠠᠷᠠᠭᠤᠯᠪᠠ᠃ ᠨᠢᠭᠡᠳᠦᠭᠡᠷ ᠳᠡᠰ᠎ᠤᠨ ᠱᠠᠩᠨᠠᠯ  ᠭᠦᠷᠲᠡᠭᠰᠡᠳ᠎ᠤᠨ ᠵᠢᠯᠣᠭᠣᠳᠤᠭᠴᠢ ᠪᠠᠭᠰᠢ ᠤᠯᠠᠭ᠋ᠠᠨ ᠵᠡᠷᠭᠡ 183 ᠪᠠᠭᠰᠢ ᠵᠢ 《ᠰᠢᠯᠢᠳᠡᠭ ᠵᠢᠯᠣᠭᠣᠳᠤᠭᠴᠢ ᠪᠠᠭᠰᠢ》᠂ ᠶᠤᠸᠡᠢ ᠣᠶᠤᠩᠭᠤᠸ᠎ᠠ ᠵᠡᠷᠭᠡ 28 ᠪᠠᠭᠰᠢ ᠵᠢ ᠰᠢᠯᠢᠳᠡᠭ ᠠᠵᠢᠯᠲᠠᠨ ᠵᠶ᠋ᠠᠷ ᠬᠢᠨᠠᠨ ᠳᠣᠭᠲᠠᠭ᠋ᠠᠪᠠ᠃ ᠡᠳᠦᠭᠡ ᠱᠠᠩᠨᠠᠯ  ᠭᠦᠷᠲᠡᠭᠰᠡᠳ᠎ᠢ ᠢᠯᠡ ᠨᠡᠶ᠋ᠢᠲᠡᠯᠡᠪᠡ᠃

 

ᠳᠠᠭ᠋ᠠᠯᠳᠤᠭᠤᠯᠤᠯ᠄

1.2024 ᠣᠨ᠎ᠤ ᠪᠦᠬᠦ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠱᠠᠩᠨᠠᠯ ᠬᠦᠷᠲᠡᠭᠰᠡᠳ᠎ᠤᠨ ᠨᠡᠷᠡᠰ

2.2024 ᠣᠨ᠎ᠤ ᠪᠦᠬᠦ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠰᠢᠯᠢᠳᠡᠭ ᠵᠢᠯᠣᠭᠣᠳᠬᠤ ᠪᠠᠭᠰᠢ ᠵᠢᠨ ᠱᠠᠩᠨᠠᠯ ᠬᠦᠷᠲᠡᠭᠰᠡᠳ᠎ᠤᠨ ᠨᠡᠷᠡᠰ

3.2024 ᠣᠨ᠎ᠤ ᠪᠦᠬᠦ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠰᠢᠯᠢᠳᠡᠭ ᠠᠵᠢᠯᠲᠠᠨ᠎ᠤ ᠱᠠᠩᠨᠠᠯ ᠬᠦᠷᠲᠡᠭᠰᠡᠳ᠎ᠤᠨ ᠨᠡᠷᠡᠰ

 

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
             2024 ᠣᠨ᠎ᠤ 12 ᠰᠠᠷ᠎ᠠ ᠵᠢᠨ 24᠎ᠤ ᠡᠳᠦᠷ

 

ᠳᠠᠭ᠋ᠠᠯᠳᠤᠭᠤᠯᠤᠯ 1᠄ 1.2024 ᠣᠨ᠎ᠤ ᠪᠦᠬᠦ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠱᠠᠩᠨᠠᠯ ᠬᠦᠷᠲᠡᠭᠰᠡᠳ᠎ᠤᠨ ᠨᠡᠷᠡᠰ.docx

ᠳᠠᠭ᠋ᠠᠯᠳᠤᠭᠤᠯᠤᠯ 2᠄ 2.2024 ᠣᠨ᠎ᠤ ᠪᠦᠬᠦ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠰᠢᠯᠢᠳᠡᠭ ᠵᠢᠯᠣᠭᠣᠳᠬᠤ ᠪᠠᠭᠰᠢ ᠵᠢᠨ ᠱᠠᠩᠨᠠᠯ ᠬᠦᠷᠲᠡᠭᠰᠡᠳ᠎ᠤᠨ ᠨᠡᠷᠡᠰ.docx

ᠳᠠᠭ᠋ᠠᠯᠳᠤᠭᠤᠯᠤᠯ 3᠄ 3.2024 ᠣᠨ᠎ᠤ ᠪᠦᠬᠦ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠰᠢᠯᠢᠳᠡᠭ ᠠᠵᠢᠯᠲᠠᠨ᠎ᠤ ᠱᠠᠩᠨᠠᠯ ᠬᠦᠷᠲᠡᠭᠰᠡᠳ᠎ᠤᠨ ᠨᠡᠷᠡᠰ.docx

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
2024 ᠣᠨ᠎ᠤ ᠪᠦᠬᠦ ᠣᠷᠣᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠦᠷ᠎ᠡ ᠪᠦᠲᠦᠭᠡᠯ᠎ᠤᠨ ᠦᠵᠡᠭᠦᠯᠭᠡ ᠵᠢᠨ ᠱᠠᠩᠨᠠᠯ ᠭᠦᠷᠲᠡᠭᠰᠡᠳ᠎ᠤᠨ ᠨᠡᠷᠡᠰ᠎ᠢ ᠨᠡᠶ᠋ᠢᠲᠡᠯᠡᠬᠦ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 2024 ᠣᠨ᠎ᠤ ᠤᠮᠠᠷᠠᠲᠤ ᠣᠷᠣᠨ᠎ᠤ ᠲᠠᠪᠤᠨ ᠮᠤᠵᠢ (ᠬᠣᠲᠠ᠂ ᠥᠪᠡᠷᠲᠡᠭᠡᠨ ᠵᠠᠰᠠᠬᠤ ᠣᠷᠣᠨ) ᠵᠢᠨ ᠤᠶᠤᠲᠠᠳ᠎ᠤᠨ ᠬᠥᠮᠦᠨ ᠨᠡᠢ᠌ᠭᠡᠮ᠎ᠤᠨ ᠮᠡᠳᠡᠯᠭᠡ ᠪᠠ ᠮᠠᠰᠢᠨ ᠬᠥᠮᠦᠨ᠎ᠤ ᠰᠢᠨᠵᠢᠯᠡᠭᠡᠨ᠎ᠤ ᠰᠠᠯᠠᠭ᠋ᠠᠨ᠎ᠤ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠤᠨ ᠨᠡᠷᠡᠰ᠎ᠢ ᠨᠡᠶ᠋ᠢᠲᠡᠯᠡᠬᠦ ᠲᠤᠬᠠᠢ ᠮᠡᠳᠡᠭᠳᠡᠯ
ᠬᠣᠶᠠᠳᠤᠭ᠋ᠠᠷ ᠪᠦᠯᠦᠭ᠎ᠤᠨ ᠰᠤᠷᠭ᠋ᠠᠨ ᠬᠥᠮᠦᠵᠢᠯ᠎ᠤᠨ ᠶᠠᠮᠤᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠲᠤᠷᠰᠢᠯᠲᠠ ᠵᠢᠨ ᠲᠠᠰᠤᠭ᠎ᠢ ᠲᠠᠨᠢᠯᠴᠠᠭᠤᠯᠵᠤ ᠬᠢᠨᠠᠨ ᠳᠤᠭᠲᠠᠭ᠋ᠠᠯᠭ᠋ᠠᠭᠰᠠᠨ ᠦᠷ᠎ᠡ ᠳ᠋ᠦᠩ᠎ᠤᠨ ᠲᠤᠬᠠᠢ ᠢᠯᠡ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠣᠶᠠᠳᠤᠭ᠋ᠠᠷ ᠪᠦᠯᠦᠭ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠲᠥᠯᠥᠪᠵᠢᠭᠦᠯᠭᠡ ᠵᠢᠨ ᠲᠠᠨᠢᠯᠴᠠᠭᠤᠯᠬᠤ᠎ᠪᠠᠷ ᠪᠠᠢ᠌ᠭ᠎ᠠ ᠵᠢᠭ᠋ᠠᠬᠤ ᠮᠠᠲ᠋ᠧᠷᠢᠶᠠᠯ᠎ᠤᠨ ᠨᠡᠷᠡᠰ᠎ᠤᠨ ᠲᠤᠬᠠᠢ ᠢᠯᠡ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠳᠠᠩᠰᠠ (2025 ᠣᠨ᠎ᠤ ᠬᠡᠪᠯᠡᠯ) ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠠᠵᠤ ᠠᠬᠤᠶ᠋ᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠪᠠᠶ᠋ᠢᠴᠠᠭ᠋ᠠᠬᠤ ᠵᠦᠢ᠍ᠯᠡᠰ᠎ᠤᠨ ᠨᠠᠷᠢᠨ ᠳᠠᠩᠰᠠ (2025 ᠣᠨ᠎ᠤ ᠬᠡᠪᠯᠡᠯ)
 
             蒙ICP备05000248号