ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
2025 ᠣᠨ᠎ᠤ ᠪᠦᠬᠦ ᠤᠯᠤᠰ᠎ᠤᠨ 《ᠬᠠᠮᠤᠭ᠎ᠤᠨ ᠭᠣᠶᠣ ᠪᠠᠭᠰᠢ》᠎ᠪᠠᠷ ᠲᠠᠨᠢᠯᠴᠠᠭᠤᠯᠬᠤ᠎ᠪᠠᠷ ᠪᠠᠶ᠋ᠢᠭ᠎ᠠ ᠵᠢᠱ᠌ᠢᠭᠳᠡᠭᠰᠡᠳ᠎ᠤᠨ ᠲᠤᠬᠠᠢ ᠢᠯᠡ ᠨᠡᠢ᠌ᠲᠡᠯᠡᠯ
ᠨᠡᠶ᠋ᠢᠲᠡᠯᠡᠭᠰᠡᠨ ᠴᠠᠭ᠄ 2025-06-18

ᠮᠠᠨ᠎ᠤ ᠣᠷᠣᠨ᠎ᠤ ᠰᠢᠯᠢᠳᠡᠭ ᠪᠠᠭᠰᠢ ᠵᠢᠨ ᠨᠡᠶ᠋ᠢᠲᠡᠯᠢᠭ ᠵᠢᠱ᠌ᠢᠶ᠎ᠡ ᠵᠢ ᠶᠡᠬᠡ᠎ᠪᠠᠷ ᠤᠬᠠᠭᠤᠯᠵᠤ᠂ ᠪᠠᠭᠰᠢ ᠵᠢ ᠬᠦᠨᠳᠦᠳᠬᠡᠨ ᠰᠤᠷᠭ᠋ᠠᠨ ᠬᠥᠮᠦᠵᠢᠯ᠎ᠢ ᠴᠢᠬᠤᠯᠠᠴᠢᠯᠠᠬᠤ ᠨᠡᠶ᠋ᠢᠭᠡᠮ᠎ᠤᠨ ᠬᠡᠪ ᠰᠤᠷᠲᠠᠯ᠎ᠢ ᠪᠠᠳᠠᠷᠠᠭᠤᠯᠬᠤ ᠵᠢᠨ ᠲᠥᠯᠥᠭᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ 《2025 ᠣᠨ᠎ᠤ ᠪᠦᠬᠦ ᠤᠯᠤᠰ᠎ᠤᠨ 〈ᠬᠠᠮᠤᠭ᠎ᠤᠨ ᠭᠣᠶᠣ ᠪᠠᠭᠰᠢ〉 ᠵᠢ ᠤᠬᠠᠭᠤᠯᠵᠤ ᠰᠣᠩᠭᠤᠨ ᠳᠣᠭᠲᠠᠭ᠋ᠠᠬᠤ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ 2025 ᠣᠨ᠎ᠤ ᠪᠦᠬᠦ ᠤᠯᠤᠰ᠎ᠤᠨ 《ᠬᠠᠮᠤᠭ᠎ᠤᠨ ᠭᠣᠶᠣ ᠪᠠᠭᠰᠢ》᠎ᠪᠠᠷ ᠲᠠᠨᠢᠯᠴᠠᠭᠤᠯᠬᠤ᠎ᠪᠠᠷ ᠪᠠᠢ᠌ᠭ᠎ᠠ ᠵᠢᠱ᠌ᠢᠭᠳᠡᠭᠰᠡᠳ᠎ᠢ ᠰᠢᠯᠭ᠋ᠠᠷᠠᠭᠤᠯᠬᠤ ᠠᠵᠢᠯᠯᠠᠭ᠎ᠠ ᠵᠢ ᠥᠷᠨᠢᠭᠦᠯᠵᠦ᠂ ᠬᠤᠪᠢ ᠬᠥᠮᠦᠨ ᠮᠡᠳᠡᠭᠦᠯᠬᠦ᠂ ᠨᠢᠭᠡᠴᠢ᠎ᠠᠴᠠ ᠲᠠᠨᠢᠯᠴᠠᠭᠤᠯᠬᠤ᠂ ᠬᠢᠷᠢ ᠭᠡᠮ᠎ᠢ ᠬᠢᠨᠠᠨ ᠪᠠᠶ᠋ᠢᠴᠠᠭ᠋ᠠᠬᠤ᠂ ᠲᠤᠰᠬᠠᠢ ᠮᠡᠷᠭᠡᠵᠢᠯᠲᠡᠨ ᠬᠢᠨᠠᠨ ᠳᠣᠭᠲᠠᠭ᠋ᠠᠬᠤ ᠵᠡᠷᠭᠡ ᠭᠣᠭᠴᠣᠭ᠎ᠠ᠎ᠪᠠᠷ ᠳᠠᠮᠵᠢᠨ᠂ ᠰᠤᠷᠭ᠋ᠠᠨ ᠬᠥᠮᠦᠵᠢᠯ᠎ᠤᠨ ᠶᠠᠮᠤᠨ᠎ᠳᠤ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠰᠣᠯᠣᠨ ᠳᠤᠮᠳᠠᠳᠤ ᠰᠤᠷᠭ᠋ᠠᠭᠤᠯᠢ ᠵᠢᠨ ᠯᠢᠦ ᠢᠦᠢ ᠵᠦᠩ᠂ ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠯᠧᠢ ᠪᠢᠶᠣᠤ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠯᠦᠸᠧ ᠯᠢᠶᠣᠤ ᠹᠦ᠋ ᠵᠡᠷᠭᠡ 3 ᠪᠠᠭᠰᠢ ᠵᠢ 2025 ᠣᠨ᠎ᠤ ᠪᠦᠬᠦ ᠤᠯᠤᠰ᠎ᠤᠨ 《ᠬᠠᠮᠤᠭ᠎ᠤᠨ ᠭᠣᠶᠣ ᠪᠠᠭᠰᠢ》 ᠵᠢᠨ ᠵᠢᠱ᠌ᠢᠭᠳᠡᠭᠰᠡᠳ (ᠪᠣᠳᠠᠲᠠᠢ ᠦᠢ᠍ᠯᠡ ᠠᠵᠢᠯᠯᠠᠭ᠎ᠠ ᠵᠢᠨ ᠮᠠᠲ᠋ᠧᠷᠢᠶᠠᠯ᠎ᠢ ᠳᠠᠭ᠋ᠠᠯᠳᠤᠭᠤᠯᠤᠯ᠎ᠳᠤ ᠨᠠᠷᠢᠨ ᠦᠵᠡᠭᠡᠷᠡᠢ) ᠵᠶ᠋ᠠᠷ ᠲᠠᠨᠢᠯᠴᠠᠭᠤᠯᠬᠤ᠎ᠪᠠᠷ ᠪᠤᠢ᠃

ᠢᠯᠡ ᠨᠡᠶ᠋ᠢᠲᠡᠯᠡᠬᠦ ᠴᠠᠭ᠄ 2025 ᠣᠨ᠎ᠤ 6 ᠳ᠋ᠤᠭ᠋ᠠᠷ ᠰᠠᠷ᠎ᠠ ᠵᠢᠨ 16 - 6 ᠳ᠋ᠤᠭ᠋ᠠᠷ ᠰᠠᠷ᠎ᠠ ᠵᠢᠨ 20᠎ᠤ ᠡᠳᠦᠷ᠃ ᠨᠢᠭᠡᠴᠢ ᠪᠠ ᠬᠤᠪᠢ ᠬᠥᠮᠦᠨ ᠰᠤᠷᠪᠤᠯᠵᠢᠯᠠᠬᠤ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠢᠯᠡ ᠨᠡᠢ᠌ᠲᠡᠯᠡᠭᠰᠡᠳ᠎ᠲᠤ ᠬᠣᠯᠪᠤᠭᠳᠠᠬᠤ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠢ ᠬᠢᠨᠠᠨ ᠪᠠᠢ᠌ᠴᠠᠭ᠋ᠠᠬᠤ᠎ᠳᠤ ᠳᠥᠭᠥᠮ ᠦᠵᠡᠭᠦᠯᠬᠦ ᠵᠢᠨ ᠲᠥᠯᠥᠭᠡ᠂ ᠠᠰᠠᠭᠤᠳᠠᠯ᠎ᠢ ᠲᠤᠰᠬᠠᠬᠤ ᠦᠶ᠎ᠡ᠎ᠳᠤ ᠬᠣᠯᠪᠣᠭᠳᠠᠯ ᠪᠦᠬᠦᠢ ᠰᠦᠪᠡᠭᠴᠢ ᠵᠢ ᠬᠠᠩᠭ᠋ᠠᠬᠤ ᠵᠢᠨ ᠬᠠᠮᠲᠤ ᠲᠤᠰ ᠬᠥᠮᠦᠨ᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠶ᠋ᠢᠭ᠎ᠠ ᠨᠢᠭᠡᠴᠢ ᠵᠡᠷᠭᠡ ᠮᠡᠳᠡᠭᠡ ᠵᠠᠩᠭᠢ ᠵᠢ ᠬᠠᠩᠭ᠋ᠠᠵᠤ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ ᠵᠢ ᠭᠦᠢ᠍ᠴᠡᠳᠬᠡᠵᠦ᠂ ᠬᠢᠨᠠᠨ ᠪᠠᠢ᠌ᠴᠠᠭ᠋ᠠᠭᠰᠠᠨ ᠪᠠᠶ᠋ᠢᠳᠠᠯ᠎ᠢ ᠳᠠᠷᠤᠢ᠎ᠳᠤ᠎ᠨᠢ ᠬᠠᠷᠢᠭᠤ ᠪᠤᠴᠠᠭ᠋ᠠᠨ᠎ᠠ᠃

ᠳᠠᠭ᠋ᠠᠯᠳᠤᠭᠤᠯᠤᠯ᠄ ᠲᠠᠨᠢᠯᠴᠠᠭᠤᠯᠬᠤ᠎ᠪᠠᠷ ᠪᠠᠶ᠋ᠢᠭ᠎ᠠ ᠵᠢᠱ᠌ᠢᠭᠳᠡᠭᠰᠡᠳ᠎ᠤᠨ ᠦᠢ᠍ᠯᠡ ᠠᠵᠢᠯᠯᠠᠭ᠎ᠠ ᠵᠢᠨ ᠮᠠᠲ᠋ᠧᠷᠢᠶᠠᠯ

ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ

ᠰᠢᠤᠳᠠᠨ ᠨᠣᠮᠧᠷ᠄ 010011

ᠬᠠᠷᠢᠯᠴᠠᠬᠤ ᠤᠲᠠᠰᠤ᠄ 0471 - 2856822

ᠢᠮᠧᠯ᠄ nmgjytjsgzc@126.com

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                  2025 ᠣᠨ᠎ᠤ 6 ᠳ᠋ᠤᠭ᠋ᠠᠷ ᠰᠠᠷ᠎ᠠ ᠵᠢᠨ 16᠎ᠤ ᠡᠳᠦᠷ


   
ᠳᠠᠭ᠋ᠠᠯᠳᠤᠭᠤᠯᠤᠯ 1᠄ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠰᠣᠯᠣᠨ ᠳᠤᠮᠳᠠᠳᠤ ᠰᠤᠷᠭ᠋ᠠᠭᠤᠯᠢ ᠵᠢᠨ ᠯᠢᠦ ᠢᠦᠢ ᠵᠥᠩ ᠪᠠᠭᠰᠢ ᠵᠢᠨ ᠦᠢ᠍ᠯᠡ  ᠠᠵᠢᠯᠯᠠᠭ᠎ᠠ ᠵᠢᠨ ᠮᠠᠲ᠋ᠧᠷᠢᠶᠠᠯ.docx
ᠳᠠᠭ᠋ᠠᠯᠳᠤᠭᠤᠯᠤᠯ 2᠄ ᠥᠪᠥᠷ ᠮᠣᠩᠭᠣᠯ᠎ᠤᠨ ᠮᠠᠰᠢᠨ ᠴᠠᠬᠢᠯᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠯᠧᠢ ᠪᠢᠶᠣᠤ ᠪᠠᠭᠰᠢ ᠵᠢᠨ ᠦᠢ᠍ᠯᠡ ᠠᠵᠢᠯᠯᠠᠭ᠎ᠠ ᠵᠢᠨ ᠮᠠᠲ᠋ᠧᠷᠢᠶᠠᠯ.docx
ᠳᠠᠭ᠋ᠠᠯᠳᠤᠭᠤᠯᠤᠯ 3᠄ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠯᠦᠸᠧ ᠯᠢᠶᠣᠤ ᠹᠦ᠋ ᠪᠠᠭᠰᠢ ᠵᠢᠨ ᠦᠢ᠍ᠯᠡ ᠠᠵᠢᠯᠯᠠᠭ᠎ᠠ ᠵᠢᠨ ᠮᠠᠲ᠋ᠧᠷᠢᠶᠠᠯ.docx

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号