ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠬᠣᠶᠠᠳᠤᠭ᠋ᠠᠷ ᠪᠦᠯᠦᠭ᠎ᠤᠨ ᠰᠤᠷᠭ᠋ᠠᠨ ᠬᠥᠮᠦᠵᠢᠯ᠎ᠤᠨ ᠶᠠᠮᠤᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠲᠤᠷᠰᠢᠯᠲᠠ ᠵᠢᠨ ᠲᠠᠰᠤᠭ᠎ᠢ ᠲᠠᠨᠢᠯᠴᠠᠭᠤᠯᠵᠤ ᠬᠢᠨᠠᠨ ᠳᠤᠭᠲᠠᠭ᠋ᠠᠯᠭ᠋ᠠᠭᠰᠠᠨ ᠦᠷ᠎ᠡ ᠳ᠋ᠦᠩ᠎ᠤᠨ ᠲᠤᠬᠠᠢ ᠢᠯᠡ ᠨᠡᠶ᠋ᠢᠲᠡᠯᠡᠯ
ᠨᠡᠶ᠋ᠢᠲᠡᠯᠡᠭᠰᠡᠨ ᠴᠠᠭ᠄ 2025-04-14

ᠰᠤᠷᠭ᠋ᠠᠨ ᠬᠥᠮᠦᠵᠢᠯ᠎ᠤᠨ ᠶᠠᠮᠤᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠵᠤᠷᠭ᠋ᠠᠨ᠎ᠤ 《ᠬᠣᠶᠠᠳᠤᠭ᠋ᠠᠷ ᠪᠦᠯᠦᠭ᠎ᠤᠨ ᠰᠤᠷᠭ᠋ᠠᠨ ᠬᠥᠮᠦᠵᠢᠯ᠎ᠤᠨ ᠶᠠᠮᠤᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠲᠤᠷᠰᠢᠯᠲᠠ ᠵᠢᠨ ᠲᠠᠰᠤᠭ᠎ᠤᠨ ᠪᠠᠶ᠋ᠢᠭᠤᠯᠤᠯᠲᠠ ᠵᠢᠨ ᠠᠵᠢᠯ᠎ᠢ ᠡᠬᠢᠯᠡᠭᠦᠯᠬᠦ ᠲᠤᠬᠠᠢ ᠮᠡᠳᠡᠭᠳᠡᠯ》 (ᠰᠤᠷᠭ᠋ᠠᠨ  ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠵᠤᠷᠭ᠋ᠠᠨ ᠪᠢᠴᠢᠭ [2025] 2 ᠳ᠋ᠤᠭ᠋ᠠᠷ ᠲᠣᠭ᠋ᠠᠲᠤ) ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 《ᠬᠣᠶᠠᠳᠤᠭ᠋ᠠᠷ ᠪᠦᠯᠦᠭ᠎ᠤᠨ ᠰᠤᠷᠭ᠋ᠠᠨ ᠬᠥᠮᠦᠵᠢᠯ᠎ᠤᠨ ᠶᠠᠮᠤᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠲᠤᠷᠰᠢᠯᠲᠠ ᠵᠢᠨ ᠲᠠᠰᠤᠭ᠎ᠢ ᠲᠠᠨᠢᠯᠴᠠᠭᠤᠯᠵᠤ ᠬᠢᠨᠠᠨ ᠳᠣᠭᠲᠠᠭ᠋ᠠᠯᠭ᠋ᠠᠬᠤ ᠠᠵᠢᠯ᠎ᠤᠨ ᠲᠥᠰᠦᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠬᠢᠨᠠᠨ ᠲᠣᠭᠲᠠᠭ᠋ᠠᠬᠤ᠎ᠪᠠᠷ ᠳᠠᠮᠵᠢᠨ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠪᠦᠯᠦᠭ ᠎ᠤᠨ ᠰᠤᠷᠭ᠋ᠠᠨ ᠬᠥᠮᠦᠵᠢᠯ᠎ᠤᠨ ᠶᠠᠮᠤᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ ᠎ᠤ ᠲᠤᠷᠰᠢᠯᠲᠠ ᠵᠢᠨ ᠲᠠᠰᠤᠭ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠪᠡ᠃

ᠢᠯᠡ ᠨᠡᠶ᠋ᠢᠲᠡᠯᠡᠬᠦ ᠬᠤᠭᠤᠴᠠᠭ᠎ᠠ 4 ᠰᠠᠷ᠎ᠠ ᠵᠢᠨ 11 - 4 ᠰᠠᠷ᠎ᠠ ᠵᠢᠨ 18᠎ᠤ ᠡᠳᠦᠷ᠃ ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠢᠯᠡ ᠨᠡᠢ᠌ᠲᠡᠯᠡᠭᠰᠡᠨ ᠠᠭᠤᠯᠭ᠎ᠠ᠎ᠳᠤ ᠰᠠᠨᠠᠯ᠎ᠲᠠᠢ ᠪᠣᠯ᠂ ᠤᠲᠠᠰᠤ᠂ ᠵᠠᠬᠢᠳᠠᠯ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠵᠠᠷ᠎ᠲᠤ ᠲᠤᠰᠬᠠᠵᠤ ᠪᠣᠯᠤᠨ᠎ᠠ᠃ ᠪᠠᠶ᠋ᠢᠳᠠᠯ᠎ᠢ ᠲᠤᠰᠬᠠᠬᠤ᠎ᠳᠤ ᠡᠷᠬᠡᠪᠰᠢ ᠪᠤᠰᠤᠳᠴᠢ ᠪᠥᠭᠡᠳ ᠦᠨᠡᠨ ᠪᠣᠳᠠᠲᠠᠢ ᠵᠢ ᠪᠠᠷᠢᠮᠲᠠᠯᠠᠵᠤ᠂ ᠨᠢᠭᠡᠴᠢ ᠵᠢᠨ ᠨᠡᠷ᠎ᠡ᠎ᠪᠠᠷ ᠪᠠᠶ᠋ᠢᠳᠠᠯ᠎ᠢ ᠲᠤᠰᠬᠠᠬᠤ ᠮᠠᠲ᠋ᠧᠷᠢᠶᠠᠯ᠎ᠳᠤ ᠨᠢᠭᠡᠴᠢ ᠵᠢᠨ ᠲᠠᠮᠠᠭ᠎ᠠ ᠳᠠᠷᠤᠵᠤ᠂ ᠬᠤᠪᠢ ᠬᠥᠮᠦᠨ᠎ᠤ ᠨᠡᠷ᠎ᠡ᠎ᠪᠠᠷ ᠪᠠᠶ᠋ᠢᠳᠠᠯ᠎ᠢ ᠲᠤᠰᠬᠠᠬᠤ ᠮᠠᠲ᠋ᠧᠷᠢᠶᠠᠯ᠎ᠳᠤ ᠦᠨᠡᠨ ᠨᠡᠷ᠎ᠡ ᠵᠢ ᠪᠢᠴᠢᠬᠦ ᠵᠢᠨ ᠬᠠᠮᠲᠤ ᠦᠨᠡᠨ ᠪᠣᠳᠠᠲᠠᠢ ᠬᠠᠷᠢᠯᠴᠠᠬᠤ ᠠᠷᠭ᠎ᠠ ᠮᠠᠶᠢᠭ᠎ᠢ ᠬᠠᠩᠭ᠋ᠠᠵᠤ᠂ ᠪᠠᠶ᠋ᠢᠳᠠᠯ᠎ᠢ ᠪᠠᠶ᠋ᠢᠴᠠᠭ᠋ᠠᠵᠤ ᠬᠢᠨᠠᠨ ᠬᠠᠷᠭᠤᠭᠤᠯᠬᠤ ᠪᠠ ᠬᠠᠷᠢᠭᠤ ᠲᠤᠰᠬᠠᠬᠤ᠎ᠳᠤ ᠳᠥᠭᠥᠮ ᠦᠵᠡᠭᠦᠯᠬᠦ ᠬᠡᠷᠡᠭᠲᠡᠢ᠃

ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠬᠠᠷᠢᠯᠴᠠᠬᠤ ᠤᠲᠠᠰᠤ᠄ 0471 - 2856026

ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠵᠠᠷ᠄ 0471 - 2856612

ᠢᠮᠧᠯ᠄ jytkjcwy@163.com

ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ

ᠰᠢᠤᠳᠠᠨ ᠨᠣᠮᠧᠷ᠄ 010011
 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                  2025 ᠣᠨ᠎ᠤ 4 ᠰᠠᠷ᠎ᠠ ᠵᠢᠨ 11᠎ᠤ ᠡᠳᠦᠷ
 

 

1.png

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠣᠶᠠᠳᠤᠭ᠋ᠠᠷ ᠪᠦᠯᠦᠭ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠲᠥᠯᠥᠪᠵᠢᠭᠦᠯᠭᠡ ᠵᠢᠨ ᠲᠠᠨᠢᠯᠴᠠᠭᠤᠯᠬᠤ᠎ᠪᠠᠷ ᠪᠠᠢ᠌ᠭ᠎ᠠ ᠵᠢᠭ᠋ᠠᠬᠤ ᠮᠠᠲ᠋ᠧᠷᠢᠶᠠᠯ᠎ᠤᠨ ᠨᠡᠷᠡᠰ᠎ᠤᠨ ᠲᠤᠬᠠᠢ ᠢᠯᠡ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠳᠠᠩᠰᠠ (2025 ᠣᠨ᠎ᠤ ᠬᠡᠪᠯᠡᠯ) ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠠᠵᠤ ᠠᠬᠤᠶ᠋ᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠪᠠᠶ᠋ᠢᠴᠠᠭ᠋ᠠᠬᠤ ᠵᠦᠢ᠍ᠯᠡᠰ᠎ᠤᠨ ᠨᠠᠷᠢᠨ ᠳᠠᠩᠰᠠ (2025 ᠣᠨ᠎ᠤ ᠬᠡᠪᠯᠡᠯ)
《ᠪᠡᠭᠡᠵᠢᠩ ᠥᠪᠥᠷ ᠮᠣᠩᠭᠣᠯ ᠭᠠᠷ ᠬᠣᠯᠪᠣᠨ · ᠰᠤᠷᠭ᠋ᠠᠨ ᠬᠥᠮᠦᠵᠢᠯ᠎ᠢ ᠬᠥᠭᠵᠢᠭᠦᠯᠦᠨ ᠮᠠᠨᠳᠤᠭᠤᠯᠬᠤ》 ᠭᠤᠷᠪᠠᠳᠤᠭ᠋ᠠᠷ ᠬᠤᠭᠤᠴᠠᠭ᠋ᠠᠨ᠎ᠤ 《ᠲᠡᠮᠡᠭᠡᠨ ᠬᠣᠩᠬᠣ ᠬᠤᠨᠳᠠᠭ᠋ᠠᠲᠤ》 ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ᠎ᠢ ᠥᠷᠨᠢᠭᠦᠯᠬᠦ ᠲᠤᠬᠠᠢ ᠮᠡᠳᠡᠭᠳᠡᠯ
2025 ᠣᠨ᠎ᠤ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠲᠦᠭᠡᠮᠡᠯ ᠬᠠᠷᠠᠭ᠋ᠠᠯᠵᠠᠯᠲᠤ ᠰᠢᠶᠠᠨ ᠵᠶ᠋ᠠᠷ ᠮᠡᠳᠡᠭᠦᠯᠦᠭᠰᠡᠨ ᠬᠣᠰᠢᠭᠤ ᠰᠢᠶᠠᠨ᠎ᠢ ᠮᠤᠵᠢ ᠵᠢᠨ ᠳᠡᠰ᠎ᠤᠨ ᠲᠤᠬᠠᠢ ᠵᠢᠨ ᠭᠠᠵᠠᠷ᠎ᠲᠤ᠎ᠨᠢ ᠬᠢᠨᠠᠨ ᠵᠢᠯᠣᠭᠣᠳᠴᠤ ᠦᠨᠡᠯᠡᠨ ᠵᠢᠱ᠌ᠢᠭᠰᠡᠨ ᠲᠤᠬᠠᠢ ᠢᠯᠡ ᠨᠡᠢ᠌ᠲᠡᠯᠡᠯ
2025 ᠣᠨ᠎ᠤ ᠪᠦᠬᠦ ᠤᠯᠤᠰ᠎ᠤᠨ 《ᠬᠠᠮᠤᠭ᠎ᠤᠨ ᠭᠣᠶᠣ ᠪᠠᠭᠰᠢ》᠎ᠪᠠᠷ ᠲᠠᠨᠢᠯᠴᠠᠭᠤᠯᠬᠤ᠎ᠪᠠᠷ ᠪᠠᠶ᠋ᠢᠭ᠎ᠠ ᠵᠢᠱ᠌ᠢᠭᠳᠡᠭᠰᠡᠳ᠎ᠤᠨ ᠲᠤᠬᠠᠢ ᠢᠯᠡ ᠨᠡᠢ᠌ᠲᠡᠯᠡᠯ
 
             蒙ICP备05000248号